ᠦᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠡᠳ᠋ ᠤᠨ | ᠵᠠᠰᠠᠭ ᠤᠨ ᠲᠢᠩᠬᠢᠮ᠂ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠣᠷᠣᠨ ᠨᠤᠲᠤᠭ ᠤᠨ ᠭᠠᠶᠢᠯᠢ ᠶᠢᠨ | ᠶᠠᠪᠤᠳᠠᠯ ᠤᠨ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ | ᠰᠤᠳᠤᠯᠤᠯ ᠨᠡᠭᠡᠭᠡᠯᠲᠡ ᠶᠢᠨ ᠵᠠᠷᠤᠳᠠᠯ ᠢ ᠨᠡᠮᠡᠨ ᠪᠤᠳᠤᠬᠤ ᠰᠠᠭᠤᠳᠬᠠᠨ ᠬᠠᠰᠤᠬᠤ ᠲᠦᠷᠦᠯ ᠵᠦᠢᠯ ᠢ ᠬᠢᠨᠠᠨ | ᠲᠣᠭᠲᠠᠭᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠰᠤᠳᠤᠯᠤᠨ ᠲᠣᠭᠲᠠᠭᠠᠵᠤ᠂ ᠠᠵᠤ ᠠᠬᠤᠶᠢᠯᠠᠯ ᠤᠨ | ᠰᠤᠳᠤᠯᠤᠯ ᠨᠡᠭᠡᠭᠡᠯᠲᠡ ᠶᠢᠨ ᠵᠠᠷᠤᠳᠠᠯ ᠢ ᠨᠡᠮᠡᠨ ᠪᠤᠳᠤᠬᠤ ᠰᠠᠭᠤᠳᠬᠠᠨ ᠬᠠᠰᠤᠬᠤ ᠬᠠᠷᠠᠭᠠᠯᠵᠠᠯ ᠤᠨ ᠲᠥᠷᠥ ᠶᠢᠨ | ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠵᠤᠷᠢᠭᠵᠢᠭᠤᠯᠤᠨ ᠰᠤᠳᠤᠯᠤᠯ ᠨᠡᠭᠡᠭᠡᠯᠲᠡ ᠬᠢᠬᠦ | ᠠᠵᠢᠯᠯᠠᠭ᠎ᠠ ᠦᠷᠨᠢᠬᠦᠯᠵᠤ᠂ ᠰᠤᠳᠤᠯᠤᠯ ᠨᠡᠭᠡᠭᠡᠯᠲᠡ ᠶᠢᠨ ᠵᠠᠷᠤᠳᠠᠯ ᠢ ᠭᠠᠶᠢᠯᠢ ᠲᠤᠰᠢᠶᠠᠬᠤ ᠠᠴᠠ ᠡᠮᠦᠨ᠎ᠡ ᠨᠡᠮᠡᠨ | ᠪᠤᠳᠤᠬᠤ ᠰᠠᠭᠤᠳᠬᠠᠨ ᠬᠠᠰᠤᠬᠤ ᠲᠥᠷᠥᠯ ᠵᠦᠢᠯ ᠢ ᠬᠢᠨᠠᠨ ᠲᠤᠭᠲᠠᠭᠠᠬᠤ ᠠᠵᠢᠯ ᠢ ᠵᠢᠷᠤᠮᠵᠢᠭᠤᠯᠪᠠ᠃ | ᠠᠵᠤ ᠠᠬᠤᠶᠢᠯᠠᠯ ᠰᠤᠳᠤᠯᠤᠯ ᠨᠡᠭᠡᠭᠡᠯᠲᠡ ᠶᠢᠨ ᠵᠠᠷᠤᠳᠠᠯ ᠢ ᠭᠠᠶᠢᠯᠢ ᠲᠤᠰᠢᠶᠠᠬᠤ ᠠᠴᠠ ᠡᠮᠦᠨ᠎ᠡ ᠨᠡᠮᠡᠨ | ᠪᠤᠳᠤᠬᠤ ᠰᠠᠭᠤᠳᠬᠠᠨ ᠬᠠᠰᠤᠬᠤ ᠲᠦᠷᠦ ᠶᠢᠨ ᠪᠤᠳᠤᠯᠭ᠎ᠠ ᠪᠤᠯ ᠠᠵᠤ ᠠᠬᠤᠶᠢᠯᠠᠯ ᠤᠨ ᠰᠢᠨ᠎ᠡ ᠮᠡᠷᠭᠡᠵᠢᠯ ᠂ ᠰᠢᠨ᠎ᠡ | ᠦᠢᠯᠡᠳᠭᠦᠨ᠂ ᠰᠢᠨ᠎ᠡ ᠤᠷ᠎ᠠ ᠮᠡᠷᠭᠡᠰᠢᠯ ᠢ ᠰᠤᠳᠤᠯᠤᠨ ᠨᠡᠭᠡᠭᠡᠨ ᠬᠥᠭᠵᠢᠭᠦᠯᠬᠦ ᠳᠤ ᠪᠣᠳᠠᠲᠠᠶ ᠬᠡᠷᠡᠭᠯᠡᠭᠰᠡᠨ | ᠲᠤᠭ᠎ᠠ ᠶᠢᠨ ᠰᠠᠭᠤᠷᠢᠨ ᠳᠡᠭᠡᠷ᠎ᠡ᠂ ᠳᠠᠬᠢᠨ ᠵᠣᠬᠢᠬᠤ ᠬᠠᠷᠢᠴᠠᠯ ᠨᠡᠮᠡᠵᠤ᠂ ᠭᠠᠶᠢᠯᠢ ᠲᠤᠰᠢᠶᠠᠬᠤ ᠶᠣᠰᠣᠲᠠᠶ ᠠᠰᠢᠭ | ᠣᠷᠣᠯᠭ᠎ᠠ ᠶᠢ ᠨᠢ ᠪᠤᠳᠤᠬᠤ ᠦᠶᠡᠰ ᠲᠤᠭ᠎ᠠ ᠶᠢ ᠨᠢ ᠬᠠᠰᠤᠬᠤ ᠨᠢᠭᠡ ᠵᠦᠢᠯ ᠤᠨ ᠭᠠᠶᠢᠯᠢ ᠲᠠᠲᠠᠪᠤᠷᠢ ᠶᠢᠨ | ᠬᠠᠷᠠᠭᠠᠯᠵᠠᠯᠳᠤ ᠲᠦᠷᠦ ᠶᠢᠨ ᠪᠤᠳᠤᠯᠭ᠎ᠠ ᠪᠤᠯᠤᠨ᠎ᠠ᠃ ᠡᠳ᠋ ᠭᠠᠶᠢᠯᠢ ﹇2015﹈ 119 ᠳ᠋ᠤᠭᠡᠷ ᠲᠣᠭᠠᠲᠤ ᠪᠢᠴᠢᠭ | ᠮᠠᠲ᠋ᠧᠷᠢᠶᠠᠯ ᠳᠤ ᠲᠤᠭᠲᠠᠭᠠᠭᠰᠠᠨ ᠨᠢ᠄ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠠᠵᠢᠯᠯᠠᠭᠠᠨ ᠳᠤᠮᠳᠠ ᠪᠣᠳᠠᠲᠠᠶ | ᠬᠡᠷᠡᠭᠯᠡᠭᠰᠡᠨ ᠰᠤᠳᠤᠯᠤᠨ ᠨᠡᠭᠡᠭᠡᠬᠦ ᠵᠠᠷᠤᠳᠠᠯ ᠢ ᠳᠠᠯᠳᠠ ᠬᠥᠷᠥᠩᠭᠡ ᠪᠣᠯᠤᠭᠠᠳᠤᠶ ᠪᠤᠰᠤ ᠪᠠᠷ ᠲᠤᠰ ᠬᠤᠭᠤᠴᠠᠭᠠᠨ ᠤ | ᠠᠯᠳᠠᠭᠳᠠᠯ ᠣᠯᠵᠠᠪᠤᠷᠢ ᠳᠤ ᠪᠤᠳᠤᠵᠤ ᠤᠷᠤᠭᠤᠯᠬᠤ ᠳᠤ᠂ ᠲᠣᠭᠲᠠᠭᠠᠯ ᠶᠣᠰᠣᠭᠠᠷ ᠪᠤᠳᠠᠲᠤ ᠲᠤᠭ᠎ᠠ ᠪᠠᠷ ᠬᠠᠰᠤᠬᠤ | ᠰᠠᠭᠤᠷᠢᠨ ᠳᠡᠭᠡᠷ᠎ᠡ᠂ ᠲᠤᠰ ᠤᠨ ᠤ ᠪᠣᠳᠠᠲᠠᠶ ᠬᠡᠷᠡᠭᠯᠡᠭᠰᠡᠨ ᠲᠤᠭᠠᠨ ᠤ 50% ᠪᠠᠷ᠂ ᠲᠣᠰ ᠤᠨ ᠤ ᠭᠠᠶᠢᠯᠢ | ᠲᠤᠰᠢᠶᠠᠬᠤ ᠶᠣᠰᠣᠲᠠᠶ ᠠᠰᠢᠭ ᠣᠷᠣᠯᠭ᠎ᠠ ᠶᠢᠨ ᠲᠤᠭ᠎ᠠ ᠠᠴᠠ ᠬᠠᠰᠤᠨ᠎ᠠ︔ ᠳᠠᠯᠳᠠ ᠬᠥᠷᠥᠩᠭᠡ ᠪᠤᠯᠵᠤ | ᠪᠦᠷᠢᠯᠳᠦᠭᠰᠡᠨ ᠪᠤᠯ᠂ ᠲᠠᠯᠳᠠ ᠬᠦᠷᠦᠩᠭᠡ ᠶᠢᠨ ᠦᠪᠡᠷ ᠤᠨ ᠦᠷᠲᠡᠭ ᠤᠨ 150% ᠪᠠᠷ ᠭᠠᠶᠢᠯᠢ ᠲᠤᠰᠢᠶᠠᠬᠤ ᠠᠴᠠ | ᠡᠮᠦᠨ᠎ᠡ ᠲᠡᠰᠬᠡᠨ ᠪᠣᠷᠣᠯᠠᠭᠤᠯᠤᠨ᠎ᠠ ᠬᠡᠵᠠᠢ᠃ |