︽ᠦᠵᠡᠰᠭᠦᠯᠡᠩᠳᠦ ᠰᠠᠶᠢᠬᠠᠨ ᠮᠢᠨᠦ ᠨᠤᠳᠤᠭ᠂ ᠦᠩᠭᠡ ᠶᠢᠨ ᠴᠡᠴᠡᠭ ᠰᠤᠯᠤᠩᠭᠠᠷᠠᠨ᠎ᠠ ᠁︾᠂ | ᠠᠰᠲ᠋ᠠᠨᠠ ᠶᠢᠨ ᠲᠡᠯᠡᠬᠡᠢ ᠶᠢᠨ ᠦᠵᠡᠰᠭᠦᠯᠡᠩ ᠤᠨ ᠴᠣᠭᠯᠠᠭᠠᠨ ᠤ ᠲᠤᠮᠳᠠᠳᠤ ᠤᠯᠤᠰ ᠤᠨ ᠤᠷᠳᠤᠨ ᠳᠤ ᠬᠤᠷᠠᠨ | ᠴᠣᠭᠯᠠᠷᠠᠭᠰᠠᠨ ᠡᠯ᠎ᠠ ᠤᠯᠤᠰ ᠤᠨ ᠦᠵᠡᠭᠴᠢᠳ ᠪᠠᠶᠠᠷ ᠪᠠᠶᠠᠰᠬᠤᠯᠠᠩᠳᠦ ᠠᠨᠳᠠᠢ ᠪᠦᠵᠢᠭ᠂ ᠢᠷᠠᠭᠤ ᠰᠤᠨᠤᠰᠬᠤᠯᠠᠩ | ᠮᠤᠩᠭᠤᠯ ᠦᠨᠳᠦᠰᠦᠳᠡᠨ ᠤ ᠲᠠᠭᠤᠤ ᠬᠦᠭᠵᠢᠮ ᠳᠤ ᠦᠪᠡᠷ ᠤᠨ ᠡᠷᠬᠡ ᠦᠭᠡᠢ ᠳᠠᠳᠠᠭᠳᠠᠨ᠎ᠠ᠃ ᠲᠤᠬᠠᠢ ᠶᠢᠨ ᠭᠠᠵᠠᠷ | ᠤᠨ ᠴᠠᠭ ᠢᠶᠠᠷ 8 ᠳ᠋ᠤᠭᠠᠷ ᠰᠠᠷ᠎ᠠ ᠶᠢᠨ 22 ᠤᠨ ᠦᠳᠡ ᠶᠢᠨ ᠡᠮᠦᠨ᠎ᠠ᠂ 2017 ᠣᠨ ᠤ ᠠᠰᠲ᠋ᠠᠨᠠ ᠶᠢᠨ | ᠲᠡᠯᠡᠬᠡᠢ ᠶᠢᠨ ᠦᠵᠡᠰᠭᠦᠯᠡᠩ ᠤᠨ ᠴᠣᠭᠯᠠᠭᠠᠨ ᠤ ᠦᠪᠦᠷ ᠮᠤᠩᠭᠤᠯ ᠤᠨ ᠠᠵᠢᠯᠯᠠᠭ᠎ᠠ ᠶᠢᠨ ᠭᠠᠷᠠᠭ ᠺᠠᠽᠠᠬᠰᠲ᠋ᠠᠨ ᠤ | ᠨᠡᠶᠢᠰᠯᠡᠯ ᠠᠰᠲ᠋ᠠᠨᠠ ᠳᠤ ᠬᠦᠰᠢᠭᠡ ᠪᠠᠨ ᠰᠡᠬᠦᠪᠡ᠃ | ᠲᠤᠮᠳᠠᠳᠤ ᠤᠯᠤᠰ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ | ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ᠂ ᠲᠤᠮᠳᠠᠳᠤ ᠤᠯᠤᠰ ᠤᠨ ᠤᠯᠠᠨ | ᠤᠯᠤᠰ ᠤᠨ ᠠᠷᠠᠯᠵᠢᠶ᠎ᠠ ᠶᠢ ᠠᠬᠢᠭᠤᠯᠬᠤ ᠵᠦᠪᠯᠡᠯ ᠤᠨ ᠲᠡᠳ᠋ ᠲᠠᠷᠤᠭ᠎ᠠ᠂ ᠲᠡᠯᠡᠬᠡᠢ ᠶᠢᠨ ᠦᠵᠡᠰᠭᠦᠯᠡᠩ ᠤᠨ | ᠴᠣᠭᠯᠠᠭᠠᠨ ᠤ ᠲᠤᠮᠳᠠᠳᠤ ᠤᠯᠤᠰ ᠤᠨ ᠵᠣᠬᠢᠶᠠᠨ ᠪᠠᠶᠢᠭᠤᠯᠬᠤ ᠺᠤᠮᠢᠰ ᠤᠨ ᠲᠡᠳ᠋ ᠡᠷᠬᠢᠯᠡᠭᠴᠢ ᠵᠠᠩ ᠸᠧᠢ᠂ | ᠺᠠᠽᠠᠬᠰᠲ᠋ᠠᠨ ᠳᠤ ᠰᠠᠭᠤᠭ᠎ᠠ ᠲᠤᠮᠳᠠᠳᠤ ᠤᠯᠤᠰ ᠤᠨ ᠡᠯᠴᠢᠨ ᠰᠠᠶᠢᠳ ᠤᠨ ᠶᠠᠮᠤᠨ ᠤ ᠤᠷᠤᠯᠠᠬᠴᠢ ᠬᠦᠢᠴᠡᠳᠭᠡᠭᠴᠢ | ᠯᠢᠦ ᠵᠢᠶᠠᠩ ᠫᠢᠩ ᠡᠬᠢᠯᠡᠯᠳᠡ ᠶᠢᠨ ᠶᠤᠰᠤᠯᠠᠯ ᠲᠡᠭᠡᠷ᠎ᠠ ᠪᠠᠶᠠᠷ ᠤᠨ ᠦᠭᠡ ᠬᠡᠯᠡᠪᠡ᠂ ᠺᠠᠽᠠᠬᠰᠲ᠋ᠠᠨ ᠤ ᠤᠯᠤᠰ ᠤᠨ | ᠬᠤᠷᠠᠯ ᠤᠨ ᠵᠦᠪᠯᠡᠯᠭᠡᠨ ᠤ ᠵᠦᠪᠯᠡᠯ ︵ᠲᠡᠭᠡᠳᠦ ᠵᠦᠪᠯᠡᠯ︶ ᠤᠨ ᠭᠡᠰᠢᠭᠦᠨ ᠯᠠᠱᠧᠳ᠋ ᠠᠺᠲ᠋ᠧᠮᠦᠹᠦ᠋᠂ ᠺᠠᠽᠠᠬᠰᠲ᠋ᠠᠨ ᠤ | ᠲᠤᠮᠳᠠᠳᠤ ᠤᠯᠤᠰ ᠤᠨ ᠠᠷᠠᠯᠵᠢᠶ᠎ᠠ ᠶᠢ ᠠᠬᠢᠭᠤᠯᠬᠤ ᠨᠡᠶᠢᠭᠡᠮᠯᠢᠭ ᠤᠨ ᠲᠡᠷᠢᠭᠦᠯᠡᠭᠴᠢ ᠬᠠᠨᠠᠲ᠋ᠢᠪᠠᠶᠢᠰᠠᠶᠢᠺ ᠡᠬᠢᠯᠡᠯᠳᠡ | ᠶᠢᠨ ᠶᠤᠰᠤᠯᠠᠯ ᠳᠤ ᠤᠷᠤᠯᠴᠠᠵᠤ᠂ ᠺᠠᠽᠠᠬᠰᠲ᠋ᠠᠨ ᠤ ᠪᠡᠯᠡ ᠤᠷᠤᠭᠤᠯᠬᠤ ᠵᠦᠪᠯᠡᠯ ᠤᠨ ᠲᠡᠷᠢᠭᠦᠯᠡᠭᠴᠢ ᠯᠠᠯᠢᠰᠠᡁᠢ | ᠮᠠᠭᠠᠯᠢᠶᠧᠹᠠ᠂ ᠺᠠᠽᠠᠬᠰᠲ᠋ᠠᠨ ᠤ ᠺᠠᠯᠠᠭᠠᠨᠳᠠ ᠵᠸᠤ ᠶᠢᠨ ᠲᠡᠳ᠋ ᠲᠠᠷᠤᠭ᠎ᠠ ᠠᠾᠡᠸ᠋ᠮᠢᠯᠵᠢᠶᠠᠨᠦ᠋ᠶ᠋ᠲ᠋ᠧᠹ ᠪᠠᠶᠠᠷ ᠤᠨ ᠦᠭᠡ | ᠬᠡᠯᠡᠪᠡ᠃ ᠲᠡᠯᠡᠬᠡᠢ ᠶᠢᠨ ᠦᠵᠡᠰᠭᠦᠯᠡᠩ ᠤᠨ ᠴᠣᠭᠯᠠᠭᠠᠨ ᠤ ᠬᠠᠮᠢᠶ᠎ᠠ ᠪᠦᠬᠦᠢ ᠤᠯᠤᠰ ᠤᠨ ᠤᠷᠳᠤᠨ ᠤ ᠲᠠᠷᠤᠭ᠎ᠠ᠂ | ᠺᠠᠽᠠᠬᠰᠲ᠋ᠠᠨ ᠤ ᠬᠠᠮᠢᠶ᠎ᠠ ᠪᠦᠬᠦᠢ ᠬᠤᠳᠠᠯᠳᠤᠭᠠᠨ ᠤ ᠨᠡᠶᠢᠭᠡᠮᠯᠢᠭ ᠤᠨ ᠬᠠᠷᠢᠭᠤᠴᠠᠯᠭᠠᠳᠠᠳ ᠪᠠ ᠲᠦᠯᠦᠭᠡᠯᠡᠭᠴᠢᠳ᠂ | ᠲᠤᠮᠳᠠᠳᠤ ᠤᠯᠤᠰ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ | ᠤᠨ ᠬᠠᠷᠢᠭᠤᠴᠠᠯᠭᠠᠳᠠᠳ ᠵᠡᠷᠭᠡ 160 ᠭᠠᠷᠤᠢ ᠬᠦᠮᠦᠨ ᠡᠬᠢᠯᠡᠯᠳᠡ ᠶᠢᠨ ᠶᠤᠰᠤᠯᠠᠯ ᠳᠤ ᠤᠷᠤᠯᠴᠠᠵᠠᠢ᠃ | ᠪᠦ᠋ ᠰᠢᠶᠤᠤ ᠯᠢᠨ ᠪᠠᠶᠠᠷ ᠤᠨ ᠦᠭᠡ ᠳᠡᠭᠡᠨ᠂ ᠦᠪᠦᠷ ᠮᠤᠩᠭᠤᠯ ᠲᠤᠮᠳᠠᠳᠤ ᠤᠯᠤᠰ ᠤᠨ ᠤᠮᠠᠷᠠᠳᠦ | ᠬᠡᠰᠡᠭ ᠲᠤ ᠪᠠᠶᠢᠷᠢᠯᠠᠵᠤ᠂ ᠲᠤᠮᠳᠠᠳᠤ ᠤᠯᠤᠰ ᠤᠨ ᠴᠢᠬᠤᠯᠠ ᠴᠡᠪᠡᠷ ᠡᠨᠧᠷᠬᠢ ᠶᠢᠨ ᠰᠠᠭᠤᠷᠢᠨ ᠪᠤᠯᠤᠨ᠎ᠠ᠂ ᠡᠯ᠎ᠠ | ᠤᠯᠤᠰ ᠤᠨ ᠨᠠᠶᠢᠵᠢ ᠨᠦᠬᠦᠳ ᠲᠠᠢ ᠤᠯᠠᠮᠵᠢᠯᠠᠯᠳᠦ ᠡᠨᠧᠷᠬᠢ ᠶᠢᠨ ᠬᠡᠯᠪᠡᠷᠢ ᠪᠠᠨ ᠬᠤᠪᠢᠷᠠᠭᠤᠯᠬᠤ ᠪᠠ ᠰᠢᠨ᠎ᠠ | ᠡᠨᠧᠷᠬᠢ ᠶᠢ ᠨᠡᠭᠡᠭᠡᠨ ᠬᠦᠭᠵᠢᠭᠦᠯᠵᠤ ᠠᠰᠢᠬᠯᠠᠬᠤ ᠲᠠᠯ᠎ᠠ ᠶᠢᠨ ᠰᠢᠨ᠎ᠠ ᠮᠡᠷᠭᠡᠵᠢᠯ᠂ ᠰᠢᠨ᠎ᠠ ᠦᠷ᠎ᠠ ᠪᠦᠳᠦᠭᠡᠯ ᠢᠶᠠᠨ | ᠬᠠᠷᠢᠯᠴᠠᠨ ᠰᠤᠯᠢᠯᠴᠠᠬᠤ ᠳᠠᠭᠠᠨ ᠮᠠᠰᠢ ᠪᠠᠶᠠᠷᠳᠠᠢ ᠪᠠᠶᠢᠨ᠎ᠠ ᠬᠡᠪᠡ᠃ ᠲᠡᠷᠡ᠂ ᠪᠢᠳᠡ ᠬᠦᠭᠵᠢᠯᠳᠡ ᠶᠢᠨ ᠲᠤᠮᠳᠠ | ᠢᠮᠠᠬᠳᠠ ᠰᠢᠨ᠎ᠠ ᠶᠢ ᠡᠭᠦᠳᠦᠨ ᠬᠦᠭᠵᠢᠭᠦ᠂ ᠪᠤᠬᠢᠷᠳᠦᠯ ᠦᠭᠡᠢ ᠬᠦᠭᠵᠢᠭᠦ ᠪᠠ ᠨᠡᠭᠡᠭᠡᠯᠳᠡ ᠲᠠᠢ ᠬᠦᠭᠵᠢᠭᠦ ᠪᠠᠷ | ᠴᠢᠷᠮᠠᠶᠢᠪᠠ᠂ 2013 ᠣᠨ ᠳᠤ ᠲᠡᠷᠢᠭᠦᠯᠡᠭᠴᠢ ᠰᠢ ᠶᠢᠨ ᠫᠢᠩ ᠺᠠᠽᠠᠬᠰᠲ᠋ᠠᠨ ᠳᠤ ︽ᠨᠢᠭᠡ ᠪᠦᠰᠡ ᠨᠢᠭᠡ ᠵᠠᠮ︾ | ᠤᠨ ᠰᠠᠨᠠᠭᠠᠴᠢᠯᠠᠭ᠎ᠠ ᠶᠢ ᠲᠤᠷᠠᠳᠤᠬᠰᠠᠨ ᠤ ᠳᠠᠷᠠᠭ᠎ᠠ᠂ ᠦᠪᠦᠷ ᠮᠤᠩᠭᠤᠯ ᠤᠨ ᠠᠵᠤ ᠠᠬᠤᠢᠢᠯᠠᠯ ᠬᠢᠭᠡᠳ ᠬᠦᠮᠦᠰ | ᠺᠠᠽᠠᠬᠰᠲ᠋ᠠᠨ ᠵᠢᠴᠢ ᠡᠸᠦ᠋ᠷᠦᠫᠡ ᠠᠽᠢᠶ᠎ᠠ ᠶᠢᠨ ᠡᠯ᠎ᠠ ᠤᠯᠤᠰ ᠯᠤᠭ᠎ᠠ ᠶᠢᠨ ᠰᠤᠯᠢᠯᠴᠠᠭ᠎ᠠ ᠬᠠᠮᠳᠤᠷᠠᠯᠴᠠᠭ᠎ᠠ ᠪᠠᠨ | ᠲᠠᠰᠤᠷᠠᠯᠳᠠ ᠦᠭᠡᠢ ᠴᠢᠩᠭᠠᠳᠬᠠᠪᠠ᠃ ᠦᠪᠦᠷ ᠮᠤᠩᠭᠤᠯ ᠲᠤᠷᠠᠳᠠᠶ᠎ᠠ ᠺᠠᠽᠠᠬᠰᠲ᠋ᠠᠨ ᠪᠣᠯᠣᠨ ︽ᠨᠢᠭᠡ ᠪᠦᠰᠡ ᠨᠢᠭᠡ | ᠵᠠᠮ︾ ᠤᠨ ᠱᠤᠭᠤᠮ ᠲᠠᠭᠠᠤ ᠤᠯᠤᠰ ᠯᠤᠭ᠎ᠠ ᠭᠠᠵᠠᠷ ᠤᠷᠤᠨ ᠯᠤᠭ᠎ᠠ ᠶᠢᠨ ᠰᠤᠯᠢᠯᠴᠠᠭ᠎ᠠ ᠬᠠᠮᠳᠤᠷᠠᠯᠴᠠᠭ᠎ᠠ ᠪᠠᠨ | ᠴᠢᠨᠠᠬᠰᠢᠳᠠ ᠴᠢᠩᠭᠠᠳᠬᠠᠵᠤ᠂ ︽ᠨᠢᠭᠡ ᠪᠦᠰᠡ ᠨᠢᠭᠡ ᠵᠠᠮ︾ ᠤᠨ ᠪᠦᠳᠦᠭᠡᠨ ᠪᠠᠶᠢᠭᠤᠯᠤᠯᠳᠠ ᠶᠢ ᠡᠩᠭᠡ ᠲᠠᠶᠢᠪᠤᠩ | ᠤᠨ ᠵᠠᠮ᠂ ᠴᠡᠴᠡᠭᠯᠡᠨ ᠬᠦᠭᠵᠢᠬᠦ ᠵᠠᠮ᠂ ᠭᠠᠳᠠᠬᠰᠢ ᠨᠡᠭᠡᠭᠡᠯᠳᠡ ᠬᠢᠬᠦ ᠵᠠᠮ᠂ ᠰᠢᠨ᠎ᠠ ᠶᠢ ᠡᠭᠦᠳᠭᠦ ᠵᠠᠮ᠂ ᠪᠤᠯᠪᠠᠰᠤᠨ | ᠵᠠᠮ ᠪᠤᠯᠭᠠᠨ ᠪᠦᠳᠦᠭᠡᠨ ᠪᠠᠶᠢᠭᠤᠯᠤᠨ᠎ᠠ ᠬᠡᠵᠤ ᠢᠯᠡᠷᠬᠡᠶᠢᠯᠡᠵᠡᠢ᠃ | ᠵᠠᠩ ᠸᠧᠢ ᠪᠠᠶᠠᠷ ᠤᠨ ᠦᠭᠡ ᠳᠡᠭᠡᠨ᠂ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠪᠣᠯ ᠳᠣᠮᠳᠠᠳᠣ | ᠣᠯᠣᠰ ᠤᠨ ᠡᠨᠧᠷᠬᠢ ᠶᠢᠨ ᠲᠣᠮᠣ ᠣᠷᠣᠨ ᠪᠣᠯᠣᠨ᠎ᠠ᠂ ᠡᠬᠢ ᠪᠠᠶᠠᠯᠢᠭ ᠤᠨ ᠬᠠᠳᠠᠭᠠᠯᠠᠭᠳᠠᠴᠠ ᠡᠯᠪᠡᠭ ᠳᠡᠯᠪᠡᠭ᠂ | ᠨᠡᠭᠡᠭᠡᠨ ᠬᠦᠭᠵᠢᠭᠦᠯᠬᠦ ᠨᠦᠭᠡᠴᠡ ᠬᠦᠴᠦᠨ ᠯᠣᠳᠣ ᠶᠡᠭᠡ᠃ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ | ᠯᠠᠪᠳᠠᠢ ᠠᠰᠲ᠋ᠠᠨᠠ ᠶᠢᠨ ᠦᠵᠡᠰᠭᠦᠯᠡᠩ ᠤᠨ ᠴᠣᠭᠯᠠᠭᠠᠨ ᠳᠤ ᠣᠷᠣᠯᠴᠠᠭᠰᠠᠨ ᠰᠠᠶᠢᠨ ᠠᠵᠠ ᠳᠣᠬᠢᠶᠠᠯ ᠢ ᠠᠮᠵᠢᠵᠣ᠂ | ᠦᠪᠡᠷ ᠤᠨ ᠴᠡᠪᠡᠷ ᠡᠨᠧᠷᠬᠢ ᠵᠡᠷᠭᠡ ᠳᠠᠯ᠎ᠠ ᠶᠢᠨ ᠳᠠᠪᠠᠭᠤᠯᠢᠭ ᠢᠶᠠᠨ ᠪᠠᠳᠠᠷᠠᠭᠤᠯᠵᠣ᠂ ᠳᠡᠯᠡᠬᠡᠢ ᠶᠢᠨ ᠡᠯ᠎ᠡ | ᠣᠯᠣᠰ ᠯᠤᠭ᠎ᠠ ᠶᠢᠨ ᠡᠨᠧᠷᠬᠢ ᠶᠢᠨ ᠬᠦᠷᠢᠶᠡᠨ ᠳᠠᠬᠢ ᠰᠣᠯᠢᠯᠴᠠᠭ᠎ᠠ ᠪᠣᠯᠣᠨ ᠬᠠᠮᠳᠣᠷᠠᠯᠴᠠᠭ᠎ᠠ ᠪᠠᠨ ᠴᠢᠩᠭᠠᠳᠬᠠᠵᠣ᠂ | ︽ᠨᠢᠭᠡ ᠪᠦᠰᠡ ᠨᠢᠭᠡ ᠵᠠᠮ︾ ᠤᠨ ᠪᠦᠳᠦᠭᠡᠨ ᠪᠠᠶᠢᠭᠤᠯᠣᠯᠳᠠ ᠳᠤ ᠢᠳᠡᠪᠬᠢᠳᠡᠢ ᠣᠷᠣᠯᠴᠠᠨ ᠢᠳᠡᠪᠬᠢᠳᠡᠢ | ᠠᠬᠢᠭᠤᠯᠵᠣ᠂ ᠦᠪᠡᠷᠳᠡᠭᠡᠨ ᠵᠠᠰᠠᠬᠤ ᠣᠷᠣᠨ ᠤ ᠠᠵᠣ ᠠᠬᠤᠢ᠂ ᠨᠡᠶᠢᠭᠡᠮ᠂ ᠰᠣᠶᠣᠯ ᠵᠡᠷᠭᠡ ᠡᠯ᠎ᠡ ᠳᠠᠯ᠎ᠠ ᠪᠠᠨ | ᠳᠠᠰᠣᠷᠠᠯᠳᠠ ᠦᠭᠡᠢ ᠬᠦᠭᠵᠢᠭᠦᠯᠦᠨ᠎ᠡ ᠭᠡᠳᠡᠭ ᠢ ᠢᠳᠡᠭᠡᠵᠦ ᠪᠠᠶᠢᠨ᠎ᠠ ᠭᠡᠪᠡ᠃ | ᠡᠬᠢᠯᠡᠯᠳᠡ ᠶᠢᠨ ᠶᠣᠰᠣᠯᠠᠯ ᠤᠨ ᠳᠣᠬᠠᠢ ᠶᠢᠨ ᠳᠠᠯᠠᠪᠠᠢ ᠳᠤ᠂ ᠳᠣᠮᠳᠠᠳᠣ ᠣᠯᠣᠰ ᠤᠨ ᠦᠪᠦᠷ ᠮᠣᠩᠭᠤᠯ ᠤᠨ | ᠦᠪᠡᠷᠳᠡᠭᠡᠨ ᠵᠠᠰᠠᠬᠤ ᠣᠷᠣᠨ ᠬᠢᠭᠡᠳ ᠺᠠᠽᠠᠭᠰᠲ᠋ᠠᠨ ᠵᠢᠭᠤᠯᠴᠢᠯᠠᠯ᠂ ᠡᠨᠧᠷᠬᠢ᠂ ᠠᠷᠠᠯᠵᠢᠶ᠎ᠠ ᠬᠤᠳᠠᠯᠳᠤᠭ᠎ᠠ ᠵᠡᠷᠭᠡ | 15 ᠬᠠᠮᠳᠣᠷᠠᠯᠴᠠᠭ᠎ᠠ ᠶᠢᠨ ᠲᠦᠷᠦᠯ ᠵᠦᠢᠯ ᠳᠤ ᠭᠠᠷ ᠤᠨ ᠦᠰᠦᠭ ᠵᠢᠷᠣᠵᠣ᠂ ᠣᠷᠠᠨ ᠰᠠᠶᠢᠬᠠᠨ ᠤ ᠳᠣᠭᠯᠠᠯᠳᠠ | ᠭᠠᠷᠭᠠᠵᠠᠢ᠃ ᠡᠬᠢᠯᠡᠯᠳᠡ ᠶᠢᠨ ᠶᠣᠰᠣᠯᠠᠯ ᠤᠨ ᠳᠠᠷᠠᠭ᠎ᠠ᠂ ᠪᠦ᠋ ᠰᠢᠶᠣᠣ ᠯᠢᠨ ᠨᠠᠷ ᠣᠷᠢᠳ ᠬᠤᠵᠢᠳ ᠠᠰᠲ᠋ᠠᠨᠠ ᠶᠢᠨ | ᠳᠡᠯᠡᠬᠡᠢ ᠶᠢᠨ ᠦᠵᠡᠰᠭᠦᠯᠡᠩ ᠤᠨ ᠴᠣᠭᠯᠠᠭᠠᠨ ᠤ ᠭᠧᠷᠮᠠᠨ ᠤ ᠣᠷᠳᠣᠨ᠂ ᠠᠩᠭ᠍ᠯᠢ ᠶᠢᠨ ᠣᠷᠳᠣᠨ᠂ ᠺᠠᠽᠠᠭᠰᠲ᠋ᠠᠨ ᠤ | ᠣᠷᠳᠣᠨ ᠵᠡᠷᠭᠡ ᠳᠤ ᠬᠦᠷᠴᠦ ᠣᠷᠳᠣᠨ ᠤ ᠬᠤᠭᠤᠷᠣᠨᠳᠣᠬᠢ ᠰᠣᠯᠢᠯᠴᠠᠭ᠎ᠠ ᠶᠢᠨ ᠠᠵᠢᠯᠯᠠᠭ᠎ᠠ ᠦᠷᠨᠢᠭᠦᠯᠵᠡᠢ᠃ | | ᠳᠣᠬᠠᠢ ᠶᠢᠨ ᠭᠠᠵᠠᠷ ᠤᠨ ᠴᠠᠭ ᠢᠶᠠᠷ 8 ᠳ᠋ᠤᠭᠠᠷ ᠰᠠᠷ᠎ᠠ ᠶᠢᠨ 21 ᠤ ᠣᠷᠣᠢ᠂ 2017 ᠣᠨ ᠤ | ᠠᠰᠲ᠋ᠠᠨ᠋ᠨ ᠶᠢᠨ ᠳᠡᠯᠡᠬᠡᠢ ᠶᠢᠨ ᠦᠵᠡᠰᠭᠦᠯᠡᠩ ᠤᠨ ᠴᠣᠭᠯᠠᠭᠠᠨ ᠤ ᠦᠪᠦᠷ ᠮᠣᠩᠭᠤᠯ ᠤᠨ ᠠᠵᠢᠯᠯᠠᠭ᠎ᠠ ᠶᠢᠨ ᠭᠠᠷᠠᠭ ᠤᠨ | ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠶᠢᠨ ᠨᠢᠭᠡ ᠪᠣᠯᠬᠤ ᠪᠦᠵᠢᠭᠳᠦ ᠵᠦᠴᠦᠭᠡ ︽ᠲᠡᠮᠡᠭᠡᠨ ᠵᠠᠮ︾ ᠢ | ᠠᠰᠲ᠋ᠠᠨᠠ ᠶᠢᠨ ᠡᠩᠬᠡ ᠳᠠᠶᠢᠪᠣᠩ ᠤᠨ ᠣᠷᠳᠣᠨ ᠳᠤ ᠳᠣᠭᠯᠠᠵᠠᠢ᠃ | ᠦᠪᠦᠷ ᠮᠣᠩᠭᠤᠯ ᠤᠨ ᠠᠵᠢᠯᠯᠠᠭ᠎ᠠ ᠶᠢᠨ ᠭᠠᠷᠠᠭ ᠨᠢ ︽ᠡᠨᠧᠷᠬᠢ ᠶᠢᠨ ᠰᠢᠨ᠎ᠠ ᠶᠢ ᠡᠭᠦᠳᠬᠦ ᠲᠤᠷᠭᠠᠨ ᠵᠠᠮ ᠤᠨ | ᠲᠠᠯ᠎ᠠ ᠨᠤᠳᠤᠭ︾ ᠢᠶᠠᠷ ᠭᠤᠣᠯ ᠰᠡᠳᠦᠪ ᠪᠣᠯᠭᠠᠵᠣ᠂ ᠡᠨᠧᠷᠬᠢ ᠶᠢᠨ ᠦᠵᠡᠭᠦᠯᠦᠯᠭᠡ᠂ ᠠᠵᠣ ᠠᠬᠤᠢ ᠠᠷᠠᠯᠵᠢᠶ᠎ᠠ ᠶᠢᠨ | ᠬᠡᠯᠡᠯᠴᠡᠭᠡᠷ᠂ ᠵᠢᠭᠤᠯᠴᠢᠯᠠᠯ ᠤᠨ ᠳᠠᠨᠢᠯᠴᠠᠭᠤᠯᠭ᠎ᠠ᠂ ᠣᠷᠠᠨ ᠰᠠᠶᠢᠬᠠᠨ ᠤ ᠳᠣᠭᠯᠠᠯᠳᠠ ᠵᠡᠷᠭᠡ ᠠᠵᠢᠯᠯᠠᠭ᠎ᠠ | ᠦᠷᠨᠢᠭᠦᠯᠵᠦ᠂ ᠳᠡᠯᠡᠬᠡᠢ ᠶᠢᠨ ᠦᠵᠡᠰᠭᠦᠯᠡᠩ ᠤᠨ ᠴᠣᠭᠯᠠᠭᠠᠨ ᠭᠡᠰᠡᠨ ᠡᠨᠡᠬᠦ ᠣᠯᠠᠨ ᠣᠯᠣᠰ ᠤᠨ ᠠᠵᠣ ᠠᠬᠤᠢ | ᠰᠣᠶᠣᠯ ᠤᠨ ᠰᠣᠯᠢᠯᠴᠠᠭᠠᠨ ᠤ ᠲᠠᠪᠴᠠᠩ ᠢ ᠭᠦᠢᠴᠡᠳ ᠠᠰᠢᠭᠯᠠᠨ ᠦᠪᠦᠷ ᠮᠣᠩᠭᠤᠯ ᠢᠶᠠᠨ ᠣᠬᠠᠭᠤᠯᠵᠣ᠂ | ᠴᠢᠨᠠᠭᠰᠢᠳᠠ ᠳᠡᠯᠡᠬᠡᠢ ᠶᠢᠨ ᠬᠠᠷᠠᠭ᠎ᠠ ᠶᠢ ᠳᠡᠯᠡᠵᠦ᠂ ᠮᠠᠨ ᠤ ᠣᠷᠣᠨ ᠬᠢᠭᠡᠳ ᠺᠠᠽᠠᠭᠰᠲ᠋ᠠᠨ ᠵᠡᠷᠭᠡ ᠳᠣᠮᠳᠠᠳᠣ | ᠠᠽᠢᠶ᠎ᠠ ᠶᠢᠨ ᠣᠯᠣᠰ ᠤᠳ ᠯᠤᠭ᠎ᠠ ᠶᠢᠨ ᠡᠨᠧᠷᠬᠢ᠂ ᠵᠢᠭᠤᠯᠴᠢᠯᠠᠯ᠂ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠳᠦᠭᠡᠭᠳᠡᠬᠦᠨ ᠢ ᠡᠳ᠋ᠰᠢᠭᠦᠯᠬᠦ ᠵᠡᠷᠭᠡ ᠳᠠᠯ᠎ᠠ ᠶᠢᠨ ᠬᠠᠮᠳᠣᠷᠠᠯᠴᠠᠭ᠎ᠠ ᠶᠢᠨ ᠨᠦᠭᠡᠴᠡ ᠬᠦᠴᠦᠨ ᠢ ᠭᠦᠢᠴᠡᠳ | ᠠᠭᠤᠳᠠᠯᠵᠣ᠂ ᠣᠷᠣᠨ ᠨᠣᠳᠤᠭ ᠤᠨ ᠠᠵᠣ ᠠᠬᠤᠢ ᠶᠢᠨ ᠬᠡᠯᠪᠡᠷᠢ ᠪᠠᠨ ᠬᠤᠪᠢᠷᠠᠭᠤᠯᠣᠨ ᠬᠦᠭᠵᠢᠭᠦ ᠶᠢ ᠠᠬᠢᠭᠤᠯᠬᠤ | ᠪᠣᠯᠣᠨ᠎ᠠ᠃ |