ᠬᠤᠶᠠᠳᠤᠭᠠᠷ ᠬᠤᠭᠤᠴᠠᠭᠠᠨ ᠤ ᠲᠤᠮᠳᠠᠳᠤ ᠮᠤᠩᠭᠤᠯ ᠤᠨ ᠦᠵᠡᠰᠬᠦᠯᠡᠩ ᠤᠨ ᠴᠤᠬᠯᠠᠭᠠᠨ ᠤ ᠰᠤᠨᠢᠨ ᠮᠡᠳᠡᠭᠡ ᠨᠡᠶᠢᠳᠡᠯᠡᠬᠦ ᠬᠤᠷᠠᠯ ᠪᠡᠬᠡᠵᠢᠩ ᠳᠤ ᠶᠠᠪᠤᠭᠳᠠᠪᠠ
ᠨᠡᠶᠢᠲᠡᠯᠡᠭᠰᠡᠨ ᠴᠠᠭ᠄
2017/8/2
     8 ᠳ᠋ᠤᠭᠠᠷ ᠰᠠᠷ᠎ᠠ ᠶᠢᠨ 1᠎ ᠤ ᠡᠳᠦᠷ ᠤᠨ ᠦᠳᠡ ᠶᠢᠨ ᠡᠮᠦᠨ᠎ᠠ᠂ ᠤᠯᠤᠰ ᠤᠨ ᠬᠤᠳᠠᠯᠳᠤᠭᠠᠨ ᠤ ᠶᠠᠪᠤᠳᠠᠯ ᠎ ᠤᠨ ᠶᠠᠮᠤᠨ᠂ ᠮᠤᠩᠭᠤᠯ ᠤᠯᠤᠰ ᠤᠨ ᠬᠦᠨᠡᠰᠤ ᠬᠦᠳᠡᠭᠡ ᠠᠵᠦ ᠠᠬᠤᠢ ᠪᠠ ᠬᠦᠩᠬᠡᠨ ᠠᠵᠦ ᠦᠢᠯᠡᠳᠪᠦᠷᠢ ᠶᠢᠨ ᠶᠠᠮᠤᠨ᠂ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠠᠴᠠ ᠬᠠᠮᠳᠤᠷᠠᠨ ᠡᠷᠬᠢᠯᠡᠭᠰᠡᠨ ᠬᠤᠶᠠᠳᠤᠭᠠᠷ ᠬᠤᠭᠤᠴᠠᠭᠠᠨ ᠤ ᠲᠤᠮᠳᠠᠳᠤ ᠮᠤᠩᠭᠤᠯ ᠤᠨ ᠦᠵᠡᠰᠬᠦᠯᠡᠩ ᠤᠨ ᠴᠤᠬᠯᠠᠭᠠᠨ ᠤ ᠰᠤᠨᠢᠨ ᠮᠡᠳᠡᠭᠡ ᠨᠡᠶᠢᠳᠡᠯᠡᠬᠦ ᠬᠤᠷᠠᠯ ᠪᠡᠭᠡᠵᠢᠩ ᠳᠤ ᠶᠠᠪᠤᠬᠳᠠᠵᠦ᠂ ᠵᠠᠭᠤᠴᠢᠯᠠᠭᠤᠷ ᠤᠨ ᠬᠢᠨ ᠳᠤ ᠲᠤᠰ ᠬᠤᠭᠤᠴᠠᠭᠠᠨ ᠤ ᠦᠵᠡᠰᠬᠦᠯᠡᠩ ᠤᠨ ᠴᠤᠬᠯᠠᠭᠠᠨ ᠎ ᠤ ᠬᠠᠮᠢᠶ᠎ᠠ ᠪᠦᠬᠦᠢ ᠪᠠᠶᠢᠳᠠᠯ ᠢ ᠮᠡᠳᠡᠭᠳᠡᠪᠡ᠃      ᠬᠤᠳᠠᠯᠳᠤᠭᠠᠨ ᠤ ᠶᠠᠪᠤᠳᠠᠯ ᠤᠨ ᠶᠠᠮᠤᠨ ᠤ ᠲᠡᠳ᠋ ᠰᠠᠶᠢᠳ ᠴᠢᠶᠠᠨ ᠺᠧ ᠮᠢᠩ᠂ ᠮᠤᠩᠭᠤᠯ ᠤᠯᠤᠰ  ᠎ ᠤᠨ ᠬᠦᠨᠡᠰᠤ ᠬᠦᠳᠡᠭᠡ ᠠᠵᠦ ᠠᠬᠤᠢ ᠪᠠ ᠬᠦᠩᠬᠡᠨ ᠠᠵᠦ ᠦᠢᠯᠡᠳᠪᠦᠷᠢ ᠶᠢᠨ ᠶᠠᠮᠤᠨ ᠤ ᠲᠦᠷᠦ ᠶᠢᠨ ᠨᠠᠷᠢᠨ ᠪᠢᠴᠢᠭᠡᠴᠢ ᠪᠠᠶᠠᠷᠳᠤᠯᠭ᠎ᠠ᠂ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠠᠢ ᠯᠢ ᠬᠤᠸᠠ ᠲᠤᠰᠪᠤᠷᠢ ᠬᠠᠮᠢᠶ᠎ᠠ ᠪᠦᠬᠦᠢ ᠪᠠᠶᠢᠳᠠᠯ ᠢ ᠮᠡᠳᠡᠭᠳᠡᠬᠦ ᠶᠢᠨ ᠬᠠᠮᠳᠤ ᠰᠤᠷᠪᠤᠯᠵᠢᠯᠠᠬᠴᠢ ᠶᠢᠨ ᠠᠰᠠᠭᠤᠯᠳᠠ ᠶᠢ ᠬᠠᠷᠢᠭᠤᠯᠪᠠ᠃      ᠠᠩᠬᠠᠳᠤᠭᠠᠷ ᠬᠤᠭᠤᠴᠠᠭᠠᠨ ᠤ ᠲᠤᠮᠳᠠᠳᠤ ᠮᠤᠩᠭᠤᠯ ᠤᠨ ᠦᠵᠡᠰᠬᠦᠯᠡᠩ ᠤᠨ ᠴᠤᠬᠯᠠᠭᠠᠨ 2015 ᠤᠨ ᠤ 10 ᠳ᠋ᠤᠭᠠᠷ ᠰᠠᠷ᠎ᠠ ᠶᠢᠨ 23᠎ ᠠᠴᠠ 27᠎ ᠤ ᠡᠳᠦᠷ ᠪᠤᠯᠳᠠᠯ᠎ᠠ ᠬᠦᠬᠡᠬᠤᠳᠠ ᠳᠤ ᠠᠮᠵᠢᠯᠳᠠ ᠲᠠᠢ ᠶᠠᠪᠤᠬᠳᠠᠵᠦ᠂ ᠬᠤᠳᠠᠯᠳᠤᠭᠠᠨ ᠤ ᠶᠠᠪᠤᠳᠠᠯ ᠤᠨ ᠶᠠᠮᠤᠨ ᠪᠠ ᠮᠤᠩᠭᠤᠯ ᠤᠯᠤᠰ ᠤᠨ ᠠᠵᠦ ᠦᠢᠯᠡᠳᠪᠦᠷᠢ ᠶᠢᠨ ᠶᠠᠮᠤᠨ ︽ᠲᠤᠮᠳᠠᠳᠤ ᠤᠯᠤᠰ — ᠮᠤᠩᠭᠤᠯ ᠤᠯᠤᠰ ᠤᠨ ᠦᠵᠡᠰᠬᠦᠯᠡᠩ ᠤᠨ ᠴᠤᠬᠯᠠᠭᠠᠨ ᠢ ᠬᠠᠮᠳᠤᠷᠠᠨ ᠡᠷᠬᠢᠯᠡᠬᠦ ᠲᠤᠬᠠᠢ ᠤᠶᠢᠯᠠᠭᠠᠯᠴᠠᠭᠠᠨ ᠤ ᠰᠠᠨᠠᠮᠵᠢ ᠶᠢᠨ ᠪᠢᠴᠢᠭ︾᠎ ᠲᠤ ᠭᠠᠷ ᠤᠨ ᠦᠰᠦᠭ ᠵᠢᠷᠤᠪᠠ᠃ ᠬᠤᠶᠠᠷ ᠲᠠᠯ᠎ᠠ ᠪᠠᠷ ᠢᠶᠠᠨ᠂ 2015 ᠤᠨ ᠠᠴᠠ ᠡᠬᠢᠯᠡᠨ 2 ᠵᠢᠯ ᠳᠤ ᠨᠢᠬᠡ ᠤᠳᠠᠭ᠎ᠠ ᠲᠤᠮᠳᠠᠳᠤ ᠮᠤᠩᠭᠤᠯ ᠤᠨ ᠦᠵᠡᠰᠬᠦᠯᠡᠩ ᠤᠨ ᠴᠤᠬᠯᠠᠭᠠᠨ ᠎ ᠢ ᠬᠦᠬᠡᠬᠤᠳᠠ ᠳᠤ ᠡᠷᠬᠢᠯᠡᠬᠦ ᠶᠢᠨ ᠬᠠᠮᠳᠤ ᠲᠤᠰ ᠴᠤᠬᠯᠠᠭᠠᠨ ᠢ ᠲᠤᠮᠳᠠᠳᠤ ᠮᠤᠩᠭᠤᠯ᠂ ᠲᠡᠷᠡᠴᠢᠯᠡᠨ ᠵᠡᠬᠦᠨ ᠬᠤᠶᠢᠳᠤ ᠠᠽᠢᠶ᠎ᠠ ᠶᠢᠨ ᠭᠠᠵᠠᠷ ᠤᠷᠤᠨ ᠤ ᠠᠷᠠᠯᠵᠢᠶ᠎ᠠ᠂ ᠪᠡᠯᠡ ᠤᠷᠤᠭᠤᠯᠤᠯᠳᠠ᠂ ᠵᠤᠭᠠᠴᠠᠯ ᠪᠠ ᠰᠤᠶᠤᠯ ᠤᠨ ᠰᠤᠯᠢᠯᠴᠠᠭ᠎ᠠ ᠬᠠᠮᠳᠤᠷᠠᠯᠴᠠᠭᠠᠨ ᠤ ᠰᠢᠨ᠎ᠠ ᠲᠠᠪᠴᠠᠩ ᠪᠤᠯᠭᠠᠵᠦ ᠪᠦᠲᠦᠬᠡᠨ ᠪᠠᠶᠢᠭᠤᠯᠬᠤ ᠪᠠᠷ ᠵᠦᠪᠯᠡᠵᠦ ᠲᠤᠭᠳᠠᠵᠠᠢ᠃      ᠬᠤᠶᠠᠳᠤᠭᠠᠷ ᠬᠤᠭᠤᠴᠠᠭᠠᠨ ᠤ ᠲᠤᠮᠳᠠᠳᠤ ᠮᠤᠩᠭᠤᠯ ᠤᠨ ᠦᠵᠡᠰᠬᠦᠯᠡᠩ ᠤᠨ ᠴᠤᠬᠯᠠᠭᠠᠨ ᠢ ᠲᠤᠮᠳᠠᠳᠤ ᠤᠯᠤᠰ ᠤᠨ ᠬᠤᠳᠠᠯᠳᠤᠭᠠᠨ ᠤ ᠶᠠᠪᠤᠳᠠᠯ ᠤᠨ ᠶᠠᠮᠤᠨ᠂ ᠮᠤᠩᠭᠤᠯ ᠤᠯᠤᠰ ᠤᠨ ᠬᠦᠨᠡᠰᠤ ᠬᠦᠳᠡᠭᠡ ᠠᠵᠦ ᠠᠬᠤᠢ ᠪᠠ ᠬᠦᠩᠬᠡᠨ ᠠᠵᠦ ᠦᠢᠯᠡᠳᠪᠦᠷᠢ ᠶᠢᠨ ᠶᠠᠮᠤᠨ᠂ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠠᠴᠠ ᠬᠠᠮᠳᠤᠷᠠᠨ ᠡᠷᠬᠢᠯᠡᠵᠦ᠂ ᠡᠨᠡ ᠵᠢᠯ ᠤᠨ 9 ᠳ᠋ᠤᠭᠡᠷ ᠰᠠᠷ᠎ᠠ ᠶᠢᠨ 26᠎ ᠠᠴᠠ 30᠎ ᠤ ᠡᠳᠦᠷ ᠪᠤᠯᠳᠠᠯ᠎ᠠ ᠬᠦᠬᠡᠬᠤᠳᠠ ᠳᠤ ᠶᠠᠪᠤᠬᠳᠠᠭᠤᠯᠬᠤ ᠪᠤᠯᠤᠨ᠎ᠠ᠃ ᠲᠤᠰ ᠬᠤᠭᠤᠴᠠᠭᠠᠨ ᠤ ᠦᠵᠡᠰᠬᠦᠯᠡᠩ ᠤᠨ ᠴᠤᠬᠯᠠᠭᠠᠨ ᠨᠢ ︽ᠲᠤᠮᠳᠠᠳᠤ ᠮᠤᠩᠭᠤᠯ ᠤᠷᠤᠰ ᠤᠨ ᠠᠵᠦ ᠠᠬᠤᠢ ᠶᠢᠨ ᠬᠤᠩᠬᠢᠯ ᠢ ᠪᠦᠲᠦᠬᠡᠨ ᠪᠠᠶᠢᠭᠤᠯᠵᠦ᠂ ᠪᠦᠬᠦ ᠪᠦᠮᠪᠦᠷᠴᠡᠭ ᠲᠤ ᠬᠠᠨᠳᠤᠭᠤᠯᠤᠨ ᠬᠠᠮᠳᠤᠷᠠᠨ ᠠᠵᠢᠯᠯᠠᠵᠤ ᠬᠠᠮᠳᠤ ᠪᠠᠷ ᠠᠰᠢᠬ ᠬᠦᠷᠳᠡᠨ᠎ᠠ︾ ᠬᠡᠬᠦ ᠪᠠᠷ ᠭᠤᠤᠯ ᠰᠡᠳᠦᠪ ᠢᠶᠠᠨ ᠪᠤᠯᠭᠠᠵᠤ᠂ 4 ᠶᠡᠭᠡ ᠬᠡᠰᠡᠭ ᠤᠨ 22 ᠠᠵᠢᠯᠯᠠᠭ᠎ᠠ ᠶᠢ ᠵᠤᠬᠢᠶᠠᠨ ᠪᠠᠶᠢᠭᠤᠯᠬᠤ ᠪᠤᠯᠤᠨ᠎ᠠ᠃      ᠤᠳᠤᠬᠠᠨ ᠳᠤ ᠪᠡᠯᠡᠳᠬᠡᠯ ᠠᠵᠢᠯ ᠪᠠᠴᠢᠮ ᠶᠠᠭᠠᠷᠠᠯᠳᠠᠢ ᠮᠦᠷᠳᠡᠬᠡᠨ ᠡᠮᠬᠢ ᠲᠢᠭᠯᠢᠮ ᠲᠠᠢ ᠶᠠᠪᠤᠭᠳᠠᠵᠤ ᠪᠤᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号