ᠣᠶᠢᠷ᠎ᠠ ᠳᠤ᠂ ᠦᠪᠦᠷ ᠮᠣᠩᠭᠤᠯ ᠳᠤ ᠪᠣᠷᠣᠭᠠᠨ ᠬᠤᠷ᠎ᠠ ᠡᠯᠪᠡᠭᠰᠢᠵᠦ᠂ ᠪᠦᠬᠦ ᠤᠷᠤᠨ ᠤ ᠬᠦᠷᠦᠰᠦᠨ ᠤ | ᠴᠢᠭᠢᠭ ᠤᠨ ᠪᠠᠶᠢᠳᠠᠯ ᠨᠡᠯᠢᠶᠡᠳ ᠰᠠᠶᠢᠵᠢᠷᠠᠵᠤ᠂ ᠲᠠᠷᠢᠶᠠᠯᠠᠬᠤ ᠤᠷᠤᠨ ᠤ ᠵᠢᠷᠭᠤᠭᠠᠨ ᠬᠤᠪᠢ ᠠᠴᠠ ᠳᠡᠭᠡᠭᠰᠢᠬᠢ | ᠭᠠᠵᠠᠷ ᠤᠨ ᠴᠢᠭᠢᠭ ᠤᠨ ᠪᠠᠶᠢᠳᠠᠯ ᠢᠯᠡᠳᠲᠡ ᠰᠠᠶᠢᠵᠢᠷᠠᠨ᠂ ᠭᠠᠩ ᠬᠠᠭᠰᠠᠷᠠᠭᠠᠨ ᠢ ᠨᠠᠮᠳᠠᠭᠤᠯᠪᠠ᠃ ᠦᠪᠦᠷ | ᠮᠣᠩᠭᠤᠯ ᠤᠨ ᠠᠮᠢ ᠠᠬᠤᠢ ᠬᠢᠭᠡᠳ ᠲᠠᠷᠢᠶᠠᠯᠠᠩ ᠤᠨ ᠴᠠᠭ ᠠᠭᠤᠷ ᠤᠨ ᠲᠥᠪ ᠤᠨ ᠬᠢᠨᠠᠨ ᠬᠡᠮᠵᠢᠯᠲᠡ ᠠᠴᠠ | ᠦᠵᠡᠪᠡᠯ᠂ 7 ᠳ᠋ᠤᠭᠠᠷ ᠰᠠᠷ᠎ᠠ ᠶᠢᠨ 29 ᠤ ᠡᠳᠦᠷ ᠪᠣᠯᠬᠤ ᠳᠤ᠂ ᠪᠦᠬᠦ ᠤᠷᠤᠨ ᠤ ᠨᠢᠭᠡᠳᠦᠭᠡᠷ ᠲᠥᠷᠥᠯ᠂ | ᠬᠤᠶᠠᠳᠤᠭᠠᠷ ᠲᠥᠷᠥᠯ᠂ ᠭᠤᠷᠪᠠᠳᠤᠭᠠᠷ ᠲᠥᠷᠥᠯ ᠤᠨ ᠴᠢᠭᠢᠭ ᠲᠠᠢ ᠲᠠᠯᠠᠪᠠᠢ ᠨᠢ ᠲᠤᠰ ᠲᠤᠰ 31.6᠂ 28.4᠂ | 58.0 ᠲᠦᠮᠡᠨ ᠲᠡᠭᠰᠢ ᠳᠥᠷᠪᠡᠯᠵᠢᠨ ᠺᠢᠯᠤᠮᠧᠲᠷ ᠪᠣᠯᠵᠠᠢ᠃ ᠢᠯᠠᠩᠭᠤᠶ᠎ᠡ ᠲᠠᠷᠢᠶᠠᠯᠠᠬᠤ ᠤᠷᠤᠨ ᠤ ᠵᠢᠷᠭᠤᠭᠠᠨ | ᠬᠤᠪᠢ ᠠᠴᠠ ᠳᠡᠭᠡᠭᠰᠢᠬᠢ ᠭᠠᠵᠠᠷ ᠤᠨ ᠴᠢᠭᠢᠭ ᠤᠨ ᠪᠠᠶᠢᠳᠠᠯ ᠨᠡᠯᠢᠶᠡᠳ ᠰᠠᠶᠢᠨ ᠪᠠᠶᠢᠵᠤ᠂ ᠲᠠᠷᠢᠮᠠᠯ ᠤᠨ ᠡᠯᠪᠡᠭ | ᠬᠤᠷᠢᠶᠠᠯᠲᠠ ᠣᠯᠬᠤ ᠳᠤ ᠠᠰᠢᠭᠲᠠᠢ ᠪᠣᠯᠵᠠᠢ᠃ ᠡᠭᠦᠨ ᠤ ᠬᠠᠮᠲᠤ᠂ ᠪᠦᠬᠦ ᠤᠷᠤᠨ ᠤ ᠭᠠᠩ ᠬᠠᠭᠰᠠᠷᠠᠭᠠᠨ ᠤ | ᠪᠠᠶᠢᠳᠠᠯ ᠴᠦ ᠡᠷᠭᠢᠯᠲᠡ ᠲᠠᠢ ᠪᠣᠯᠵᠤ᠂ 7 ᠳ᠋ᠤᠭᠠᠷ ᠰᠠᠷ᠎ᠠ ᠶᠢᠨ 30 ᠤ ᠡᠳᠦᠷ ᠪᠣᠯᠬᠤ ᠳᠤ᠂ ᠪᠦᠬᠦ ᠤᠷᠤᠨ ᠤ | ᠲᠥᠢᠯ ᠤᠨ ᠬᠡᠴᠡᠭᠦᠦ ᠭᠠᠩᠳᠠᠭᠰᠠᠨ ᠲᠠᠯᠠᠪᠠᠢ 3 ᠲᠦᠮᠡᠨ ᠲᠡᠭᠰᠢ ᠳᠥᠷᠪᠡᠯᠵᠢᠨ ᠺᠢᠯᠤᠮᠧᠲᠷ᠂ ᠬᠦᠨᠳᠦ ᠬᠡᠴᠡᠭᠦᠦ | ᠭᠠᠩᠳᠠᠭᠰᠠᠨ ᠲᠠᠯᠠᠪᠠᠢ 24.3 ᠲᠦᠮᠡᠨ ᠲᠡᠭᠰᠢ ᠳᠥᠷᠪᠡᠯᠵᠢᠨ ᠺᠢᠯᠤᠮᠧᠲᠷ᠂ ᠳᠤᠮᠳᠠ ᠵᠡᠷᠭᠡ ᠶᠢᠨ ᠭᠠᠩᠳᠠᠭᠰᠠᠨ | ᠲᠠᠯᠠᠪᠠᠢ 18.2 ᠲᠦᠮᠡᠨ ᠲᠡᠭᠰᠢ ᠳᠥᠷᠪᠡᠯᠵᠢᠨ ᠺᠢᠯᠤᠮᠧᠲᠷ᠂ ᠪᠠᠭ᠎ᠠ ᠭᠠᠩᠳᠠᠭᠰᠠᠨ ᠲᠠᠯᠠᠪᠠᠢ 19.5 ᠲᠦᠮᠡᠨ | ᠲᠡᠭᠰᠢ ᠳᠥᠷᠪᠡᠯᠵᠢᠨ ᠺᠢᠯᠤᠮᠧᠲᠷ ᠪᠣᠯᠪᠠ᠃ ᠡᠭᠦᠨ ᠳᠤ᠂ ᠲᠥᠢᠯ ᠤᠨ ᠬᠡᠴᠡᠭᠦᠦ ᠭᠠᠩᠳᠠᠭᠰᠠᠨ ᠲᠠᠯᠠᠪᠠᠢ ᠨᠢ 29 ᠤ | ᠡᠳᠦᠷ ᠤᠨ ᠬᠢ ᠠᠴᠠ 3.1 ᠲᠦᠮᠡᠨ ᠲᠡᠭᠰᠢ ᠳᠥᠷᠪᠡᠯᠵᠢᠨ ᠺᠢᠯᠤᠮᠧᠲᠷ ᠬᠠᠰᠤᠭᠳᠠᠵᠠᠢ᠃ | ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ ᠶᠢᠨ ᠵᠢᠱᠢᠯᠲᠡ ᠶᠢ ᠥᠨᠳᠥᠰᠥᠯᠡᠪᠡᠯ᠂ 8 ᠳ᠋ᠤᠭᠠᠷ | ᠰᠠᠷ᠎ᠠ ᠶᠢᠨ 1 ᠤ ᠡᠳᠦᠷ ᠠᠴᠠ ᠡᠬᠢᠯᠡᠨ ᠢᠷᠡᠬᠦ 3 ᠡᠳᠦᠷ ᠲᠤ ᠪᠦᠬᠦ ᠤᠷᠤᠨ ᠤ ᠶᠡᠬᠡᠩᠬᠢ ᠬᠡᠰᠡᠭ ᠲᠤ ᠪᠠᠭ᠎ᠠ | ᠪᠣᠷᠣᠭᠠᠨ ᠲᠠᠢ᠂ ᠬᠦᠯᠦᠨ ᠪᠣᠶᠢᠷ ᠬᠤᠲᠠ ᠶᠢᠨ ᠵᠡᠭᠦᠨ ᠪᠡᠶ᠎ᠡ ᠳᠤ ᠳᠤᠮᠳᠠ ᠵᠡᠷᠭᠡ ᠶᠢᠨ ᠪᠣᠷᠣᠭᠠᠨ ᠣᠷᠣᠵᠣ᠂ ᠵᠡᠭᠦᠨ | ᠬᠡᠰᠡᠭ ᠤᠨ ᠬᠤᠶᠢᠲᠤ ᠪᠡᠶ᠎ᠡ ᠶᠢᠨ ᠭᠠᠵᠠᠷ ᠤᠷᠤᠨ ᠤ ᠬᠦᠷᠦᠰᠦᠨ ᠤ ᠴᠢᠭᠢᠭ ᠤᠨ ᠪᠠᠶᠢᠳᠠᠯ ᠰᠠᠶᠢᠵᠢᠷᠠᠬᠤ ᠪᠣᠯᠣᠨ᠎ᠠ︔ | ᠪᠠᠷᠠᠭᠤᠨ ᠬᠡᠰᠡᠭ ᠤᠨ ᠬᠤᠶᠢᠲᠤ ᠪᠡᠶ᠎ᠡ ᠪᠣᠯᠣᠨ ᠳᠤᠮᠳᠠ ᠬᠡᠰᠡᠭ ᠤᠨ ᠬᠤᠶᠢᠲᠤ ᠪᠡᠶ᠎ᠡ ᠶᠢᠨ ᠭᠠᠵᠠᠷ ᠤᠷᠤᠨ ᠢᠶᠠᠷ | 35℃ ᠠᠴᠠ ᠳᠡᠭᠡᠭᠰᠢ ᠠᠭᠠᠭᠢᠮ᠎ᠠ ᠬᠠᠯᠠᠭᠤᠨ ᠪᠣᠯᠵᠤ᠂ ᠬᠦᠷᠦᠰᠦᠨ ᠤ ᠴᠢᠭᠢᠭ ᠤᠨ ᠪᠠᠶᠢᠳᠠᠯ ᠮᠠᠭᠤᠲᠠᠬᠤ ᠪᠣᠯᠣᠨ᠎ᠠ᠃ | |