ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠠᠤᠯᠢ ᠲᠦᠷᠢᠮ ᠤᠨ ᠠᠵᠢᠯ ᠤᠨ ᠠᠯᠪᠡᠨ ᠭᠡᠷ ᠤᠨ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠮᠠᠨ ᠤ ᠤᠷᠤᠨ ᠤ ᠬᠠᠤᠯᠢᠵᠢᠯ ᠤᠨ ᠵᠠᠰᠠᠭ ᠤᠨ ᠤᠷᠳᠤᠨ ᠤ ᠪᠠᠶᠢᠭᠤᠯᠤᠯᠳᠡ ᠶᠢᠨ ᠠᠵᠢᠯ ᠢ ᠰᠢᠮᠳᠠᠭᠤᠯᠤᠨ ᠪᠠᠶᠢᠴᠠᠭᠠᠪᠡ
ᠨᠡᠶᠢᠲᠡᠯᠡᠭᠰᠡᠨ ᠴᠠᠭ᠄
2017/8/23
      8 ᠳ᠋ᠤᠭᠠᠷ ᠰᠠᠷ᠎ᠡ ᠶᠢᠨ 21᠎ ᠤ ᠡᠳᠤᠷ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠠᠤᠯᠢ ᠲᠦᠷᠢᠮ ᠤᠨ ᠠᠵᠢᠯ ᠤᠨ ᠠᠯᠪᠡᠨ ᠭᠡᠷ ᠤᠨ ᠨᠠᠮ ᠤᠨ ᠤᠳᠤᠷᠢᠳᠬᠤ ᠲᠤᠭᠤᠶᠢᠯᠠᠩ ᠤᠨ ᠪᠦᠷᠢᠯᠳᠦᠭᠦᠨ᠂ ᠲᠡᠳ᠋ ᠡᠷᠬᠢᠯᠡᠭᠴᠢ ᠭᠠᠨ ᠽᠠᠩ ᠴᠦᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠠᠤᠯᠢ ᠲᠦᠷᠢᠮ ᠤᠨ ᠠᠵᠢᠯ ᠤᠨ ᠠᠯᠪᠡᠨ ᠭᠡᠷ ᠤᠨ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠢ ᠲᠠᠶᠢᠴᠢᠯᠠᠵᠤ ᠮᠠᠨ ᠤ ᠤᠷᠤᠨ ᠤ ᠨᠠᠮ ᠤᠨ ᠲᠦᠪ ᠬᠤᠷᠢᠶ᠎ᠡ᠂ ᠲᠦᠷᠦ ᠶᠢᠨ ᠶᠠᠪᠤᠳᠠᠯ ᠤᠨ ᠬᠤᠷᠢᠶ᠎ᠡ ᠶᠢᠨ ︽ᠬᠠᠤᠯᠢᠵᠢᠯ ᠤᠨ ᠵᠠᠰᠠᠭ ᠤᠨ ᠤᠷᠳᠤᠨ ᠤ ᠪᠠᠶᠢᠭᠤᠯᠤᠯᠳᠡ ᠶᠢᠨ ᠭᠡᠷᠡᠭᠵᠢᠭᠦᠯᠭᠦ ᠭᠦᠳᠦᠯᠪᠦᠷᠢ ︵2015 — 2020 ᠣᠨ︶︾ ᠵᠡᠷᠭᠡ ᠴᠢᠬᠤᠯᠡ ᠦᠭᠡᠷᠡᠴᠢᠯᠡᠯᠳᠡ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠦᠷᠢᠵᠢᠭᠤᠯᠤᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠵᠠᠢ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠡᠳ᠋ ᠲᠡᠷᠢᠭᠦᠯᠡᠭᠴᠢ ᠵᠠᠩ ᠵᠢᠶᠠᠨ ᠮᠢᠨ ᠰᠢᠮᠳᠠᠭᠤᠯᠤᠨ ᠪᠠᠶᠢᠴᠠᠭᠠᠬᠤ ᠶᠢᠨ ᠬᠠᠷᠢᠭᠤ ᠮᠡᠳᠡᠭᠦᠯᠦᠯᠳᠡ ᠶᠢᠨ ᠬᠤᠷᠠᠯ ᠳᠤ ᠤᠷᠤᠯᠴᠡᠪᠡ᠃      ᠵᠠᠩ ᠵᠢᠶᠠᠨ ᠮᠢᠨ ᠵᠤᠬᠢᠶᠡᠨ ᠪᠠᠶᠢᠭᠤᠯᠵᠦ ᠤᠳᠤᠷᠢᠳᠬᠤ ᠶᠢ ᠴᠢᠩᠭᠠᠳᠬᠠᠬᠤ᠂ ᠲᠦᠷᠢᠮ ᠤᠨ ᠪᠠᠶᠢᠭᠤᠯᠤᠯᠳᠡ ᠶᠢ ᠴᠢᠩᠭᠠᠳᠬᠠᠬᠤ᠂ ᠠᠵᠢᠯ ᠤᠨ ᠲᠣᠭᠲᠠᠴᠠ ᠶᠢ ᠰᠢᠨ᠎ᠡ ᠪᠠᠷ ᠡᠭᠦᠳᠭᠦ᠂ ᠡᠷᠭᠡ ᠶᠢᠨ ᠠᠵᠢᠯᠯᠠᠭᠠᠨ ᠢ ᠵᠢᠷᠤᠮᠵᠢᠭᠤᠯᠬᠤ᠂ ᠦᠭᠡᠷᠡᠴᠢᠯᠡᠯᠳᠡ ᠶᠢᠨ ᠲᠤᠷᠰᠢᠯᠳᠡ ᠶᠢᠨ ᠴᠢᠬ ᠤᠨ ᠡᠭᠦᠷᠭᠡ ᠶᠢ ᠭᠦᠨᠵᠡᠭᠡᠢ ᠠᠬᠢᠭᠤᠯᠬᠤ᠂ ᠮᠡᠳᠡᠭᠡ ᠵᠠᠩᠬᠢᠵᠢᠯᠳᠡ ᠶᠢᠨ ᠪᠠᠶᠢᠭᠤᠯᠤᠯᠳᠡ ᠶᠢ ᠲᠦᠷᠭᠡᠳᠭᠡᠭᠦ ᠵᠡᠷᠭᠡ ᠲᠠᠯ᠎ᠡ ᠪᠠᠷ ᠮᠠᠨ ᠤ ᠤᠷᠤᠨ ᠤ ︽ᠬᠠᠤᠯᠢᠵᠢᠯ ᠤᠨ ᠵᠠᠰᠠᠭ ᠎ ᠤᠨ ᠤᠷᠳᠤᠨ ᠤ ᠪᠠᠶᠢᠭᠤᠯᠤᠯᠳᠡ ᠶᠢᠨ ᠭᠡᠷᠡᠭᠵᠢᠭᠦᠯᠭᠦ ᠭᠦᠳᠦᠯᠪᠦᠷᠢ ︵2015 — 2020 ᠣᠨ︶︾᠎ ᠶᠢ ᠲᠤᠤᠱᠯᠠᠭᠤᠯᠤᠨ ᠨᠠᠶᠢᠳᠠᠪᠦᠷᠢᠵᠢᠭᠤᠯᠤᠭᠰᠡᠨ ᠪᠠᠶᠢᠳᠠᠯ ᠢ ᠲᠠᠨᠢᠯᠴᠠᠭᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠤᠨ ᠲᠤᠬᠢᠷᠠᠭᠤᠯᠤᠯᠳᠡ ᠶᠢ ᠲᠤᠷᠠᠳᠪᠡ᠃      ᠭᠠᠨ ᠽᠠᠩ ᠴᠦᠨ ᠬᠠᠷᠢᠭᠤ ᠮᠡᠳᠡᠭᠦᠯᠦᠯᠳᠡ ᠶᠢ ᠰᠤᠨᠤᠰᠤᠬᠰᠡᠨ ᠤ ᠲᠠᠷᠠᠭ᠎ᠠ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠠᠴᠠ ᠬᠠᠤᠯᠢ ᠶᠤᠰᠤᠭᠠᠷ ᠵᠠᠰᠠᠭ ᠶᠠᠪᠤᠭᠤᠯᠬᠤ ᠠᠵᠢᠯ ᠪᠡ ᠬᠠᠤᠯᠢᠵᠢᠯ ᠤᠨ ᠵᠠᠰᠠᠭ ᠤᠨ ᠤᠷᠳᠤᠨ ᠤ ᠪᠠᠶᠢᠭᠤᠯᠤᠯᠳᠡ ᠶᠢ ᠲᠡᠭᠡᠳᠤ ᠬᠡᠮᠵᠢᠶ᠎ᠡ ᠪᠠᠷ ᠴᠢᠬᠤᠯᠡᠴᠢᠯᠡᠵᠤ᠂ ᠰᠢᠷᠢᠰ ᠠᠵᠢᠯ ᠤᠨ ᠠᠷᠭ᠎ᠠ ᠬᠡᠮᠵᠢᠶ᠎ᠡ ᠶᠢ ᠭᠡᠷᠡᠭᠯᠡᠵᠤ᠂ ᠬᠠᠤᠯᠢᠵᠢᠯ ᠵᠠᠰᠠᠭ ᠤᠨ ᠤᠷᠳᠤᠨ ᠤ ᠪᠠᠶᠢᠭᠤᠯᠤᠯᠳᠡ ᠶᠢ ᠪᠦᠭᠦ ᠲᠠᠯ᠎ᠡ ᠪᠠᠷ ᠠᠬᠢᠭᠤᠯᠵᠤ᠂ ᠢᠯᠠᠩᠭᠤᠶ᠎ᠠ ᠨᠡᠶᠢᠭᠡᠮ ᠤᠨ ᠵᠦᠷᠢᠴᠡᠯ ᠵᠢᠭᠤᠷᠠᠭᠠᠨ ᠢ ᠤᠯᠠᠨ ᠡᠰᠢᠵᠢᠭᠦᠯᠦᠨ ᠰᠢᠢᠳᠪᠦᠷᠢᠯᠡᠭᠦ᠂ ᠵᠠᠰᠠᠭ ᠤᠨ ᠤᠷᠳᠤᠨ ᠤ ᠴᠢᠬᠤᠯᠡ ᠶᠡᠭᠡ ᠤᠴᠢᠷ ᠤᠨ ᠬᠠᠤᠯᠢ ᠶᠤᠰᠤᠴᠢ ᠴᠢᠨᠠᠷ ᠢ ᠬᠢᠨᠡᠨ ᠪᠠᠶᠢᠴᠠᠭᠠᠬᠤ ᠲᠤᠭᠳᠡᠴᠡ ᠶᠢ ᠲᠡᠭᠦᠯᠳᠡᠷᠵᠢᠭᠦᠯᠭᠦ ᠵᠡᠷᠭᠡ ᠲᠠᠯ᠎ᠡ ᠪᠠᠷ ᠮᠡᠳᠡᠭᠳᠡᠮ᠎ᠡ ᠦᠷ᠎ᠠ ᠪᠦᠳᠦᠮᠵᠢ ᠤᠯᠵᠦ᠂ ᠦᠪᠤᠷ ᠮᠤᠩᠭᠤᠯ ᠤᠨ ᠬᠠᠤᠯᠢᠵᠢᠯ ᠤᠨ ᠵᠠᠰᠠᠭ ᠤᠨ ᠤᠷᠳᠤᠨ ᠤ ᠪᠠᠶᠢᠭᠤᠯᠤᠯᠳᠡ ᠰᠠᠶᠢᠨ ᠰᠠᠶᠢᠬᠠᠨ ᠡᠬᠢᠯᠡᠯᠳᠡ ᠲᠠᠢ ᠪᠤᠯᠵᠠᠢ᠃ ᠦᠪᠤᠷ ᠮᠤᠩᠭᠤᠯ ᠤᠨ ᠬᠢᠨ ᠦᠷᠭᠦᠯᠵᠢᠯᠡᠨ ᠲᠦᠪ ᠤᠨ ᠬᠠᠤᠯᠢ ᠪᠠᠷ ᠤᠯᠤᠰ ᠢᠶᠠᠨ ᠵᠠᠰᠠᠬᠤ ᠪᠡ ᠬᠠᠤᠯᠢᠵᠢᠯ ᠤᠨ ᠵᠠᠰᠠᠭ ᠤᠨ ᠤᠷᠳᠤᠨ ᠤ ᠪᠠᠶᠢᠭᠤᠯᠤᠯᠳᠡ ᠶᠢ ᠪᠦᠭᠦ ᠲᠠᠯ᠎ᠡ ᠪᠠᠷ ᠠᠬᠢᠭᠤᠯᠬᠤ ᠱᠠᠭᠠᠷᠳᠠᠯᠭ᠎ᠠ ᠶᠤᠰᠤᠭᠠᠷ᠂ ᠵᠤᠬᠢᠶᠡᠨ ᠪᠠᠶᠢᠭᠤᠯᠵᠦ ᠤᠳᠤᠷᠢᠳᠬᠤ ᠶᠢ ᠴᠢᠨᠡᠬᠰᠢᠳᠡ ᠴᠢᠩᠭᠠᠳᠬᠠᠵᠤ᠂ ᠠᠵᠢᠯ ᠤᠨ ᠬᠠᠮᠳᠤᠷᠠᠯ ᠤᠨ ᠭᠦᠴᠤᠨ ᠢ ᠪᠦᠷᠢᠯᠳᠦᠭᠦᠯᠵᠤ᠂ ᠰᠢᠮᠳᠠᠭᠤᠯᠤᠨ ᠪᠠᠶᠢᠴᠠᠭᠠᠬᠤ ᠬᠢᠨᠡᠨ ᠪᠠᠶᠢᠴᠠᠭᠠᠬᠤ ᠠᠵᠢᠯ ᠢ ᠴᠢᠩᠭᠠᠳᠬᠠᠵᠤ᠂ ᠬᠤᠭᠤᠴᠠᠭ᠎ᠠ ᠶᠤᠰᠤᠭᠠᠷ ᠬᠠᠤᠯᠢᠵᠢᠯ ᠤᠨ ᠵᠠᠰᠠᠭ ᠤᠨ ᠤᠷᠳᠤᠨ ᠤ ᠪᠠᠶᠢᠭᠤᠯᠤᠯᠳᠡ ᠶᠢᠨ ᠡᠯ᠎ᠡ ᠱᠠᠳᠤ ᠦᠶ᠎ᠡ ᠶᠢᠨ ᠬᠠᠷᠠᠯᠳᠡ ᠶᠢ ᠪᠡᠶᠡᠯᠡᠭᠦᠯᠭᠦ ᠶᠢ ᠭᠦᠰᠡᠵᠤ ᠪᠠᠶᠢᠨ᠎ᠡ ᠭᠡᠵᠤ ᠵᠢᠭᠠᠵᠤ ᠭᠠᠷᠭᠠᠪᠡ᠃      ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠤᠨ ᠬᠢᠨ ᠪᠡᠰᠡ ᠭᠦᠭᠡᠬᠤᠳᠡ᠂ ᠤᠷᠳᠤᠰ ᠬᠤᠳᠡ᠂ ᠪᠤᠭᠤᠳᠤ ᠬᠤᠳᠡ ᠳᠤ ᠭᠦᠨᠵᠡᠭᠡᠶᠢᠷᠡᠵᠤ ᠪᠤᠳᠠᠳᠠᠢ ᠭᠠᠵᠠᠷ ᠲᠤᠨᠢ ᠪᠠᠶᠢᠴᠠᠭᠠᠬᠤ ᠪᠡ ᠶᠠᠷᠢᠯᠴᠠᠬᠤ ᠬᠤᠷᠠᠯ ᠬᠢᠬᠦ ᠪᠤᠯᠤᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号