8 ᠳ᠋ᠤᠭᠠᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ | ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ︽ᠪᠦᠬᠦ ᠣᠷᠣᠨ ᠤ ᠠᠵᠢᠯ ᠠᠯᠳᠠᠯᠲᠠ ᠶᠢᠨ ᠳᠠᠭᠠᠳᠬᠠᠯ ᠤᠨ | ᠮᠥᠩᠭᠦ ᠣᠯᠭᠤᠬᠤ ᠪᠠᠷᠢᠮᠵᠢᠶ᠎ᠠ ᠶᠢ ᠲᠣᠬᠢᠷᠠᠭᠤᠯᠬᠤ ᠲᠤᠬᠠᠶ ᠮᠡᠳᠡᠭᠳᠡᠯ︾ ᠲᠠᠷᠬᠠᠭᠠᠵᠤ᠂ ᠡᠯ᠎ᠡ ᠠᠶᠢᠮᠠᠭ ᠬᠤᠳᠠ ︵ | ᠮᠠᠨᠵᠤᠤᠷ ᠬᠤᠳᠠ᠂ ᠡᠷᠢᠶᠡᠨ ᠬᠤᠳᠠ ᠪᠠᠭᠲᠠᠨ᠎ᠠ︶ ᠳᠤ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠣᠯᠭᠤᠬᠤ | ᠪᠠᠷᠢᠮᠵᠢᠶ᠎ᠠ ᠶᠢ ᠲᠣᠬᠢᠲᠠᠢ ᠲᠣᠬᠢᠷᠠᠭᠤᠯᠬᠤ ᠬᠡᠷᠡᠭᠲᠡᠢ᠃ ᠲᠣᠬᠢᠷᠠᠭᠤᠯᠤᠭᠰᠠᠨ ᠤ ᠳᠠᠷᠠᠭᠠᠬᠢ ᠠᠵᠢᠯ ᠠᠯᠳᠠᠯᠲᠠ ᠶᠢᠨ | ᠳᠠᠭᠠᠳᠬᠠᠯ ᠤᠨ ᠮᠥᠩᠭᠦ ᠶᠢᠨ ᠪᠠᠷᠢᠮᠵᠢᠶ᠎ᠠ ᠶᠢ 8 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠬᠦ | ᠬᠡᠷᠡᠭᠲᠡᠢ ᠭᠡᠵᠦ ᠱᠠᠭᠠᠷᠳᠠᠪᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠲᠣᠬᠢᠷᠠᠭᠤᠯᠤᠯᠲᠠ ᠨᠢ ︽ᠥᠪᠡᠷᠲᠡᠭᠡᠨ ᠵᠠᠰᠠᠬᠤ ᠣᠷᠣᠨ ᠤ ᠠᠯᠢ | ᠳᠣᠣᠷ᠎ᠠ ᠴᠠᠯᠢᠩ ᠤᠨ ᠪᠠᠷᠢᠮᠵᠢᠶ᠎ᠠ ᠬᠢᠭᠡᠳ ᠪᠦᠬᠦᠯᠢ ᠡᠳᠦᠷ ᠤᠨ ᠳᠦᠷᠢᠮᠲᠦ ᠪᠤᠰᠤ ᠠᠵᠢᠯᠯᠠᠬᠤ ᠴᠠᠭ ᠤᠨ ᠠᠯᠢ | ᠳᠣᠣᠷ᠎ᠠ ᠴᠠᠯᠢᠩ ᠤᠨ ᠪᠠᠷᠢᠮᠵᠢᠶ᠎ᠠ ᠶᠢ ᠲᠣᠬᠢᠷᠠᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠵᠢᠯ ᠠᠯᠳᠠᠯᠲᠠ ᠶᠢᠨ ᠳᠠᠭᠠᠳᠬᠠᠯ ᠤᠨ ᠬᠡᠷᠡᠭᠵᠢᠭᠦᠯᠬᠦ ᠠᠷᠭ᠎ᠠ︾ ᠵᠡᠷᠭᠡ | ᠬᠤᠯᠪᠣᠭᠳᠠᠯ ᠪᠦᠬᠦᠢ ᠲᠣᠭᠲᠠᠭᠠᠯ ᠢᠶᠠᠷ ᠦᠨᠳᠦᠰᠦᠯᠡᠯ ᠪᠣᠯᠭᠠᠵᠠᠢ᠂ ᠪᠣᠳᠠᠲᠠᠶ ᠲᠣᠬᠢᠷᠠᠭᠤᠯᠤᠯᠲᠠ ᠶᠢᠨ ᠠᠷᠭ᠎ᠠ ᠨᠢ᠄ | 1 ᠠᠴᠠ 12 ᠳ᠋ᠤᠭᠠᠷ ᠰᠠᠷ᠎ᠠ ᠳᠤ᠂ ᠨᠢᠭᠡᠳᠦᠯᠲᠡᠶ ᠪᠡᠯᠡᠳᠬᠡᠭᠰᠡᠨ ᠭᠠᠵᠠᠷ ᠣᠷᠣᠨ ᠤ ᠠᠯᠢ ᠳᠣᠣᠷ᠎ᠠ ᠴᠠᠯᠢᠩ ᠤᠨ | ᠪᠠᠷᠢᠮᠵᠢᠶᠠᠨ ᠤ 80% ᠪᠠᠷ ᠣᠯᠭᠤᠨ᠎ᠠ︔ 13 ᠠᠴᠠ 24 ᠳ᠋ᠦ᠋ᠭᠡᠷ ᠰᠠᠷ᠎ᠠ ᠳᠤ᠂ ᠨᠢᠭᠡᠳᠦᠯᠲᠡᠶ ᠪᠡᠯᠡᠳᠬᠡᠭᠰᠡᠨ | ᠭᠠᠵᠠᠷ ᠣᠷᠣᠨ ᠤ ᠠᠯᠢ ᠳᠣᠣᠷ᠎ᠠ ᠴᠠᠯᠢᠩ ᠤᠨ ᠪᠠᠷᠢᠮᠵᠢᠶᠠᠨ ᠤ 70% ᠪᠠᠷ ᠣᠯᠭᠤᠨ᠎ᠠ᠃ ᠡᠭᠦᠨ ᠠᠴᠠ ᠡᠮᠦᠨ᠎ᠡ᠂ | ᠥᠪᠥᠷ ᠮᠣᠩᠭᠤᠯ ᠠᠯᠢ ᠳᠣᠣᠷ᠎ᠠ ᠴᠠᠯᠢᠩ ᠤᠨ ᠪᠠᠷᠢᠮᠵᠢᠶ᠎ᠠ ᠪᠠ ᠪᠦᠬᠦᠯᠢ ᠡᠳᠦᠷ ᠤᠨ ᠳᠦᠷᠢᠮᠲᠦ ᠪᠤᠰᠤ ᠠᠵᠢᠯᠯᠠᠬᠤ | ᠴᠠᠭ ᠤᠨ ᠠᠯᠢ ᠳᠣᠣᠷ᠎ᠠ ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠭᠰᠡᠨ ᠪᠠᠶᠢᠪᠠ᠃ ᠡᠭᠦᠨ ᠳᠤ᠄ | ᠨᠢᠭᠡᠳᠦᠭᠡᠷ ᠲᠥᠷᠥᠯ ᠤᠨ ᠭᠠᠵᠠᠷ ᠣᠷᠣᠨ ᠤ ᠠᠯᠢ ᠳᠣᠣᠷ᠎ᠠ ᠴᠠᠯᠢᠩ ᠤᠨ ᠪᠠᠷᠢᠮᠵᠢᠶ᠎ᠠ ᠨᠢ ᠰᠠᠷ᠎ᠠ ᠪᠦᠷᠢ 1760 | ᠲᠥᠭᠦᠷᠢᠭ︔ ᠬᠤᠶᠠᠳᠤᠭᠠᠷ ᠲᠥᠷᠥᠯ ᠤᠨ ᠭᠠᠵᠠᠷ ᠣᠷᠣᠨ ᠤ ᠠᠯᠢ ᠳᠣᠣᠷ᠎ᠠ ᠴᠠᠯᠢᠩ ᠤᠨ ᠪᠠᠷᠢᠮᠵᠢᠶ᠎ᠠ ᠨᠢ ᠰᠠᠷ᠎ᠠ | ᠪᠦᠷᠢ 1660 ᠲᠥᠭᠦᠷᠢᠭ︔ ᠭᠤᠷᠪᠠᠳᠤᠭᠠᠷ ᠲᠥᠷᠥᠯ ᠤᠨ ᠭᠠᠵᠠᠷ ᠣᠷᠣᠨ ᠤ ᠠᠯᠢ ᠳᠣᠣᠷ᠎ᠠ ᠴᠠᠯᠢᠩ ᠤᠨ | ᠪᠠᠷᠢᠮᠵᠢᠶ᠎ᠠ ᠨᠢ ᠰᠠᠷ᠎ᠠ ᠪᠦᠷᠢ 1560 ᠲᠥᠭᠦᠷᠢᠭ︔ ᠳᠥᠷᠪᠡᠳᠦᠭᠡᠷ ᠲᠥᠷᠥᠯ ᠤᠨ ᠭᠠᠵᠠᠷ ᠣᠷᠣᠨ ᠤ ᠰᠠᠷ᠎ᠠ ᠳᠤ | ᠠᠯᠢ ᠳᠣᠣᠷ᠎ᠠ ᠴᠠᠯᠢᠩ ᠤᠨ ᠪᠠᠷᠢᠮᠵᠢᠶ᠎ᠠ ᠨᠢ ᠰᠠᠷ᠎ᠠ ᠪᠦᠷᠢ 1460 ᠲᠥᠭᠦᠷᠢᠭ ᠪᠣᠯᠤᠨ᠎ᠠ᠃ |