8 ᠳ᠋ᠤᠭᠠᠷ ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠡᠷᠭᠡ ᠤᠯᠭᠤᠯᠲᠠ ᠪᠠᠷ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠡᠳ᠋ ᠤᠨ | ᠵᠠᠰᠠᠭ ᠤᠨ ᠶᠠᠮᠤᠨ ᠤ ᠤᠯᠤᠰ ᠤᠨ ᠵᠢᠭᠡᠯᠡᠯᠭᠡ ᠲᠠᠷᠬᠠᠭᠠᠬᠤ ᠳᠠᠭᠠᠭᠠᠴᠢᠯᠠᠯᠲᠠ ᠵᠠᠷᠯᠠᠵᠤ ᠬᠦᠯᠢᠶᠡᠬᠦ ᠰᠢᠰᠲ᠋ᠧᠮ ᠢᠶᠠᠷ | ᠳᠠᠮᠵᠢᠭᠤᠯᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ | ᠲᠡᠮᠳᠡᠭᠲᠦ ᠶᠢ ᠬᠠᠨᠳᠤᠯᠭ᠎ᠠ ᠲᠠᠢ ᠪᠠᠷ ᠲᠠᠷᠬᠠᠭᠠᠬᠤ ᠳᠠᠭᠠᠭᠠᠨ ᠪᠣᠷᠣᠯᠠᠭᠤᠯᠬᠤ ᠪᠦᠯᠬᠦᠮ ᠤᠨ ᠪᠦᠷᠢᠯᠳᠦᠬᠦᠨ ᠳᠤ | ᠬᠠᠨᠳᠤᠭᠤᠯᠤᠨ᠂ ᠬᠠᠨᠳᠤᠯᠭᠠᠲᠤ ᠳᠠᠭᠠᠭᠠᠨ ᠪᠣᠷᠣᠯᠠᠭᠤᠯᠬᠤ ᠠᠷᠭ᠎ᠠ ᠬᠡᠯᠪᠡᠷᠢ ᠪᠠᠷ ᠮᠠᠨ ᠤ ᠣᠷᠣᠨ ᠤ ᠵᠠᠰᠠᠭ ᠤᠨ | ᠣᠷᠳᠣᠨ ᠤ 2017 ᠣᠨ ᠤ ᠬᠤᠶᠠᠳᠤᠭᠠᠷ ᠪᠦᠯᠦᠭ ᠵᠢᠭᠡᠯᠡᠯᠭᠡ ᠶᠢᠨ ᠲᠡᠮᠳᠡᠭᠲᠦ ᠶᠢ 138.8 ᠳ᠋ᠦᠡᠭᠰᠢᠭᠤᠷ | ᠲᠥᠭᠦᠷᠢᠭ ᠲᠠᠷᠬᠠᠭᠠᠪᠠ᠃ | ᠣᠶᠢᠯᠠᠭᠠᠭᠰᠠᠨ ᠢᠶᠠᠷ᠂ ᠲᠣᠰ ᠪᠦᠯᠦᠭ ᠵᠢᠭᠡᠯᠡᠯᠭᠡ ᠶᠢᠨ ᠲᠡᠮᠳᠡᠭᠲᠦ ᠳᠤ᠂ ᠡ᠊ᠩ ᠤᠨ ᠵᠢᠭᠡᠯᠡᠯᠭᠡ ᠶᠢᠨ ᠲᠡᠮᠳᠡᠭᠲᠦ | 43.4 ᠳ᠋ᠦᠡᠭᠰᠢᠭᠤᠷ ᠲᠥᠭᠦᠷᠢᠭ ᠪᠤᠢ᠂ ᠡᠭᠦᠨ ᠳᠤ 3 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ | 4.4 ᠳ᠋ᠦᠡᠭᠰᠢᠭᠤᠷ ᠲᠥᠭᠦᠷᠢᠭ᠂ 5 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ 13 ᠳ᠋ᠦᠡᠭᠰᠢᠭᠤᠷ | ᠲᠥᠭᠦᠷᠢᠭ᠂ 7 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ 13 ᠳ᠋ᠦᠩᠰᠢᠭᠤᠷ ᠲᠥᠭᠦᠷᠢᠭ᠂ 10 | ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ 13 ᠳ᠋ᠦᠩᠰᠢᠭᠤᠷ ᠲᠥᠭᠦᠷᠢᠭ ᠪᠠᠶᠢᠵᠤ᠂ | ᠳᠠᠭᠠᠭᠠᠴᠢᠯᠠᠯᠲᠠ ᠶᠢᠨ ᠨᠤᠷᠮ᠎ᠠ ᠨᠢ ᠲᠤᠰ ᠪᠦᠷᠢ 4.03%᠂ 4.15%᠂ 4.26%᠂ 4.17% ᠪᠤᠯᠤᠨ᠎ᠠ︔ | ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ 95.4 ᠳ᠋ᠦᠡᠭᠰᠢᠭᠤᠷ ᠲᠥᠭᠦᠷᠢᠭ ᠪᠤᠢ᠂ ᠡᠭᠦᠨ ᠳᠤ 5 ᠵᠢᠯ ᠤᠨ | ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ 47.7 ᠳ᠋ᠦᠡᠭᠰᠢᠭᠤᠷ ᠲᠥᠭᠦᠷᠢᠭ᠂ 10 ᠵᠢᠯ ᠤᠨ ᠬᠤᠭᠤᠴᠠᠭ᠎ᠠ ᠲᠠᠢ | ᠵᠢᠭᠡᠯᠡᠯᠭᠡ ᠶᠢᠨ ᠲᠡᠮᠳᠡᠭᠲᠦ 47.7 ᠳ᠋ᠦᠡᠭᠰᠢᠭᠤᠷ ᠲᠥᠭᠦᠷᠢᠭ ᠪᠠᠶᠢᠵᠤ᠂ ᠳᠠᠭᠠᠭᠠᠴᠢᠯᠠᠯᠲᠠ ᠶᠢᠨ ᠨᠤᠷᠮ᠎ᠠ ᠨᠢ ᠲᠤᠰ | ᠪᠦᠷᠢ 4.15%᠂ 4.17% ᠪᠤᠯᠤᠨ᠎ᠠ᠃ ᠲᠣᠰ ᠪᠦᠯᠦᠭ ᠵᠢᠭᠡᠯᠡᠯᠭᠡ ᠶᠢᠨ ᠲᠡᠮᠳᠡᠭᠲᠦ ᠶᠢ ᠭᠤᠣᠯᠳᠠᠭᠤ | ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠵᠠᠰᠠᠭ ᠤᠨ ᠣᠷᠳᠣᠨ ᠤ ᠬᠤᠭᠤᠴᠠᠭ᠎ᠠ ᠨᠢ ᠲᠤᠯᠤᠭᠰᠠᠨ | ᠪᠠᠩᠬᠢ ᠶᠢᠨ ᠲᠦᠷᠦᠯ ᠤᠨ ᠵᠠᠰᠠᠭ ᠤᠨ ᠣᠷᠳᠣᠨ ᠤ ᠥᠷᠢ ᠥᠭᠴᠡᠭᠡ ᠶᠢ ᠲᠦᠯᠦᠬᠦ ᠳᠤ ᠬᠡᠷᠡᠭᠯᠡᠨ᠎ᠡ᠃ ᠲᠣᠰ | ᠤᠳᠠᠭᠠᠨ ᠤ ᠲᠠᠷᠬᠠᠭᠠᠯᠲᠠ ᠳᠠᠭᠤᠰᠲᠠᠯ᠎ᠠ᠂ ᠮᠠᠨ ᠤ ᠣᠷᠣᠨ ᠡᠨᠡ ᠵᠢᠯ ᠵᠠᠰᠠᠭ ᠤᠨ ᠣᠷᠳᠣᠨ ᠤ ᠵᠢᠭᠡᠯᠡᠯᠭᠡ ᠶᠢᠨ | ᠲᠡᠮᠳᠡᠭᠲᠦ ᠶᠢ ᠨᠢᠭᠡᠨᠲᠡ 832.1 ᠳ᠋ᠦᠡᠭᠰᠢᠭᠤᠷ ᠲᠥᠭᠦᠷᠢᠭ ᠲᠠᠷᠬᠠᠭᠠᠵᠤ᠂ ᠪᠦᠬᠦ ᠵᠢᠯ ᠤᠨ ᠲᠠᠷᠬᠠᠭᠠᠬᠤ ᠪᠦᠬᠦ | ᠲᠤᠭ᠎ᠠ ᠶᠢᠨ ᠢᠶᠠᠨ 50% ᠶᠢ ᠪᠡᠶᠡᠯᠡᠬᠦᠯᠪᠡ᠃ |