ᠥᠪᠥᠷ ᠮᠣᠩᠭᠤᠯ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ  ᠬᠥᠳᠡᠭᠡ ᠲᠣᠰᠬᠤᠨ ᠤ ᠡᠮᠴᠢ ᠶᠢ ᠵᠢᠯ ᠪᠦᠷᠢ  2000 ᠨᠡᠷᠡᠰ ᠬᠥᠮᠥᠵᠢᠭᠦᠯᠬᠦ ᠪᠠᠷ ᠪᠤᠢ
ᠨᠡᠶᠢᠲᠡᠯᠡᠭᠰᠡᠨ ᠴᠠᠭ᠄
2017/8/17
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ︽ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠥᠷᠥᠭᠡ ᠳᠤ ᠬᠠᠨᠳᠤᠭᠤᠯᠤᠭᠰᠠᠨ 3 ᠵᠢᠯ ᠤᠨ ᠳᠦᠷᠢᠮᠲᠦ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠪᠦᠬᠦᠢ ᠠᠨᠠᠭᠠᠬᠤ ᠤᠬᠠᠭᠠᠨ ᠤ ᠰᠤᠷᠤᠭᠴᠢᠳ ᠢ ᠬᠥᠮᠥᠵᠢᠭᠦᠯᠦᠨ ᠪᠣᠶᠢᠵᠢᠭᠤᠯᠬᠤ ᠲᠣᠬᠠᠢ ᠬᠡᠷᠡᠭᠵᠢᠭᠦᠯᠬᠦ ᠲᠥᠰᠦᠯ︾᠎ ᠢ ᠦᠨᠳᠦᠰᠦᠯᠡᠨ᠂ ᠮᠠᠯᠵᠢᠬᠤ ᠲᠠᠷᠢᠶᠠᠯᠠᠬᠤ ᠣᠷᠣᠨ ᠤ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ ᠬᠥᠮᠦᠵᠢᠭᠦᠯᠬᠦ ᠪᠠ ᠡᠩᠨᠡᠭᠡᠨ ᠤ ᠪᠠᠶᠢᠭᠤᠯᠤᠯᠲᠠ ᠶᠢ ᠦᠨᠡᠨ ᠬᠦ ᠴᠢᠩᠭᠠᠳᠬᠠᠬᠤ ᠶᠢᠨ ᠲᠤᠰᠠᠳᠠ᠂ ᠥᠪᠥᠷ ᠮᠣᠩᠭᠤᠯ ᠡᠨᠡ ᠵᠢᠯ ᠠᠴᠠ ᠡᠬᠢᠯᠡᠨ᠂ ᠵᠢᠯ ᠪᠦᠷᠢ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠬᠠᠨᠳᠤᠭᠤᠯᠤᠨ 3 ᠵᠢᠯ ᠤᠨ ᠳᠦᠷᠢᠮᠲᠦ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠤᠯᠭ᠎ᠠ ᠶᠢᠨ ᠨᠠᠮᠲᠠᠷᠲᠤ 2000 ᠠᠨᠠᠭᠠᠬᠤ ᠤᠬᠠᠭᠠᠨ ᠤ  ᠰᠤᠷᠤᠭᠴᠢ ᠡᠯᠰᠡᠵᠦ᠂ 2020 ᠣᠨ ᠪᠣᠯᠬᠤ ᠳᠤ᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠥᠷᠥᠭᠡ ᠳᠤ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠤᠯᠭ᠎ᠠ ᠶᠢᠨ ᠨᠠᠮᠲᠠᠷᠲᠤ 8000~10000 ᠠᠨᠠᠭᠠᠬᠤ  ᠤᠬᠠᠭᠠᠨ ᠤ ᠰᠤᠷᠤᠭᠴᠢ ᠡᠯᠰᠡᠬᠦ ᠪᠠᠷ ᠲᠥᠯᠥᠪᠯᠡᠪᠡ᠃ ᠡᠨᠡᠬᠦ ᠠᠷᠭ᠎ᠠ ᠬᠡᠮᠵᠢᠶ᠎ᠡ ᠨᠢ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠤᠨ ᠭᠤᠣᠯᠳᠠᠯᠭ᠎ᠠ ᠶᠢ ᠳᠣᠷᠣᠭᠰᠢ ᠰᠢᠯᠵᠢᠭᠦᠯᠦᠨ᠂ ᠡᠮ ᠡᠮᠨᠡᠯᠭᠡ ᠶᠢᠨ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠡᠮᠴᠢ ᠳᠤᠲᠠᠭᠳᠠᠵᠤ ᠪᠠᠶᠢᠬᠤ ᠪᠠ ᠦᠶ᠎ᠡ ᠲᠠᠰᠤᠯᠳᠠᠵᠤ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠭᠠᠴᠠᠭ᠎ᠠ ᠲᠣᠰᠬᠤᠨ ᠤ ᠡᠮᠴᠢᠯᠡᠭᠡᠨ ᠤ ᠮᠡᠷᠭᠡᠵᠢᠯ ᠤᠨ ᠠᠵᠢᠯᠲᠠᠳ ᠢ ︽ᠦᠯᠡᠳᠡᠭᠡᠵᠦ ᠳᠡᠶᠢᠯᠬᠦ᠂ ᠬᠡᠷᠡᠭᠯᠡᠬᠦ᠂ ᠨᠠᠶᠢᠳᠠᠪᠤᠷᠢᠲᠠᠶ ᠪᠠᠶᠢᠬᠤ︾ ᠵᠣᠷᠢᠯᠭ᠎ᠠ ᠳᠤ ᠬᠦᠷᠦᠭᠦᠯᠬᠦ ᠪᠣᠯᠣᠨ᠎ᠠ᠃      ᠭᠤᠣᠯᠳᠠᠭᠤ ᠲᠤᠰ ᠬᠤᠭᠤᠴᠠᠭᠠᠨ ᠤ᠂ ᠥᠩᠭᠡᠷᠡᠭᠰᠡᠨ ᠬᠤᠭᠤᠴᠠᠭᠠᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠠᠴᠠ ᠳᠡᠭᠡᠭᠰᠢᠬᠢ ︵ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠪᠠᠭᠲᠠᠨ᠎ᠠ︶ ᠰᠤᠷᠤᠯᠭ᠎ᠠ ᠶᠢᠨ ᠨᠠᠮᠲᠠᠷ ᠲᠠᠢ ᠰᠤᠷᠤᠭᠴᠢᠳ ᠢ ᠡᠯᠰᠡᠨ᠎ᠡ︔ ᠨᠠᠰᠤ ᠶᠢ ᠨᠢ ᠪᠦᠬᠦᠯᠢ 30 ᠨᠠᠰᠤ ᠠᠴᠠ ᠳᠣᠷᠣᠭᠰᠢ ︵ᠪᠦᠬᠦᠯᠢ 30 ᠨᠠᠰᠤ ᠪᠠᠭᠲᠠᠨ᠎ᠠ︶᠎ ᠳᠤ ᠬᠢᠵᠠᠭᠠᠷᠯᠠᠨ᠎ᠠ︔ ᠬᠥᠳᠡᠭᠡ ᠲᠣᠰᠬᠤᠨ ᠤ ᠡᠮᠴᠢ ᠶᠢᠨ ᠠᠵᠢᠯ ᠬᠢᠬᠦ ᠬᠦᠰᠡᠯ ᠲᠠᠢ ᠮᠥᠷᠲᠡᠭᠡᠨ ᠰᠤᠷᠤᠯᠭ᠎ᠠ ᠪᠠᠨ ᠠᠮᠵᠢᠯᠲᠠ ᠲᠠᠢ ᠲᠡᠭᠦᠰᠭᠡᠵᠦ ᠴᠢᠳᠠᠬᠤ ᠬᠡᠷᠡᠭᠲᠡᠢ᠃ ᠶᠠᠳᠠᠭᠤ ᠬᠦᠴᠢᠷᠳᠡᠯ ᠲᠠᠢ ᠬᠢᠯᠢ ᠬᠢᠵᠠᠭᠠᠷ ᠣᠷᠣᠨ᠂ ᠴᠥᠭᠡᠨ ᠲᠣᠭᠠᠲᠤ ᠦᠨᠳᠦᠰᠦᠲᠡᠨ ᠲᠥᠪᠯᠡᠷᠡᠭᠰᠡᠨ ᠭᠠᠵᠠᠷ ᠣᠷᠣᠨ ᠵᠢᠴᠢ ᠮᠣᠩᠭᠤᠯ ᠡᠮᠨᠡᠯᠭᠡ᠂ ᠬᠢᠲᠠᠳ ᠡᠮᠨᠡᠯᠭᠡ ᠶᠢ ᠤᠯᠠᠮᠵᠢᠯᠠᠨ ᠵᠠᠯᠭᠠᠮᠵᠢᠯᠠᠭᠰᠠᠳ ᠲᠤ ᠪᠣᠳᠠᠲᠠᠶ ᠬᠡᠷᠡᠭᠴᠡᠭᠡ ᠶᠢ ᠦᠨᠳᠦᠰᠦᠯᠡᠨ᠂ ᠡᠯᠰᠡᠭᠳᠡᠭᠰᠡᠳ ᠤᠨ ᠰᠤᠷᠤᠯᠭ᠎ᠠ ᠶᠢᠨ ᠨᠠᠮᠲᠠᠷ ᠢ ᠨᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ ᠪᠣᠯᠲᠠᠯ᠎ᠠ ᠥᠷᠭᠡᠳᠬᠡᠵᠦ ᠪᠣᠯᠣᠨ᠎ᠠ᠃      ᠬᠢᠨᠠᠨ ᠬᠠᠷᠭᠤᠭᠤᠯᠤᠭᠠᠳ ᠪᠠᠲᠤᠯᠠᠭᠰᠠᠨ ᠤ ᠲᠠᠷᠠᠭ᠎ᠠ ᠵᠢᠩᠬᠢᠨᠢ ᠪᠠᠷ ᠡᠯᠰᠡᠭᠳᠡᠭᠰᠡᠨ ᠰᠤᠷᠤᠭᠴᠢᠳ ᠢ ᠡᠯ᠎ᠡ ᠬᠥᠮᠥᠵᠢᠭᠦᠯᠬᠦ ᠶᠡᠭᠡ ᠳᠡᠭᠡᠳᠦ ᠰᠤᠷᠭᠠᠭᠤᠯᠢ ᠨᠤᠭᠤᠳ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠠᠷᠢᠶᠠᠨ ᠤ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠰᠤᠷᠭᠠᠭᠤᠯᠢ ᠶᠢᠨ ᠬᠠᠷᠢᠶ᠎ᠠ ᠶᠢ ᠨᠢ ᠨᠢᠭᠡᠳᠦᠯᠲᠡᠢ ᠳᠠᠩᠰᠠᠯᠠᠨ᠎ᠠ᠃ ᠰᠤᠷᠤᠭᠴᠢᠳ ᠵᠢᠭᠠᠨ ᠰᠤᠷᠭᠠᠬᠤ ᠲᠥᠯᠥᠪᠯᠡᠭᠡ ᠶᠣᠰᠣᠭᠠᠷ ᠡᠯ᠎ᠡ ᠲᠦᠷᠤᠯ ᠤᠨ ᠬᠢᠴᠢᠶᠡᠯ ᠢ ᠰᠤᠷᠤᠯᠴᠠᠵᠤ᠂ ᠰᠢᠯᠭᠠᠯᠲᠠ ᠪᠠ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠤ ᠳᠠᠷᠠᠭ᠎ᠠ᠂ ᠲᠣᠬᠠᠢ ᠶᠢᠨ ᠶᠡᠭᠡ ᠳᠡᠭᠡᠳᠦ ᠰᠤᠷᠭᠠᠭᠤᠯᠢ ᠨᠢ ᠰᠤᠷᠭᠠᠨ ᠬᠥᠮᠦᠵᠢᠯ ᠤᠨ ᠲᠢᠩᠬᠢᠮ ᠠᠴᠠ ᠨᠢᠭᠡᠳᠦᠯᠲᠡᠶ ᠳᠠᠷᠤᠮᠠᠯᠯᠠᠭᠰᠠᠨ ᠡᠩ ᠤᠨ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠤᠯᠭ᠎ᠠ ᠲᠡᠭᠦᠰᠦᠭᠰᠡᠨ ᠦᠨᠡᠮᠯᠡᠯ ᠣᠯᠭᠤᠨ᠎ᠠ᠃ ᠰᠤᠷᠤᠯᠭ᠎ᠠ ᠲᠡᠭᠦᠰᠦᠭᠰᠡᠨ ᠦᠨᠡᠮᠯᠡᠯ ᠣᠯᠤᠭᠰᠠᠨ ᠰᠤᠷᠤᠭᠴᠢᠳ ︽ᠡᠮᠴᠢ ᠶᠢᠨ ᠠᠵᠢᠯ ᠤᠨ ᠬᠠᠤᠯᠢ︾᠎ ᠪᠠᠷ᠂ ᠠᠵᠢᠯ ᠡᠷᠭᠢᠯᠡᠬᠦ ︵ᠲᠤᠰᠠᠯᠠᠭᠴᠢ︶ ᠡᠮᠴᠢ ᠶᠢᠨ ᠰᠢᠯᠭᠠᠯᠲᠠ ᠶᠢᠨ ᠬᠢᠷᠢ ᠬᠡᠮ ᠲᠠᠢ ᠪᠣᠯᠣᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号