2020 ᠣᠨ ᠪᠣᠯᠬᠤ ᠳᠤ ᠥᠪᠥᠷ ᠮᠣᠩᠭᠤᠯ ᠤᠨ ᠵᠡᠭᠦᠨ ᠬᠡᠰᠡᠭ ᠤᠨ ᠠᠶᠢᠮᠠᠭ ᠬᠤᠲᠠ ᠶᠢᠨ ᠬᠥᠮᠦᠨ ᠪᠦᠷᠢ ᠶᠢᠨ ᠳᠤᠮᠳᠠᠴᠢ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠭᠡᠢ ᠥᠷᠲᠡᠭ ᠢ 1 ᠲᠦᠮᠡᠨ ᠳ᠋ᠣᠯᠯᠠᠷ ᠲᠤ ᠬᠥᠷᠥᠭᠦᠯᠦᠨ᠎ᠡ
ᠨᠡᠶᠢᠲᠡᠯᠡᠭᠰᠡᠨ ᠴᠠᠭ᠄
2017/8/22
      ᠦᠢᠷ᠎ᠠ ᠶᠢᠨ ᠡᠳᠦᠷ᠂ ︽ᠥᠪᠥᠷ ᠮᠣᠩᠭᠤᠯ ᠤᠨ ᠵᠡᠭᠦᠨ ᠪᠦᠰᠡ ᠣᠷᠣᠨ ᠤ ︿13·5﹀᠎ ᠶᠢᠨ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ︾ ᠨᠡᠶᠢᠲᠡᠯᠡᠪᠡ᠃      ᠲᠥᠯᠥᠪᠵᠢᠭᠦᠯᠭᠡ ᠳᠤ ᠲᠣᠳᠣᠷᠬᠠᠶᠢᠯᠠᠭᠰᠠᠨ ᠨᠢ᠄ ᠮᠠᠨ ᠤ ᠣᠷᠣᠨ ᠤ ᠵᠡᠭᠦᠨ ᠬᠡᠰᠡᠭ ᠤᠨ ᠠᠶᠢᠮᠠᠭ ᠬᠤᠳᠠ ᠎ ᠳᠤ ᠬᠥᠯᠥᠨ ᠪᠤᠶᠢᠷ᠂ ᠲᠦᠩᠯᠢᠶᠣᠤ᠂ ᠤᠯᠠᠭᠠᠨᠬᠠᠳᠠ ᠬᠤᠲᠠ᠂ ᠬᠢᠩᠭᠠᠨ ᠠᠶᠢᠮᠠᠭ᠂ ᠰᠢᠯᠢ ᠶᠢᠨ ᠭᠤᠣᠯ ᠵᠡᠷᠭᠡ 5 ᠠᠶᠢᠮᠠᠭ ᠬᠤᠲᠠ ᠪᠣᠯᠤᠨ ᠮᠠᠨᠵᠤᠤᠷ᠂ ᠡᠷᠢᠶᠡᠨ ᠵᠡᠷᠭᠡ ᠲᠥᠯᠥᠪᠵᠢᠭᠦᠯᠭᠡ ᠳᠤ ᠠᠰᠳᠠᠭᠠᠨ ᠵᠢᠭᠰᠠᠭᠠᠭᠰᠠᠨ 2 ᠬᠤᠳᠠ ᠪᠠᠶᠢᠬᠤ ᠪᠦᠭᠡᠳ 52 ᠬᠤᠰᠢᠭᠤ ᠰᠢᠶᠠᠨ ᠬᠤᠳᠠ ᠲᠣᠭᠤᠷᠢᠭ ᠢ ᠬᠠᠷᠢᠶᠠᠯᠠᠨ᠎ᠠ᠃ 2015 ᠣᠨ ᠤ ᠵᠢᠯ ᠤᠨ ᠡᠴᠦᠰ ᠲᠤ᠂ ᠵᠡᠭᠦᠨ ᠬᠡᠰᠡᠭ ᠤᠨ ᠠᠶᠢᠮᠠᠭ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ 1259 ᠲᠦᠮᠡ ᠪᠠᠶᠢᠵᠤ᠂ ᠪᠥᠬᠦ ᠣᠷᠣᠨ ᠤ 50.1%᠎ ᠶᠢ ᠡᠵᠡᠯᠡᠵᠦ ᠪᠠᠶᠢᠪᠠ︔ ᠭᠠᠵᠠᠷ ᠰᠢᠷᠣᠶ ᠶᠢᠨ ᠲᠠᠯᠠᠪᠠᠢ ᠨᠢ 66.5 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠪᠥᠬᠦ ᠣᠷᠣᠨ ᠤ 56.2%᠎ ᠶᠢ ᠡᠵᠡᠯᠡᠵᠦ ᠪᠠᠶᠢᠪᠠ᠃ 2020 ᠣᠨ ᠪᠣᠯᠬᠤ ᠳᠤ᠂ ᠮᠠᠨ ᠤ ᠣᠷᠣᠨ ᠤ ᠵᠡᠭᠦᠨ ᠬᠡᠰᠡᠭ ᠤᠨ ᠠᠶᠢᠮᠠᠭ ᠬᠤᠲᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠤᠯᠠᠮ ᠪᠠᠳᠠᠷᠠᠭᠤᠯᠵᠤ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠤᠯᠠᠮ ᠴᠢᠩᠭᠠᠷᠠᠭᠤᠯᠤᠨ᠂ ᠬᠥᠭᠵᠢᠯᠲᠡ ᠶᠢᠨ ᠶᠠᠰᠤ ᠴᠢᠨᠠᠷ ᠢ ᠤᠯᠠᠮ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠵᠢᠴᠢ ᠵᠡᠭᠦᠨ ᠬᠤᠶᠢᠲᠤ ᠎ ᠶᠢᠨ ᠣᠷᠣᠨ ᠪᠦᠰᠡ ᠶᠢᠨ ᠴᠢᠬᠤᠯᠠ ᠨᠡᠮᠡᠭᠳᠡᠯ ᠤᠨ ᠲᠦᠢᠯ ᠪᠣᠯᠭᠠᠬᠤ ᠪᠠᠷ ᠴᠢᠷᠮᠠᠶᠢᠬᠤ ᠬᠡᠷᠡᠭᠲᠡᠢ ᠭᠡᠵᠡᠢ᠃      ᠲᠥᠯᠥᠪᠵᠢᠭᠦᠯᠭᠡ ᠳᠤ ᠮᠠᠨ ᠤ ᠣᠷᠣᠨ ᠤ ᠵᠡᠭᠦᠨ ᠬᠡᠰᠡᠭ ᠤᠨ ᠠᠶᠢᠮᠠᠭ ᠬᠤᠳᠠ ᠶᠢᠨ ᠬᠥᠭᠵᠢᠯᠲᠡ ᠶᠢᠨ ᠲᠠᠯᠳᠠ ᠬᠦᠴᠦᠨ ᠨᠢ ᠨᠡᠯᠢᠶᠡᠳ ᠶᠡᠭᠡ ᠪᠠᠶᠢᠬᠤ ᠶᠢ ᠵᠢᠭᠠᠵᠤ ᠭᠠᠷᠭᠠᠪᠠ᠃      ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠠᠴᠠ ᠦᠵᠡᠪᠡᠯ᠂ ᠤᠯᠤᠰ ᠠᠴᠠ ︽ᠨᠢᠭᠡ ᠪᠦᠰᠡ ᠨᠢᠭᠡ ᠵᠠᠮ︾᠂ ᠪᠡᠭᠡᠵᠢᠩ ᠲᠢᠶᠠᠨᠵᠢᠨ ᠾᠧᠪᠸᠢ ᠶᠢᠨ ᠬᠠᠮᠵᠢᠯᠴᠠᠬᠤ ᠬᠥᠭᠵᠢᠯᠲᠡ᠂ ᠬᠥᠬᠡ ᠮᠦᠷᠡᠨ ᠤ ᠠᠵᠤ ᠠᠬᠤᠶ ᠶᠢᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠪᠦᠸᠧᠬᠠᠢ ᠲᠠᠩᠭᠢᠰ ᠢ ᠲᠣᠭᠤᠷᠢᠭᠰᠠᠨ ᠭᠠᠵᠠᠷ ᠣᠷᠣᠨ ᠤ ᠬᠠᠮᠲᠤᠷᠠᠯᠴᠠᠭ᠎ᠠ ᠶᠢ ᠢᠳᠡᠪᠬᠢᠲᠡᠶ ᠠᠬᠢᠭᠤᠯᠤᠨ᠂ ᠵᠡᠭᠦᠨ ᠬᠡᠰᠡᠭ ᠤᠨ ᠠᠶᠢᠮᠠᠭ ᠬᠤᠲᠠ ᠶᠢᠨ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠴᠤ᠂ ᠪᠦᠬᠦ ᠲᠠᠯ᠎ᠠ ᠪᠠᠷ ᠨᠡᠬᠡᠬᠡᠯᠲᠡ ᠬᠢᠬᠦ ᠶᠢ ᠭᠦᠨᠵᠡᠭᠡᠶᠢᠷᠡᠭᠦᠯᠬᠦ ᠳᠤ ᠬᠤᠪᠣᠷ ᠨᠠᠨᠳᠢᠨ ᠳᠣᠬᠢᠶᠠᠯ ᠣᠯᠭᠤᠪᠠ᠃ ᠢᠯᠠᠩᠭᠤᠶ᠎ᠠ ᠤᠯᠤᠰ ᠠᠴᠠ ᠵᠡᠭᠦᠨ ᠬᠤᠶᠢᠲᠤ ᠣᠷᠣᠨ ᠤ ᠬᠥᠭᠵᠢᠨ ᠮᠠᠨᠳᠤᠯᠲᠠ ᠶᠢ ᠳᠡᠮᠵᠢᠬᠦ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠠᠯᠭ᠎ᠠ ᠪᠠᠷ ᠨᠡᠶᠢᠲᠡᠯᠡᠵᠦ᠂ ᠵᠡᠭᠦᠨ ᠬᠡᠰᠡᠭ ᠤᠨ ᠠᠶᠢᠮᠠᠭ ᠬᠤᠲᠠ ᠶᠢᠨ ᠳᠠᠪᠠᠯᠲᠠᠲᠤ ᠬᠥᠭᠵᠢᠯᠲᠡ ᠳᠤ ᠬᠦᠴᠦᠷᠬᠡᠭ ᠶᠡᠭᠡ ᠲᠥᠷᠥ ᠶᠢᠨ ᠪᠤᠳᠤᠯᠭ᠎ᠠ ᠶᠢᠨ ᠪᠠᠲᠤᠯᠠᠭ᠎ᠠ ᠣᠯᠭᠤᠪᠠ᠃      ᠨᠡᠬᠡᠬᠡᠯᠲᠡ ᠬᠢᠬᠦ ᠤᠷᠤᠨ ᠪᠠᠶᠢᠷᠢ ᠠᠴᠠ ᠦᠵᠡᠪᠡᠯ᠂ ᠵᠡᠭᠦᠨ ᠬᠡᠰᠡᠭ ᠤᠨ ᠠᠶᠢᠮᠠᠭ ᠬᠤᠲᠠ ᠨᠢ ᠳᠣᠲᠣᠭᠠᠳᠤ ᠎ ᠳᠤ ᠪᠠᠨ ᠵᠡᠭᠦᠨ ᠬᠤᠶᠢᠲᠤ ᠶᠢᠨ ᠭᠤᠷᠪᠠᠨ ᠮᠤᠵᠢ᠂ ᠪᠡᠭᠡᠵᠢᠩ ᠲᠢᠶᠠᠨᠵᠢᠨ ᠾᠧᠪᠧᠶ ᠲᠠᠢ ᠵᠠᠯᠭᠠᠯᠳᠤᠨ᠂ ᠭᠠᠳᠠᠭᠰᠢ ᠪᠠᠨ ᠣᠷᠣᠰ ᠮᠣᠩᠭᠤᠯ ᠤᠯᠤᠰ ᠯᠤᠭ᠎ᠠ ᠬᠦᠷᠰᠢᠯᠡᠵᠦ᠂ ᠲᠢᠶᠠᠨᠵᠢᠨ᠂ ᠳ᠋ᠠᠯᠢᠶᠠᠨ ᠤ ᠳᠠᠯᠠᠢ ᠶᠢᠨ ᠭᠠᠷᠠᠮ ᠠᠴᠠ ᠨᠡᠯᠢᠶᠡᠳ ᠣᠶᠢᠷᠠᠬᠠᠨ ᠪᠠᠶᠢᠵᠤ᠂ ᠡᠬᠡ ᠬᠠᠭᠤᠷᠠᠶ ᠠᠭᠠᠷ ᠤᠨ ᠪᠣᠭᠤᠮᠲᠠ ᠭᠠᠷᠠᠮ 14 ᠪᠠᠶᠢᠬᠤ ᠪᠦᠭᠡᠳ ᠡᠬᠡ ᠬᠠᠭᠤᠷᠠᠶ ᠪᠣᠯᠣᠨ ᠳᠠᠯᠠᠶ ᠶᠢᠨ ᠬᠤᠯᠪᠣᠭᠠᠯᠠᠨ ᠵᠥᠭᠡᠭᠡᠪᠦᠷᠢᠯᠡᠬᠦ ᠣᠨᠴᠠ ᠳᠠᠪᠠᠭᠤᠯᠢᠭ ᠲᠠᠢ ᠪᠠᠶᠢᠵᠤ᠂ ᠵᠡᠭᠦᠨ ᠬᠡᠰᠡᠭ ᠤᠨ ᠠᠶᠢᠮᠠᠭ ᠬᠤᠲᠠ ᠶᠢᠨ ᠪᠦᠬᠦ ᠲᠠᠯ᠎ᠠ ᠶᠢᠨ ᠨᠡᠭᠡᠭᠡᠯᠲᠡ ᠪᠠᠨ ᠦᠷᠭᠡᠳᠬᠡᠬᠦ᠂ ᠣᠷᠣᠨ ᠪᠦᠰᠡ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠳᠤᠨᠢ ᠴᠢᠬᠤᠯᠠ ᠲᠦᠰᠢᠭ ᠲᠤᠯᠭᠠᠭᠤᠷᠢ ᠣᠯᠭᠤᠭᠰᠠᠨ ᠪᠠᠶᠢᠨ᠎ᠠ᠃      ᠡᠬᠢ ᠰᠣᠷᠪᠤᠯᠵᠢ ᠶᠢᠨ ᠳᠠᠯᠳᠠ ᠬᠦᠴᠦᠨ ᠠᠴᠠ ᠦᠵᠡᠪᠡᠯ᠂ ᠵᠡᠭᠦᠨ ᠬᠡᠰᠡᠭ ᠤᠨ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠰᠣᠷᠪᠤᠯᠵᠢ ᠡᠯᠪᠡᠭ ᠪᠠᠶᠠᠯᠢᠭ ᠪᠠᠶᠢᠵᠤ᠂ ᠬᠥᠯᠥᠨ ᠪᠤᠶᠢᠷ ᠤᠨ ᠲᠠᠯ᠎ᠠ ᠨᠤᠲᠤᠭ᠂ ᠰᠢᠯᠢ ᠶᠢᠨ ᠭᠤᠣᠯ ᠤᠨ ᠲᠠᠯ᠎ᠠ ᠨᠤᠲᠤᠭ᠂ ᠬᠤᠷᠴᠢᠨ ᠤ ᠲᠠᠯ᠎ᠠ ᠨᠤᠲᠤᠭ ᠪᠣᠯᠤᠨ ᠶᠡᠭᠡ ᠬᠢᠩᠭᠠᠨ ᠳᠠᠪᠠᠭ᠎ᠠ ᠶᠢᠨ ᠰᠢᠭᠤᠶᠢᠲᠤ ᠣᠷᠣᠨ ᠲᠠᠢ᠂ ᠨᠤᠲᠤᠭ ᠪᠡᠯᠴᠢᠭᠡᠷ ᠨᠢ 6 ᠳ᠋ᠦᠩᠰᠢᠭᠤᠷ ᠮᠦ᠂ ᠲᠠᠷᠢᠶᠠᠨ ᠭᠠᠵᠠᠷ ᠨᠢ 9100 ᠲᠦᠮᠡᠨ ᠮᠦ ᠰᠢᠬᠠᠮ ᠪᠠᠶᠢᠵᠤ᠂ ᠠᠮᠤ ᠪᠤᠳᠠᠭᠠᠨ ᠤ ᠭᠠᠷᠤᠯᠲᠠ ᠨᠢ ᠪᠥᠬᠦ ᠣᠷᠣᠨ ᠤ 80%᠎ ᠶᠢ ᠡᠵᠡᠯᠡᠵᠦ ᠪᠠᠶᠢᠨ᠎ᠠ᠃ ᠨᠡᠭᠦᠷᠡᠰᠦ᠂ ᠥᠩᠭᠡᠲᠦ ᠲᠡᠮᠦᠷᠯᠢᠭ ᠵᠡᠷᠭᠡ ᠠᠭᠤᠷᠬᠠᠶ ᠶᠢᠨ ᠭᠠᠷᠤᠯᠲᠠ ᠡᠯᠪᠡᠭ ᠪᠠᠶᠠᠯᠢᠭ ᠪᠠᠶᠢᠵᠤ᠂ ᠨᠡᠭᠦᠷᠡᠰᠦᠨ ᠤ ᠪᠠᠲᠤᠯᠠᠭᠠᠲᠤ ᠬᠠᠳᠠᠭᠠᠯᠠᠭᠳᠠᠴᠠ ᠨᠢ ᠪᠥᠬᠦ ᠣᠷᠣᠨ ᠤ 45.6%᠎ ᠶᠢ ᠡᠵᠡᠯᠡᠵᠦ ᠪᠠᠶᠢᠨ᠎ᠠ᠃ ᠭᠦᠨ ᠵᠤᠵᠠᠭᠠᠨ ᠰᠣᠶᠣᠯ ᠤᠨ ᠬᠦᠯᠡᠮᠵᠢ ᠲᠠᠢ᠂ ᠬᠤᠩᠱᠠᠨ ᠰᠣᠶᠣᠯ᠂ ᠬᠤᠷᠴᠢᠨ ᠰᠣᠶᠣᠯ ᠵᠡᠷᠭᠡ ᠲᠡᠦᠬᠡ ᠰᠣᠶᠣᠯ ᠤᠨ ᠡᠬᠢ ᠪᠠᠶᠠᠯᠢᠭ ᠨᠢ ᠵᠡᠭᠦᠨ ᠬᠡᠰᠡᠭ ᠤᠨ ᠠᠶᠢᠮᠠᠭ ᠬᠤᠲᠠ ᠶᠢᠨ ᠳᠠᠪᠠᠯᠲᠠᠲᠤ ᠬᠥᠭᠵᠢᠯᠲᠡ ᠳᠤ ᠴᠢᠬᠤᠯᠠ ᠶᠡᠭᠡ ᠡᠬᠢ ᠪᠠᠶᠠᠯᠢᠭ ᠤᠨ ᠪᠠᠲᠤᠯᠠᠭ᠎ᠠ ᠣᠯᠭᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号