ᠦᠪᠦᠷ ᠮᠣᠩᠭᠤᠯ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠠᠦ᠋ᠲ᠋ᠣ᠋ ᠮᠠᠰᠢᠨ ᠢᠶᠠᠷ ᠭᠦᠢᠴᠡᠳᠬᠡᠬᠦ ᠠᠩᠬᠠᠳᠠᠭᠴᠢ ᠲᠣᠭᠤᠷᠢᠭ ᠬᠥᠬᠡᠬᠤᠲᠠ ᠳᠤ ᠠᠵᠢᠯᠯᠠᠭᠠᠨ ᠢᠶᠠᠨ ᠡᠬᠢᠯᠡᠭᠦᠯᠪᠡ
ᠨᠡᠶᠢᠲᠡᠯᠡᠭᠰᠡᠨ ᠴᠠᠭ᠄
2017/8/21
      ᠦᠢᠷ᠎ᠠ ᠶᠢᠨ ᠡᠳᠦᠷ᠂ ᠪᠦᠬᠦ ᠣᠷᠣᠨ ᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠠᠦ᠋ᠲ᠋ᠣ᠋ ᠮᠠᠰᠢᠨ ᠢᠶᠠᠷ ᠭᠦᠢᠴᠡᠳᠬᠡᠬᠦ ᠠᠩᠬᠠᠳᠠᠭᠴᠢ ᠲᠣᠭᠤᠷᠢᠭ ᠬᠥᠬᠡᠬᠤᠲᠠ ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠲᠤ ᠪᠠᠶᠢᠭᠤᠯᠤᠭᠳᠠᠭᠰᠠᠨ ᠪᠥᠭᠡᠳ ᠠᠵᠢᠯᠯᠠᠭᠠᠨ ᠢᠶᠠᠨ ᠵᠢᠩᠬᠢᠨᠢ ᠪᠠᠷ ᠡᠬᠢᠯᠡᠭᠦᠯᠵᠦ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠰᠡᠭᠦᠳᠡᠷᠯᠡᠬᠦ᠂ ᠭᠤᠶᠤᠴᠢᠯᠠᠬᠤ᠂ ᠦᠨᠡᠮᠯᠡᠯ ᠠᠪᠬᠤ ᠪᠦᠬᠦ ᠴᠣᠪᠤᠷᠠᠯ ᠢ ᠨᠢᠭᠡ ᠴᠣᠭᠴᠠᠵᠢᠭᠤᠯᠤᠨ ᠠᠦ᠋ᠲ᠋ᠣ᠋ ᠮᠠᠰᠢᠨ ᠢᠶᠠᠷ ᠭᠦᠢᠴᠡᠳᠬᠡᠬᠦ ᠶᠢ ᠪᠡᠶᠡᠯᠡᠭᠦᠯᠪᠡ᠃      ᠪᠡᠶ᠎ᠡ ᠶᠢᠨ ᠦᠨᠡᠮᠯᠡᠯ ᠢ ᠠᠦ᠋ᠲ᠋ᠣ᠋ ᠮᠠᠰᠢᠨ ᠢᠶᠠᠷ ᠭᠦᠢᠴᠡᠳᠬᠡᠬᠦ ᠲᠣᠭᠤᠷᠢᠭ ᠨᠢ ᠠᠦ᠋ᠲ᠋ᠣ᠋ ᠵᠢᠷᠤᠭ ᠲᠠᠲᠠᠬᠤ ᠮᠠᠰᠢᠨ᠂ ᠠᠦ᠋ᠲ᠋ᠣ᠋ ᠭᠤᠶᠤᠴᠢᠯᠠᠬᠤ ᠮᠠᠰᠢᠨ᠂ ᠠᠦ᠋ᠲ᠋ᠣ᠋ ᠦᠨᠡᠮᠯᠡᠯ ᠠᠪᠬᠤ ᠮᠠᠰᠢᠨ ᠵᠡᠷᠭᠡ ᠭᠤᠷᠪᠠᠨ ᠶᠡᠭᠡ ᠲᠣᠨᠣᠭᠯᠠᠯ ᠵᠢᠴᠢ ᠰᠢᠰᠢᠲ᠋ᠧᠮ ᠢᠶᠠᠷ ᠪᠦᠷᠢᠯᠳᠦᠵᠦ᠂ ᠭᠡᠷᠡᠯ ᠵᠢᠷᠤᠭ ᠢ ᠰᠢᠯᠢᠨ ᠰᠣᠩᠭᠤᠬᠤ᠂ ᠦᠨᠡᠮᠯᠡᠯ ᠢ ᠤᠩᠰᠢᠨ ᠭᠠᠷᠭᠠᠬᠤ᠂ ᠬᠤᠷᠤᠭᠤᠨ ᠬᠡ ᠶᠢ ᠲᠡᠮᠳᠡᠭᠯᠡᠨ ᠠᠪᠬᠤ᠂ ᠨᠢᠭᠤᠷ ᠵᠢᠰᠦ ᠶᠢ ᠢᠯᠭᠠᠨ ᠲᠠᠨᠢᠬᠤ᠂ ᠰᠦᠢᠳᠬᠡᠯ ᠲᠤᠰᠢᠶᠠᠬᠤ ᠥᠭᠬᠦ᠂ ᠬᠠᠷᠢᠭᠤ ᠪᠠᠷᠢᠮᠲᠠ ᠳᠠᠷᠤᠮᠠᠯᠯᠠᠬᠤ᠂ ᠠᠬᠢᠴᠠ ᠶᠢ ᠪᠠᠶᠢᠴᠠᠭᠠᠨ ᠯᠠᠪᠯᠠᠬᠤ᠂ ᠣᠶᠤᠨ ᠢᠶᠠᠷ ᠢᠯᠭᠠᠬᠤ᠂ ᠬᠤᠷᠤᠭᠤᠨ ᠭᠡ ᠎ ᠪᠠᠷ ᠦᠨᠡᠮᠯᠡᠯ ᠠᠪᠬᠤ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠪᠠ᠃ ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠷᠢᠶᠠᠨ ᠳᠤ ᠡᠷᠦᠬᠡ ᠠᠮᠠ ᠶᠢᠨ ᠳᠠᠩᠰᠠ ᠲᠠᠢ ᠰᠠᠭᠤᠭᠠᠯᠢ ᠠᠷᠠᠳ ᠪᠦᠬᠦᠨ ᠪᠡᠶ᠎ᠡ ᠶᠢᠨ ᠦᠨᠡᠮᠯᠡᠯ ᠤᠨ ᠬᠤᠭᠤᠴᠠᠭ᠎ᠠ ᠨᠢ ᠲᠤᠯᠤᠨ ᠰᠢᠨ᠎ᠡ ᠦᠨᠡᠮᠯᠡᠯ ᠰᠣᠯᠢᠬᠤ᠂ ᠭᠡᠭᠡᠭᠰᠡᠨ ᠢᠶᠠᠨ ᠨᠦᠬᠦᠵᠦ ᠠᠪᠬᠤ᠂ ᠡᠪᠳᠡᠷᠡᠭᠰᠡᠨ ᠢ ᠨᠦᠬᠦᠵᠦ ᠠᠪᠬᠤ ︵ᠠᠩᠬ᠎ᠠ ᠤᠳᠠᠭ᠎ᠠ ᠭᠤᠶᠤᠴᠢᠯᠠᠨ ᠠᠪᠬᠤ ᠳᠤ ᠡᠷᠥᠭᠡ ᠠᠮᠠ ᠶᠢᠨ ᠳᠠᠩᠰᠠ ᠪᠠᠶᠢᠭ᠎ᠠ ᠭᠠᠵᠠᠷ ᠤᠨ ᠢᠶᠠᠨ ᠲᠣᠮᠢᠯᠠᠭᠰᠠᠨ ᠰᠠᠯᠪᠤᠷᠢ ᠳᠤ ᠬᠦᠷᠴᠦ ᠭᠦᠢᠴᠡᠳᠬᠡᠬᠦ ᠴᠢᠬᠤᠯᠠᠲᠠᠢ︶᠎ ᠳᠤ ᠪᠦᠷ ᠠᠦ᠋ᠲ᠋ᠣ᠋ ᠮᠠᠰᠢᠨ ᠢᠶᠠᠷ ᠭᠦᠢᠴᠡᠳᠬᠡᠵᠦ ︵ᠬᠥᠬᠡᠬᠤᠲᠠ ᠶᠢᠨ ᠬᠠᠷᠢᠶᠠᠨ ᠠᠴᠠ ᠭᠠᠳᠠᠨᠠᠬᠢ ᠪᠤᠰᠤᠳ ᠠᠶᠢᠮᠠᠭ ᠬᠤᠳᠠ ᠶᠢᠨ ᠡᠷᠦᠭᠡ ᠠᠮᠠ ᠶᠢᠨ ᠳᠠᠩᠰᠠ ᠲᠠᠢ ᠰᠠᠭᠤᠭᠠᠯᠢ ᠠᠷᠠᠳ ᠤᠷᠢᠳ ᠢᠶᠠᠷ ᠬᠥᠬᠡᠬᠤᠲᠠ ᠶᠢᠨ ᠲᠦᠷ ᠰᠠᠭᠤᠬᠤ ᠭᠠᠵᠠᠷ ᠤᠨ ᠲᠣᠮᠢᠯᠠᠭᠰᠠᠨ ᠰᠠᠯᠪᠤᠷᠢ ᠳᠤ ᠬᠦᠷᠴᠦ ᠲᠦᠷ ᠰᠠᠭᠤᠬᠤ ᠮᠡᠳᠡᠭᠡ ᠵᠠᠩᠭᠢ ᠪᠠᠨ ᠳᠠᠩᠰᠠᠯᠠᠭᠤᠯᠤᠭᠰᠠᠨ ᠤ ᠲᠠᠷᠠᠭ᠎ᠠ ᠰᠠᠶ᠋ᠢ ᠭᠦᠢᠴᠡᠳᠬᠡᠵᠦ ᠪᠣᠯᠤᠨ᠎ᠠ︶ ᠪᠣᠯᠣᠨ᠎ᠠ᠃ ᠰᠦᠢᠳᠬᠡᠯ ᠬᠤᠷᠢᠶᠠᠬᠤ ᠪᠠᠷᠢᠮᠵᠢᠶ᠎ᠠ ᠨᠢ ᠭᠡᠪᠡᠯ᠂ ᠬᠤᠭᠤᠴᠠᠭ᠎ᠠ ᠨᠢ ᠲᠤᠯᠤᠭᠰᠠᠨ ᠦᠨᠡᠮᠯᠡᠯ ᠢᠶᠠᠨ ᠰᠣᠯᠢᠬᠤ ᠳᠤ 20 ᠲᠥᠭᠦᠷᠢᠭ᠂ ᠭᠡᠭᠡᠭᠰᠡᠨ ᠢᠶᠠᠨ ᠨᠦᠬᠦᠵᠦ ᠠᠪᠬᠤ ᠪᠤᠶᠤ ᠡᠪᠳᠡᠷᠡᠭᠰᠡᠨ ᠢ ᠨᠦᠬᠦᠵᠦ ᠠᠪᠬᠤ ᠳᠤ 40 ᠲᠥᠭᠦᠷᠢᠭ ︵ᠬᠤᠭᠤᠴᠠᠭ᠎ᠠ ᠨᠢ ᠲᠤᠯᠤᠭᠰᠠᠨ ᠦᠨᠡᠮᠯᠡᠯ ᠢ ᠰᠣᠯᠢᠬᠤ ᠳᠤ ᠬᠠᠭᠤᠴᠢᠨ ᠦᠨᠡᠮᠯᠡᠯ ᠢ ᠨᠢ ᠪᠤᠴᠠᠭᠠᠨ ᠠᠪᠤᠨ᠎ᠠ︶᠎ ᠤᠨ ᠪᠡᠯᠡᠨ ᠮᠦᠩᠭᠦ ᠲᠤᠰᠢᠶᠠᠨ᠎ᠠ᠃ ᠭᠦᠢᠴᠡᠳᠬᠡᠬᠦ ᠬᠤᠭᠤᠴᠠᠭ᠎ᠠ ᠎ ᠨᠢ 30 —40 ᠡᠳᠦᠷ ︵ᠡᠷᠦᠭᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨᠠᠨ ᠬᠠᠷᠭᠤᠭᠤᠯᠤᠭᠰᠠᠨ ᠪᠠ ᠲᠤᠭ᠎ᠠ ᠪᠠᠷᠢᠮᠲᠠ ᠶᠢ ᠳᠡᠭᠡᠭᠰᠢ ᠳᠡᠪᠰᠢᠭᠦᠯᠦᠭᠰᠡᠨ ᠴᠠᠭ ᠬᠤᠭᠤᠴᠠᠭ᠎ᠠ ᠶᠢ ᠦᠨᠳᠦᠰᠦᠯᠡᠨ ᠲᠣᠭᠲᠠᠭᠠᠨ᠎ᠠ︶᠃      ᠡᠭᠦᠨ ᠠᠴᠠ ᠭᠠᠳᠠᠨ᠎ᠠ᠂ ᠳᠣᠣᠷᠠᠬᠢ ᠪᠠᠶᠢᠳᠠᠯ ᠳᠤ ᠭᠦᠢᠴᠡᠳᠬᠡᠵᠦ ᠥᠭᠬᠦ ᠦᠭᠡᠢ᠂ ᠲᠤᠬᠠᠶᠢᠯᠠᠪᠠᠯ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠠᠩᠬ᠎ᠠ ᠭᠦᠢᠴᠡᠳᠬᠡᠵᠦ ᠪᠠᠶᠢᠬᠤ︔ ᠡᠷᠦᠬᠡ ᠠᠮᠠ ᠶᠢᠨ ᠳᠠᠩᠰᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠷᠢᠶᠠᠨ ᠳᠤ ᠦᠯᠦ ᠪᠠᠶᠢᠬᠤ︔ ᠡᠷᠦᠬᠡ ᠠᠮᠠ ᠶᠢᠨ ᠳᠠᠩᠰᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠷᠢᠶᠠᠨ ᠳᠤ ᠪᠠᠶᠢᠬᠤ ᠪᠣᠯᠪᠠᠴᠤ ᠬᠥᠬᠡᠬᠤᠲᠠ ᠠᠴᠠ ᠭᠠᠳᠠᠨ᠎ᠠ ᠪᠠᠶᠢᠬᠤ ᠪᠥᠭᠡᠳ ᠲᠦᠷ ᠰᠠᠭᠤᠬᠤ ᠮᠡᠳᠡᠭᠡ ᠵᠠᠩᠭᠢ ᠪᠠᠨ ᠳᠠᠩᠰᠠᠯᠠᠭᠤᠯᠤᠭᠠᠳᠤᠢ ᠪᠠᠶᠢᠬᠤ︔ ᠡᠷᠦᠭᠡ ᠠᠮᠠ ᠶᠢᠨ ᠲᠡᠩᠰᠠ ᠨᠢ ᠪᠠᠶᠢᠭ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨᠠᠨ ᠬᠠᠷᠭᠤᠭᠤᠯᠤᠯᠲᠠ ᠳᠤ ᠪᠠᠲᠤᠯᠠᠭᠳᠠᠭᠰᠠᠨ ᠦᠭᠡᠢ ︵ᠡᠷᠦᠬᠡ ᠠᠮᠠ ᠪᠠᠨ ᠳᠠᠩᠰᠠᠯᠠᠭᠤᠯᠤᠭᠰᠠᠨ ᠬᠠᠶ᠋ᠢᠭ ᠬᠢᠭᠡᠳ ᠪᠣᠳᠠᠲᠠᠶ ᠰᠠᠭᠤᠭ᠎ᠠ ᠬᠠᠶ᠋ᠢᠭ ᠲᠠᠢ ᠪᠠᠨ ᠨᠡᠶᠢᠴᠡᠬᠦ ᠦᠭᠡᠢ ᠪᠠᠶᠢᠬᠤ᠂ ᠵᠢᠷᠤᠭ ᠰᠡᠭᠦᠳᠡᠷ ᠨᠢ ᠪᠡᠶ᠎ᠡ ᠶᠢᠨ ᠦᠨᠡᠮᠯᠡᠯ ᠤᠨ ᠰᠡᠭᠦᠳᠡᠷ ᠤᠨ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠬᠤ᠂ ᠡᠮᠦᠨ᠎ᠡ ᠬᠤᠶᠢᠨᠠᠬᠢ ᠦᠨᠡᠮᠯᠡᠯ ᠠᠪᠬᠤ ᠵᠢᠷᠤᠭ ᠰᠡᠭᠦᠳᠡᠷ ᠎ ᠨᠢ ᠨᠡᠯᠢᠶᠡᠳ ᠶᠡᠭᠡ ᠵᠥᠷᠢᠶ᠎ᠡ ᠲᠠᠢ ᠪᠠᠶᠢᠬᠤ᠂ ᠨᠢᠭᠤᠷ ᠵᠢᠰᠦ ᠪᠠᠷ ᠨᠢ ᠨᠢᠭᠡ ᠬᠥᠮᠦᠨ ᠭᠡᠵᠦ ᠢᠯᠭᠠᠨ ᠨᠤᠲᠠᠯᠠᠭᠤᠯᠵᠤ ᠳᠡᠶᠢᠯᠬᠦ ᠦᠭᠡᠢ ᠪᠠᠶᠢᠬᠤ︶ ᠵᠡᠷᠭᠡ ᠪᠠᠶᠢᠳᠠᠯ ᠳᠤ ᠭᠦᠢᠴᠡᠳᠬᠡᠵᠦ ᠥᠭᠬᠦ ᠦᠭᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号