1 —7 ᠳ᠋ᠤᠭᠠᠷ ᠰᠠᠷ᠎ᠠ ᠳᠤ ᠥᠪᠥᠷ ᠮᠣᠩᠭᠤᠯ ᠤᠨ ᠠᠵᠤ ᠠᠬᠤᠶ ᠶᠢᠨ ᠠᠵᠢᠯᠯᠠᠭᠠᠨ ᠲᠣᠭᠲᠠᠭᠤᠨ ᠢᠶᠠᠷ ᠨᠡᠮᠡᠭᠳᠡᠵᠡᠢ
ᠨᠡᠶᠢᠲᠡᠯᠡᠭᠰᠡᠨ ᠴᠠᠭ᠄
2017/8/24
      1 —7 ᠳ᠋ᠤᠭᠠᠷ ᠰᠠᠷ᠎ᠠ ᠳᠤ᠂ ᠮᠠᠨ ᠤ ᠣᠷᠣᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠶᠡᠷᠦᠩᠬᠡᠶ ᠴᠣᠭᠴᠠ ᠶᠢᠨ ᠠᠵᠤ ᠠᠬᠤᠶ ᠶᠢᠨ ᠠᠵᠢᠯᠯᠠᠭᠠᠨ ᠲᠣᠭᠲᠠᠭᠤᠨ ᠢᠶᠠᠷ ᠨᠡᠮᠡᠭᠳᠡᠵᠡᠢ᠃ ᠭᠤᠣᠯᠳᠠᠭᠤ ᠤᠷᠢᠳᠠᠪᠠᠷ ᠬᠡᠷᠡᠭᠵᠢᠭᠦᠯᠬᠦ ᠭᠦᠢᠴᠡᠳᠬᠡᠯ ᠲᠤᠭ᠎ᠠ ᠨᠢ ᠦᠷᠭᠦᠯᠵᠢᠯᠡᠨ ᠰᠠᠶᠢᠵᠢᠷᠠᠵᠤ᠂ ᠵᠠᠬ᠎ᠠ ᠳᠡᠯᠭᠡᠭᠦᠷ ᠤᠨ ᠵᠢᠱᠢᠭᠰᠡᠨ ᠬᠤᠭᠤᠴᠠᠭ᠎ᠠ ᠲᠣᠭᠲᠠᠭᠤᠨ ᠪᠠᠶᠢᠵᠤ᠂ ᠠᠵᠤ ᠠᠬᠤᠶ ᠶᠢᠨ ᠦᠷ᠎ᠡ ᠠᠰᠢᠭ ᠦᠷᠭᠦᠯᠵᠢᠯᠡᠨ ᠰᠠᠶᠢᠵᠢᠷᠠᠵᠠᠶ᠃      1 —7 ᠳ᠋ᠤᠭᠠᠷ ᠰᠠᠷ᠎ᠠ ᠳᠤ᠂ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠠᠳᠠᠯᠢ ᠬᠤᠭᠤᠴᠠᠭᠠᠨ ᠤ ᠬᠢ ᠠᠴᠠ 4.2% ᠨᠡᠮᠡᠭᠳᠡᠵᠡᠢ᠃ ᠡᠭᠦᠨ ᠳᠤ᠄ ᠤᠯᠤᠰ ᠤᠨ ᠥᠮᠴᠢᠯᠡᠯ ᠤᠨ ᠪᠠ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ ᠬᠢ ᠠᠳᠠᠯᠢ ᠬᠤᠭᠤᠴᠠᠭᠠᠨ ᠤ ᠬᠢ ᠠᠴᠠ 13.8% ᠨᠡᠮᠡᠭᠳᠡᠵᠡᠢ︔ ᠪᠦᠬᠦ ᠣᠷᠣᠨ ᠤ ᠪᠦᠬᠦ ᠨᠡᠶᠢᠭᠡᠮ ᠤᠨ ᠴᠠᠬᠢᠯᠭᠠᠨ ᠬᠡᠷᠡᠭᠯᠡᠯᠲᠡ 1639.4 ᠳ᠋ᠥᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.3% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠬᠠᠭᠠᠰ ᠵᠢᠯ ᠤᠨ ᠬᠢ ᠠᠴᠠ 0.1 ᠵᠠᠭᠤᠨ ᠤ ᠴᠡᠭ ᠲᠦᠷᠭᠡᠰᠪᠡ︔ 500 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠶᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 8861.2 ᠳ᠋ᠥᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 7.5% ᠨᠡᠮᠡᠭᠳᠡᠵᠡᠢ᠃ ᠠᠷᠠᠳ ᠤᠨ ᠪᠡᠯᠡ ᠣᠷᠣᠭᠤᠯᠤᠯᠲᠠ 4136.86 ᠳ᠋ᠥᠩᠰᠢᠭᠤᠷ ᠲᠥᠭᠦᠷᠢᠭ ᠢ ᠪᠡᠶᠡᠯᠡᠭᠦᠯᠵᠦ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢᠨ 46.7%᠎ ᠶᠢ ᠡᠵᠡᠯᠡᠨ᠂ ᠠᠳᠠᠯᠢ ᠬᠤᠭᠤᠴᠠᠭᠠᠨ ᠤ ᠬᠢ ᠠᠴᠠ 13.7% ᠨᠡᠮᠡᠭᠳᠡᠵᠦ᠂ ᠪᠥᠬᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 6.8 ᠵᠠᠭᠤᠨ ᠤ ᠴᠡᠭ ᠲᠥᠷᠭᠡᠳᠪᠡ︔ ᠪᠦᠬᠦ ᠣᠷᠣᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠵᠣᠭᠤᠰ ᠤᠨ ᠲᠤᠭ᠎ᠠ 3891.68 ᠳ᠋ᠥᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9.1% ᠨᠡᠮᠡᠭᠳᠡᠵᠡᠢ᠃ ᠡᠭᠦᠨ ᠳᠤ᠄ ᠬᠤᠳᠠ ᠪᠠᠯᠭᠠᠰᠤ ᠶᠢᠨ ᠬᠢ 3512.3 ᠳ᠋ᠥᠩᠰᠢᠭᠤᠷ ᠲᠥᠭᠦᠷᠢᠭ ᠪᠣᠯᠵᠤ᠂ ᠠᠳᠠᠯᠢ ᠬᠤᠭᠤᠴᠠᠭᠠᠨ ᠤ ᠬᠢ ᠠᠴᠠ 8.9% ᠨᠡᠮᠡᠭᠳᠡᠪᠡ᠃ ᠬᠥᠳᠡᠭᠡ ᠲᠣᠰᠬᠤᠨ ᠤ ᠬᠢ 379.4 ᠳ᠋ᠥᠩᠰᠢᠭᠤᠷ ᠲᠥᠭᠦᠷᠢᠭ ᠪᠣᠯᠵᠤ᠂ ᠠᠳᠠᠯᠢ ᠬᠤᠭᠤᠴᠠᠭᠠᠨ ᠤ ᠬᠢ ᠠᠴᠠ 10.9% ᠨᠡᠮᠡᠭᠳᠡᠵᠦ᠂ ᠬᠤᠲᠠ ᠪᠠᠯᠭᠠᠰᠤᠨ ᠤ ᠨᠡᠮᠡᠭᠳᠡᠯ ᠤᠨ ᠬᠤᠷᠳᠤᠴᠠ ᠠᠴᠠ 2.0 ᠵᠠᠭᠤᠨ ᠤ ᠴᠡᠭ ᠲᠥᠷᠭᠡᠳᠪᠡ︔ ᠪᠦᠬᠦ ᠣᠷᠣᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠦᠷᠲᠡᠭ ᠢ 572.79 ᠳ᠋ᠥᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 39.8% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠦᠷᠦᠭᠦᠦ ᠵᠢᠯ ᠤᠨ ᠠᠳᠠᠯᠢ ᠬᠤᠭᠤᠴᠠᠭᠠᠨ ᠤ ᠬᠢ ᠠᠴᠠ 50.4 ᠵᠠᠭᠤᠨ ᠤ ᠴᠡᠭ ᠲᠥᠷᠭᠡᠳᠴᠦ᠂ ᠪᠥᠬᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 21.3 ᠵᠠᠭᠤᠨ ᠤ ᠴᠡᠭ ᠲᠥᠷᠭᠡᠳᠪᠡ︔ ᠪᠦᠬᠦ ᠣᠷᠣᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 1270.85 ᠳ᠋ᠥᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠪᠠᠷᠢᠮᠵᠢᠶ᠎ᠠ ᠪᠠᠷ 6.3% ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠬᠠᠭᠠᠰ ᠵᠢᠯ ᠤᠨ ᠎ ᠬᠢ ᠲᠠᠢ ᠪᠠᠨ ᠲᠡᠩᠴᠡᠭᠦᠦ ᠪᠣᠯᠵᠠᠶ︔ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠠᠳᠠᠯᠢ ᠬᠤᠭᠤᠴᠠᠭᠠᠨ ᠤ ᠬᠢ ᠠᠴᠠ 1.4%᠎ ᠪᠠᠷ ᠥᠰᠴᠦ᠂ ᠥᠰᠥᠯᠲᠡ ᠨᠢ ᠳᠡᠭᠡᠷ᠎ᠡ ᠬᠠᠭᠠᠰ ᠵᠢᠯ ᠤᠨ ᠬᠢ ᠠᠴᠠ 0.1 ᠵᠠᠭᠤᠨ ᠤ ᠴᠡᠭ ᠲᠥᠷᠭᠡᠳᠴᠦ᠂ ᠪᠥᠬᠦ ᠤᠯᠤᠰ ᠤᠨ ᠳᠤᠮᠳᠠᠴᠢ ᠬᠢᠷᠢ ᠲᠥᠪᠰᠢᠨ ᠲᠠᠢ ᠲᠡᠩᠴᠡᠭᠦᠦ ᠪᠣᠯᠵᠠᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号