ᠤᠳᠤ ᠪᠤᠯᠲᠠᠯ᠎ᠠ᠂ ᠮᠠᠨ ᠤ ᠤᠷᠤᠨ ᠤᠨᠳᠤᠤ ᠭᠠᠵᠠᠷ ᠤᠨ ᠪᠡᠶ᠎ᠡ ᠶᠢᠨ ᠦᠨᠡᠮᠯᠡᠯ ᠢ ᠨᠢᠭᠡᠨᠲᠡ 27.2 ᠲᠦᠮᠡᠨ | ᠬᠤᠪᠢ ᠬᠦᠢᠴᠡᠳᠭᠡᠵᠤ᠂ ᠡᠬᠦᠨ ᠳᠤ ᠤᠷᠤᠨ ᠠᠯᠤᠰᠯᠠᠭᠰᠠᠨ ᠤᠨᠳᠤᠤ ᠭᠠᠵᠠᠷ ᠤᠨ ᠪᠡᠶ᠎ᠡ ᠶᠢᠨ ᠦᠨᠡᠮᠯᠡᠯ 2.6 | ᠲᠦᠮᠡᠨ ᠬᠤᠪᠢ ᠪᠤᠢ᠃ | 2015 ᠤᠨ ᠤ 10 ᠳ᠋ᠤᠭᠠᠷ ᠰᠠᠷ᠎ᠠ ᠶᠢᠨ 1 ᠤ ᠡᠳᠦᠷ᠂ ᠮᠠᠨ ᠤ ᠤᠷᠤᠨ ᠰᠠᠭᠤᠭᠠᠯᠢ ᠠᠷᠠᠳ ᠤᠨ | ᠪᠡᠶ᠎ᠡ ᠶᠢᠨ ᠦᠨᠡᠮᠯᠡᠯ ᠢ ᠤᠷᠤᠨ ᠤ ᠳᠤᠲᠤᠷ᠎ᠠ ᠤᠨᠳᠤᠤ ᠭᠠᠵᠠᠷ ᠬᠦᠢᠴᠡᠳᠭᠡᠬᠦ ᠶᠢ ᠪᠡᠶᠡᠯᠡᠬᠦᠯᠵᠤ᠂ ᠪᠦᠬᠦ ᠤᠷᠤᠨ ᠤ | ᠬᠤᠰᠢᠭᠤ ᠰᠢᠶᠠᠨ ᠲᠤᠭᠤᠷᠢᠭ ᠴᠦᠮ ᠪᠡᠶ᠎ᠡ ᠶᠢᠨ ᠦᠨᠡᠮᠯᠡᠯ ᠢ ᠤᠨᠳᠤᠤ ᠭᠠᠵᠠᠷ ᠬᠦᠢᠴᠡᠳᠭᠡᠬᠦ ᠠᠵᠢᠯ ᠢ | ᠡᠬᠢᠯᠡᠬᠦᠯᠦᠭᠰᠡᠨ ᠪᠠᠶᠢᠨ᠎ᠠ᠃ ᠮᠠᠨ ᠤ ᠤᠷᠤᠨ ᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠤᠨᠳᠤᠤ ᠭᠠᠵᠠᠷ | ᠬᠦᠢᠴᠡᠳᠭᠡᠬᠦ ᠠᠵᠢᠯ ᠨᠢ ᠪᠦᠬᠦ ᠤᠯᠤᠰ ᠤᠨ ᠲᠡᠷᠢᠬᠦᠨ ᠳᠤ ᠤᠷᠤᠵᠤ᠂ ᠪᠦᠬᠦ ᠤᠯᠤᠰ ᠲᠤ ᠤᠷᠤᠨ ᠳᠠᠶᠠᠭᠠᠷ ᠡᠨᠡᠬᠦ | ᠠᠵᠢᠯ ᠢ ᠠᠩᠬᠠᠳᠠᠭᠴᠢ ᠦᠷᠨᠢᠬᠦᠯᠦᠭᠰᠡᠨ ᠦᠪᠡᠷᠲᠡᠬᠡᠨ ᠵᠠᠰᠠᠬᠤ ᠤᠷᠤᠨ ᠪᠤᠯᠤᠭᠰᠠᠨ ᠪᠠᠶᠢᠨ᠎ᠠ᠃ 2016 ᠤᠨ ᠤ | 8 ᠳ᠋ᠤᠭᠠᠷ ᠰᠠᠷ᠎ᠠ ᠶᠢᠨ 15 ᠤ ᠡᠳᠦᠷ᠂ ᠮᠠᠨ ᠤ ᠤᠷᠤᠨ ᠤ ᠳᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ 18 ᠮᠤᠵᠢ | ᠤᠷᠤᠨ ᠤ ᠨᠡᠬᠦᠳᠡᠯ ᠬᠦᠮᠦᠨ ᠠᠮᠠ ᠶᠢᠨ ᠮᠤᠵᠢ ᠤᠷᠤᠨ ᠠᠯᠤᠰᠯᠠᠨ ᠪᠡᠶ᠎ᠡ ᠶᠢᠨ ᠦᠨᠡᠮᠯᠡᠯ ᠬᠦᠢᠴᠡᠳᠭᠡᠬᠦ ᠠᠵᠢᠯ ᠢ | ᠦᠷᠨᠢᠬᠦᠯᠪᠡ᠃ 2017 ᠤᠨ ᠤ 2 ᠳ᠋ᠤᠭᠠᠷ ᠰᠠᠷ᠎ᠠ ᠶᠢᠨ 20 ᠤ ᠡᠳᠦᠷ᠂ ᠬᠦᠢᠴᠡᠳᠭᠡᠵᠤ ᠪᠤᠯᠬᠤᠶᠢᠴᠠ ᠮᠤᠵᠢ | ᠤᠷᠤᠨ ᠤ ᠬᠡᠪᠴᠢᠶ᠎ᠡ ᠶᠢ ᠦᠷᠭᠡᠳᠭᠡᠭᠡᠳ 28 ᠮᠤᠵᠢ ᠪᠤᠯᠭᠠᠪᠠ᠃ 2017 ᠤᠨ ᠤ 6 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠨ᠂ ᠮᠠᠨ ᠤ ᠤᠷᠤᠨ ᠤ ᠳᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠮᠤᠵᠢ ᠤᠷᠤᠨ ᠠᠯᠤᠰᠯᠠᠨ | ᠪᠡᠶ᠎ᠡ ᠶᠢᠨ ᠦᠨᠡᠮᠯᠡᠯ ᠢ ᠤᠨᠳᠤᠤ ᠭᠠᠵᠠᠷ ᠬᠦᠢᠴᠡᠳᠭᠡᠬᠦ ᠲᠤᠬᠠᠶᠢᠯᠠᠭᠰᠠᠨ ᠠᠵᠢᠯ ᠤᠨ ᠬᠡᠪᠴᠢᠶ᠎ᠡ ᠶᠢ ᠪᠦᠬᠦ | ᠤᠯᠤᠰ ᠤᠨ ᠡᠯ᠎ᠡ ᠮᠤᠵᠢ ᠤᠷᠤᠨ ᠳᠤ ᠬᠦᠷᠲᠡᠯ᠎ᠡ ᠦᠷᠭᠡᠳᠭᠡᠪᠡ᠃ ᠤᠳᠤᠬᠠᠨ ᠳᠤ᠂ ᠪᠦᠬᠦ ᠤᠷᠤᠨ ᠬᠤᠰᠢᠭᠤ | ᠰᠢᠶᠠᠨ ᠤ ᠪᠠᠶᠢᠭ᠎ᠠ ᠭᠠᠵᠠᠷ ᠤᠨ ᠲᠤᠮᠢᠯᠠᠭᠰᠠᠨ ᠰᠠᠯᠪᠤᠷᠢ ᠵᠢᠴᠢ ᠬᠤᠲᠠ ᠶᠢᠨ ᠲᠤᠭᠤᠷᠢᠭ ᠤᠨ ᠲᠤᠮᠢᠯᠠᠭᠰᠠᠨ ᠰᠠᠯᠪᠤᠷᠢ | ᠪᠦᠬᠦᠨ ᠳᠤ ᠴᠦᠮ ᠤᠨᠳᠤᠤ ᠭᠠᠵᠠᠷ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠬᠦᠢᠴᠡᠳᠭᠡᠵᠤ ᠦᠭᠭᠦ | ᠴᠢᠭ᠋ ᠭᠠᠷᠭᠠᠭᠰᠠᠨ ᠪᠠᠶᠢᠨ᠎ᠠ᠃ ᠡᠬᠦᠨ ᠠᠴᠠ ᠭᠠᠳᠠᠨ᠎ᠠ ᠪᠠᠰᠠ ᠨᠡᠬᠦᠳᠡᠯ ᠬᠦᠮᠦᠨ ᠠᠮᠠ ᠨᠡᠯᠢᠶᠡᠳ ᠤᠯᠠᠨ ᠪᠤᠯᠬᠤ | ᠮᠠᠯᠵᠢᠬᠤ ᠲᠠᠷᠢᠶᠠᠯᠠᠬᠤ ᠤᠷᠤᠨ ᠤ ᠰᠢᠶᠠᠩ ᠪᠠᠯᠭᠠᠰᠤ ᠶᠢᠨ ᠲᠤᠮᠢᠯᠠᠭᠰᠠᠨ ᠰᠠᠯᠪᠤᠷᠢ ᠳᠤ ᠴᠤ ᠤᠨᠳᠤᠤ ᠭᠠᠵᠠᠷ ᠤᠨ | ᠪᠡᠶ᠎ᠡ ᠶᠢᠨ ᠦᠨᠡᠮᠯᠡᠯ ᠢ ᠬᠦᠢᠴᠡᠳᠭᠡᠵᠤ ᠦᠭᠭᠦ ᠴᠢᠭ᠋ ᠭᠠᠷᠭᠠᠵᠠᠢ᠃ ᠤᠯᠠᠨ ᠲᠦᠮᠡᠨ ᠤᠶᠢᠷ᠎ᠠ ᠬᠠᠪᠢ ᠶᠢᠨ ᠢᠶᠠᠨ | ᠬᠦᠢᠴᠡᠳᠭᠡᠬᠦ ᠴᠢᠭ᠋ ᠢ ᠰᠤᠩᠭᠤᠨ ᠪᠡᠶ᠎ᠡ ᠶᠢᠨ ᠦᠨᠡᠮᠯᠡᠯ ᠢᠶᠠᠨ ᠬᠦᠢᠴᠡᠳᠭᠡᠨ ᠠᠪᠬᠤ ᠪᠤᠯᠤᠭᠰᠠᠨ ᠢᠶᠠᠷ᠂ ᠡᠷᠦᠭᠡ ᠠᠮᠠ | ᠪᠠᠶᠢᠭ᠎ᠠ ᠭᠠᠵᠠᠷ ᠤᠨ ᠢᠶᠠᠨ ᠲᠤᠮᠢᠯᠠᠭᠰᠠᠨ ᠰᠠᠯᠪᠤᠷᠢ ᠳᠤ ᠤᠴᠢᠵᠤ ᠬᠦᠢᠴᠡᠳᠭᠡᠬᠦ ᠴᠢᠬᠤᠯᠠ ᠦᠭᠡᠢ ᠪᠤᠯᠵᠠᠢ᠃ |