ᠥᠪᠥᠷ ᠮᠣᠩᠭᠤᠯ ᠦᠢᠯᠡᠳᠬᠦ ᠦᠢᠯᠡᠰ ᠤᠨ ︽ᠲᠦᠮᠡᠨ ᠡᠷᠦᠬᠡ ᠠᠵᠤ ᠠᠬᠤᠶᠢᠯᠠᠯ ᠤᠨ ᠡᠭᠦᠯᠡᠨ ᠳᠤ ᠭᠠᠷᠬᠤ︾ ᠠᠵᠢᠯᠯᠠᠭ᠎ᠠ ᠶᠢᠨ ᠲᠥᠯᠥᠪᠯᠡᠭᠡ ᠶᠢ ᠡᠬᠢᠯᠡᠬᠦᠯᠪᠡ
ᠨᠡᠶᠢᠲᠡᠯᠡᠭᠰᠡᠨ ᠴᠠᠭ᠄
2017/8/17
      8 ᠳ᠋ᠤᠭᠠᠷ ᠰᠠᠷ᠎ᠠ ᠶᠢᠨ 16᠎ ᠤ ᠡᠳᠦᠷ᠂ 2017 ︽ᠡᠭᠦᠳᠦᠭᠴᠢ ᠴᠣᠭᠴᠠᠯᠠᠭᠴᠢ ᠳᠤᠮᠳᠠᠳᠤ ᠤᠯᠤᠰ︾᠎ ᠤᠨ ᠢᠨᠲ᠋ᠧᠷ ᠰᠦᠯᠵᠢᠶ᠎ᠡ + ᠬᠤᠣᠰ ᠡᠬᠦᠳᠦᠯᠲᠡ ᠶᠢᠨ ᠠᠮᠢ ᠠᠬᠤᠶ ᠶᠢᠨ ᠳᠡᠭᠡᠳᠦ ᠲᠠᠰ ᠤᠨ ᠶᠠᠷᠢᠶᠠᠨ ᠤ ᠲᠠᠪᠴᠠᠩ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠶᠠᠷᠢᠶᠠᠨ ᠤ ᠲᠠᠪᠴᠠᠩ ᠳᠤ ᠢᠨᠲ᠋ᠧᠷ ᠰᠦᠯᠵᠢᠶ᠎ᠡ + ᠬᠤᠣᠰ ᠡᠭᠦᠳᠦᠯᠲᠡ ᠶᠢᠨ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠪᠣᠯᠤᠨ ᠬᠥᠭᠵᠢᠯᠲᠡ ᠶᠢ ᠬᠠᠮᠲᠤ ᠪᠠᠷ ᠰᠤᠳᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠠᠮᠤᠭ ᠤᠷᠢᠳᠠᠪᠠᠷ ︽ᠲᠦᠮᠡᠨ ᠡᠷᠦᠬᠡ ᠠᠵᠤ ᠠᠬᠤᠶᠢᠯᠠᠯ ᠤᠨ ᠡᠬᠦᠯᠡᠨ ᠳᠤ ᠭᠠᠷᠬᠤ︾ ᠠᠵᠢᠯᠯᠠᠭ᠎ᠠ ᠶᠢᠨ ᠲᠥᠯᠥᠪᠯᠡᠭᠡ ᠶᠢ ᠡᠬᠢᠯᠡᠬᠦᠯᠬᠦ ᠶᠢ ᠨᠡᠶᠢᠲᠡᠯᠡᠭᠰᠡᠨ ᠤ ᠬᠠᠮᠲᠤ ᠠᠯᠢ ᠣᠯᠠᠨ ᠮᠤᠵᠢ ᠶᠢᠨ ᠱᠠᠲᠤᠨ ᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠦᠪᠯᠡᠯᠴᠡᠬᠡᠷ ᠲᠤ ᠭᠠᠷ ᠤᠨ ᠦᠰᠦᠭ ᠵᠢᠷᠤᠪᠠ᠃      ᠮᠠᠨ ᠤ ᠣᠷᠣᠨ ᠤ ᠦᠢᠯᠡᠳᠬᠦ ᠠᠵᠤ ᠠᠬᠤᠶᠢᠯᠠᠯ ᠤᠳ ᠢᠨᠲ᠋ᠧᠷ ᠰᠦᠯᠵᠢᠶ᠎ᠡ᠂ ᠲᠤᠮᠤ ᠳ᠋ᠠᠶᠢᠲ᠋ᠠ ᠶᠢᠨ ᠡᠭᠦᠯᠡᠨ ᠪᠤᠳᠤᠯᠲᠠ ᠵᠡᠷᠭᠡ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ ᠰᠢᠨ᠎ᠡ ᠶᠢ ᠡᠭᠦᠳᠦᠨ ᠬᠥᠭᠵᠢᠭᠦᠯᠬᠦ ᠴᠢᠳᠠᠪᠤᠷᠢ ᠶᠢ ᠳᠥᠯᠭᠢᠨ ᠠᠬᠢᠭᠤᠯᠵᠤ᠂ ᠰᠢᠨ᠎ᠡ ᠬᠡᠪ ᠪᠠᠶᠢᠳᠠᠯ ᠳᠤᠤᠷ᠎ᠠ ᠠᠵᠤ ᠠᠬᠤᠶᠢᠯᠠᠯ ᠤᠨ ᠬᠥᠭᠵᠢᠯᠲᠡ ᠶᠢᠨ ᠬᠥᠳᠡᠯᠭᠡᠬᠦ ᠬᠦᠴᠦᠨ ᠪᠤᠯᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠵᠤ ᠂ ᠮᠠᠨ ᠤ ᠣᠷᠣᠨ ᠤ ᠠᠵᠤ ᠦᠢᠯᠡᠳᠪᠦᠷᠢ ᠶᠢᠨ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦᠯᠬᠦ ᠶᠢ ᠠᠬᠢᠭᠤᠯᠬᠤ ᠶᠢᠨ ᠲᠤᠯᠠᠳᠠ᠂ ᠥᠪᠥᠷ ᠮᠣᠩᠭᠤᠯ ᠤᠨ ᠠᠵᠤ ᠠᠬᠤᠶ ᠮᠡᠳᠡᠭᠡ ᠵᠠᠩᠭᠢᠵᠢᠯᠲᠠ ᠶᠢᠨ ᠵᠥᠪᠯᠡᠯ ᠦᠢᠯᠡᠳᠬᠦ ᠦᠢᠯᠡᠰ ᠤᠨ ︽ᠲᠦᠮᠡᠨ ᠡᠷᠦᠬᠡ ᠠᠵᠤ ᠠᠬᠤᠶᠢᠯᠠᠯ ᠤᠨ ᠡᠭᠦᠯᠡᠨ ᠳᠤ ᠭᠠᠷᠬᠤ︾ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ ︵2018-2020︶᠎ ᠶᠢ ᠡᠬᠢᠯᠡᠬᠦᠯᠵᠤ᠂ 2020 ᠣᠨ ᠤ ᠡᠴᠦᠰ ᠪᠤᠯᠬᠤ ᠳᠤ᠂ ᠪᠦᠬᠦ ᠣᠷᠣᠨ ᠡᠭᠦᠯᠡᠨ ᠬᠡᠷᠡᠭᠯᠡᠭᠡ ᠶᠢᠨ ᠵᠥᠭᠡᠯᠡᠨ ᠲᠤᠨᠤᠭ ᠪᠤᠯᠤᠨ ᠦᠢᠯᠡᠴᠢᠯᠡᠭᠡ ᠶᠢ ᠠᠰᠢᠭᠯᠠᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠬᠢᠬᠦ ᠦᠢᠯᠡᠳᠬᠦ ᠠᠵᠤ ᠠᠬᠤᠶᠢᠯᠠᠯ ᠢ 10 ᠲᠦᠮᠡᠨ ᠡᠷᠦᠬᠡ ᠳᠤ ᠬᠦᠷᠦᠬᠦᠯᠵᠤ᠂ ᠠᠵᠤ ᠠᠬᠤᠶᠢᠯᠠᠯ ᠤᠨ ︽ᠡᠬᠦᠯᠡᠨ ᠳᠤ ᠭᠠᠷᠬᠤ︾ ᠦᠵᠡᠯ ᠤᠬᠠᠮᠰᠠᠷ ᠪᠤᠯᠤᠨ ᠢᠳᠡᠪᠬᠢᠵᠢᠯ ᠢ ᠢᠯᠡᠳᠲᠡ ᠳᠡᠭᠡᠭᠰᠢᠯᠡᠬᠦᠯᠬᠦ ᠎ ᠪᠠᠷ ᠪᠤᠯᠪᠠ᠃ ᠬᠥᠬᠡᠬᠤᠲᠠ᠂ ᠪᠤᠭᠤᠲᠤ ᠬᠤᠳᠠ᠂ ᠤᠷᠳᠤᠰ ᠬᠤᠳᠠ᠂ ᠤᠯᠠᠭᠠᠨᠬᠠᠳᠠ ᠬᠤᠲᠠ ᠵᠡᠷᠭᠡ ᠦᠢᠯᠡᠳᠬᠦ ᠦᠢᠯᠡᠰ ᠬᠠᠷᠢᠴᠠᠩᠭᠤᠶ ᠪᠠᠷ ᠬᠥᠭᠵᠢᠭᠰᠡᠨ᠂ ᠠᠵᠤ ᠠᠬᠤᠶᠢᠯᠠᠯ ᠬᠠᠷᠢᠴᠠᠩᠭᠤᠶ ᠪᠠᠷ ᠲᠦᠪᠯᠡᠷᠡᠭᠰᠡᠨ ᠠᠶᠢᠮᠠᠭ ᠬᠤᠲᠠ ᠶᠢ ᠨᠢᠭᠡᠳᠦᠭᠡᠷ ᠪᠦᠯᠦᠭ ᠲᠦᠯᠬᠢᠨ ᠠᠬᠢᠭᠤᠯᠬᠤ ᠲᠤᠷᠰᠢᠯᠲᠠ ᠶᠢᠨ ᠴᠢᠭ᠋ ᠪᠤᠯᠭᠠᠵᠤ᠂ ᠤᠷᠢᠳᠠᠪᠠᠷ ᠲᠤᠷᠰᠢᠨ ᠬᠡᠷᠡᠭᠵᠢᠬᠦᠯᠦᠨ᠎ᠡ᠃      ᠣᠶᠢᠯᠠᠭᠠᠭᠰᠠᠨ ᠢᠶᠠᠷ᠂ ︽ᠲᠦᠮᠡᠨ ᠡᠷᠦᠭᠡ ᠠᠵᠤ ᠠᠬᠤᠶᠢᠯᠠᠯ ᠤᠨ ᠡᠭᠦᠯᠡᠨ ᠳᠤ ᠭᠠᠷᠬᠤ︾ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ ᠵᠢᠴᠢ ︽ᠢᠨᠲ᠋ᠧᠷ ᠰᠦᠯᠵᠢᠶ᠎ᠡ + ᠬᠤᠣᠰ ᠡᠭᠦᠳᠦᠯᠲᠡ ᠶᠢᠨ ᠲᠠᠪᠴᠠᠩ︾᠎ ᠶᠢ ᠡᠬᠢᠯᠡᠭᠦᠯᠦᠭᠰᠡᠨ ᠨᠢ᠂ ᠥᠪᠡᠷᠲᠡᠭᠡᠨ ᠵᠠᠰᠠᠬᠤ ᠣᠷᠣᠨ ᠤ ᠦᠢᠯᠡᠳᠬᠦ ᠦᠢᠯᠡᠰ ᠬᠢᠭᠡᠳ ᠢᠨᠲ᠋ᠧᠷ ᠰᠦᠯᠵᠢᠶ᠎ᠡ ᠶᠢᠨ ᠠᠭᠤᠰᠤᠯᠴᠠᠬᠤ ᠶᠢ ᠠᠬᠢᠭᠤᠯᠵᠤ᠂ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠵᠤ ᠲᠡᠰ ᠳᠡᠪᠰᠢᠬᠦᠯᠬᠦ ᠶᠢ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠶ ᠶᠢᠨ ᠦᠷᠭᠦᠯᠵᠢᠯᠡᠨ ᠲᠣᠭᠲᠠᠭᠤᠨ ᠢᠶᠠᠷ ᠬᠥᠭᠵᠢᠬᠦ ᠶᠢ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠶᠠᠷᠢᠶᠠᠨ ᠤ ᠲᠠᠪᠴᠠᠩ ᠤᠨ ᠬᠤᠷᠠᠯ ᠢ ᠬᠤᠷᠠᠯᠳᠤᠭᠤᠯᠬᠤ ᠠᠴᠠ ᠡᠮᠦᠨ᠎ᠡ᠂ 2017 ︽ᠡᠭᠦᠳᠦᠭᠴᠢ ᠴᠣᠭᠴᠠᠯᠠᠭᠴᠢ ᠳᠤᠮᠳᠠᠳᠤ ᠤᠯᠤᠰ︾᠎ ᠤᠨ ᠰᠢᠨ᠎ᠡ ᠶᠢ ᠡᠭᠦᠳᠬᠦ ᠪᠠ ᠠᠳᠠᠯ ᠦᠢᠯᠡᠰ ᠴᠣᠭᠴᠠᠯᠠᠬᠤ ᠲᠤᠰᠬᠠᠶ ᠰᠡᠳᠦᠪᠲᠦ ᠤᠷᠤᠯᠳᠤᠭᠠᠨ ᠤ ᠨᠢᠭᠡ ᠪᠤᠯᠬᠤ — 2017 ︽ᠡᠭᠦᠳᠦᠭᠴᠢ ᠴᠣᠭᠴᠠᠯᠠᠭᠴᠢ ᠳᠤᠮᠳᠠᠳᠤ ᠤᠯᠤᠰ︾᠎ ᠤᠨ ᠢᠨᠲ᠋ᠧᠷ ᠰᠦᠯᠵᠢᠶ᠎ᠡ + ᠰᠢᠨ᠎ᠡ ᠶᠢ ᠡᠭᠦᠳᠬᠦ ᠪᠠ ᠠᠳᠠᠯ ᠦᠢᠯᠡᠰ ᠴᠣᠭᠴᠠᠯᠠᠬᠤ ᠤᠷᠤᠯᠳᠤᠭᠠᠨ ᠨᠢ 8 ᠳ᠋ᠤᠭᠠᠷ ᠰᠠᠷ᠎ᠠ ᠶᠢᠨ 15᠎ ᠤ ᠡᠳᠦᠷ ᠬᠥᠬᠡᠬᠤᠲᠠ ᠳᠤ ᠶᠠᠪᠤᠭᠳᠠᠪᠠ᠃ ᠡᠨᠡ ᠤᠳᠠᠭᠠᠨ ᠤ ᠲᠤᠰᠬᠠᠶ ᠰᠡᠳᠦᠪᠲᠦ ᠤᠷᠤᠯᠳᠤᠭᠠᠨ ᠤ ᠵᠣᠷᠢᠯᠲᠠ ᠨᠢ ︽ᠠᠵᠤ ᠦᠶᠯᠡᠰ ᠤᠨ ᠬᠡᠯᠬᠢᠶᠡᠵᠢᠯ ᠤᠨ ᠲᠣᠭᠤᠷᠢᠨ ᠳᠤ᠂ ᠰᠢᠨ᠎ᠡ ᠶᠢ ᠡᠭᠦᠳᠬᠦ ᠬᠡᠯᠬᠢᠶ᠎ᠡ ᠶᠢ ᠪᠤᠢ ᠪᠤᠯᠭᠠᠬᠤ︾ ᠪᠦᠭᠡᠳ ︽ᠢᠨᠲ᠋ᠧᠷ ᠰᠦᠯᠵᠢᠶ᠎ᠡ + ᠳᠡᠭᠦᠯᠢᠯᠲᠡ︾ ᠭᠡᠰᠡᠨ ᠭᠤᠣᠯ ᠰᠡᠳᠦᠪ ᠢᠶᠠᠷ ᠶᠠᠪᠤᠭᠳᠠᠪᠠ᠂ ᠤᠷᠤᠯᠳᠤᠭᠠᠨ ᠤ ᠠᠭᠤᠯᠭ᠎ᠠ ᠨᠢ ︽ᠢᠨᠲ᠋ᠧᠷ ᠰᠦᠯᠵᠢᠶ᠎ᠡ + ᠠᠵᠤ ᠦᠢᠯᠡᠳᠪᠦᠷᠢ᠂ ᠲᠠᠷᠢᠶᠠᠯᠠᠩ ᠮᠠᠯ ᠠᠵᠤ ᠠᠬᠤᠶ᠂ ᠠᠷᠠᠯᠵᠢᠶ᠎ᠠ ᠬᠤᠳᠠᠯᠳᠤᠭ᠎ᠠ᠂ ᠮᠥᠩᠭᠦᠨ ᠭᠦᠢᠯᠭᠡᠭᠡ᠂ ᠵᠠᠰᠠᠭ ᠤᠨ ᠶᠠᠪᠤᠳᠠᠯ᠂ ᠰᠣᠶᠣᠯ᠂ ᠠᠷᠠᠳ ᠤᠨ ᠠᠮᠢᠳᠤᠷᠠᠯ ᠵᠢᠴᠢ ᠠᠮᠢ ᠠᠬᠤᠶ︾ ᠵᠡᠷᠭᠡ ᠬᠦᠷᠢᠶ᠎ᠡ ᠲᠠᠢ ᠬᠤᠯᠪᠤᠭᠳᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号