ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠠᠶᠢᠭᠤᠯᠤᠯᠳᠠ ᠶᠢᠨ ᠭᠦᠢᠴᠡᠳᠬᠡᠯ ᠲᠤᠭᠠᠨ ᠤ ᠰᠢᠰᠲ᠋ᠧᠮᠵᠢ
ᠨᠡᠶᠢᠲᠡᠯᠡᠭᠰᠡᠨ ᠴᠠᠭ᠄
2017/8/24

           ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠠᠤᠯᠢ ᠪᠠᠷ ᠵᠠᠰᠠᠬᠤ

           ᠵᠠᠰᠠᠭ ᠤᠨ ᠤᠷᠳᠤᠨ ᠤ ᠪᠠᠶᠢᠭᠤᠯᠤᠯᠳᠠ ᠶᠢᠨ ᠭᠦᠢᠴᠡᠳᠬᠡᠯ ᠲᠤᠭᠠᠨ ᠤ ᠰᠢᠰᠲ᠋ᠧᠮᠵᠢ
                            ︵2016 — 2020 ᠤᠨ︶


      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ
                                  225 ᠳ᠋ᠤᠭᠠᠷ ᠲᠤᠭᠠᠳᠤ


     ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠠᠶᠢᠭᠤᠯᠤᠯᠳᠠ ᠶᠢᠨ ᠭᠦᠢᠴᠡᠳᠬᠡᠯ ᠲᠤᠭᠠᠨ ᠤ ᠰᠢᠰᠲ᠋ᠧᠮᠵᠢ︾ ᠶᠢ 2017 ᠤᠨ ᠤ 2 ᠳ᠋ᠤᠭᠠᠷ ᠰᠠᠷ᠎ᠠ ᠶᠢᠨ 3 ᠤ ᠡᠳᠦᠷ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠭᠤᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠨᠢᠬᠡᠨᠳᠡ ᠬᠢᠨᠠᠨ ᠵᠦᠪᠯᠡᠵᠦ ᠪᠠᠳᠤᠯᠠᠭᠠᠳ᠂ ᠡᠳᠦᠬᠡ ᠨᠡᠶᠢᠳᠡᠯᠡᠪᠡ᠂ 2017 ᠤᠨ ᠤ 6 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠬᠦᠯᠦᠨ᠎ᠠ᠃
                                 ᠥᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ   ᠪᠦ᠋ ᠰᠢᠶᠣᠣ ᠯᠢᠨ
                                           2017 ᠣᠨ ᠤ 4 ᠳ᠋ᠤᠭᠡᠷ ᠰᠠᠷ᠎ᠠ ᠶᠢᠨ 5 ᠤ ᠡᠳᠦᠷ


     ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠤᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠭᠤᠷᠪᠠᠳᠤᠭᠠᠷ᠂ ᠲᠦᠷᠪᠡᠳᠦᠬᠡᠷ᠂ ᠲᠠᠪᠤᠳᠤᠭᠠᠷ᠂ ᠵᠢᠷᠭᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠬᠠᠤᠯᠢ ᠶᠤᠰᠤᠭᠠᠷ ᠤᠯᠤᠰ ᠢ ᠵᠠᠰᠠᠬᠤ᠂ ᠬᠠᠤᠯᠢ ᠶᠤᠰᠤᠭᠠᠷ ᠲᠦᠷᠦ ᠪᠠᠷᠢᠬᠤ᠂ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠬᠠᠮᠳᠤ ᠳᠤᠨᠢ ᠠᠬᠢᠭᠤᠯᠬᠤ ᠶᠢ ᠪᠠᠷᠢᠮᠳᠠᠯᠠᠨ᠂ ᠬᠠᠤᠯᠢ ᠪᠠᠷ ᠵᠠᠰᠠᠬᠤ ᠤᠯᠤᠰ᠂ ᠬᠠᠤᠯᠢ ᠪᠠᠷ ᠵᠠᠰᠠᠬᠤ ᠵᠠᠰᠠᠭ ᠤᠨ ᠤᠷᠳᠤᠨ᠂ ᠬᠠᠤᠯᠢ ᠪᠠᠷ ᠵᠠᠰᠠᠬᠤ ᠨᠡᠶᠢᠬᠡᠮ ᠢ ᠨᠢᠬᠡ ᠴᠤᠨᠨᠴᠠᠵᠢᠭᠤᠯᠤᠨ ᠪᠠᠶᠢᠭᠤᠯᠬᠤ ᠶᠢ ᠪᠠᠷᠢᠮᠳᠠᠯᠠᠵᠦ᠂ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠭᠦᠨᠵᠡᠬᠡᠢ ᠠᠬᠢᠭᠤᠯᠤᠨ᠂ 2020 ᠤᠨ ᠳᠤ ᠬᠠᠤᠯᠢ ᠪᠠᠷ ᠵᠠᠰᠠᠬᠤ ᠵᠠᠰᠠᠭ ᠤᠨ ᠤᠷᠳᠤᠨ ᠢ ᠪᠠᠶᠢᠭᠤᠯᠬᠤ ᠬᠠᠷᠠᠯᠳᠠ ᠶᠢ ᠦᠨᠳᠦᠰᠦᠨ ᠳᠡᠭᠡᠨ ᠪᠡᠶᠡᠯᠡᠬᠦᠯᠬᠦ ᠶᠢᠨ ᠲᠤᠰᠠᠳᠠ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ︽ᠬᠠᠤᠯᠢ ᠪᠠᠷ ᠵᠠᠰᠬᠠᠤ ᠵᠠᠰᠠᠭ ᠤᠨ ᠤᠷᠳᠤᠨ ᠤ ᠪᠠᠶᠢᠭᠤᠯᠤᠯᠳᠠ ᠶᠢᠨ ᠬᠡᠷᠡᠭᠵᠢᠬᠦᠯᠬᠦ ᠭᠦᠳᠦᠯᠪᠦᠷᠢ ︵2015 — 2020 ᠤᠨ︶︾ ᠪᠠ ᠦᠪᠡᠷᠳᠡᠬᠡᠨ ᠵᠠᠰᠬᠠᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ︽︿ᠬᠠᠤᠯᠢ ᠪᠠᠷ ᠵᠠᠰᠬᠠᠤ ᠵᠠᠰᠠᠭ ᠤᠨ ᠤᠷᠳᠤᠨ ᠤ ᠪᠠᠶᠢᠭᠤᠯᠤᠯᠳᠠ ᠶᠢᠨ ᠬᠡᠷᠡᠭᠵᠢᠬᠦᠯᠬᠦ ᠭᠦᠳᠦᠯᠪᠦᠷᠢ ︵2015 — 2020 ᠤᠨ︶﹀ ᠶᠢ ᠲᠤᠤᠱᠯᠠᠭᠤᠯᠵᠦ ᠨᠠᠶᠢᠳᠠᠪᠤᠷᠢᠵᠢᠭᠤᠯᠬᠤ ᠶᠢᠨ ᠬᠡᠷᠡᠭᠵᠢᠬᠦᠯᠬᠦ ᠲᠦᠰᠦᠯ︾ ᠤᠨ ᠬᠠᠮᠢᠶ᠎ᠠ ᠪᠦᠭᠦᠢ ᠲᠤᠨᠨᠳᠠᠭᠠᠯ ᠢ ᠦᠨᠳᠦᠰᠦᠯᠡᠵᠦ᠂ ᠮᠠᠨ ᠤ ᠤᠷᠤᠨ ᠤ ᠪᠤᠳᠠᠳᠠᠢ ᠲᠠᠢ ᠤᠶᠠᠯᠳᠤᠭᠤᠯᠤᠨ᠂ ᠲᠤᠰ ᠭᠦᠢᠴᠡᠳᠬᠡᠯ ᠲᠤᠭᠠᠨ ᠤ ᠰᠢᠰᠲ᠋ᠧᠮᠵᠢ ᠶᠢ ᠲᠤᠨᠨᠳᠠᠭᠠᠪᠠ᠃
     ᠲᠤᠰ ᠭᠦᠢᠴᠡᠳᠬᠡᠯ ᠲᠤᠭᠠᠨ ᠤ ᠰᠢᠰᠲ᠋ᠧᠮᠵᠢ ᠳᠤ ᠨᠡᠶᠢᠳᠡ 7 ᠵᠦᠢᠯ ᠤᠨ ᠨᠢᠬᠡᠳᠦᠬᠡᠷ ᠲᠡᠰ ᠤᠨ ᠭᠦᠢᠴᠡᠳᠬᠡᠯ ᠲᠤᠭ᠎ᠠ᠂ 29 ᠵᠦᠢᠯ ᠤᠨ ᠬᠤᠶᠠᠳᠤᠭᠠᠷ ᠲᠡᠰ ᠤᠨ ᠭᠦᠢᠴᠡᠳᠬᠡᠯ ᠲᠤᠭ᠎ᠠ᠂ 93 ᠵᠦᠢᠯ ᠤᠨ ᠭᠤᠷᠪᠠᠳᠤᠭᠠᠷ ᠲᠡᠰ ᠤᠨ ᠭᠦᠢᠴᠡᠳᠬᠡᠯ ᠲᠤᠭ᠎ᠠ ᠲᠤᠬᠢᠷᠠᠭᠤᠯᠪᠠ︔ 7 ᠵᠦᠢᠯ ᠤᠨ ᠨᠢᠬᠡᠳᠦᠬᠡᠷ ᠲᠡᠰ ᠤᠨ ᠭᠦᠢᠴᠡᠳᠬᠡᠯ ᠲᠤᠭᠠᠨ ᠤ ᠨᠡᠶᠢᠳᠡ ᠨᠤᠨᠨᠳᠠᠬᠤ ᠬᠤᠪᠢ ᠨᠢ 100 ᠬᠤᠪᠢ ᠪᠤᠯᠤᠨ᠎ᠠ︔ ᠡᠯ᠎ᠡ ᠵᠦᠢᠯ ᠤᠨ ᠬᠤᠶᠠᠳᠤᠭᠠᠷ ᠲᠡᠰ ᠤᠨ ᠭᠦᠢᠴᠡᠳᠬᠡᠯ ᠲᠤᠭ᠎ᠠ᠂ ᠭᠤᠷᠪᠠᠳᠤᠭᠠᠷ ᠲᠡᠰ ᠤᠨ ᠭᠦᠢᠴᠡᠳᠬᠡᠯ ᠲᠤᠭᠠᠨ ᠤ ᠪᠤᠳᠠᠳᠠᠢ ᠨᠤᠨᠨᠳᠠᠬᠤ ᠬᠤᠪᠢ ᠶᠢ ᠰᠢᠯᠭᠠᠨ ᠦᠨᠡᠯᠡᠬᠦ ᠪᠠᠶᠢᠭᠤᠯᠭ᠎ᠠ ᠨᠢ ᠵᠠᠰᠠᠭ ᠤᠨ ᠤᠷᠳᠤᠨ ᠬᠢᠬᠡᠳ ᠰᠠᠯᠠᠭ᠎ᠠ ᠮᠦᠴᠢᠷ ᠢ ᠰᠠᠯᠭᠠᠬᠤ ᠵᠠᠷᠴᠢᠮ ᠶᠤᠰᠤᠭᠠᠷ᠂ ᠦᠬᠡᠷᠡᠴᠢᠯᠡᠯᠳᠡ ᠶᠢᠨ ᠡᠭᠦᠷᠬᠡ ᠪᠠ ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠠᠶᠢᠭᠤᠯᠤᠯᠳᠠ ᠶᠢᠨ ᠠᠵᠢᠯ ᠤᠨ ᠪᠠᠶᠢᠷᠢᠯᠠᠭᠤᠯᠤᠯᠳᠠ ᠲᠠᠢ ᠤᠶᠠᠯᠳᠤᠭᠤᠯᠵᠦ᠂ ᠰᠢᠯᠭᠠᠨ ᠦᠨᠡᠯᠡᠬᠦ ᠭᠦᠢᠴᠡᠳᠬᠡᠯ ᠲᠤᠭ᠎ᠠ ᠶᠢ ᠲᠤᠨᠨᠳᠠᠭᠠᠬᠤ ᠳᠤ ᠲᠤᠳᠤᠷᠬᠠᠶᠢᠯᠠᠬᠤ ᠬᠡᠷᠡᠭᠳᠡᠢ᠃
     ᠨᠢᠬᠡ᠂ ᠵᠠᠰᠠᠭ ᠤᠨ ᠤᠷᠳᠤᠨ ᠤ ᠡᠭᠦᠷᠬᠡ ᠴᠢᠳᠠᠪᠤᠷᠢ ᠶᠢ ᠬᠠᠤᠯᠢ ᠶᠤᠰᠤᠭᠠᠷ ᠪᠦᠭᠦ ᠲᠠᠯ᠎ᠠ ᠪᠠᠷ ᠭᠦᠢᠴᠡᠳᠬᠡᠬᠦ ᠬᠡᠷᠡᠭᠳᠡᠢ
     ︵ᠨᠢᠬᠡ︶ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠲᠦᠷᠢᠮ ᠤᠨ ᠦᠬᠡᠷᠡᠴᠢᠯᠡᠯᠳᠡ ᠶᠢ ᠭᠦᠨᠵᠡᠬᠡᠶᠢᠷᠡᠬᠦᠯᠦᠨ᠎ᠠ᠃
     1. ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠵᠢᠷᠤᠮᠵᠢᠭᠤᠯᠤᠨ᠎ᠠ᠃ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠤ ᠬᠡᠷᠡᠭᠵᠢᠬᠦᠯᠵᠦ ᠪᠠᠶᠢᠭ᠎ᠠ ᠵᠠᠰᠠᠭ ᠵᠠᠬᠢᠷᠭᠠᠨ ᠤ ᠡᠷᠬᠡ ᠪᠦᠭᠦᠨ ᠢ ᠨᠠᠷᠢᠨ ᠬᠠᠭᠤᠳᠠᠰᠤᠵᠢᠭᠤᠯᠵᠦ ᠬᠠᠮᠢᠶᠠᠷᠬᠤ ᠶᠢ ᠬᠡᠷᠡᠭᠵᠢᠬᠦᠯᠦᠨ᠎ᠠ᠃ ᠲᠦᠪ ᠪᠠ ᠦᠪᠡᠷᠳᠡᠬᠡᠨ ᠵᠠᠰᠠᠬᠤ ᠤᠷᠤᠨ ᠠᠴᠠ ᠨᠢᠬᠡᠨᠳᠡ ᠭᠦᠴᠦᠨ ᠦᠬᠡᠢ ᠪᠤᠯᠭᠠᠨᠨᠰᠠᠨ ᠪᠠ ᠲᠤᠷᠤᠨᠨᠰᠢ ᠪᠠᠭᠤᠯᠭᠠᠨᠨᠰᠠᠨ ᠵᠠᠰᠠᠭ ᠵᠠᠬᠢᠷᠭᠠᠨ ᠤ ᠡᠷᠬᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠪᠠ ᠪᠦᠳᠦᠮᠵᠢᠳᠡᠢ ᠵᠤᠯᠭᠠᠭᠤᠯᠤᠨ᠎ᠠ᠃ ᠵᠠᠰᠠᠭ ᠵᠠᠬᠢᠷᠭᠠᠨ ᠤ ᠵᠦᠪᠰᠢᠶᠡᠷᠡᠯ ᠢ ᠰᠢᠨ᠎ᠠ ᠪᠠᠷ ᠭᠠᠷᠭᠠᠬᠤ ᠶᠢ ᠴᠢᠩᠭ᠎ᠠ ᠡᠵᠡᠮᠰᠢᠵᠦ᠂ ᠵᠠᠰᠠᠭ ᠵᠠᠬᠢᠷᠭᠠᠨ ᠤ ᠬᠠᠷᠢᠴᠠᠩᠭᠤᠢ ᠲᠦᠪᠯᠡᠷᠡᠭᠰᠡᠨ ᠵᠦᠪᠰᠢᠶᠡᠷᠡᠯ ᠤᠨ ᠡᠷᠬᠡ ᠶᠢ ᠦᠬᠡᠷᠡᠴᠢᠯᠡᠬᠦ ᠲᠤᠷᠰᠢᠯᠳᠠ ᠶᠢ ᠦᠷᠨᠢᠬᠦᠯᠦᠨ᠎ᠠ᠃
     2. ᠵᠠᠰᠠᠭ ᠢ ᠴᠤᠮᠬᠠᠳᠬᠠᠵᠦ ᠡᠷᠬᠡ ᠶᠢ ᠲᠤᠷᠤᠨᠨᠰᠢ ᠪᠠᠭᠤᠯᠭᠠᠬᠤ ᠶᠢ ᠭᠦᠨᠵᠡᠬᠡᠢ ᠠᠬᠢᠭᠤᠯᠤᠨ᠎ᠠ᠃ ᠬᠠᠤᠯᠢ ᠴᠠᠭᠠᠵᠠ ᠬᠠᠤᠯᠢ ᠲᠤᠨᠨᠳᠠᠭᠠᠯ ᠲᠦᠷᠢᠮ ᠳᠤ ᠲᠤᠳᠤᠷᠬᠠᠢ ᠲᠤᠨᠨᠳᠠᠭᠠᠨᠨᠰᠠᠨ ᠬᠢᠨᠠᠨ ᠵᠦᠪᠰᠢᠶᠡᠷᠡᠬᠦ ᠱᠠᠳᠤ ᠲᠡᠰ ᠤᠨ ᠵᠦᠢᠯᠡᠰ ᠠᠴᠠ ᠪᠤᠰᠤᠳ᠂ ᠤᠯᠠᠨ ᠲᠦᠮᠡᠨ ᠳᠤ ᠰᠢᠭᠤᠳ ᠬᠠᠨᠳᠤᠭᠤᠯᠤᠨᠨᠰᠠᠨ᠂ ᠬᠡᠮᠵᠢᠶ᠎ᠡ ᠪᠠᠷ ᠶᠡᠭᠡ ᠪᠦᠬᠡᠳ ᠬᠡᠪᠴᠢᠶ᠎ᠡ ᠪᠠᠷ ᠦᠷᠬᠡᠨ᠂ ᠦᠨᠳᠦᠰᠦᠨ ᠱᠠᠳᠤᠨ ᠠᠴᠠ ᠬᠡᠷᠡᠭᠵᠢᠬᠦᠯᠪᠡᠯ ᠨᠡᠩ ᠲᠦᠭᠦᠮ ᠪᠦᠳᠦᠮᠵᠢᠳᠠᠢ ᠪᠤᠯᠬᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯᠡᠰ ᠢ ᠬᠠᠤᠯᠢ ᠶᠤᠰᠤᠭᠠᠷ ᠬᠤᠰᠢᠭᠤ ᠰᠢᠶᠠᠨ ᠤ ᠱᠠᠳᠤᠨ ᠤ ᠵᠠᠰᠠᠭ ᠤᠨ ᠤᠷᠳᠤᠨ ᠵᠢᠴᠢ ᠲᠡᠳᠡᠨ ᠤ ᠠᠵᠢᠯᠯᠠᠬᠤ ᠰᠠᠯᠠᠭ᠎ᠠ ᠮᠦᠴᠢᠷ ᠲᠤ ᠪᠠᠭᠤᠯᠭᠠᠵᠦ ᠬᠠᠮᠢᠶᠠᠷᠤᠭᠤᠯᠤᠨ᠎ᠠ᠃ ᠠᠶᠢᠮᠠᠭ ᠬᠤᠳᠠ ᠠᠴᠠ ᠲᠡᠬᠡᠭᠰᠢᠬᠢ ᠵᠠᠰᠠᠭ ᠤᠨ ᠤᠷᠳᠤᠨ ᠵᠢᠴᠢ ᠰᠠᠯᠠᠭ᠎ᠠ ᠮᠦᠴᠢᠷ ᠤᠨ ᠲᠤᠷᠤᠨᠨᠰᠢ ᠪᠠᠭᠤᠯᠭᠠᠵᠦ ᠬᠠᠮᠢᠶᠠᠷᠤᠭᠤᠯᠬᠤ ᠱᠠᠳᠤ ᠲᠡᠰ ᠤᠨ ᠵᠦᠢᠯᠡᠰ ᠲᠤ ᠲᠤᠤᠷᠠᠳᠤ ᠱᠠᠳᠤᠨ ᠤ ᠪᠠᠶᠢᠭᠤᠯᠭ᠎ᠠ ᠶᠢ ᠪᠤᠯᠪᠠᠰᠤᠷᠠᠭᠤᠯᠵᠦ ᠵᠢᠯᠤᠭᠤᠳᠬᠤ ᠪᠠ ᠬᠢᠨᠠᠯᠳᠠ ᠲᠠᠯᠪᠢᠵᠦ ᠪᠠᠶᠢᠴᠠᠭᠠᠬᠤ ᠪᠠᠨ ᠴᠢᠩᠭᠠᠳᠬᠠᠵᠦ᠂ ᠵᠦᠢᠯᠡᠰ ᠤᠨ ᠤᠷᠤᠨᠨᠰᠢᠳᠠᠢ ᠲᠠᠭᠠᠭᠠᠨ ᠵᠠᠯᠭᠠᠯᠳᠤᠬᠤ ᠶᠢ ᠦᠨᠡᠨᠬᠦ ᠪᠠᠳᠤᠯᠠᠬᠤ ᠬᠡᠷᠡᠭᠳᠡᠢ᠃
     3. ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠠᠵᠢᠯᠯᠠᠭ᠎ᠠ ᠶᠢ ᠵᠢᠷᠤᠮᠵᠢᠭᠤᠯᠤᠨ᠎ᠠ᠃ ᠡᠯ᠎ᠡ ᠮᠤᠵᠢ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠦᠪ ᠨᠢ ᠵᠠᠰᠠᠭ ᠵᠠᠬᠢᠷᠭᠠᠨ ᠤ ᠵᠦᠪᠰᠢᠶᠡᠷᠡᠯ ᠤᠨ ᠪᠠᠷᠢᠮᠵᠢᠶᠠᠵᠢᠨᠨᠰᠠᠨ ᠪᠠᠶᠢᠭᠤᠯᠤᠯᠳᠠ ᠶᠢ ᠠᠬᠢᠭᠤᠯᠬᠤ ᠬᠡᠷᠡᠭᠳᠡᠢ᠃ ᠨᠢᠬᠡ ᠴᠤᠩᠬᠤᠪᠴᠢ ᠪᠠᠷ ᠭᠦᠢᠴᠡᠳᠬᠡᠬᠦ᠂ ᠬᠠᠮᠳᠤᠳᠬᠠᠨ ᠭᠦᠢᠴᠡᠳᠬᠡᠬᠦ᠂ ᠴᠠᠭ ᠢᠶᠠᠷ ᠬᠢᠵᠠᠭᠠᠷᠯᠠᠵᠦ ᠭᠦᠢᠴᠡᠳᠬᠡᠬᠦ᠂ ᠵᠢᠷᠤᠮᠵᠢᠭᠤᠯᠵᠦ ᠭᠦᠢᠴᠡᠳᠬᠡᠬᠦ᠂ ᠢᠯᠡ ᠲᠤᠳᠤ ᠭᠦᠢᠴᠡᠳᠬᠡᠬᠦ᠂ ᠰᠦᠯᠵᠢᠶ᠎ᠡ ᠪᠠᠷ ᠭᠦᠢᠴᠡᠳᠬᠡᠬᠦ ᠶᠢ

ᠬᠡᠷᠡᠭᠵᠢᠬᠦᠯᠦᠨ᠎ᠠ᠃
     4. ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠠᠭᠤᠴᠢ ᠦᠢᠯᠡᠴᠢᠯᠡᠭᠡ ᠶᠢ ᠵᠢᠷᠤᠮᠵᠢᠭᠤᠯᠤᠨ᠎ᠠ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠠᠭᠤᠴᠢ ᠦᠢᠯᠡᠴᠢᠯᠡᠬᠡᠨ ᠤ ᠪᠠᠶᠢᠭᠤᠯᠤᠮᠵᠢ ᠳᠤ ᠬᠢᠨᠠᠯᠳᠠ ᠬᠠᠮᠢᠶᠠᠷᠤᠯᠳᠠ ᠶᠢ ᠴᠢᠩᠭᠠᠳᠬᠠᠵᠦ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠠᠭᠤᠴᠢ ᠦᠢᠯᠡᠴᠢᠯᠡᠭᠡ ᠶᠢ ᠪᠦᠭᠦ ᠲᠠᠯ᠎ᠠ ᠪᠠᠷ ᠢᠯᠭᠠᠷᠠᠭᠤᠯᠤᠨ ᠵᠢᠷᠤᠮᠵᠢᠭᠤᠯᠵᠦ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠠᠭᠤᠴᠢ ᠦᠢᠯᠡᠴᠢᠯᠡᠭᠡ ᠶᠢᠨ ᠵᠦᠢᠯᠡᠰ ᠵᠢᠴᠢ ᠰᠦᠢᠳᠬᠡᠯ ᠬᠤᠷᠢᠶᠠᠬᠤ ᠳᠤ ᠨᠠᠷᠢᠨ ᠬᠠᠭᠤᠳᠠᠰᠤ ᠪᠠᠷ ᠬᠠᠮᠢᠶᠠᠷᠬᠤ ᠶᠢ ᠬᠡᠷᠡᠭᠵᠢᠬᠦᠯᠦᠨ᠂ ᠵᠦᠢᠯᠡᠰ ᠪᠠ ᠰᠦᠢᠳᠬᠡᠯ ᠬᠤᠷᠢᠶᠠᠬᠤ ᠨᠠᠷᠢᠨ ᠬᠠᠭᠤᠳᠠᠰᠤ ᠶᠢ ᠨᠡᠶᠢᠬᠡᠮ ᠳᠤ ᠨᠡᠶᠢᠳᠡᠯᠡᠨ᠎ᠠ᠃
     5. ᠡᠷᠬᠡ ᠪᠠ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠲᠦᠷᠢᠮ ᠢ ᠬᠡᠷᠡᠭᠵᠢᠬᠦᠯᠦᠨ᠎ᠠ᠃ ᠡᠷᠬᠡ ᠪᠠ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠲᠦᠷᠢᠮ ᠢ ᠭᠦᠨᠵᠡᠬᠡᠢ ᠬᠡᠷᠡᠭᠵᠢᠬᠦᠯᠵᠦ᠂ ᠨᠠᠷᠢᠨ ᠬᠠᠭᠤᠳᠠᠰᠤ ᠶᠢᠨ ᠠᠭᠤᠯᠭ᠎ᠠ ᠪᠠ ᠬᠡᠯᠪᠡᠷᠢ ᠶᠢ ᠲᠡᠭᠦᠯᠳᠡᠷᠵᠢᠬᠦᠯᠦᠨ᠂ ᠨᠠᠷᠢᠨ ᠬᠠᠭᠤᠳᠠᠰᠤ ᠶᠢ ᠺᠤᠳ᠋ᠯᠠᠵᠢᠭᠤᠯᠤᠨ ᠬᠠᠮᠢᠶᠠᠷᠬᠤ ᠶᠢ ᠠᠬᠢᠭᠤᠯᠤᠨ᠎ᠠ᠃ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠡᠷᠬᠡ ᠶᠢᠨ ᠬᠢᠨᠠᠯᠳᠠ ᠬᠠᠮᠢᠶᠠᠷᠤᠯᠳᠠ ᠶᠢᠨ ᠠᠷᠭ᠎ᠠ︾ ᠶᠢᠨ ᠲᠤᠨᠨᠳᠠᠭᠠᠯ ᠢ ᠴᠢᠩᠭ᠎ᠠ ᠵᠢᠷᠤᠮᠯᠠᠨ᠂ ᠬᠠᠤᠯᠢ ᠴᠠᠭᠠᠵᠠ᠂ ᠬᠠᠤᠯᠢ ᠲᠤᠨᠨᠳᠠᠭᠠᠯ᠂ ᠲᠤᠨᠨᠳᠠᠭᠠᠯ ᠲᠦᠷᠢᠮ ᠪᠠ ᠡᠯ᠎ᠡ ᠰᠠᠯᠠᠭ᠎ᠠ ᠮᠦᠴᠢᠷ ᠤᠨ ᠡᠭᠦᠷᠬᠡ ᠬᠠᠷᠢᠭᠤᠴᠠᠯᠭ᠎ᠠ ᠶᠢᠨ ᠬᠤᠪᠢᠷᠠᠯᠳᠠ ᠶᠢᠨ ᠪᠠᠶᠢᠳᠠᠯ ᠢ ᠦᠨᠳᠦᠰᠦᠯᠡᠵᠦ ᠡᠷᠬᠡ ᠪᠠ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠳᠤ ᠭᠦᠳᠡᠯᠦᠩᠭᠦᠢ ᠬᠠᠮᠢᠶᠠᠷᠤᠯᠳᠠ ᠶᠢ ᠬᠡᠷᠡᠭᠵᠢᠬᠦᠯᠤᠨ᠎ᠠ᠂ ᠵᠠᠰᠠᠭ ᠵᠠᠬᠢᠷᠭᠠᠨ ᠤ ᠡᠷᠬᠡ ᠶᠢ ᠬᠠᠤᠯᠢ ᠠᠴᠠ ᠵᠦᠷᠢᠴᠡᠨ ᠦᠬᠡᠶᠢᠰᠬᠡᠬᠦ᠂ ᠨᠡᠮᠡᠭᠳᠡᠬᠦᠯᠬᠦ ᠪᠠ ᠲᠤᠬᠢᠷᠠᠭᠤᠯᠵᠦ ᠪᠤᠯᠬᠤ ᠦᠬᠡᠢ᠃ ᠵᠠᠰᠠᠭ ᠵᠠᠬᠢᠷᠭ᠎ᠠ ᠪᠠ ᠠᠵᠢᠯ ᠦᠢᠯᠡᠰ ᠤᠨ ᠴᠢᠨᠠᠷᠳᠠᠢ ᠰᠦᠢᠳᠬᠡᠯ ᠬᠤᠷᠢᠶᠠᠬᠤ ᠨᠠᠷᠢᠨ ᠬᠠᠭᠤᠳᠠᠰᠤ ᠶᠢ ᠪᠠᠶᠢᠭᠤᠯᠤᠨ᠎ᠠ᠃ ᠵᠠᠰᠠᠭ ᠵᠠᠬᠢᠷᠭ᠎ᠠ ᠪᠠ ᠠᠵᠢᠯ ᠦᠢᠯᠡᠰ ᠤᠨ ᠴᠢᠨᠠᠷᠳᠠᠢ ᠬᠤᠷᠢᠶᠠᠬᠤ ᠰᠦᠢᠳᠬᠡᠯ᠂ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠭᠦ ᠪᠠ ᠵᠠᠰᠠᠭ ᠤᠨ ᠤᠷᠳᠤᠨ ᠤ ᠦᠨ᠎ᠠ ᠲᠤᠨᠨᠳᠠᠭᠠᠬᠤ ᠪᠤᠶᠤ ᠵᠢᠯᠤᠭᠤᠳᠬᠤ ᠦᠨ᠎ᠠ ᠶᠢ ᠬᠡᠷᠡᠭᠵᠢᠬᠦᠯᠵᠦ ᠪᠠᠶᠢᠭ᠎ᠠ ᠡᠵᠡᠩᠨᠡᠯᠳᠡ ᠦᠢᠯᠡᠴᠢᠯᠡᠬᠡᠨ ᠤ ᠴᠢᠨᠠᠷᠳᠠᠢ ᠬᠤᠷᠢᠶᠠᠬᠤ ᠰᠦᠢᠳᠬᠡᠯ ᠢ ᠴᠡᠭᠴᠡᠯᠡᠬᠦ ᠶᠢᠨ ᠬᠠᠮᠳᠤ ᠨᠡᠶᠢᠬᠡᠮ ᠳᠤ ᠨᠡᠶᠢᠳᠡᠯᠡᠨ᠎ᠠ᠃
     ︵ᠬᠤᠶᠠᠷ︶ ᠵᠠᠰᠠᠭ ᠤᠨ ᠤᠷᠳᠤᠨ ᠤ ᠵᠤᠬᠢᠶᠠᠨ ᠪᠠᠶᠢᠭᠤᠯᠤᠯᠳᠠ ᠶᠢᠨ ᠪᠦᠳᠦᠴᠡ ᠶᠢ ᠰᠢᠯᠢᠳᠡᠭᠵᠢᠬᠦᠯᠦᠨ᠎ᠠ᠃
     6. ᠬᠠᠤᠯᠢ ᠶᠤᠰᠤᠭᠠᠷ ᠡᠷᠬᠡ ᠲᠤᠰᠢᠶᠠᠯ ᠲᠤᠨᠨᠳᠠᠭᠠᠨ᠎ᠠ᠃ ᠵᠠᠰᠠᠭ ᠤᠨ ᠤᠷᠳᠤᠨ ᠤ ᠰᠠᠯᠠᠭ᠎ᠠ ᠮᠦᠴᠢᠷ ᠤᠨ ︽ᠭᠤᠷᠪᠠ ᠶᠢ ᠲᠤᠨᠨᠳᠠᠭᠠᠬᠤ︾ ᠲᠤᠨᠨᠳᠠᠭᠠᠯ ᠤᠨ ᠬᠠᠤᠯᠢ ᠳᠤ ᠨᠡᠶᠢᠴᠡᠬᠦ ᠴᠢᠨᠠᠷ ᠲᠤ ᠬᠢᠨᠠᠨ ᠪᠠᠶᠢᠴᠠᠭᠠᠯᠳᠠ ᠬᠢᠬᠦ ᠲᠦᠷᠢᠮ ᠢ ᠪᠠᠶᠢᠭᠤᠯᠬᠤ ᠶᠢᠨ ᠬᠠᠮᠳᠤ ᠲᠡᠭᠦᠯᠳᠡᠷᠵᠢᠬᠦᠯᠦᠨ᠎ᠠ᠃ ᠵᠠᠰᠠᠭ ᠤᠨ ᠤᠷᠳᠤᠨ ᠤ ᠰᠠᠯᠠᠭ᠎ᠠ ᠮᠦᠴᠢᠷ ᠤᠨ ᠡᠷᠬᠡ ᠪᠠ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠲᠠᠢ ᠤᠶᠠᠯᠳᠤᠭᠤᠯᠵᠦ᠂ ᠵᠠᠰᠠᠭ ᠤᠨ ᠤᠷᠳᠤᠨ ᠤ ᠰᠠᠯᠠᠭ᠎ᠠ ᠮᠦᠴᠢᠷ ᠤᠨ ︽ᠭᠤᠷᠪᠠ ᠶᠢ ᠲᠤᠨᠨᠳᠠᠭᠠᠬᠤ︾ ᠲᠤᠨᠨᠳᠠᠭᠠᠯ ᠢ ᠤᠯᠠᠮ ᠨᠢᠬᠡ ᠠᠯᠬᠤᠮ ᠡᠮᠬᠢᠯᠡᠨ ᠲᠢᠭᠯᠡᠵᠦ᠂ ᠰᠠᠯᠠᠭ᠎ᠠ ᠮᠦᠴᠢᠷ ᠤᠨ ᠡᠭᠦᠷᠬᠡ ᠬᠠᠷᠢᠭᠤᠴᠠᠯᠭ᠎ᠠ ᠶᠢᠨ ᠬᠠᠷᠢᠴᠠᠭ᠎ᠠ ᠶᠢ ᠰᠢᠯᠤᠭᠤᠳᠬᠠᠨ᠂ ᠡᠭᠦᠷᠬᠡ ᠴᠢᠳᠠᠪᠤᠷᠢ ᠶᠢᠨ ᠰᠤᠯᠢᠪᠴᠠᠵᠦ ᠪᠠᠶᠢᠭ᠎ᠠ ᠠᠰᠠᠭᠤᠳᠠᠯ ᠢ ᠰᠶᠢᠳᠪᠦᠷᠢᠯᠡᠨ᠎ᠠ᠃
     7. ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠠᠷᠭ᠎ᠠ ᠮᠠᠶ᠋ᠢᠭ ᠲᠤ ᠰᠢᠨ᠎ᠠ ᠶᠢ ᠡᠭᠦᠳᠦᠨ᠎ᠠ᠃ ᠵᠠᠰᠠᠭ ᠤᠨ ᠤᠷᠳᠤᠨ ᠤ ᠠᠵᠢᠯ ᠤᠨ ᠠᠮᠵᠢᠯᠳᠠ ᠪᠦᠳᠦᠮᠵᠢ ᠶᠢᠨ ᠬᠠᠮᠢᠶᠠᠷᠤᠯᠳᠠ ᠶᠢ ᠲᠡᠭᠦᠯᠳᠡᠷᠵᠢᠬᠦᠯᠦᠨ᠎ᠠ᠃
     ︵ᠭᠤᠷᠪᠠ︶ ᠬᠤᠷᠸ᠎ᠠ ᠲᠤᠬᠢᠷᠠᠭᠤᠯᠭ᠎ᠠ ᠡᠵᠡᠮᠰᠢᠯ ᠢ ᠲᠡᠭᠦᠯᠳᠡᠷᠵᠢᠬᠦᠯᠦᠨ᠎ᠠ᠃
     8. ᠵᠠᠰᠠᠭ ᠤᠨ ᠤᠷᠳᠤᠨ ᠤ ᠪᠡᠯᠡ ᠤᠷᠤᠭᠤᠯᠵᠦ ᠬᠠᠮᠢᠶᠠᠷᠬᠤ ᠡᠭᠦᠷᠬᠡ ᠴᠢᠳᠠᠪᠤᠷᠢ ᠶᠢ ᠬᠤᠪᠢᠷᠠᠭᠤᠯᠤᠨ᠎ᠠ᠃ ᠠᠵᠦ ᠠᠬᠤᠶᠢᠯᠠᠯ ᠤᠨ ᠪᠡᠯᠡ ᠤᠷᠤᠭᠤᠯᠬᠤ ᠭᠤᠤᠯ ᠴᠤᠨᠨᠴᠠ ᠶᠢᠨ ᠪᠠᠶᠢᠷᠢ ᠰᠠᠭᠤᠷᠢ ᠶᠢ ᠴᠢᠩᠭᠠᠷᠠᠭᠤᠯᠵᠦ᠂ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠬᠢᠨᠠᠨ ᠬᠠᠷᠭᠤᠭᠤᠯᠤᠨᠨᠰᠠᠨ ᠪᠡᠯᠡ ᠤᠷᠤᠭᠤᠯᠬᠤ ᠲᠦᠷᠦᠯ ᠵᠦᠢᠯ ᠤᠨ ᠭᠠᠷᠴᠠᠭ ᠢ ᠲᠤᠬᠢᠷᠠᠮᠵᠢᠲᠠᠢ ᠴᠠᠭ ᠲᠤ ᠲᠤᠬᠢᠷᠠᠭᠤᠯᠤᠨ᠎ᠠ᠃
     9. ᠦᠨ᠎ᠠ ᠬᠠᠩᠰᠢ ᠶᠢᠨ ᠪᠠᠶᠢᠭᠤᠯᠤᠯ ᠤᠨ ᠦᠬᠡᠷᠡᠴᠢᠯᠡᠯᠳᠡ ᠶᠢ ᠠᠬᠢᠭᠤᠯᠤᠨ᠎ᠠ᠃ ᠵᠠᠬ᠎ᠠ ᠲᠡᠯᠬᠡᠭᠦᠷ ᠠᠴᠠ ᠦᠨ᠎ᠠ ᠬᠠᠩᠰᠢ ᠭᠤᠤᠯᠯᠠᠨ ᠲᠤᠨᠨᠳᠠᠭᠠᠬᠤ ᠲᠤᠨᠨᠳᠠᠴᠠ ᠶᠢ ᠲᠡᠭᠦᠯᠳᠡᠷᠵᠢᠬᠦᠯᠵᠦ᠂ ᠵᠠᠰᠠᠭ ᠤᠨ ᠤᠷᠳᠤᠨ ᠤ ᠦᠨ᠎ᠠ ᠲᠤᠨᠨᠳᠠᠭᠠᠬᠤ ᠲᠦᠷᠦᠯ ᠢᠯᠭᠠᠯ ᠪᠠ ᠲᠦᠷᠦᠯ ᠵᠦᠢᠯ ᠢ ᠶᠡᠬᠡᠪᠡᠷ ᠪᠠᠭᠠᠰᠬᠠᠨ᠂ ᠵᠠᠰᠠᠭ ᠤᠨ ᠤᠷᠳᠤᠨ ᠤ ᠦᠨ᠎ᠠ ᠬᠠᠩᠰᠢ ᠲᠤᠨᠨᠳᠠᠭᠠᠬᠤ ᠭᠠᠷᠴᠠᠭ ᠢ ᠲᠤᠨᠨᠳᠠᠭᠠᠨ ᠨᠡᠶᠢᠳᠡᠯᠡᠵᠦ᠂ ᠦᠷᠢᠰᠦᠯᠳᠦᠬᠦ ᠴᠢᠨᠠᠷᠳᠠᠢ ᠭᠦᠷᠢᠶ᠎ᠡ ᠴᠠᠷᠠᠭ᠎ᠠ ᠶᠢᠨ ᠲᠠᠸᠠᠷ ᠪᠠ ᠦᠢᠯᠡᠴᠢᠯᠡᠬᠡᠨ ᠤ ᠦᠨ᠎ᠠ ᠬᠠᠩᠰᠢ ᠶᠢ ᠪᠦᠭᠦ ᠲᠠᠯ᠎ᠠ ᠪᠠᠷ ᠴᠢᠯᠦᠬᠡᠯᠡᠨ᠎ᠠ᠃
     ︵ᠲᠦᠷᠪᠡ︶ ᠵᠠᠬ᠎ᠠ ᠲᠡᠯᠬᠡᠭᠦᠷ ᠤᠨ ᠬᠢᠨᠠᠯᠳᠠ ᠬᠠᠮᠢᠶᠠᠷᠤᠯᠳᠠ ᠶᠢ ᠴᠢᠩᠭᠠᠳᠬᠠᠨ᠎ᠠ᠃
     10. ᠦᠢᠯᠡᠳᠪᠦᠷᠢ ᠬᠤᠳᠠᠯᠳᠤᠭᠠᠨ ᠤ ᠵᠦᠢᠯᠡᠰ ᠤᠨ ᠲᠦᠷᠢᠮ ᠤᠨ ᠦᠬᠡᠷᠡᠴᠢᠯᠡᠯᠳᠡ ᠶᠢ ᠭᠦᠨᠵᠡᠬᠡᠶᠢᠷᠡᠬᠦᠯᠦᠨ᠎ᠠ᠃ ᠦᠢᠯᠡᠳᠪᠦᠷᠢ ᠬᠤᠳᠠᠯᠳᠤᠭᠠᠨ ᠤ ᠲᠠᠩᠰᠠᠯᠠᠨ ᠲᠡᠮᠳᠡᠭᠯᠡᠬᠦ ᠶᠢᠨ ᠤᠷᠢᠳᠤᠬᠢ ᠬᠢᠨᠠᠨ ᠵᠦᠪᠰᠢᠶᠡᠷᠡᠬᠦ ᠶᠢ ᠢᠯᠭᠠᠷᠠᠭᠤᠯᠵᠦ᠂ ᠦᠢᠯᠡᠳᠪᠦᠷᠢ ᠬᠤᠳᠠᠯᠳᠤᠭᠠᠨ ᠤ ᠲᠡᠩᠰᠠᠯᠠᠨ ᠲᠡᠮᠳᠡᠭᠯᠡᠭᠰᠡᠨ ᠤ ᠲᠠᠷᠠᠭᠠᠬᠢ ᠬᠢᠨᠠᠨ ᠵᠦᠪᠰᠢᠶᠡᠷᠡᠬᠦ ᠶᠢᠨ ᠦᠬᠡᠷᠡᠴᠢᠯᠡᠯᠳᠡ ᠶᠢ ᠲᠦᠷᠬᠡᠳᠬᠡᠨ᠎ᠠ᠃ ᠠᠵᠦ ᠠᠬᠤᠶᠢᠯᠠᠯ ᠤᠨ ᠳᠦᠬᠦᠮ ᠢᠶᠠᠷ ᠭᠦᠴᠦᠨ ᠦᠬᠡᠢ ᠪᠤᠯᠭᠠᠬᠤ ᠪᠠ ᠲᠠᠩᠰᠠᠯᠠᠨ ᠲᠡᠮᠳᠡᠭᠯᠡᠬᠦ ᠶᠢᠨ ᠦᠬᠡᠷᠡᠴᠢᠯᠡᠯᠳᠡ ᠶᠢ ᠤᠯᠠᠮ ᠨᠢᠬᠡ ᠠᠯᠬᠤᠮ ᠠᠬᠢᠭᠤᠯᠤᠨ᠎ᠠ᠃ ᠦᠢᠯᠡᠳᠪᠦᠷᠢ ᠬᠤᠳᠠᠯᠳᠤᠭᠠᠨ ᠤ ᠲᠠᠩᠰᠠᠯᠠᠭᠤᠯᠬᠤ ᠤᠯᠠᠨ ᠦᠨᠡᠮᠯᠡᠯ ᠢ ᠨᠢᠬᠡᠳᠦᠬᠦᠯᠬᠦ ᠶᠢ ᠲᠦᠷᠬᠡᠳᠬᠡᠨ᠎ᠠ᠃ ᠤᠯᠤᠰ ᠤᠨ ᠠᠵᠦ ᠠᠬᠤᠶᠢᠯᠠᠯ ᠤᠨ ᠢᠳᠡᠬᠡᠮᠵᠢ ᠶᠢᠨ ᠮᠡᠳᠡᠭᠡ ᠵᠠᠩᠬᠢ ᠶᠢ ᠵᠠᠷᠯᠠᠨ ᠨᠡᠶᠢᠳᠡᠯᠡᠬᠦ ᠰᠢᠰᠲ᠋ᠧᠮ ︵ᠦᠪᠦᠷ ᠮᠤᠩᠭᠤᠯ︶ ᠪᠠᠶᠢᠭᠤᠯᠬᠤ ᠡᠭᠦᠷᠬᠡ ᠶᠢ ᠪᠦᠭᠦ ᠲᠡᠯ᠎ᠡ ᠪᠠᠷ ᠪᠡᠶᠡᠯᠡᠬᠦᠯᠵᠦ᠂ ᠠᠵᠦ ᠠᠬᠤᠶᠢᠯᠠᠯ ᠤᠨ ᠮᠡᠳᠡᠭᠡ ᠵᠠᠩᠬᠢ ᠶᠢ ᠨᠢᠬᠡᠳᠦᠯᠳᠡᠢ ᠬᠤᠷᠢᠶᠠᠨ ᠴᠤᠨᠨᠯᠠᠭᠤᠯᠵᠦ ᠪᠠᠶᠢᠭᠠᠳ ᠵᠠᠷᠯᠠᠨ ᠨᠡᠶᠢᠳᠡᠯᠡᠬᠦ ᠠᠵᠢᠯ ᠢ ᠰᠠᠶᠢᠳᠤᠷ ᠬᠢᠨ᠎ᠠ᠃
     11. ᠨᠡᠶᠢᠬᠡᠮ ᠤᠨ ᠢᠳᠡᠬᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢ ᠴᠢᠩᠭᠠᠳᠬᠠᠨ᠎ᠠ᠃ ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ ᠵᠠᠩᠬᠢ ᠶᠢᠨ ᠲᠡᠪᠴᠡᠩ ᠢ ᠪᠠᠶᠢᠭᠤᠯᠵᠦ᠂ ᠬᠠᠤᠯᠢ ᠶᠢᠨ ᠡᠷᠬᠡᠳᠡᠨ ᠪᠠ ᠪᠤᠰᠤᠳ ᠵᠤᠬᠢᠶᠠᠨ ᠪᠠᠶᠢᠭᠤᠯᠤᠯᠳᠠ ᠶᠢᠨ ᠨᠡᠶᠢᠬᠡᠮ ᠤᠨ ᠢᠳᠡᠬᠡᠮᠵᠢ ᠶᠢᠨ ᠨᠢᠬᠡᠳᠦᠯᠳᠡᠢ ᠤᠷᠤᠯᠠᠬᠤ ᠨᠣᠮᠧᠷ ᠤᠨ ᠲᠦᠷᠢᠮ ᠢ ᠪᠠᠶᠢᠭᠤᠯᠤᠨ᠂ ᠤᠷᠴᠢᠨ ᠲᠤᠭᠤᠷᠢᠨ ᠢ ᠬᠠᠮᠠᠭᠠᠯᠠᠬᠤ᠂ ᠢᠳᠡᠬᠡᠨ ᠤ ᠵᠦᠢᠯ ᠤᠨ ᠠᠮᠤᠷ ᠲᠦᠪᠰᠢᠨ᠂ ᠭᠦᠳᠡᠯᠮᠦᠷᠢ ᠶᠢᠨ ᠪᠠᠳᠤᠯᠠᠭ᠎ᠠ᠂ ᠭᠠᠶᠢᠯᠢ ᠲᠠᠳᠠᠪᠤᠷᠢᠯᠠᠵᠦ ᠬᠠᠮᠢᠶᠠᠷᠬᠤ᠂ ᠪᠡᠯᠡ ᠤᠷᠤᠭᠤᠯᠬᠤ ᠪᠠ ᠲᠤᠬᠢᠷᠠᠭᠤᠯᠬᠤ᠂ ᠠᠶᠤᠯ ᠦᠬᠡᠢ ᠦᠢᠯᠡᠳᠪᠦᠷᠢᠯᠡᠯ᠂ ᠪᠠᠷᠢᠯᠭ᠎ᠠ ᠶᠢᠨ ᠵᠠᠬ᠎ᠠ ᠲᠡᠯᠬᠡᠭᠦᠷ᠂ ᠲᠠᠭᠠᠭᠠᠴᠢᠯᠠᠯᠳᠠ ᠵᠠᠷᠯᠠᠬᠤ ᠪᠠ ᠭᠦᠯᠢᠶᠡᠬᠦ ᠵᠡᠷᠬᠡ ᠭᠤᠤᠯᠳᠠᠯᠭ᠎ᠠ ᠲᠠᠢ ᠭᠦᠷᠢᠶ᠎ᠡ ᠴᠠᠷᠠᠭ᠎ᠠ ᠳᠤ ᠢᠳᠡᠬᠡᠮᠵᠢ ᠠᠯᠳ᠋ᠬᠠᠰᠠᠨ ᠬᠢᠷᠢ ᠬᠡᠮᠵᠢᠶ᠎ᠡ ᠶᠢ ᠲᠦᠷᠦᠯ ᠬᠤᠪᠢᠶᠠᠵᠦ ᠬᠠᠮᠢᠶᠠᠷᠬᠤ ᠪᠠ ᠶᠡᠬᠡᠪᠡᠷ ᠢᠳᠡᠬᠡᠮᠵᠢ ᠠᠯᠳ᠋ᠬᠠᠰᠠᠨ ᠢ ᠬᠠᠮᠳᠤᠷᠠᠵᠦ ᠵᠠᠯᠬᠠᠭᠠᠨ ᠴᠡᠬᠡᠷᠯᠡᠬᠦᠯᠬᠦ ᠲᠦᠷᠢᠮ ᠢ ᠪᠠᠶᠢᠭᠤᠯᠤᠨ ᠪᠦᠷᠢᠨᠰᠢᠬᠦᠯᠦᠨ᠎ᠠ᠃ ᠬᠡᠪ ᠤᠨ ᠪᠤᠰᠤ ᠡᠵᠡᠩᠨᠡᠯᠳᠡ ᠶᠢᠨ ᠭᠠᠷᠴᠬᠠᠯᠠᠯ ᠤᠨ ᠭᠦᠮᠦᠷᠬᠡ ᠪᠠ ᠬᠠᠤᠯᠢ ᠠᠴᠠ ᠭᠦᠨᠳᠦ ᠨᠤᠴᠢᠳᠠᠢ ᠵᠦᠷᠢᠴᠡᠵᠦ ᠢᠳᠡᠬᠡᠮᠵᠢ ᠠᠯᠳ᠋ᠬᠠᠰᠠᠨ ᠠᠵᠦ ᠠᠬᠤᠶᠢᠯᠠᠯ ᠤᠨ ᠭᠠᠷᠴᠬᠠᠯᠠᠯ ᠤᠨ ᠭᠦᠮᠦᠷᠬᠡ ᠶᠢ ᠪᠠᠶᠢᠭᠤᠯᠤᠨ᠎ᠠ᠃ ᠢᠳᠡᠬᠡᠮᠵᠢ ᠰᠠᠬᠢᠨᠨᠰᠠᠨ ᠢ ᠬᠠᠮᠳᠤᠷᠠᠵᠦ ᠤᠷᠮᠠᠰᠢᠭᠤᠯᠤᠨ ᠵᠤᠷᠢᠨᠨᠵᠢᠭᠤᠯᠬᠤ ᠪᠠ ᠢᠳᠡᠬᠡᠮᠵᠢ ᠠᠯᠳ᠋ᠬᠠᠰᠠᠨ ᠢ ᠬᠠᠮᠳᠤᠷᠠᠵᠦ ᠵᠠᠯᠬᠠᠭᠠᠨ ᠴᠡᠬᠡᠷᠯᠡᠬᠦᠯᠬᠦ ᠠᠵᠢᠯ ᠢ ᠲᠦᠯᠬᠢᠨ ᠬᠡᠷᠡᠭᠵᠢᠬᠦᠯᠵᠦ᠂ ᠢᠳᠡᠬᠡᠮᠵᠢ ᠠᠯᠳ᠋ᠬᠠᠰᠠᠨ ᠦᠢᠯᠡ ᠠᠵᠢᠯᠯᠠᠭ᠎ᠠ ᠶᠢ ᠢᠯᠡᠴᠢᠯᠡᠬᠦ ︽ᠢᠳᠡᠬᠡᠮᠵᠢᠳᠦ ᠦᠪᠦᠷ ᠮᠤᠩᠭᠤᠯ︾ ᠰᠦᠯᠵᠢᠶᠡᠨ ᠦᠷᠳᠡᠬᠡᠨ ᠤ ᠡᠷᠴᠢᠮ ᠢ ᠴᠢᠩᠭᠠᠳᠬᠠᠨ᠎ᠠ᠃
     12. ᠵᠠᠬ᠎ᠠ ᠲᠡᠯᠬᠡᠭᠦᠷ ᠤᠨ ᠬᠢᠨᠠᠯᠳᠠ ᠬᠠᠮᠢᠶᠠᠷᠤᠯᠳᠠ ᠶᠢᠨ ᠠᠷᠭ᠎ᠠ ᠮᠠᠶ᠋ᠢᠭ ᠲᠤ ᠰᠢᠨ᠎ᠠ ᠶᠢ ᠡᠭᠦᠳᠦᠨ᠎ᠠ᠃ ᠬᠡᠷᠡᠭ ᠤᠴᠢᠷ ᠤᠨ ᠲᠤᠮᠳᠠᠬᠢ ᠪᠠ ᠲᠠᠷᠠᠭᠠᠬᠢ ᠬᠢᠨᠠᠯᠳᠠ ᠬᠠᠮᠢᠶᠠᠷᠤᠯᠳᠠ ᠶᠢ ᠲᠡᠭᠦᠯᠳᠡᠷᠵᠢᠬᠦᠯᠵᠦ᠂ ︽ᠬᠤᠶᠠᠷ ᠢ ᠰᠤᠭᠤᠴᠢᠵᠦ᠂ ᠨᠢᠬᠡ ᠶᠢ ᠢᠯᠡ ᠪᠤᠯᠭᠠᠬᠤ︾ ᠬᠢᠨᠠᠯᠳᠠ ᠬᠠᠮᠢᠶᠠᠷᠤᠯᠳᠠ ᠶᠢᠨ ᠪᠦᠷᠢᠨ ᠪᠦᠷᠭᠦᠯᠲᠡ ᠶᠢ ᠪᠡᠶᠡᠯᠡᠬᠦᠯᠦᠨ᠂ ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠵᠠᠰᠠᠭ ᠤᠨ ᠤᠷᠳᠤᠨ ᠤ ᠰᠠᠯᠠᠭ᠎ᠠ ᠮᠦᠴᠢᠷ ᠪᠦᠭᠦᠨ ᠳᠤ ︽ᠨᠢᠬᠡ ᠬᠠᠭᠤᠳᠠᠰᠤ᠂ ᠬᠤᠶᠠᠷ ᠭᠦᠮᠦᠷᠬᠡ᠂ ᠨᠢᠬᠡ ᠨᠠᠷᠢᠨ ᠲᠦᠷᠢᠮ︾ ᠤᠨ ᠠᠵᠢᠯ ᠤᠨ ᠲᠤᠨᠨᠳᠠᠴᠠ ᠶᠢ ᠪᠠᠶᠢᠭᠤᠯᠤᠨ᠎ᠠ᠃
     ︵ᠲᠠᠪᠤ︶ ᠨᠡᠶᠢᠬᠡᠮ ᠤᠨ ᠵᠠᠰᠠᠯᠳᠠ ᠳᠤ ᠰᠢᠨ᠎ᠠ ᠶᠢ ᠡᠭᠦᠳᠦᠨ᠎ᠠ᠃
     13. ᠭᠤᠤᠯᠳᠠᠯᠭ᠎ᠠ ᠲᠠᠢ ᠭᠦᠷᠢᠶ᠎ᠡ ᠴᠠᠷᠠᠭ᠎ᠠ ᠳᠠᠬᠢ ᠵᠠᠰᠠᠯᠳᠠ ᠶᠢ ᠴᠢᠩᠭᠠᠳᠬᠠᠨ᠎ᠠ᠃ ᠪᠠᠴᠢᠮ ᠢ ᠠᠷᠭᠠᠴᠠᠬᠤ ᠲᠦᠰᠦᠯ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠤᠬᠢᠶᠠᠵᠦ᠂ ᠤᠯᠠᠨ ᠨᠡᠶᠢᠳᠡ ᠶᠢᠨ ᠬᠡᠨᠡᠳᠳᠡ ᠶᠢᠨ ᠬᠡᠷᠡᠭ ᠢ ᠰᠡᠷᠬᠡᠶᠢᠯᠡᠨ ᠰᠶᠢᠳᠪᠦᠷᠢᠯᠡᠬᠦ ᠪᠠ ᠭᠠᠮᠰᠢᠭ ᠠᠴᠠ ᠰᠡᠷᠬᠡᠶᠢᠯᠡᠵᠦ ᠠᠪᠤᠷᠠᠵᠦ ᠪᠠᠭᠠᠰᠬᠠᠬᠤ ᠴᠢᠳᠠᠪᠤᠷᠢ ᠶᠢ ᠲᠡᠬᠡᠭᠰᠢᠯᠡᠬᠦᠯᠦᠨ᠂ ᠠᠶᠤᠯ ᠦᠬᠡᠢ ᠦᠢᠯᠡᠳᠪᠦᠷᠢᠯᠡᠯ ᠢ ᠪᠦᠭᠦ ᠲᠠᠯ᠎ᠠ ᠪᠠᠷ ᠴᠢᠩᠭᠠᠷᠠᠭᠤᠯᠵᠦ᠂ ᠢᠳᠡᠬᠡᠨ ᠪᠠ ᠡᠮ ᠤᠨ ᠵᠦᠢᠯ ᠤᠨ ᠠᠮᠤᠷ ᠲᠦᠪᠰᠢᠨ ᠢ ᠪᠦᠭᠦ᠋ᠢᠯᠡ ᠶᠠᠪᠤᠴᠠ ᠳᠤᠨᠢ ᠪᠠᠳᠤᠯᠠᠨ᠎ᠠ᠃
     14. ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢᠨ ᠲᠠᠩᠰᠠᠯᠠᠨ ᠲᠡᠮᠳᠡᠭᠯᠡᠵᠦ ᠬᠠᠮᠢᠶᠠᠷᠬᠤ ᠲᠦᠷᠢᠮ ᠢ ᠲᠡᠭᠦᠯᠳᠡᠷᠵᠢᠬᠦᠯᠦᠨ᠎ᠠ᠃ ᠨᠡᠶᠢᠬᠡᠮ ᠤᠨ ᠠᠵᠢᠯ ᠤᠨ ᠦᠢᠯᠡᠴᠢᠯᠡᠬᠡᠨ ᠤ ᠪᠠᠶᠢᠭᠤᠯᠤᠮᠵᠢ ᠪᠠ ᠰᠠᠶᠢᠨ ᠲᠤᠷ᠎ᠠ ᠶᠢᠨ ᠦᠢᠯᠡᠴᠢᠯᠡᠬᠡᠨ ᠤ ᠵᠤᠬᠢᠶᠠᠨ ᠪᠠᠶᠢᠭᠤᠯᠤᠯᠳᠠ ᠶᠢ ᠶᠡᠬᠡᠪᠡᠷ ᠭᠦᠭᠵᠢᠬᠦᠯᠵᠦ᠂ ᠰᠠᠶᠢᠨ ᠲᠤᠷ᠎ᠠ ᠶᠢᠨ ᠦᠢᠯᠡᠴᠢᠯᠡᠭᠡ ᠶᠢ ᠵᠤᠬᠢᠶᠠᠨ ᠪᠠᠶᠢᠭᠤᠯᠤᠯᠳᠠᠵᠢᠭᠤᠯᠵᠦ ᠪᠠᠶᠢᠭᠤᠯᠬᠤ ᠶᠢ ᠴᠢᠩᠭᠠᠳᠬᠠᠨ᠂ ᠰᠠᠶᠢᠨ ᠲᠤᠷ᠎ᠠ ᠶᠢᠨ ᠦᠢᠯᠡᠴᠢᠯᠡᠬᠡᠨ ᠤ ᠲᠦᠷᠢᠮ ᠤᠨ ᠰᠢᠰᠲ᠋ᠧᠮᠵᠢ ᠶᠢ ᠪᠦᠷᠢᠨᠰᠢᠬᠦᠯᠦᠨ ᠲᠡᠭᠦᠯᠳᠡᠷᠵᠢᠬᠦᠯᠦᠨ᠎ᠠ᠃
     ︵ᠵᠢᠷᠭᠤᠭ᠎ᠠ︶ ᠤᠯᠠᠨ ᠨᠡᠶᠢᠳᠡ ᠶᠢᠨ ᠦᠢᠯᠡᠴᠢᠯᠡᠭᠡ ᠶᠢ ᠰᠢᠯᠢᠳᠡᠭᠵᠢᠬᠦᠯᠦᠨ᠎ᠠ᠃
     15. ᠤᠯᠠᠨ ᠨᠡᠶᠢᠳᠡ ᠶᠢᠨ ᠦᠢᠯᠡᠴᠢᠯᠡᠬᠡᠨ ᠤ ᠵᠦᠢᠯᠡᠰ ᠤᠨ ᠭᠠᠷᠴᠠᠭ ᠤᠨ ᠨᠠᠷᠢᠨ ᠬᠠᠭᠤᠳᠠᠰᠤ ᠶᠢ ᠪᠠᠶᠢᠭᠤᠯᠵᠦ᠂ ᠤᠯᠠᠨ ᠨᠡᠶᠢᠳᠡ ᠶᠢᠨ ᠦᠢᠯᠡᠴᠢᠯᠡᠬᠡᠨ ᠤ ᠴᠤᠪᠤᠷᠠᠯ ᠢ ᠰᠢᠯᠢᠳᠡᠭᠵᠢᠬᠦᠯᠦᠨ᠎ᠠ᠃ ᠡᠷᠬᠡ ᠪᠠ ᠬᠠᠷᠢᠭᠤᠴᠠᠯᠭ᠎ᠠ ᠶᠢ ᠨᠢᠬᠡᠳᠦᠯᠳᠡᠢ ᠪᠠᠶᠢᠯᠭᠠᠬᠤ ᠵᠠᠷᠴᠢᠮ ᠶᠤᠰᠤᠭᠠᠷ᠂ ᠤᠯᠠᠨ ᠨᠡᠶᠢᠳᠡ ᠶᠢᠨ ᠦᠢᠯᠡᠴᠢᠯᠡᠬᠡᠨ ᠤ ᠵᠦᠢᠯᠡᠰ ᠢ ᠵᠣᠬᠢᠴᠠᠭᠤᠯᠤᠨ ᠲᠢᠭᠯᠡᠵᠦ᠂ ᠦᠢᠯᠡᠴᠢᠯᠡᠬᠦ ᠵᠦᠢᠯᠡᠰ ᠪᠠ ᠬᠠᠷᠢᠭᠤᠴᠠᠯᠭ᠎ᠠ ᠶᠢᠨ ᠭᠤᠤᠯ ᠴᠤᠨᠨᠴᠠ ᠶᠢ ᠲᠤᠳᠤᠷᠬᠠᠶᠢᠯᠠᠨ᠎ᠠ᠃ ᠤᠯᠠᠨ ᠨᠡᠶᠢᠳᠡ ᠶᠢᠨ ᠦᠢᠯᠡᠴᠢᠯᠡᠬᠡᠨ ᠤ ᠵᠦᠢᠯᠡᠰ ᠤᠨ ᠭᠠᠷᠴᠬᠠᠯᠠᠯ ᠳᠤ ᠤᠷᠤᠨᠨᠰᠠᠨ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭᠠᠨ ᠤ ᠴᠤᠪᠤᠷᠠᠯ᠂ ᠭᠤᠶᠤᠴᠢᠯᠠᠬᠤ ᠮᠠᠲ᠋ᠧᠷᠢᠶᠠᠯ᠂ ᠵᠢᠱᠢᠶ᠎ᠡ ᠦᠵᠡᠬᠦᠯᠬᠦ ᠪᠢᠴᠢᠭᠯᠡᠭᠰᠡᠨ ᠮᠠᠲ᠋ᠧᠷᠢᠶᠠᠯ ᠵᠢᠴᠢ ᠪᠠᠶᠢᠩᠭᠤ ᠶᠢᠨ ᠪᠤᠷᠤᠭᠤ ᠵᠢᠱᠢᠶ᠎ᠡ᠂ ᠭᠦᠢᠴᠡᠳᠬᠡᠬᠦ ᠴᠠᠭ ᠤᠨ ᠬᠢᠵᠠᠭᠠᠷ ᠵᠡᠷᠬᠡ ᠠᠭᠤᠯᠭ᠎ᠠ ᠶᠢ ᠲᠤᠳᠤᠷᠬᠠᠶᠢᠯᠠᠨ᠎ᠠ᠃
     16. ᠤᠯᠠᠨ ᠨᠡᠶᠢᠳᠡ ᠶᠢᠨ ᠦᠢᠯᠡᠴᠢᠯᠡᠬᠡᠨ ᠤ ᠵᠦᠢᠯᠡᠰ ᠪᠦᠭᠦᠨ ᠢ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ ᠳᠤ ᠤᠷᠤᠭᠤᠯᠤᠨ ᠭᠦᠢᠴᠡᠳᠬᠡᠯᠬᠡᠬᠦ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ ᠢ ᠲᠡᠰ ᠲᠡᠪᠰᠢᠬᠦᠯᠵᠦ ᠦᠬᠡᠷᠡᠴᠢᠯᠡᠬᠦ ᠶᠢ ᠲᠦᠷᠬᠡᠳᠬᠡᠨ᠂ ᠤᠯᠠᠨ ᠨᠡᠶᠢᠳᠡ ᠶᠢᠨ ᠦᠢᠯᠡᠴᠢᠯᠡᠬᠡᠨ ᠤ ᠵᠦᠢᠯᠡᠰ ᠪᠦᠭᠦᠨ ᠢ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ ᠳᠤ ᠤᠷᠤᠭᠤᠯᠤᠨ ᠭᠦᠢᠴᠡᠳᠬᠡᠯᠬᠡᠵᠦ᠂ ᠰᠠᠯᠠᠭ᠎ᠠ ᠮᠦᠴᠢᠷ ᠤᠨ ᠰᠠᠯᠭᠠᠨ ᠲᠤᠬᠢᠷᠠᠭᠤᠯᠤᠨᠨᠰᠠᠨ ᠠᠵᠢᠯ ᠬᠡᠷᠡᠭ ᠭᠦᠢᠴᠡᠳᠬᠡᠬᠦ ᠴᠤᠩᠬᠤᠪᠴᠢ ᠶᠢ ᠨᠡᠶᠢᠯᠡᠬᠦᠯᠵᠦ ᠶᠡᠷᠦᠩᠬᠡᠶᠢᠯᠡᠭᠰᠡᠨ ᠴᠤᠩᠬᠤᠪᠴᠢ ᠪᠤᠯᠭᠠᠨ᠂ ︽ᠤᠯᠠᠨ ᠭᠠᠵᠠᠷ ᠭᠦᠯᠢᠶᠡᠨ ᠠᠪᠴᠤ ᠰᠢᠢᠳᠪᠦᠷᠢᠯᠡᠬᠦ︾ ᠶᠢ ︽ᠨᠢᠬᠡ ᠴᠤᠩᠬᠤᠪᠴᠢ ᠳᠤ ᠰᠢᠢᠳᠪᠦᠷᠢᠯᠡᠬᠦ︾ ᠪᠤᠯᠭᠠᠨ ᠬᠤᠪᠢᠷᠠᠭᠤᠯᠵᠦ᠂ ᠰᠦᠯᠵᠢᠶ᠎ᠡ ᠪᠠᠷ ᠭᠦᠢᠴᠡᠳᠬᠡᠬᠦ ᠶᠢ ᠲᠦᠷᠬᠡᠳᠬᠡᠨ ᠠᠬᠢᠭᠤᠯᠤᠨ᠎ᠠ᠃
     17. ᠤᠯᠠᠨ ᠨᠡᠶᠢᠳᠡ ᠶᠢᠨ ᠦᠢᠯᠡᠴᠢᠯᠡᠭᠡ ᠶᠢᠨ ᠰᠢᠰᠲ᠋ᠧᠮᠵᠢ ᠶᠢ ᠲᠡᠭᠦᠯᠳᠡᠷᠵᠢᠬᠦᠯᠦᠨ᠎ᠠ᠃ ᠰᠤᠷᠭᠠᠨ ᠭᠦᠮᠦᠵᠢᠯ᠂ ᠡᠷᠡᠭᠦᠯ ᠬᠠᠮᠠᠭᠠᠯᠠᠯ᠂ ᠰᠤᠶᠤᠯ ᠵᠡᠷᠬᠡ ᠨᠡᠶᠢᠬᠡᠮ ᠤᠨ ᠠᠵᠢᠯ ᠦᠢᠯᠡᠰ ᠤᠨ ᠡᠷᠡᠭᠦᠯ ᠢᠶᠠᠷ ᠭᠦᠭᠵᠢᠬᠦ ᠶᠢ ᠭᠦᠴᠦᠯᠡᠨ ᠠᠬᠢᠭᠤᠯᠵᠦ᠂ ᠵᠠᠰᠠᠭ ᠤᠨ ᠤᠷᠳᠤᠨ ᠠᠴᠠ ᠠᠵᠢᠯ ᠤᠯᠭᠤᠯᠳᠠ ᠶᠢ ᠠᠬᠢᠭᠤᠯᠬᠤ᠂ ᠤᠷᠤᠯᠭ᠎ᠠ ᠶᠢᠨ ᠬᠤᠪᠢᠶᠠᠷᠢᠯᠠᠯᠳᠠ ᠶᠢ ᠲᠤᠬᠢᠷᠠᠭᠤᠯᠬᠤ ᠪᠠ ᠨᠡᠶᠢᠬᠡᠮ ᠤᠨ ᠪᠠᠳᠤᠯᠠᠭ᠎ᠠ ᠶᠢ ᠲᠡᠭᠦᠯᠳᠡᠷᠵᠢᠬᠦᠯᠬᠦ ᠡᠭᠦᠷᠬᠡ ᠴᠢᠳᠠᠪᠤᠷᠢ ᠶᠢ ᠴᠢᠩᠭᠠᠷᠠᠭᠤᠯᠤᠨ᠂ ᠵᠠᠰᠠᠭ ᠤᠨ ᠤᠷᠳᠤᠨ ᠠᠴᠠ ᠭᠤᠤᠯ ᠵᠢᠯᠤᠭᠤᠳᠬᠤ᠂ ᠬᠤᠳᠠ ᠭᠦᠳᠡᠭᠡ ᠶᠢ ᠬᠠᠮᠤᠷᠬᠤ᠂ ᠦᠷᠬᠦᠯᠵᠢᠯᠡᠵᠦ ᠪᠤᠯᠬᠤ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠬᠡᠨ ᠤ ᠰᠢᠰᠲ᠋ᠧᠮᠵᠢ ᠶᠢ ᠲᠦᠷᠬᠡᠳᠬᠡᠨ ᠪᠦᠷᠢᠯᠳᠦᠬᠦᠯᠦᠨ᠎ᠠ᠃ ᠵᠠᠰᠠᠭ ᠤᠨ ᠤᠷᠳᠤᠨ ᠤ ᠤᠯᠠᠨ ᠨᠡᠶᠢᠳᠡ ᠶᠢᠨ ᠦᠢᠯᠡᠴᠢᠯᠡᠭᠡ ᠬᠤᠳᠠᠯᠳᠤᠨ ᠠᠪᠬᠤ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠵᠠᠰᠠᠭ ᠤᠨ ᠤᠷᠳᠤᠨ ᠤ ᠤᠯᠠᠨ ᠨᠡᠶᠢᠳᠡ ᠶᠢᠨ ᠦᠢᠯᠡᠴᠢᠯᠡᠭᠡ ᠬᠤᠳᠠᠯᠳᠤᠨ ᠠᠪᠬᠤ ᠭᠠᠷᠴᠠᠭ ᠢ ᠢᠯᠡ ᠪᠤᠯᠭᠠᠨ᠂ ᠵᠠᠰᠠᠭ ᠤᠨ ᠤᠷᠳᠤᠨ ᠤ ᠤᠯᠠᠨ ᠨᠡᠶᠢᠳᠡ ᠶᠢᠨ ᠦᠢᠯᠡᠴᠢᠯᠡᠭᠡ ᠬᠤᠳᠠᠯᠳᠤᠨ ᠠᠪᠬᠤ ᠶᠢᠨ ᠶᠠᠰᠤ ᠴᠢᠨᠠᠷ ᠤᠨ ᠬᠢᠨᠠᠯᠳᠠ ᠬᠠᠮᠢᠶᠠᠷᠤᠯᠳᠠ ᠶᠢ ᠴᠢᠩᠭᠠᠳᠬᠠᠨ᠎ᠠ᠃
     ︵ᠲᠤᠯᠤᠭ᠎ᠠ︶ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢ ᠴᠢᠩᠭᠠᠳᠬᠠᠨ᠎ᠠ᠃
     18. ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠲᠤᠨᠨᠳᠠᠴᠠ ᠶᠢ ᠪᠦᠷᠢᠨᠰᠢᠬᠦᠯᠦᠨ᠎ᠠ᠃ ᠪᠤᠬᠢᠷᠳᠤᠯ ᠦᠬᠡᠢ ᠭᠦᠭᠵᠢᠯᠳᠡ ᠶᠢᠨ ᠦᠨᠡᠯᠡᠨ ᠵᠢᠱᠢᠬᠦ ᠲᠦᠷᠢᠮ ᠢ ᠲᠡᠭᠦᠯᠳᠡᠷᠵᠢᠬᠦᠯᠵᠦ᠂ ᠡᠬᠢ ᠪᠠᠶᠠᠯᠢᠭ ᠢ ᠲᠦᠯᠦᠪᠦᠷᠢ ᠲᠠᠢ ᠬᠡᠷᠡᠭᠯᠡᠬᠦ ᠲᠦᠷᠢᠮ ᠪᠠ ᠠᠮᠢ ᠠᠬᠤᠢ ᠶᠢᠨ ᠨᠦᠭᠦᠪᠦᠷᠢᠯᠡᠬᠦ ᠲᠦᠷᠢᠮ ᠢ ᠬᠡᠷᠡᠭᠵᠢᠬᠦᠯᠦᠨ᠂ ᠤᠷᠴᠢᠨ ᠲᠤᠭᠤᠷᠢᠨ ᠤ ᠮᠡᠳᠡᠭᠡ ᠵᠠᠩᠬᠢ ᠶᠢ ᠢᠯᠠ ᠪᠤᠯᠭᠠᠬᠤ ᠲᠦᠷᠢᠮ ᠢ ᠲᠡᠭᠦᠯᠳᠡᠷᠵᠢᠬᠦᠯᠬᠦ ᠶᠢᠨ ᠬᠠᠮᠳᠤ ᠴᠢᠩᠭ᠎ᠠ ᠬᠡᠷᠡᠭᠵᠢᠬᠦᠯᠵᠦ᠂ ᠤᠷᠴᠢᠨ ᠲᠤᠭᠤᠷᠢᠨ ᠤ ᠨᠦᠯᠦᠬᠡ ᠶᠢ ᠦᠨᠡᠯᠡᠬᠦ ᠲᠦᠷᠢᠮ ᠪᠠ ᠪᠤᠬᠢᠷᠳᠤᠯ ᠡᠳ᠋ ᠤᠨ ᠭᠠᠳ᠋ᠬᠠᠰᠢᠯᠠᠭᠤᠯᠬᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠡᠵᠡᠮᠰᠢᠬᠦ ᠲᠦᠷᠢᠮ ᠢ ᠴᠢᠩᠭ᠎ᠠ ᠬᠡᠷᠡᠭᠵᠢᠬᠦᠯᠦᠨ᠎ᠠ᠃
     19. ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠠᠷᠢᠭᠤᠴᠠᠯᠭ᠎ᠠ ᠶᠢ ᠨᠡᠶᠢᠳᠡᠪᠤᠷᠢᠵᠢᠭᠤᠯᠤᠨ᠎ᠠ᠃ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠠᠷᠢᠭᠤᠴᠠᠯᠭ᠎ᠠ ᠨᠡᠬᠡᠮᠵᠢᠯᠡᠬᠦ ᠪᠠ ᠠᠮᠢ ᠠᠬᠤᠢ ᠶᠢᠨ ᠤᠷᠴᠢᠨ ᠲᠤᠭᠤᠷᠢᠨ ᠤ ᠬᠤᠬᠢᠷᠠᠯ ᠤᠨ ᠲᠦᠯᠦᠪᠦᠷᠢᠯᠡᠬᠦ ᠲᠦᠷᠢᠮ ᠢ ᠪᠦᠷᠢᠨᠰᠢᠬᠦᠯᠵᠦ᠂ ᠤᠳᠤᠷᠢᠳᠬᠤ ᠺᠠᠳ᠋ᠷ ᠤᠨ ᠲᠤᠰᠢᠶᠠᠯ ᠠᠴᠠ ᠪᠠᠨ ᠰᠠᠯᠬᠤ ᠳᠤ ᠪᠠᠶᠢᠭᠠᠯᠢ ᠶᠢᠨ ᠡᠬᠢ ᠪᠠᠶᠠᠯᠢᠭ ᠤᠨ ᠭᠦᠷᠦᠩᠬᠡ ᠳᠤ ᠬᠢᠨᠠᠨ ᠪᠤᠳᠤᠯᠳᠠ ᠬᠢᠬᠦ ᠶᠢ ᠬᠡᠷᠡᠭᠵᠢᠬᠦᠯᠦᠨ᠎ᠠ᠃
     ᠬᠤᠶᠠᠷ᠂ ᠬᠠᠤᠯᠢ ᠶᠤᠰᠤᠭᠠᠷ ᠵᠠᠰᠠᠭ ᠶᠠᠪᠤᠭᠤᠯᠬᠤ ᠲᠦᠷᠢᠮ ᠤᠨ ᠰᠢᠰᠲ᠋ᠧᠮᠵᠢ ᠶᠢ ᠪᠦᠷᠢᠨ ᠲᠡᠭᠦᠯᠳᠡᠷ ᠪᠤᠯᠭᠠᠬᠤ ᠬᠡᠷᠡᠭᠳᠡᠢ
     ︵ᠨᠠᠢᠮᠠ︶ ᠵᠠᠰᠠᠭ ᠤᠨ ᠤᠷᠳᠤᠨ ᠤ ᠬᠠᠤᠯᠢ ᠲᠤᠨᠨᠳᠠᠭᠠᠬᠤ ᠶᠠᠰᠤ ᠴᠢᠨᠠᠷ ᠢ ᠲᠡᠬᠡᠭᠰᠢᠯᠡᠬᠦᠯᠦᠨ᠎ᠠ᠃
     20. ᠲᠤᠨᠨᠳᠠᠭᠠᠬᠤ ᠦᠬᠡᠷᠡᠴᠢᠯᠡᠬᠦ ᠭᠦᠴᠦᠨ ᠦᠬᠡᠢ ᠪᠤᠯᠭᠠᠬᠤ ᠲᠠᠶᠢᠯᠪᠤᠷᠢᠯᠠᠬᠤ ᠶᠢ ᠵᠡᠷᠬᠡ ᠳᠤᠨᠢ ᠠᠳᠬᠤᠬᠤ ᠶᠢ ᠪᠠᠷᠢᠮᠲᠠᠯᠠᠨ᠎ᠠ᠃ ᠵᠠᠰᠠᠭ ᠤᠨ ᠤᠷᠳᠤᠨ ᠤ ᠲᠤᠨᠨᠳᠠᠭᠠᠯ ᠲᠦᠷᠢᠮ ᠳᠤ ᠨᠡᠶᠢᠴᠡᠬᠦ ᠬᠠᠤᠯᠢ ᠶᠤᠰᠤᠨ ᠤ ᠡᠷᠬᠡ ᠶᠢᠨ ᠬᠢᠵᠠᠭᠠᠷ ᠪᠠ ᠲᠤᠨᠨᠳᠠᠭᠠᠬᠤ ᠲᠡᠰ ᠲᠠᠷᠠᠭᠠᠯᠠᠯ ᠢ ᠲᠤᠨᠨᠳᠠᠭᠠᠵᠦ᠂ ᠵᠦᠢᠯ ᠵᠤᠷᠪᠤᠰ ᠤᠨ ᠠᠭᠤᠯᠭ᠎ᠠ ᠨᠢ ᠲᠡᠬᠡᠳᠦ ᠪᠠᠶᠢᠷᠢ ᠶᠢᠨ ᠬᠠᠤᠯᠢ ᠲᠠᠢ ᠬᠠᠷᠰᠢᠯᠳᠤᠵᠦ ᠪᠤᠯᠬᠤ ᠦᠬᠡᠢ᠃ ᠦᠬᠡᠷᠡᠴᠢᠯᠡᠯᠳᠡ ᠪᠠ ᠠᠵᠦ ᠠᠬᠤᠢ ᠨᠡᠶᠢᠬᠡᠮ ᠤᠨ ᠭᠦᠭᠵᠢᠯᠳᠡ ᠶᠢᠨ ᠱᠠᠭᠠᠷᠳᠠᠯᠭ᠎ᠠ ᠳᠤ ᠨᠡᠶᠢᠴᠡᠬᠦ ᠦᠬᠡᠢ᠂ ᠬᠠᠤᠯᠢ ᠴᠠᠭᠠᠵᠠ ᠬᠠᠤᠯᠢ ᠲᠤᠨᠨᠳᠠᠭᠠᠯ ᠲᠠᠢ ᠬᠠᠷᠰᠢᠯᠳᠤᠬᠤ ᠪᠤᠶᠤ ᠡᠷᠬᠡ ᠲᠡᠭᠰᠢ ᠦᠷᠢᠰᠦᠯᠳᠦᠬᠡᠨ ᠢ ᠵᠦᠷᠢᠴᠡᠭᠰᠡᠨ ᠵᠠᠰᠠᠭ ᠤᠨ ᠤᠷᠳᠤᠨ ᠤ ᠲᠤᠨᠨᠳᠠᠭᠠᠯ ᠲᠦᠷᠢᠮ ᠳᠤ ᠴᠠᠭ ᠲᠤᠬᠠᠢ ᠳᠤᠨᠢ ᠵᠠᠰᠠᠪᠤᠷᠢ ᠤᠷᠤᠭᠤᠯᠤᠨ ᠦᠬᠡᠷᠡᠴᠢᠯᠡᠬᠦ ᠪᠠ ᠭᠦᠴᠦᠨ ᠦᠬᠡᠢ ᠪᠤᠯᠭᠠᠨ᠎ᠠ᠃ ᠲᠤᠨᠨᠳᠠᠭᠠᠯ ᠲᠦᠷᠢᠮ ᠢ ᠲᠡᠶᠢᠯᠪᠤᠷᠢᠯᠠᠬᠤ ᠠᠵᠢᠯ ᠢ ᠦᠷᠨᠢᠬᠦᠯᠦᠨ᠎ᠠ᠃
     21. ᠵᠠᠰᠠᠭ ᠤᠨ ᠤᠷᠳᠤᠨ ᠤ ᠬᠠᠤᠯᠢ ᠲᠤᠨᠨᠳᠠᠭᠠᠬᠤ ᠪᠠᠶᠢᠭᠤᠯᠤᠯ ᠲᠤᠨᠨᠳᠠᠴᠠ ᠶᠢ ᠲᠡᠭᠦᠯᠳᠡᠷᠵᠢᠬᠦᠯᠦᠨ᠎ᠠ᠃ ᠰᠡᠳᠦᠪ ᠲᠤᠨᠨᠳᠠᠭᠠᠬᠤ᠂ ᠲᠤᠭᠤᠷᠪᠢᠬᠤ᠂ ᠬᠡᠷᠡᠴᠢᠯᠡᠬᠦ᠂ ᠵᠤᠬᠢᠴᠠᠭᠤᠯᠬᠤ᠂ ᠬᠢᠨᠠᠨ ᠵᠦᠪᠯᠡᠬᠦ ᠲᠤᠨᠨᠳᠠᠴᠠ ᠶᠢ ᠪᠦᠷᠢᠨᠰᠢᠬᠦᠯᠵᠦ᠂ ᠬᠠᠤᠯᠢ ᠲᠤᠨᠨᠳᠠᠭᠠᠬᠤ ᠲᠦᠭᠰᠢᠬᠦᠷᠢ ᠶᠢᠨ ᠦᠨᠡᠯᠡᠯᠳᠡ ᠶᠢᠨ ᠲᠦᠷᠢᠮ ᠢ ᠲᠡᠭᠦᠯᠳᠡᠷᠵᠢᠬᠦᠯᠵᠦ᠂ ᠬᠠᠤᠯᠢ ᠲᠤᠨᠨᠳᠠᠭᠠᠨᠨᠰᠠᠨ ᠤ ᠲᠠᠷᠠᠭᠠᠬᠢ ᠦᠨᠡᠯᠡᠨ ᠵᠢᠱᠢᠬᠦ ᠶᠢ ᠲᠤᠨᠨᠳᠠᠮᠠᠯ ᠬᠤᠭᠤᠴᠠᠭ᠎ᠠ ᠲᠠᠢ ᠦᠷᠨᠢᠬᠦᠯᠦᠨ᠎ᠠ᠃ ᠬᠠᠤᠯᠢ ᠲᠤᠨᠨᠳᠠᠭᠠᠯ ᠲᠦᠷᠢᠮ ᠤᠨ ᠬᠡᠷᠡᠭᠵᠢᠬᠦᠯᠦᠭᠰᠡᠨ ᠪᠠᠶᠢᠳᠠᠯ ᠤᠨ ᠮᠡᠳᠡᠬᠦᠯᠬᠦ ᠲᠦᠷᠢᠮ ᠢ ᠨᠠᠶᠢᠳᠠᠪᠤᠷᠢᠵᠢᠭᠤᠯᠤᠨ᠎ᠠ᠃ ᠭᠤᠷᠪᠠᠳᠠᠬᠢ ᠡᠳᠡᠬᠡᠳ ᠲᠤ ᠨᠠᠶᠢᠳᠠᠵᠦ ᠪᠠᠶᠢᠭᠠᠳ ᠵᠠᠰᠠᠭ ᠤᠨ ᠤᠷᠳᠤᠨ ᠤ ᠲᠤᠨᠨᠳᠠᠭᠠᠯ ᠲᠦᠷᠢᠮ ᠤᠨ ᠡᠬᠡ ᠲᠦᠰᠦᠯ ᠲᠤᠭᠤᠷᠪᠢᠭᠤᠯᠬᠤ ᠶᠢ ᠰᠦᠪᠡᠭᠴᠢᠯᠡᠨ᠎ᠡ᠃ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠴᠢᠬᠤᠯᠠ ᠬᠠᠤᠯᠢ ᠲᠤᠨᠨᠳᠠᠭᠠᠯ ᠪᠠ ᠲᠤᠨᠨᠳᠠᠭᠠᠯ ᠲᠦᠷᠢᠮ ᠢ ᠵᠠᠰᠠᠭ ᠤᠨ ᠤᠷᠳᠤᠨ ᠤ ᠬᠠᠤᠯᠢ ᠲᠦᠷᠢᠮ ᠤᠨ ᠪᠠᠶᠢᠭᠤᠯᠤᠮᠵᠢ ᠠᠴᠠ ᠵᠤᠬᠢᠶᠠᠨ ᠪᠠᠶᠢᠭᠤᠯᠵᠦ ᠲᠤᠭᠤᠷᠪᠢᠨ᠎ᠠ᠃
     22. ᠨᠡᠶᠢᠳᠡ ᠤᠯᠠᠨ ᠢᠶᠠᠷ ᠢᠶᠠᠨ ᠤᠷᠤᠯᠴᠠᠬᠤ ᠶᠢ ᠦᠷᠬᠡᠳᠬᠡᠨ᠎ᠠ᠃ ᠠᠷᠠᠳ ᠤᠨ ᠲᠦᠯᠦᠬᠡᠯᠡᠭᠴᠢᠳ ᠤᠨ ᠰᠠᠨᠠᠯ ᠢ ᠬᠤᠷᠢᠶᠠᠬᠤ ᠪᠠ ᠬᠠᠤᠯᠢ ᠲᠤᠨᠨᠳᠠᠭᠠᠬᠤ ᠳᠤ ᠵᠦᠪᠳᠡᠯᠴᠡᠬᠦ ᠲᠦᠷᠢᠮ ᠢ ᠪᠠᠶᠢᠭᠤᠯᠬᠤ ᠶᠢᠨ ᠬᠠᠮᠳᠤ ᠨᠠᠶᠢᠳᠠᠪᠤᠷᠢᠵᠢᠭᠤᠯᠵᠦ᠂ ᠵᠠᠰᠠᠭ ᠤᠨ ᠤᠷᠳᠤᠨ ᠤ ᠬᠠᠤᠯᠢ ᠲᠤᠨᠨᠳᠠᠭᠠᠯᠳᠠ ᠳᠠᠬᠢ ᠴᠢᠬᠤᠯᠠ ᠶᠡᠭᠡ ᠠᠰᠢᠭ ᠲᠤᠰᠠ ᠶᠢᠨ ᠲᠤᠬᠢᠷᠠᠭᠤᠯᠤᠯᠳᠠ ᠳᠤ ᠬᠤᠯᠪᠤᠨᠨᠳ᠋ᠬᠠᠰᠠᠨ ᠬᠡᠷᠡᠴᠢᠯᠡᠭᠡ ᠬᠢᠬᠦ ᠪᠠ ᠯᠠᠪᠯᠠᠯᠭ᠎ᠠ ᠬᠢᠬᠦ ᠲᠤᠨᠨᠳᠠᠴᠠ ᠶᠢ ᠪᠠᠶᠢᠭᠤᠯᠤᠨ᠂ ᠨᠡᠶᠢᠳᠡ ᠤᠯᠠᠨ ᠢᠶᠠᠷ ᠢᠶᠠᠨ ᠵᠠᠰᠠᠭ ᠤᠨ ᠤᠷᠳᠤᠨ ᠤ ᠬᠠᠤᠯᠢ ᠲᠤᠨᠨᠳᠠᠭᠠᠬᠤ ᠳᠤ ᠤᠷᠤᠯᠴᠠᠬᠤ ᠲᠦᠷᠢᠮ ᠢ ᠪᠦᠷᠢᠨᠰᠢᠬᠦᠯᠬᠦ ᠶᠢᠨ ᠬᠠᠮᠳᠤ ᠨᠠᠶᠢᠳᠠᠪᠤᠷᠢᠵᠢᠭᠤᠯᠤᠨ᠎ᠠ᠃
     ︵ᠶᠢᠰᠦ︶ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠲᠤᠨᠨᠳᠠᠭᠠᠵᠦ ᠬᠠᠮᠢᠶᠠᠷᠬᠤ ᠶᠢ ᠴᠢᠩᠳᠠᠯᠠᠨ᠎ᠠ᠃
     23. ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠲᠤᠨᠨᠳᠠᠭᠠᠬᠤ ᠳᠤ ᠬᠠᠤᠯᠢ ᠶᠤᠰᠤᠨ ᠤ ᠦᠷ᠎ᠡ ᠪᠦᠳᠦᠮᠵᠢᠳᠡᠢ ᠪᠠᠶᠢᠬᠤ ᠬᠡᠷᠡᠭᠲᠡᠢ᠃ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠲᠤᠨᠨᠳᠠᠭᠠᠬᠤ ᠪᠠ ᠪᠦᠷᠢᠳᠬᠡᠨ ᠲᠠᠩᠰᠠᠯᠠᠬᠤ ᠶᠢᠨ ᠬᠢᠨᠠᠯᠳᠠ ᠲᠠᠯᠪᠢᠬᠤ ᠠᠷᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠦ᠂ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠳᠤ ᠲᠤᠨᠨᠳᠠᠭᠠᠨᠨᠰᠠᠨ ᠵᠦᠢᠯᠡᠰ ᠨᠢ ᠪᠠᠶᠢᠭᠤᠯᠭ᠎ᠠ ᠨᠤᠭᠤᠳ ᠤᠨ ᠡᠷᠬᠡ ᠲᠤᠰᠢᠶᠠᠯ ᠤᠨ ᠬᠡᠪᠴᠢᠶ᠎ᠡ ᠶᠢ ᠲᠤᠨᠨᠳᠠᠭᠠᠬᠤ ᠳᠤ ᠨᠡᠶᠢᠴᠡᠭᠰᠡᠨ ᠪᠠᠶᠢᠵᠦ᠂ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠤᠨ ᠠᠭᠤᠯᠭ᠎ᠠ ᠨᠢ ᠬᠠᠤᠯᠢ ᠴᠠᠭᠠᠵᠠ ᠬᠠᠤᠯᠢ ᠲᠤᠨᠨᠳᠠᠭᠠᠯ ᠲᠦᠷᠢᠮ ᠪᠠ ᠲᠡᠬᠡᠳᠦ ᠱᠠᠳᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠤᠨ ᠲᠤᠨᠨᠳᠠᠭᠠᠯ ᠠᠴᠠ ᠵᠦᠷᠢᠴᠡᠵᠦ ᠪᠤᠯᠬᠤ ᠦᠬᠡᠢ᠂ ᠵᠠᠰᠠᠭ ᠵᠠᠬᠢᠷᠭᠠᠨ ᠤ ᠵᠦᠪᠰᠢᠶᠡᠷᠡᠯ᠂ ᠵᠠᠰᠠᠭ ᠵᠠᠬᠢᠷᠭᠠᠨ ᠤ ᠲᠤᠷᠭᠠᠭᠤᠯᠢ᠂ ᠵᠠᠰᠠᠭ ᠵᠠᠬᠢᠷᠭᠠᠨ ᠤ ᠠᠯᠪᠠᠳᠠᠯᠭ᠎ᠠ᠂ ᠵᠠᠰᠠᠭ ᠵᠠᠬᠢᠷᠭᠠᠨ ᠤ ᠬᠤᠷᠢᠶᠠᠬᠤ ᠰᠦᠢᠳᠬᠡᠯ ᠵᠡᠷᠬᠡ ᠵᠠᠰᠠᠭ ᠵᠠᠬᠢᠷᠭᠠᠨ ᠤ ᠡᠷᠬᠡ ᠶᠢ ᠡᠭᠦᠳᠦᠨ ᠲᠤᠬᠢᠷᠠᠭᠤᠯᠵᠦ ᠪᠤᠯᠬᠤ ᠦᠬᠡᠢ᠂ ᠬᠠᠤᠯᠢ ᠠᠴᠠ ᠵᠦᠷᠢᠴᠡᠵᠦ ᠠᠷᠠᠳ ᠢᠷᠬᠡᠨ᠂ ᠬᠠᠤᠯᠢ ᠶᠢᠨ ᠡᠷᠬᠡᠳᠡᠨ ᠪᠠ ᠪᠤᠰᠤᠳ ᠵᠤᠬᠢᠶᠠᠨ ᠪᠠᠶᠢᠭᠤᠯᠤᠯᠳᠠ ᠶᠢᠨ ᠡᠭᠦᠷᠬᠡ ᠶᠢ ᠨᠡᠮᠡᠬᠦ ᠪᠤᠶᠤ ᠡᠷᠬᠡ ᠠᠰᠢᠭ ᠢ ᠨᠢ ᠪᠠᠭᠠᠰᠬᠠᠵᠦ ᠬᠤᠬᠢᠷᠠᠭᠤᠯᠵᠦ ᠪᠤᠯᠬᠤ ᠦᠬᠡᠢ᠃
     24. ᠲᠡᠰ ᠲᠠᠷᠠᠭᠠᠯᠠᠯ ᠢ ᠴᠢᠩᠭ᠎ᠠ ᠲᠤᠨᠨᠳᠠᠭᠠᠨ᠎ᠠ᠃ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠲᠤᠨᠨᠳᠠᠭᠠᠬᠤ ᠳᠤ ᠰᠠᠨᠠᠯ ᠰᠤᠨᠤᠰᠬᠤ᠂ ᠬᠠᠤᠯᠢ ᠶᠤᠰᠤᠨ ᠤ ᠴᠢᠨᠠᠷ ᠢ ᠬᠢᠨᠠᠨ ᠪᠠᠶᠢᠴᠠᠭᠠᠬᠤ ᠪᠠ ᠬᠠᠮᠳᠤ ᠪᠠᠷ ᠶᠠᠷᠢᠯᠴᠬᠠᠰᠠᠨ ᠰᠶᠢᠳᠪᠦᠷᠢ ᠭᠠᠷᠭᠠᠬᠤ ᠵᠡᠷᠬᠡ ᠲᠦᠷᠢᠮ ᠢ ᠨᠠᠶᠢᠳᠠᠪᠤᠷᠢᠵᠢᠭᠤᠯᠵᠦ᠂ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠨᠢᠬᠡᠳᠦᠯᠳᠡᠢ ᠲᠠᠩᠰᠠᠯᠠᠨ ᠲᠡᠮᠳᠡᠭᠯᠡᠬᠦ᠂ ᠨᠢᠬᠡᠳᠦᠯᠳᠡᠢ ᠺᠤᠳ᠋ᠯᠠᠬᠤ᠂ ᠨᠢᠬᠡᠳᠦᠯᠳᠡᠢ ᠲᠠᠷᠤᠮᠠᠯᠯᠠᠨ ᠶᠠᠪᠤᠭᠤᠯᠬᠤ ᠲᠦᠷᠢᠮ ᠢ ᠬᠡᠷᠡᠭᠵᠢᠬᠦᠯᠦᠨ᠎ᠠ᠃
     ︵ᠠᠷᠪᠠ︶ ᠲᠤᠨᠨᠳᠠᠭᠠᠯ ᠲᠦᠷᠢᠮ ᠪᠠ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠳᠤ ᠬᠢᠨᠠᠯᠳᠠ ᠲᠠᠯᠪᠢᠬᠤ ᠲᠤᠨᠨᠳᠠᠴᠠ ᠶᠢ ᠪᠦᠷᠢᠨᠰᠢᠬᠦᠯᠦᠨ᠎ᠠ᠃
     25. ᠪᠦᠷᠢᠳᠬᠡᠨ ᠲᠠᠩᠰᠠᠯᠠᠵᠦ ᠬᠢᠨᠠᠨ ᠪᠠᠶᠢᠴᠠᠭᠠᠬᠤ ᠲᠦᠷᠢᠮ ᠢ ᠨᠠᠶᠢᠳᠠᠪᠤᠷᠢᠵᠢᠭᠤᠯᠤᠨ᠎ᠠ᠃ ᠲᠤᠨᠨᠳᠠᠭᠠᠯ ᠲᠦᠷᠢᠮ᠂ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠲᠤᠨᠨᠳᠠᠭᠠᠯ ᠶᠤᠰᠤᠭᠠᠷ ᠪᠦᠷᠢᠳᠬᠡᠨ ᠲᠠᠩᠰᠠᠯᠠᠭᠤᠯᠬᠤ ᠪᠠᠷ ᠮᠡᠳᠡᠬᠦᠯᠦᠨ ᠭᠦᠷᠬᠡᠵᠦ᠂ ᠪᠦᠷᠢᠳᠬᠡᠨ ᠲᠠᠩᠰᠠᠯᠠᠭᠤᠯᠬᠤ ᠪᠠᠷ ᠮᠡᠳᠡᠬᠦᠯᠦᠨ ᠭᠦᠷᠬᠡᠭᠰᠡᠨ ᠲᠤᠨᠨᠳᠠᠭᠠᠯ ᠲᠦᠷᠢᠮ᠂ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠤᠨ ᠦᠨᠡᠨ ᠮᠦᠨ ᠢ ᠬᠢᠨᠠᠨ ᠪᠠᠶᠢᠴᠠᠭᠠᠵᠦ᠂ ᠪᠦᠷᠢᠳᠬᠡᠨ ᠲᠠᠩᠰᠠᠯᠠᠵᠦ ᠬᠢᠨᠠᠨ ᠪᠠᠶᠢᠴᠠᠭᠠᠨᠨᠰᠠᠨ ᠪᠠᠶᠢᠳᠠᠯ ᠢ ᠮᠡᠳᠡᠬᠡᠯᠡᠬᠦ ᠬᠡᠷᠡᠭᠳᠡᠢ᠃ ᠪᠦᠷᠢᠳᠬᠡᠨ ᠲᠠᠩᠰᠠᠯᠠᠵᠦ ᠬᠢᠨᠠᠯᠳᠠ ᠲᠠᠯᠪᠢᠬᠤ ᠪᠠᠶᠢᠭᠤᠯᠭ᠎ᠠ ᠶᠢᠨ ᠬᠠᠤᠯᠢ ᠲᠦᠷᠢᠮ ᠤᠨ ᠪᠠᠶᠢᠭᠤᠯᠤᠮᠵᠢ ᠶᠢᠨ ᠬᠢᠨᠠᠨ ᠪᠠᠶᠢᠴᠠᠭᠠᠬᠤ ᠳᠤ ᠬᠠᠤᠯᠢ ᠠᠴᠠ ᠵᠦᠷᠢᠴᠡᠭᠰᠡᠨ ᠠᠰᠠᠭᠤᠳᠠᠯ ᠢ ᠨᠢ ᠵᠢᠭᠠᠵᠦ ᠭᠠᠷᠭᠠᠨᠨᠰᠠᠨ ᠪᠠᠶᠢᠪᠠᠯ᠂ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠲᠤᠨᠨᠳᠠᠭᠠᠨᠨᠰᠠᠨ ᠪᠠᠶᠢᠭᠤᠯᠭ᠎ᠠ ᠨᠢ ᠲᠤᠨᠨᠳ᠋ᠬᠠᠰᠠᠨ ᠬᠤᠭᠤᠴᠠᠭᠠᠨ ᠳᠤ ᠦᠪᠡᠰᠦᠪᠡᠨ ᠵᠠᠯᠠᠷᠠᠭᠤᠯᠵᠤ᠂ ᠬᠠᠯᠠᠨ ᠰᠠᠶᠢᠵᠢᠷᠠᠭᠤᠯᠬᠤ ᠶᠢᠨ ᠬᠠᠮᠳᠤ ᠬᠠᠷᠢᠭᠤ ᠲᠤᠰᠬᠠᠬᠤ ᠬᠡᠷᠡᠭᠳᠡᠢ᠃
     26. ᠲᠤᠨᠨᠳᠠᠮᠠᠯ ᠬᠤᠭᠤᠴᠠᠭ᠎ᠠ ᠲᠠᠢ ᠪᠠᠷ ᠢᠯᠭᠠᠷᠠᠭᠤᠯᠤᠨ᠎ᠠ᠃ ᠲᠤᠨᠨᠳᠠᠭᠠᠯ ᠲᠦᠷᠢᠮ᠂ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠲᠤᠨᠨᠳᠠᠮᠠᠯ ᠬᠤᠭᠤᠴᠠᠭ᠎ᠠ ᠲᠠᠢ ᠪᠠᠷ ᠢᠯᠭᠠᠷᠠᠭᠤᠯᠬᠤ ᠲᠦᠷᠢᠮ ᠪᠠᠶᠢᠭᠤᠯᠬᠤ ᠶᠢᠨ ᠬᠠᠮᠳᠤ ᠴᠢᠩᠭ᠎ᠠ ᠬᠡᠷᠡᠭᠵᠢᠬᠦᠯᠤᠨ᠎ᠠ᠂ ᠲᠡᠬᠡᠳᠦ ᠪᠠᠶᠢᠷᠢ ᠶᠢᠨ ᠬᠠᠤᠯᠢ ᠶᠢᠨ ᠲᠤᠬᠢᠷᠠᠭᠤᠯᠤᠯᠳᠠ ᠪᠤᠶᠤ ᠠᠵᠦ ᠠᠬᠤᠢ ᠨᠡᠶᠢᠬᠡᠮ ᠤᠨ ᠠᠵᠢᠯ ᠦᠢᠯᠡᠰ ᠤᠨ ᠭᠦᠭᠵᠢᠯᠳᠡ ᠶᠢᠨ ᠱᠠᠭᠠᠷᠳᠠᠯᠭ᠎ᠠ ᠶᠢ ᠦᠨᠳᠦᠰᠦᠯᠡᠨ᠂ ᠬᠠᠮᠢᠶ᠎ᠠ ᠪᠦᠭᠦᠢ ᠲᠤᠨᠨᠳᠠᠭᠠᠯ ᠲᠦᠷᠢᠮ ᠪᠠ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠴᠠᠭ ᠲᠤᠬᠠᠢ ᠳᠤᠨᠢ ᠢᠯᠭᠠᠷᠠᠭᠤᠯᠵᠦ᠂ ᠢᠯᠭᠠᠷᠠᠭᠤᠯᠤᠨᠨᠰᠠᠨ ᠦᠷ᠎ᠡ ᠳ᠋ᠦ᠋ᠶᠢᠩ ᠢ ᠨᠡᠶᠢᠬᠡᠮ ᠳᠤ ᠨᠡᠶᠢᠳᠡᠯᠡᠬᠦ ᠬᠡᠷᠡᠭᠳᠡᠢ᠃
     27. ᠬᠢᠨᠠᠯᠳᠠ ᠲᠠᠯᠪᠢᠬᠤ ᠲᠤᠨᠨᠳᠠᠴᠠ ᠶᠢ ᠲᠡᠭᠦᠯᠳᠡᠷᠵᠢᠬᠦᠯᠦᠨ᠎ᠠ᠃ ᠲᠤᠨᠨᠳᠠᠭᠠᠯ ᠲᠦᠷᠢᠮ ᠪᠠ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠤᠨ ᠭᠠᠷᠴᠠᠭ ᠪᠠ ᠪᠢᠴᠢᠭᠯᠡᠭᠰᠡᠨ ᠮᠠᠲ᠋ᠧᠷᠢᠶᠠᠯ ᠳᠤ ᠭᠦᠳᠡᠯᠦᠩᠬᠦᠢ ᠪᠦᠬᠡᠳ ᠮᠡᠳᠡᠭᠡ ᠵᠠᠩᠬᠢᠵᠢᠭᠤᠯᠤᠨᠨᠰᠠᠨ ᠬᠠᠮᠢᠶᠠᠷᠤᠯᠳᠠ ᠶᠢ ᠬᠡᠷᠡᠭᠵᠢᠬᠦᠯᠦᠨ᠎ᠠ᠃ ᠠᠷᠠᠳ ᠢᠷᠬᠡᠨ᠂ ᠬᠠᠤᠯᠢ ᠶᠢᠨ ᠡᠷᠬᠡᠳᠡᠨ ᠪᠠ ᠪᠤᠰᠤᠳ ᠵᠤᠬᠢᠶᠠᠨ ᠪᠠᠶᠢᠭᠤᠯᠤᠯᠳᠠ ᠠᠴᠠ ᠲᠤᠨᠨᠳᠠᠭᠠᠯ ᠲᠦᠷᠢᠮ᠂ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠳᠤ ᠲᠤᠷᠠᠳᠤᠨᠨᠰᠠᠨ ᠬᠢᠨᠠᠨ ᠪᠠᠶᠢᠴᠠᠭᠠᠬᠤ ᠰᠠᠨᠠᠭᠤᠯᠭ᠎ᠠ ᠶᠢ ᠬᠠᠤᠯᠢ ᠶᠤᠰᠤᠭᠠᠷ᠂ ᠴᠠᠭ ᠲᠤᠬᠠᠢ ᠳᠤᠨᠢ ᠰᠶᠢᠳᠪᠦᠷᠢᠯᠡᠬᠦ ᠬᠡᠷᠡᠭᠳᠡᠢ᠃ ᠬᠡᠪᠰᠢᠭᠰᠡᠨ ᠵᠢᠷᠦᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠭᠤᠷᠪᠠᠳᠠᠬᠢ ᠡᠲᠡᠭᠡᠳ ᠠᠴᠠ ᠦᠨᠡᠯᠡᠬᠦ ᠲᠤᠬᠲᠠᠴᠠ ᠶᠢ ᠪᠠᠶᠢᠢᠭᠤᠯᠬᠤ ᠬᠡᠷᠡᠭᠲᠡᠢ᠃
     ᠭᠤᠷᠪᠠ᠂ ᠵᠠᠰᠠᠭ ᠵᠠᠬᠢᠷᠭᠠᠨ ᠤ ᠰᠶᠢᠳᠪᠦᠷᠢᠳᠤ ᠪᠤᠳᠤᠯᠭ᠎ᠠ ᠨᠢ ᠰᠢᠨᠵᠢᠯᠡᠬᠦ ᠤᠬᠠᠭᠠᠨᠴᠢ ᠠᠷᠠᠳᠴᠢᠯᠠᠯ ᠲᠠᠢ ᠬᠠᠤᠯᠢ ᠶᠤᠰᠤᠨ ᠤ ᠪᠠᠶᠢᠬᠤ ᠬᠡᠷᠡᠭᠳᠡᠢ
     ︵ᠠᠷᠪᠠᠨ ᠨᠢᠬᠡ︶ ᠵᠠᠰᠠᠭ ᠵᠠᠬᠢᠷᠭᠠᠨ ᠤ ᠰᠶᠢᠳᠪᠦᠷᠢᠳᠤ ᠪᠤᠳᠤᠯᠭ᠎ᠠ ᠨᠢ ᠲᠡᠰ ᠲᠠᠷᠠᠭᠠᠯᠠᠯ ᠢ ᠴᠢᠩᠭ᠎ᠠ ᠨᠠᠶᠢᠳᠠᠪᠤᠷᠢᠵᠢᠭᠤᠯᠤᠨ᠎ᠠ᠃
     28. ᠵᠠᠰᠠᠭ ᠵᠠᠬᠢᠷᠭᠠᠨ ᠤ ᠰᠶᠢᠳᠪᠦᠷᠢᠳᠤ ᠪᠤᠳᠤᠯᠭ᠎ᠠ ᠲᠤᠨᠨᠳᠠᠭᠠᠬᠤ ᠲᠡᠰ ᠲᠠᠷᠠᠭᠠᠯᠠᠯ ᠢ ᠵᠢᠷᠤᠮᠵᠢᠭᠤᠯᠤᠨ᠎ᠠ᠃ ︽ᠦᠪᠦᠷ ᠮᠤᠩᠭᠤᠯ ᠤᠨ ᠦᠪᠡᠷᠳᠡᠬᠡᠨ ᠵᠠᠰᠬᠠᠤ ᠤᠷᠤᠨ ᠤ ᠵᠠᠰᠠᠭ ᠵᠠᠬᠢᠷᠭᠠᠨ ᠤ ᠴᠢᠬᠤᠯᠠ ᠶᠡᠭᠡ ᠰᠶᠢᠳᠪᠦᠷᠢᠳᠤ ᠪᠤᠳᠤᠯᠭ᠎ᠠ ᠲᠤᠨᠨᠳᠠᠭᠠᠬᠤ ᠲᠡᠰ ᠲᠠᠷᠠᠭᠠᠯᠠᠯ ᠤᠨ ᠲᠤᠨᠨᠳᠠᠭᠠᠯ︾ ᠢ ᠴᠢᠩᠭ᠎ᠠ ᠨᠠᠶᠢᠳᠠᠪᠤᠷᠢᠵᠢᠭᠤᠯᠵᠦ᠂ ᠲᠤᠰ ᠭᠠᠵᠠᠷ ᠤᠷᠤᠨ᠂ ᠲᠤᠰ ᠰᠠᠯᠠᠭ᠎ᠠ ᠮᠦᠴᠢᠷ ᠤᠨ ᠪᠤᠳᠠᠳᠠᠢ ᠳᠤ ᠨᠡᠶᠢᠴᠡᠬᠦ ᠵᠠᠰᠠᠭ ᠵᠠᠬᠢᠷᠭᠠᠨ ᠤ ᠴᠢᠬᠤᠯᠠ ᠶᠡᠭᠡ ᠰᠶᠢᠳᠪᠦᠷᠢᠳᠤ ᠪᠤᠳᠤᠯᠭ᠎ᠠ ᠲᠤᠨᠨᠳᠠᠭᠠᠬᠤ ᠬᠠᠮᠢᠶ᠎ᠠ ᠪᠦᠭᠦᠢ ᠲᠦᠷᠢᠮ ᠢ ᠲᠤᠨᠨᠳᠠᠭᠠᠵᠦ᠂ ᠵᠠᠰᠠᠭ ᠵᠠᠬᠢᠷᠭᠠᠨ ᠤ ᠴᠢᠬᠤᠯᠠ ᠶᠡᠭᠡ ᠰᠶᠢᠳᠪᠦᠷᠢᠳᠤ ᠪᠤᠳᠤᠯᠭ᠎ᠠ ᠲᠤᠨᠨᠳᠠᠭᠠᠬᠤ ᠳᠤ ᠨᠡᠶᠢᠳᠡ ᠤᠯᠠᠨ ᠤ ᠤᠷᠤᠯᠴᠠᠬᠤ᠂ ᠲᠤᠰᠬᠠᠢ ᠮᠡᠷᠬᠡᠵᠢᠯᠳᠡᠨ ᠢᠶᠠᠷ ᠬᠡᠷᠡᠴᠢᠯᠡᠭᠡ ᠬᠢᠯᠬᠡᠬᠦ᠂ ᠲᠦᠭᠰᠢᠭᠦᠷᠢ ᠶᠢᠨ ᠦᠨᠡᠯᠡᠯᠳᠡ ᠬᠢᠬᠦ᠂ ᠬᠠᠤᠯᠢ ᠶᠤᠰᠤᠨ ᠤ ᠴᠢᠨᠠᠷ ᠢ ᠬᠢᠨᠠᠨ ᠪᠠᠶᠢᠴᠠᠭᠠᠬᠤ᠂ ᠬᠠᠮᠳᠤ ᠪᠠᠷ ᠶᠠᠷᠢᠯᠴᠠᠵᠦ ᠰᠶᠢᠳᠪᠦᠷᠢ ᠭᠠᠷᠭᠠᠬᠤ ᠵᠡᠷᠬᠡ ᠬᠠᠤᠯᠢ ᠳᠤ ᠲᠤᠨᠨᠳᠠᠭᠠᠨᠨᠰᠠᠨ ᠲᠠᠪᠤᠨ ᠲᠡᠰ ᠲᠠᠷᠠᠭᠠᠯᠠᠯ ᠢ ᠰᠶᠢᠳᠪᠦᠷᠢᠳᠤ ᠪᠤᠳᠤᠯᠭ᠎ᠠ ᠲᠤᠨᠨᠳᠠᠭᠠᠬᠤ ᠪᠦᠭᠦ ᠶᠠᠪᠤᠴᠠ ᠳᠤ ᠨᠡᠶᠢᠳᠡᠮ ᠲᠤᠤᠱᠯᠠᠭᠤᠯᠤᠨ᠎ᠠ᠃
     29. ᠨᠡᠶᠢᠳᠡ ᠤᠯᠠᠨ ᠤ ᠤᠷᠤᠯᠴᠠᠬᠤ ᠪᠤᠳᠠᠳᠦ ᠦᠢᠯᠡᠳᠦᠯ ᠢ ᠴᠢᠩᠭᠠᠳᠬᠠᠨ᠎ᠠ᠃ ᠠᠵᠦ ᠠᠬᠤᠢ ᠨᠡᠶᠢᠬᠡᠮ ᠤᠨ ᠭᠦᠭᠵᠢᠯᠳᠡ ᠶᠢᠨ ᠪᠦᠭᠦ ᠲᠠᠯ᠎ᠠ ᠪᠠ ᠤᠯᠠᠨ ᠲᠦᠮᠡᠨ ᠤ ᠠᠰᠢᠭ ᠲᠤᠰᠠ ᠳᠤ ᠬᠤᠯᠪᠤᠨᠨᠳᠠᠬᠤ ᠵᠠᠰᠠᠭ ᠵᠠᠬᠢᠷᠭᠠᠨ ᠤ ᠴᠢᠬᠤᠯᠠ ᠶᠡᠭᠡ ᠰᠶᠢᠳᠪᠦᠷᠢᠳᠤ ᠪᠤᠳᠤᠯᠭ᠎ᠠ ᠲᠤᠨᠨᠳᠠᠭᠠᠬᠤ ᠵᠦᠢᠯᠡᠰ ᠢ ᠰᠤᠨᠢᠨ ᠰᠡᠳᠬᠦᠯ᠂ ᠢᠨᠲ᠋ᠧᠷ ᠰᠦᠯᠵᠢᠶ᠎ᠡ᠂ ᠷᠠᠳᠢᠤ᠋ ᠲᠧᠯᠸᠢᠰ ᠵᠡᠷᠬᠡ ᠵᠠᠭᠤᠴᠢᠯᠠᠭᠤᠷ ᠢᠶᠠᠷ ᠲᠠᠮᠵᠢᠭᠤᠯᠤᠨ᠂ ᠰᠶᠢᠳᠪᠦᠷᠢᠳᠤ ᠪᠤᠳᠤᠯᠭ᠎ᠠ ᠶᠢᠨ ᠲᠦᠰᠦᠯ ᠢ ᠨᠡᠶᠢᠬᠡᠮ ᠠᠴᠠ ᠢᠯᠡ ᠪᠠᠷ ᠰᠠᠨᠠᠯ ᠬᠤᠷᠢᠶᠠᠵᠦ᠂ ᠠᠰᠢᠭ ᠲᠤᠰᠠ ᠯᠤᠭ᠎ᠠ ᠬᠤᠯᠪᠤᠨᠨᠳᠠᠬᠤ ᠭᠦᠮᠦᠰ ᠲᠠᠢ ᠭᠦᠢᠴᠡᠳ ᠨᠡᠪᠳᠡᠷᠡᠯᠴᠡᠨ᠂ ᠠᠷᠠᠳ ᠤᠨ ᠲᠦᠯᠦᠬᠡᠯᠡᠭᠴᠢ᠂ ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ᠂ ᠠᠷᠠᠳ ᠤᠨ ᠪᠦᠯᠭᠦᠮ᠂ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ᠂ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢᠨ ᠰᠠᠨᠠᠯ ᠢ ᠬᠢᠴᠢᠶᠡᠩᠭᠦ᠋ᠢᠯᠡᠨ ᠰᠤᠨᠤᠰᠤᠨ᠎ᠠ᠃ ᠨᠡᠶᠢᠳᠡ ᠤᠯᠠᠨ ᠢᠶᠠᠷ ᠢᠶᠠᠨ ᠲᠡᠪᠴᠡᠩ ᠤᠨ ᠪᠠᠶᠢᠭᠤᠯᠤᠯᠳᠠ ᠳᠤ ᠤᠷᠤᠯᠴᠠᠬᠤ ᠶᠢ ᠴᠢᠩᠭᠠᠳᠬᠠᠵᠦ᠂ ᠡᠬᠢ ᠪᠠᠶᠠᠯᠢᠭ ᠢ ᠡᠮᠬᠢᠯᠡᠨ ᠨᠡᠶᠢᠯᠡᠬᠦᠯᠬᠦ ᠶᠢ ᠠᠬᠢᠭᠤᠯᠤᠨ᠂ ᠵᠠᠰᠠᠭ ᠤᠨ ᠤᠷᠳᠤᠨ ᠤ ᠰᠦᠯᠵᠢᠶᠡᠨ ᠦᠷᠳᠡᠭᠡ ᠶᠢ ᠨᠡᠶᠢᠳᠡ ᠤᠯᠠᠨ ᠤ ᠰᠶᠢᠳᠪᠦᠷᠢᠳᠤ ᠪᠤᠳᠤᠯᠭ᠎ᠠ ᠲᠤᠨᠨᠳᠠᠭᠠᠬᠤ ᠳᠤ ᠤᠷᠤᠯᠴᠠᠬᠤ ᠭᠤᠤᠯ ᠲᠡᠪᠴᠡᠩ ᠪᠤᠯᠭᠠᠨ ᠪᠠᠶᠢᠭᠤᠯᠵᠦ᠂ ᠲᠡᠪᠴᠡᠩ ᠢᠶᠠᠷ ᠲᠡᠮᠵᠢᠭᠤᠯᠤᠨ ᠵᠠᠰᠠᠭ ᠵᠠᠬᠢᠷᠭᠠᠨ ᠤ ᠴᠢᠬᠤᠯᠠ ᠶᠡᠭᠡ ᠰᠶᠢᠳᠪᠦᠷᠢᠳᠤ ᠪᠤᠳᠤᠯᠭ᠎ᠠ ᠶᠢᠨ ᠬᠠᠮᠢᠶ᠎ᠠ ᠪᠦᠭᠦᠢ ᠮᠡᠳᠡᠭᠡ ᠵᠠᠩᠬᠢ ᠶᠢ ᠨᠡᠶᠢᠬᠡᠮ ᠳᠤ ᠨᠡᠶᠢᠳᠡᠯᠡᠨ᠎ᠠ᠃ ᠰᠤᠶᠤᠯ ᠰᠤᠷᠭᠠᠨ ᠭᠦᠮᠦᠵᠢᠯ᠂ ᠡᠮᠴᠢᠯᠡᠭᠡ ᠡᠷᠡᠭᠦᠯ ᠬᠠᠮᠠᠭᠠᠯᠠᠯ᠂ ᠡᠬᠢ ᠪᠠᠶᠠᠯᠢᠭ ᠤᠨ ᠨᠡᠬᠡᠬᠡᠯᠳᠡ᠂ ᠤᠷᠴᠢᠨ ᠲᠤᠭᠤᠷᠢᠨ ᠤ ᠬᠠᠮᠠᠭᠠᠯᠠᠯᠳᠠ᠂ ᠨᠡᠶᠢᠳᠡ ᠶᠢᠨ ᠬᠡᠷᠡᠭᠯᠡᠬᠡᠨ ᠤ ᠠᠵᠢᠯ ᠦᠢᠯᠡᠰ ᠵᠡᠷᠬᠡ ᠠᠷᠠᠳ ᠤᠨ ᠠᠮᠢᠳᠤᠷᠠᠯ ᠤᠨ ᠲᠠᠯ᠎ᠠ ᠪᠠᠷ ᠬᠢ ᠴᠢᠬᠤᠯᠠ ᠶᠡᠭᠡ ᠰᠶᠢᠳᠪᠦᠷᠢᠳᠤ ᠪᠤᠳᠤᠯᠭ᠎ᠠ ᠲᠤᠨᠨᠳᠠᠭᠠᠬᠤ ᠵᠦᠢᠯᠡᠰ ᠲᠤ ᠤᠯᠠᠨ ᠲᠦᠮᠡᠨ ᠤ ᠰᠠᠨᠠᠯ ᠢ ᠭᠦᠢᠴᠡᠳ ᠰᠤᠨᠤᠰᠴᠤ᠂ ᠭᠤᠷᠪᠠᠳᠠᠬᠢ ᠡᠳᠡᠬᠡᠳ ᠠᠴᠠ ᠠᠷᠠᠳ ᠤᠨ ᠰᠠᠨᠠᠯ ᠢ ᠪᠠᠶᠢᠴᠠᠭᠠᠬᠤ ᠲᠤᠨᠨᠳᠠᠴᠠ ᠶᠢ ᠪᠠᠶᠢᠭᠤᠯᠬᠤ ᠶᠢᠨ ᠬᠠᠮᠳᠤ᠂ ᠲᠡᠳᠡᠨ ᠤ ᠰᠶᠢᠳᠪᠦᠷᠢᠳᠤ ᠪᠤᠳᠤᠯᠭ᠎ᠠ ᠲᠤᠨᠨᠳᠠᠭᠠᠬᠤ ᠶᠢᠨ ᠴᠢᠬᠤᠯᠠ ᠦᠨᠳᠦᠰᠦᠯᠡᠯ ᠪᠤᠯᠭᠠᠨ᠎ᠠ᠃
     30. ᠲᠤᠰᠬᠠᠢ ᠮᠡᠷᠬᠡᠵᠢᠯᠳᠡᠨ ᠤ ᠨᠤᠲᠠᠯᠠᠯ ᠬᠢᠬᠦ ᠪᠠ ᠲᠦᠭᠰᠢᠭᠦᠷᠢ ᠶᠢ ᠦᠨᠡᠯᠡᠨ ᠵᠢᠱᠢᠬᠦ ᠶᠠᠰᠤ ᠴᠢᠨᠠᠷ ᠢ ᠲᠡᠬᠡᠭᠰᠢᠯᠡᠬᠦᠯᠦᠨ᠎ᠠ᠃ ᠲᠤᠰᠬᠠᠢ ᠮᠡᠷᠭᠡᠵᠢᠯ ᠤᠨ ᠴᠢᠨᠠᠷ᠂ ᠮᠡᠷᠬᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠵᠠᠰᠠᠭ ᠵᠠᠬᠢᠷᠭᠠᠨ ᠤ ᠴᠢᠬᠤᠯᠠ ᠶᠡᠭᠡ ᠰᠶᠢᠳᠪᠦᠷᠢᠳᠤ ᠪᠤᠳᠤᠯᠭ᠎ᠠ ᠲᠤᠨᠨᠳᠠᠭᠠᠬᠤ ᠵᠦᠢᠯᠡᠰ ᠲᠤ᠂ ᠲᠤᠰᠬᠠᠢ ᠮᠡᠷᠬᠡᠵᠢᠯᠳᠡᠨ᠂ ᠲᠤᠰᠬᠠᠢ ᠪᠠᠶᠢᠭᠤᠯᠤᠮᠵᠢ ᠶᠢ ᠵᠤᠬᠢᠶᠠᠨ ᠪᠠᠶᠢᠭᠤᠯᠵᠦ ᠪᠠᠶᠢᠭᠠᠳ ᠲᠡᠳᠡᠬᠡᠷ ᠤᠨ ᠴᠢᠬᠤᠯᠠ ᠪᠦᠭᠦᠢ ᠴᠢᠨᠠᠷ᠂ ᠪᠤᠯᠤᠮᠵᠢᠳᠦ ᠴᠢᠨᠠᠷ ᠪᠠ ᠰᠢᠨᠵᠢᠯᠡᠬᠦ ᠤᠬᠠᠭᠠᠨᠴᠢ ᠴᠢᠨᠠᠷ ᠲᠤ ᠨᠤᠲᠠᠯᠠᠯ ᠬᠢᠯᠬᠡᠨ᠎ᠠ᠃ ᠵᠠᠰᠠᠭ ᠵᠠᠬᠢᠷᠭᠠᠨ ᠤ ᠴᠢᠬᠤᠯᠠ ᠶᠡᠭᠡ ᠰᠶᠢᠳᠪᠦᠷᠢᠳᠤ ᠪᠤᠳᠤᠯᠭ᠎ᠠ ᠲᠤᠨᠨᠳᠠᠭᠠᠬᠤ ᠳᠤ ᠨᠤᠲᠠᠯᠠᠯ ᠬᠢᠬᠦ ᠲᠤᠰᠬᠠᠢ ᠮᠡᠷᠬᠡᠵᠢᠯᠳᠡᠳ ᠤᠨ ᠤᠷᠤᠯᠴᠠᠬᠤ ᠲᠡᠰ ᠲᠠᠷᠠᠭᠠᠯᠠᠯ ᠤᠨ ᠲᠦᠷᠢᠮ ᠢ ᠲᠤᠨᠨᠳᠠᠭᠠᠵᠦ᠂ ᠵᠠᠰᠠᠭ ᠵᠠᠬᠢᠷᠭᠠᠨ ᠤ ᠴᠢᠬᠤᠯᠠ ᠶᠡᠭᠡ ᠰᠶᠢᠳᠪᠦᠷᠢᠳᠤ ᠪᠤᠳᠤᠯᠭ᠎ᠠ ᠲᠤᠨᠨᠳᠠᠭᠠᠬᠤ ᠳᠤ ᠲᠤᠰᠬᠠᠢ ᠮᠡᠷᠬᠡᠵᠢᠯᠳᠡᠳ ᠤᠨ ᠨᠤᠲᠠᠯᠠᠯ ᠬᠢᠬᠦ ᠵᠦᠢᠯᠡᠰ ᠤᠨ ᠨᠠᠷᠢᠨ ᠬᠠᠭᠤᠳᠠᠰᠤ ᠶᠢ ᠲᠤᠳᠤᠷᠬᠠᠶᠢᠯᠠᠨ᠎ᠠ᠃ ᠵᠠᠰᠠᠭ ᠵᠠᠬᠢᠷᠭᠠᠨ ᠤ ᠰᠶᠢᠳᠪᠦᠷᠢᠳᠤ ᠪᠤᠳᠤᠯᠭ᠎ᠠ ᠲᠤᠨᠨᠳᠠᠭᠠᠬᠤ ᠳᠤ ᠯᠠᠪᠯᠠᠯᠭ᠎ᠠ ᠨᠤᠲᠠᠯᠠᠯ ᠬᠢᠬᠦ ᠲᠤᠰᠬᠠᠢ ᠮᠡᠷᠬᠡᠵᠢᠯᠳᠡᠨ ᠤ ᠭᠦᠮᠦᠷᠬᠡ ᠶᠢ ᠪᠠᠶᠢᠭᠤᠯᠬᠤ ᠶᠢᠨ ᠬᠠᠮᠳᠤ᠂ ᠱᠠᠭᠠᠷᠳᠠᠯᠭ᠎ᠠ ᠶᠢ ᠦᠨᠳᠦᠰᠦᠯᠡᠨ ᠲᠤᠰᠬᠠᠢ ᠮᠡᠷᠬᠡᠵᠢᠯ ᠤᠨ ᠬᠤᠪᠢᠶᠠᠷᠢ ᠭᠦᠮᠦᠷᠬᠡ ᠪᠠᠶᠢᠢᠭᠤᠯᠤᠨ᠎ᠠ᠃ ᠲᠤᠰᠬᠠᠢ ᠮᠡᠷᠬᠡᠵᠢᠯᠳᠡᠨ ᠤ ᠮᠡᠳᠡᠭᠡ ᠵᠠᠩᠬᠢ ᠪᠠ ᠬᠡᠷᠡᠴᠢᠯᠡᠭᠡ ᠬᠢᠭᠰᠡᠨ ᠰᠠᠨᠠᠯ ᠢ ᠨᠢ ᠨᠡᠶᠢᠳᠡᠯᠡᠬᠦ ᠲᠦᠷᠢᠮ ᠢ ᠠᠯᠬᠤᠮ ᠠᠯᠬᠤᠮ ᠢᠶᠠᠷ ᠬᠡᠷᠡᠭᠵᠢᠬᠦᠯᠦᠨ᠎ᠠ᠃ ᠴᠢᠬᠤᠯᠠ ᠶᠡᠭᠡ ᠰᠶᠢᠳᠪᠦᠷᠢᠳᠤ ᠪᠤᠳᠤᠯᠭ᠎ᠠ ᠶᠢᠨ ᠲᠠᠯ᠎ᠠ ᠪᠠᠷ ᠨᠡᠶᠢᠬᠡᠮ ᠤᠨ ᠲᠤᠨᠨᠳᠠᠭᠤᠨ ᠪᠠᠶᠢᠯᠭᠠᠬᠤ ᠳᠤ ᠦᠵᠡᠬᠦᠯᠬᠦ ᠲᠦᠭᠰᠢᠭᠦᠷᠢ ᠶᠢᠨ ᠦᠨᠡᠯᠡᠨ ᠵᠢᠱᠢᠬᠦ ᠲᠤᠨᠨᠳᠠᠴᠠ ᠶᠢ ᠨᠠᠶᠢᠳᠠᠪᠤᠷᠢᠵᠢᠭᠤᠯᠤᠨ᠎ᠠ᠃ ᠨᠡᠶᠢᠬᠡᠮ ᠤᠨ ᠲᠤᠨᠨᠳᠠᠭᠤᠨ ᠳᠠᠬᠢ ᠲᠦᠭᠰᠢᠭᠦᠷᠢ ᠶᠢᠨ ᠬᠠᠷᠢᠭᠤᠴᠠᠯᠭ᠎ᠠ ᠶᠢ ᠬᠡᠳᠡᠷᠬᠡᠨ ᠪᠠᠶᠢᠴᠠᠭᠠᠵᠦ ᠨᠡᠬᠡᠮᠵᠢᠯᠡᠬᠦ ᠲᠤᠨᠨᠳᠠᠴᠠ ᠶᠢ ᠪᠠᠶᠢᠭᠤᠯᠤᠨ᠎ᠠ᠃
     31. ᠵᠠᠰᠠᠭ ᠵᠠᠬᠢᠷᠭᠠᠨ ᠤ ᠴᠢᠬᠤᠯᠠ ᠶᠡᠭᠡ ᠰᠶᠢᠳᠪᠦᠷᠢᠳᠤ ᠪᠤᠳᠤᠯᠭ᠎ᠠ ᠲᠤᠨᠨᠳᠠᠭᠠᠬᠤ ᠳᠤ ᠬᠠᠤᠯᠢ ᠶᠤᠰᠤᠴᠢ ᠴᠢᠨᠠᠷ ᠢ ᠬᠢᠨᠠᠨ ᠪᠠᠶᠢᠴᠠᠭᠠᠨ᠎ᠠ᠃ ᠵᠠᠰᠠᠭ ᠵᠠᠬᠢᠷᠭᠠᠨ ᠤ ᠴᠢᠬᠤᠯᠠ ᠶᠡᠭᠡ ᠰᠶᠢᠳᠪᠦᠷᠢᠳᠤ ᠪᠤᠳᠤᠯᠭ᠎ᠠ ᠲᠤᠨᠨᠳᠠᠭᠠᠬᠤ ᠳᠤ ᠬᠠᠤᠯᠢ ᠶᠤᠰᠤᠴᠢ ᠴᠢᠨᠠᠷ ᠢ ᠬᠢᠨᠠᠨ ᠪᠠᠶᠢᠴᠠᠭᠠᠬᠤ ᠠᠵᠢᠯᠯᠠᠭᠠᠨ ᠤ ᠲᠦᠷᠢᠮ ᠢ ᠲᠡᠭᠦᠯᠳᠡᠷᠵᠢᠬᠦᠯᠵᠦ᠂ ᠵᠠᠰᠠᠭ ᠵᠠᠬᠢᠷᠭᠠᠨ ᠤ ᠴᠢᠬᠤᠯᠠ ᠶᠡᠭᠡ ᠰᠶᠢᠳᠪᠦᠷᠢᠳᠤ ᠪᠤᠳᠤᠯᠭ᠎ᠠ ᠲᠤᠨᠨᠳᠠᠭᠠᠬᠤ ᠳᠤ ᠬᠤᠷᠠᠯ ᠢᠶᠠᠷ ᠶᠠᠷᠢᠯᠴᠠᠬᠤ ᠠᠴᠠ ᠡᠮᠤᠨ᠎ᠠ᠂ ᠰᠶᠢᠳᠪᠦᠷᠢᠳᠤ ᠪᠤᠳᠤᠯᠭ᠎ᠠ ᠲᠤᠨᠨᠳᠠᠭᠠᠬᠤ ᠲᠦᠰᠦᠯ ᠢ ᠵᠠᠰᠠᠭ ᠤᠨ ᠤᠷᠳᠤᠨ ᠤ ᠬᠠᠤᠯᠢ ᠲᠦᠷᠢᠮ ᠤᠨ ᠪᠠᠶᠢᠭᠤᠯᠤᠮᠵᠢ ᠳᠤ ᠲᠤᠰᠢᠶᠠᠵᠦ ᠬᠠᠤᠯᠢ ᠶᠤᠰᠤᠴᠢ ᠴᠢᠨᠠᠷ ᠢ ᠨᠢ ᠬᠢᠨᠠᠨ ᠪᠠᠶᠢᠴᠠᠭᠠᠯᠭᠠᠨ᠎ᠠ᠃ ᠬᠠᠤᠯᠢ ᠶᠤᠰᠤᠴᠢ ᠴᠢᠨᠠᠷ ᠢ ᠬᠢᠨᠠᠨ ᠪᠠᠶᠢᠴᠠᠭᠠᠨᠨᠰᠠᠨ ᠬᠠᠤᠯᠢ ᠴᠠᠭᠠᠵᠠ ᠶᠢᠨ ᠰᠠᠨᠠᠯ ᠤᠨ ᠪᠢᠴᠢᠭ ᠤᠨ ᠲᠦᠷᠢᠮ ᠢ ᠬᠡᠷᠡᠭᠵᠢᠬᠦᠯᠦᠨ᠎ᠠ᠃
     32. ᠵᠠᠰᠠᠭ ᠵᠠᠬᠢᠷᠭᠠᠨ ᠤ ᠴᠢᠬᠤᠯᠠ ᠶᠡᠭᠡ ᠰᠶᠢᠳᠪᠦᠷᠢᠳᠤ ᠪᠤᠳᠤᠯᠭ᠎ᠠ ᠶᠢ ᠬᠠᠮᠳᠤ ᠪᠠᠷ ᠶᠠᠷᠢᠯᠴᠠᠵᠦ ᠲᠤᠨᠨᠳᠠᠭᠠᠨ᠎ᠠ᠃ ᠵᠠᠰᠠᠭ ᠵᠠᠬᠢᠷᠭᠠᠨ ᠤ ᠴᠢᠬᠤᠯᠠ ᠶᠡᠭᠡ ᠰᠶᠢᠳᠪᠦᠷᠢᠳᠤ ᠪᠤᠳᠤᠯᠭ᠎ᠠ ᠲᠤᠨᠨᠳᠠᠭᠠᠬᠤ ᠳᠤ ᠬᠠᠮᠳᠤ ᠪᠠᠷ ᠶᠠᠷᠢᠯᠴᠠᠨ ᠲᠤᠨᠨᠳᠠᠭᠠᠬᠤ ᠲᠦᠷᠢᠮ ᠢ ᠪᠠᠶᠢᠭᠤᠯᠬᠤ ᠶᠢᠨ ᠬᠠᠮᠳᠤ ᠴᠢᠩᠭ᠎ᠠ ᠬᠡᠷᠡᠭᠵᠢᠬᠦᠯᠵᠦ᠂ ᠵᠠᠰᠠᠭ ᠵᠠᠬᠢᠷᠭᠠᠨ ᠤ ᠴᠢᠬᠤᠯᠠ ᠶᠡᠭᠡ ᠰᠶᠢᠳᠪᠦᠷᠢᠳᠤ ᠪᠤᠳᠤᠯᠭ᠎ᠠ ᠲᠤᠨᠨᠳᠠᠭᠠᠬᠤ ᠳᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠪᠤᠶᠤ ᠪᠦᠭᠦᠳᠡ ᠬᠤᠷᠠᠯᠳᠤᠭᠠᠨ᠂ ᠰᠠᠯᠠᠭ᠎ᠠ ᠮᠦᠴᠢᠷ ᠤᠨ ᠤᠳᠤᠷᠢᠳᠬᠤ ᠪᠠᠭ ᠤᠨ ᠬᠤᠷᠠᠯᠳᠤᠭᠠᠨ ᠢᠶᠠᠷ ᠶᠠᠷᠢᠯᠴᠠᠵᠦ᠂ ᠬᠠᠮᠳᠤ ᠪᠠᠷ ᠶᠠᠷᠢᠯᠴᠬᠠᠰᠠᠨ ᠰᠠᠭᠤᠷᠢᠨ ᠲᠡᠬᠡᠷ᠎ᠡ ᠵᠠᠰᠠᠭ ᠵᠠᠬᠢᠷᠭᠠᠨ ᠤ ᠲᠠᠷᠤᠭ᠎ᠠ ᠠᠴᠠ ᠰᠶᠢᠳᠪᠦᠷᠢ ᠭᠠᠷᠭᠠᠨ᠎ᠠ᠃
     33. ᠬᠠᠷᠢᠭᠤᠴᠠᠯᠭ᠎ᠠ ᠨᠡᠬᠡᠮᠵᠢᠯᠡᠬᠦ ᠴᠢᠩᠭ᠎ᠠ ᠲᠦᠷᠢᠮ ᠢ ᠬᠡᠷᠡᠭᠵᠢᠬᠦᠯᠦᠨ᠎ᠠ᠃ ᠰᠶᠢᠳᠪᠦᠷᠢᠳᠤ ᠪᠤᠳᠤᠯᠭ᠎ᠠ ᠲᠤᠨᠨᠳᠠᠭᠠᠨᠨᠰᠠᠨ ᠪᠠᠶᠢᠭᠤᠯᠭ᠎ᠠ ᠨᠢ ᠰᠶᠢᠳᠪᠦᠷᠢᠳᠤ ᠪᠤᠳᠤᠯᠭ᠎ᠠ ᠶᠢ ᠬᠡᠷᠡᠭᠵᠢᠬᠦᠯᠵᠦ ᠪᠠᠶᠢᠭ᠎ᠠ ᠪᠠᠶᠢᠳᠠᠯ ᠪᠠ ᠬᠡᠷᠡᠭᠵᠢᠬᠦᠯᠦᠭᠰᠡᠨ ᠦᠷ᠎ᠡ ᠪᠦᠳᠦᠮᠵᠢ ᠶᠢ ᠮᠦᠷᠳᠡᠵᠦ᠂ ᠪᠤᠳᠠᠳᠠᠢ ᠱᠠᠭᠠᠷᠳᠠᠯᠭ᠎ᠠ ᠪᠠᠨ ᠦᠨᠳᠦᠰᠦᠯᠡᠵᠦ ᠵᠠᠰᠠᠭ ᠵᠠᠬᠢᠷᠭᠠᠨ ᠤ ᠴᠢᠬᠤᠯᠠ ᠶᠡᠭᠡ ᠰᠶᠢᠳᠪᠦᠷᠢᠳᠤ ᠪᠤᠳᠤᠯᠭ᠎ᠠ ᠲᠤᠨᠨᠳᠠᠭᠠᠨᠨᠰᠠᠨ ᠤ ᠲᠠᠷᠠᠭᠠᠬᠢ ᠪᠠᠶᠢᠳᠠᠯ ᠢ ᠦᠨᠡᠯᠡᠨ ᠵᠢᠱᠢᠨ᠎ᠠ᠃ ᠵᠠᠰᠠᠭ ᠵᠠᠬᠢᠷᠭᠠᠨ ᠤ ᠴᠢᠬᠤᠯᠠ ᠶᠡᠭᠡ ᠰᠶᠢᠳᠪᠦᠷᠢᠳᠤ ᠪᠤᠳᠤᠯᠭ᠎ᠠ ᠳᠤ ᠨᠠᠰᠤᠨ ᠲᠤᠷᠰᠢᠳᠠ ᠶᠢᠨ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠪᠠ ᠬᠠᠷᠢᠭᠤᠴᠠᠯᠭ᠎ᠠ ᠶᠢ ᠬᠡᠳᠡᠷᠬᠦ ᠪᠠᠶᠢᠴᠠᠭᠠᠬᠤ ᠲᠤᠨᠨᠳᠠᠴᠠ ᠶᠢ ᠨᠠᠶᠢᠳᠠᠪᠤᠷᠢᠵᠢᠭᠤᠯᠵᠦ᠂ ᠰᠶᠢᠳᠪᠦᠷᠢᠳᠤ ᠪᠤᠳᠤᠯᠭ᠎ᠠ ᠲᠤᠨᠨᠳᠠᠭᠠᠬᠤ ᠡᠷᠬᠡ ᠪᠠ ᠰᠶᠢᠳᠪᠦᠷᠢᠳᠤ ᠪᠤᠳᠤᠯᠭ᠎ᠠ ᠶᠢᠨ ᠬᠠᠷᠢᠭᠤᠴᠠᠯᠭ᠎ᠠ ᠶᠢ ᠨᠢᠬᠡᠳᠦᠬᠦᠯᠦᠨ᠎ᠠ᠃
     ︵ᠠᠷᠪᠠᠨ ᠬᠤᠶᠠᠷ︶ ᠵᠠᠰᠠᠭ ᠵᠠᠬᠢᠷᠭᠠᠨ ᠤ ᠴᠢᠬᠤᠯᠠ ᠶᠡᠭᠡ ᠰᠶᠢᠳᠪᠦᠷᠢᠳᠤ ᠪᠤᠳᠤᠯᠭ᠎ᠠ ᠲᠤᠨᠨᠳᠠᠭᠠᠬᠤ ᠲᠤᠨᠨᠳᠠᠴᠠ ᠶᠢ ᠪᠦᠷᠢᠨᠰᠢᠬᠦᠯᠦᠨ᠎ᠠ᠃
     34. ᠵᠠᠰᠠᠭ ᠤᠨ ᠤᠷᠳᠤᠨ ᠤ ᠬᠠᠤᠯᠢ ᠴᠠᠭᠠᠵᠠ ᠶᠢᠨ ᠵᠦᠪᠯᠡᠭᠴᠢ ᠶᠢᠨ ᠲᠦᠷᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠵᠠᠰᠠᠭ ᠤᠨ ᠤᠷᠳᠤᠨ ᠤ ᠬᠠᠤᠯᠢ ᠴᠠᠭᠠᠵᠠ ᠶᠢᠨ ᠲᠤᠰᠬᠠᠢ ᠮᠡᠷᠬᠡᠵᠢᠯᠳᠡᠨ ᠤ ᠭᠦᠮᠦᠷᠬᠡ ᠶᠢ ᠪᠦᠷᠢᠨ ᠲᠡᠭᠦᠯᠳᠡᠷᠵᠢᠬᠦᠯᠵᠦ᠂ ᠨᠦᠭᠦᠴᠡᠯ ᠲᠠᠢ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠨᠢ ᠪᠠᠰᠠ ᠬᠠᠤᠯᠢ ᠴᠠᠭᠠᠵᠠ ᠶᠢᠨ ᠭᠦᠮᠦᠷᠬᠡ ᠪᠠᠶᠢᠭᠤᠯᠵᠦ ᠪᠤᠯᠤᠨ᠎ᠠ᠃ ᠬᠠᠮᠳᠤ ᠪᠠᠷ ᠭᠦᠷᠳᠡᠬᠦ ᠲᠤᠨᠨᠳᠠᠴᠠ ᠶᠢ ᠪᠠᠶᠢᠭᠤᠯᠵᠦ᠂ ᠵᠠᠰᠠᠭ ᠤᠨ ᠤᠷᠳᠤᠨ ᠤ ᠨᠡᠯᠢᠶᠡᠳ ᠦᠨᠳᠦᠷ ᠲᠡᠰ ᠱᠠᠳᠤ ᠶᠢᠨ ᠬᠠᠤᠯᠢ ᠴᠠᠭᠠᠵᠠ ᠶᠢᠨ ᠵᠦᠪᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠬᠠᠤᠯᠢ ᠴᠠᠭᠠᠵᠠ ᠶᠢᠨ ᠠᠵᠢᠯ ᠮᠡᠷᠬᠡᠵᠢᠯ ᠤᠨ ᠠᠵᠢᠯ ᠬᠢᠭᠰᠡᠳ ᠤᠨ ᠬᠤᠭᠤᠷᠤᠨᠳᠤᠬᠢ ᠵᠢᠴᠢ ᠪᠤᠰᠤᠳ ᠰᠠᠯᠠᠭ᠎ᠠ ᠮᠦᠴᠢᠷ ᠤᠨ ᠬᠤᠭᠤᠷᠤᠨᠳᠤᠬᠢ ᠰᠠᠶᠢᠨ ᠢᠶᠠᠷ ᠰᠢᠯᠵᠢᠭᠦᠯᠬᠦ ᠪᠠ ᠴᠢᠳᠠᠪᠤᠷᠢᠳᠠᠨ ᠤᠷᠤᠭᠤᠯᠬᠤ ᠴᠢᠯᠦᠬᠡᠳᠡᠢ ᠲᠤᠨᠨᠳᠠᠴᠠ ᠶᠢ ᠪᠠᠶᠢᠭᠤᠯᠤᠨ᠎ᠠ᠃
     35. ᠵᠠᠰᠠᠭ ᠵᠠᠬᠢᠷᠭᠠᠨ ᠤ ᠴᠢᠬᠤᠯᠠ ᠶᠡᠭᠡ ᠰᠶᠢᠳᠪᠦᠷᠢᠳᠦ ᠪᠤᠳᠤᠯᠭ᠎ᠠ ᠶᠢᠨ ᠭᠠᠷᠴᠠᠭ ᠤᠨ ᠬᠠᠮᠢᠶᠠᠷᠤᠯᠳᠠ᠂ ᠡᠪᠬᠡᠮᠡᠯᠯᠡᠵᠦ ᠲᠠᠩᠰᠠᠯᠠᠨ ᠬᠠᠳᠠᠭᠠᠯᠠᠬᠤ ᠲᠦᠷᠢᠮ ᠢ ᠬᠡᠷᠡᠭᠵᠢᠬᠦᠯᠦᠨ᠎ᠠ᠃ ᠵᠠᠰᠠᠭ ᠵᠠᠬᠢᠷᠭᠠᠨ ᠤ ᠴᠢᠬᠤᠯᠠ ᠶᠡᠭᠡ ᠰᠶᠢᠳᠪᠦᠷᠢᠳᠦ ᠪᠤᠳᠤᠯᠭ᠎ᠠ ᠲᠤᠨᠨᠳᠠᠭᠠᠬᠤ ᠬᠠᠤᠯᠢ ᠶᠤᠰᠤᠨ ᠤ ᠴᠢᠨᠠᠷ ᠢ ᠬᠢᠨᠠᠨ ᠪᠠᠶᠢᠴᠠᠭᠠᠬᠤ ᠠᠵᠢᠯ ᠤᠨ ᠨᠠᠷᠢᠨ ᠲᠦᠷᠢᠮ ᠢ ᠲᠤᠨᠨᠳᠠᠭᠠᠨ᠎ᠠ᠃ ᠵᠠᠰᠠᠭ ᠵᠠᠬᠢᠷᠭᠠᠨ ᠤ ᠴᠢᠬᠤᠯᠠ ᠶᠡᠭᠡ ᠰᠶᠢᠳᠪᠦᠷᠢᠳᠦ ᠪᠤᠳᠤᠯᠭ᠎ᠠ ᠲᠤᠨᠨᠳᠠᠭᠠᠬᠤ ᠵᠦᠢᠯᠡᠰ ᠢ ᠲᠤᠷᠠᠳᠴᠤ᠂ ᠲᠤᠨᠨᠳᠠᠭᠠᠬᠤ᠂ ᠲᠤᠬᠢᠷᠠᠭᠤᠯᠬᠤ᠂ ᠨᠡᠶᠢᠳᠡᠯᠡᠬᠦ᠂ ᠪᠦᠷᠢᠳᠬᠡᠨ ᠲᠠᠩᠰᠠᠯᠠᠬᠤ ᠶᠢ ᠵᠢᠷᠤᠮᠵᠢᠭᠤᠯᠤᠨ᠎ᠠ᠃
     ᠲᠦᠷᠪᠡ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠶᠢ ᠴᠢᠩᠭ᠎ᠠ ᠵᠢᠷᠤᠮᠵᠢᠯ ᠲᠠᠢ ᠲᠦᠪ ᠭᠤᠤᠯᠴᠢ ᠪᠤᠯᠪᠠᠰᠤᠨ ᠪᠠᠶᠢᠯᠭᠠᠬᠤ ᠬᠡᠷᠡᠭᠳᠡᠢ
     ︵ᠠᠷᠪᠠᠨ ᠭᠤᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠲᠤᠨᠨᠳᠠᠴᠠ ᠶᠢ ᠦᠬᠡᠷᠡᠴᠢᠯᠡᠨ᠎ᠠ᠃
     36. ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠦᠯᠳᠡ ᠶᠢ ᠠᠬᠢᠭᠤᠯᠤᠨ᠎ᠠ᠃ ᠦᠨᠳᠦᠰᠦᠨ ᠱᠠᠳᠤᠨ ᠤ ᠬᠠᠤᠯᠢ ᠬᠡᠷᠡᠭᠵᠢᠬᠦᠯᠦᠯᠳᠡ ᠶᠢ ᠵᠢᠷᠤᠮᠵᠢᠭᠤᠯᠵᠦ ᠪᠠᠶᠢᠭᠤᠯᠬᠤ ᠶᠢ ᠶᠡᠬᠡᠪᠡᠷ ᠠᠬᠢᠭᠤᠯᠵᠦ᠂ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠤ ᠬᠤᠶᠠᠷ ᠱᠠᠳᠤᠨ ᠤ ᠵᠠᠰᠠᠭ ᠤᠨ ᠤᠷᠳᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠶᠢᠨ ᠬᠠᠮᠢᠶᠠᠷᠤᠯᠳᠠ ᠶᠢᠨ ᠲᠦᠷᠢᠮ ᠢ ᠲᠡᠭᠦᠯᠳᠡᠷᠵᠢᠬᠦᠯᠦᠨ᠎ᠠ᠃ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠪᠠᠶᠢᠭᠤᠯᠤᠯ ᠢ ᠦᠬᠡᠷᠡᠴᠢᠯᠡᠬᠦ ᠲᠤᠷᠰᠢᠯᠳᠠ ᠶᠢ ᠦᠷᠭᠦᠯᠵᠢᠯᠡᠨ ᠦᠷᠨᠢᠬᠦᠯᠵᠦ᠂ ᠰᠠᠯᠠᠭ᠎ᠠ ᠮᠦᠴᠢᠷ ᠤᠨ ᠲᠤᠳᠤᠭᠠᠳᠤ ᠶᠢᠨ ᠬᠠᠤᠯᠢ ᠬᠡᠷᠡᠭᠵᠢᠬᠦᠯᠬᠦ ᠪᠠᠶᠢᠭᠤᠯᠤᠮᠵᠢ ᠪᠠ ᠡᠭᠦᠷᠬᠡ ᠴᠢᠳᠠᠪᠤᠷᠢ ᠶᠢ ᠡᠮᠬᠢᠯᠡᠨ ᠨᠡᠶᠢᠯᠡᠬᠦᠯᠵᠦ᠂ ᠬᠤᠳᠠ ᠶᠢᠨ ᠬᠠᠮᠢᠶᠠᠷᠤᠯᠳᠠ᠂ ᠵᠠᠬ᠎ᠠ ᠲᠡᠯᠬᠡᠭᠦᠷ ᠤᠨ ᠬᠢᠨᠠᠯᠳᠠ ᠬᠠᠮᠢᠶᠠᠷᠤᠯᠳᠠ᠂ ᠵᠠᠮ ᠬᠠᠷᠢᠯᠴᠠᠭ᠎ᠠ ᠲᠡᠬᠡᠬᠡᠪᠦᠷᠢ ᠵᠡᠷᠬᠡ ᠭᠦᠷᠢᠶ᠎ᠡ ᠴᠠᠷᠠᠭ᠎ᠠ ᠳᠤ ᠰᠠᠯᠠᠭ᠎ᠠ ᠮᠦᠴᠢᠷ ᠠᠯᠤᠰᠯᠠᠵᠦ ᠶᠡᠷᠦᠩᠬᠡᠶᠢᠯᠡᠭᠰᠠᠨ ᠬᠠᠤᠯᠢ ᠬᠡᠷᠡᠭᠵᠢᠬᠦᠯᠬᠦ ᠶᠢ ᠢᠳᠡᠪᠬᠢᠳᠡᠢ ᠰᠦᠪᠡᠭᠴᠢᠯᠡᠨ᠂ ᠤᠷᠤᠨ ᠪᠦᠰᠡ ᠶᠢᠨ ᠶᠡᠷᠦᠩᠬᠡᠶᠢᠯᠡᠭᠰᠠᠨ ᠬᠠᠤᠯᠢ ᠬᠡᠷᠡᠭᠵᠢᠬᠦᠯᠬᠦ ᠶᠢ ᠵᠦᠢ ᠵᠤᠬᠢᠰᠳᠠᠢ ᠠᠬᠢᠭᠤᠯᠵᠦ᠂ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠤ ᠵᠠᠰᠠᠭ ᠤᠨ ᠤᠷᠳᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠡᠩᠨᠡᠭᠡ ᠶᠢᠨ ᠲᠦᠷᠦᠯ ᠢ ᠶᠡᠭᠡ ᠬᠡᠮᠵᠢᠶ᠎ᠡ ᠪᠠᠷ ᠪᠠᠭᠠᠰᠬᠠᠨ᠎ᠠ᠃
     37. ᠬᠤᠳᠠ ᠶᠢᠨ ᠬᠠᠮᠢᠶᠠᠷᠤᠯᠳᠠ ᠶᠢᠨ ᠬᠠᠤᠯᠢ ᠬᠡᠷᠡᠭᠵᠢᠬᠦᠯᠬᠦ ᠦᠬᠡᠷᠡᠴᠢᠯᠡᠯᠳᠡ ᠶᠢ ᠶᠡᠬᠡᠪᠡᠷ ᠠᠬᠢᠭᠤᠯᠤᠨ᠎ᠠ᠃ ᠬᠤᠳᠠ ᠶᠢᠨ ᠬᠠᠮᠢᠶᠠᠷᠤᠯᠳᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠪᠠᠶᠢᠭᠤᠯᠤᠮᠵᠢ ᠪᠠ ᠡᠩᠨᠡᠬᠡᠨ ᠤ ᠪᠠᠶᠢᠭᠤᠯᠤᠯᠳᠠ ᠶᠢ ᠴᠢᠩᠭᠠᠳᠬᠠᠵᠦ᠂ ᠬᠤᠳᠠ ᠶᠢᠨ ᠬᠠᠮᠢᠶᠠᠷᠤᠯᠳᠠ ᠶᠢᠨ ᠬᠠᠤᠯᠢ ᠬᠡᠷᠡᠭᠵᠢᠬᠦᠯᠬᠦ ᠲᠦᠭᠦᠷ ᠲᠦᠷᠢᠮ ᠤᠨ ᠪᠠᠶᠢᠭᠤᠯᠤᠯᠳᠠ ᠶᠢ ᠴᠢᠩᠭᠠᠳᠬᠠᠨ᠂ ᠬᠤᠳᠠ ᠶᠢᠨ ᠬᠠᠮᠢᠶᠠᠷᠤᠯᠳᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠲᠤᠷᠰᠢᠯᠳᠠ ᠶᠢᠨ ᠠᠵᠢᠯ ᠤᠨ ᠲᠦᠰᠦᠯ ᠢ ᠬᠢᠨᠠᠨ ᠵᠦᠪᠰᠢᠶᠡᠷᠡᠬᠦ ᠡᠷᠬᠡ ᠶᠢ ᠡᠯ᠎ᠡ ᠠᠶᠢᠮᠠᠭ ᠬᠤᠳᠠ ᠭᠦᠷᠳᠡᠯ᠎ᠡ ᠪᠠᠭᠤᠯᠭᠠᠵᠦ᠂ ᠵᠦᠪᠰᠢᠶᠡᠷᠡᠭᠰᠡᠨ ᠤ ᠲᠠᠷᠠᠭᠠᠬᠢ ᠲᠦᠰᠦᠯ ᠢ ᠦᠪᠡᠷᠳᠡᠬᠡᠨ ᠵᠠᠰᠠᠬᠤ ᠤᠷᠤᠨ ᠤ ᠤᠷᠤᠨ ᠲᠤᠭ᠎ᠠ ᠶᠢᠨ ᠠᠯᠪᠠᠨ ᠬᠡᠷ ᠪᠠ ᠬᠠᠤᠯᠢ ᠲᠦᠷᠢᠮ ᠤᠨ ᠠᠯᠪᠠᠨ ᠬᠡᠷ ᠲᠤ ᠪᠦᠷᠢᠳᠬᠡᠨ ᠲᠠᠩᠰᠠᠯᠠᠭᠤᠯᠤᠨ᠎ᠠ᠃
     38. ᠬᠠᠤᠯᠢ ᠬᠡᠷᠡᠭᠵᠢᠬᠦᠯᠬᠦ ᠭᠤᠤᠯᠳᠠᠯᠭ᠎ᠠ ᠪᠠ ᠭᠦᠴᠦᠨ ᠢ ᠵᠡᠷᠬᠡᠪᠡᠷ ᠲᠤᠷᠤᠨᠨᠰᠢ ᠰᠢᠯᠵᠢᠬᠦᠯᠦᠨ᠎ᠠ᠃ ᠬᠠᠤᠯᠢ ᠬᠡᠷᠡᠭᠵᠢᠬᠦᠯᠬᠦ ᠭᠤᠤᠯᠳᠠᠯᠭ᠎ᠠ ᠶᠢ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠤ ᠬᠤᠶᠠᠷ ᠱᠠᠳᠤᠨ ᠤ ᠵᠠᠰᠠᠭ ᠤᠨ ᠤᠷᠳᠤᠨ ᠤᠷᠤᠭᠤ ᠰᠢᠯᠵᠢᠬᠦᠯᠬᠦ ᠶᠢ ᠠᠬᠢᠭᠤᠯᠵᠦ᠂ ᠦᠪᠡᠷᠳᠡᠬᠡᠨ ᠵᠠᠰᠠᠬᠤ ᠤᠷᠤᠨ ᠤ ᠲᠡᠰ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠰᠠᠯᠠᠭ᠎ᠠ ᠮᠦᠴᠢᠷ ᠨᠢ ᠭᠤᠤᠯᠳᠠᠭᠤ ᠲᠦᠷᠦ ᠶᠢᠨ ᠪᠤᠳᠤᠯᠭ᠎ᠠ ᠰᠤᠳᠤᠯᠬᠤ᠂ ᠬᠢᠨᠠᠯᠳᠠ ᠲᠠᠯᠪᠢᠵᠦ ᠵᠢᠯᠤᠭᠤᠳᠬᠤ᠂ ᠵᠤᠬᠢᠶᠠᠨ ᠪᠠᠶᠢᠭᠤᠯᠵᠦ ᠵᠤᠬᠢᠴᠠᠭᠤᠯᠬᠤ ᠵᠢᠴᠢ ᠤᠷᠤᠨ ᠪᠦᠰᠡ ᠠᠯᠤᠰᠯᠬᠠᠰᠠᠨ ᠪᠠ ᠬᠦᠨᠳᠦ ᠬᠡᠴᠡᠭᠦᠦ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠪᠠᠷ ᠭᠤᠤᠯᠴᠢᠯᠠᠵᠦ᠂ ᠬᠠᠤᠯᠢ ᠬᠡᠷᠡᠭᠵᠢᠬᠦᠯᠬᠦ ᠪᠤᠳᠠᠳᠠᠢ ᠡᠷᠬᠡ ᠲᠤᠰᠢᠶᠠᠯ ᠢ ᠭᠤᠤᠯᠳᠠᠭᠤ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠤ ᠵᠠᠰᠠᠭ ᠵᠠᠬᠢᠷᠭᠠᠨ ᠤ ᠪᠠᠶᠢᠭᠤᠯᠭ᠎ᠠ ᠪᠠᠷ ᠲᠠᠭᠠᠭᠠᠨ ᠡᠭᠦᠷᠬᠡᠯᠡᠬᠦᠯᠦᠨ᠎ᠠ᠃
     39. ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠪᠠ ᠡᠷᠡᠬᠦᠦ ᠶᠢᠨ ᠬᠡᠷᠡᠭ ᠤᠨ ᠬᠠᠤᠯᠢ ᠶᠢᠨ ᠵᠤᠯᠭᠠᠭᠤᠯᠬᠤ ᠲᠤᠨᠨᠳᠠᠴᠠ ᠶᠢ ᠪᠦᠷᠢᠨᠰᠢᠬᠦᠯᠦᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠪᠠᠶᠢᠭᠤᠯᠭ᠎ᠠ᠂ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ᠂ ᠰᠢᠬᠦᠨ ᠲᠠᠰᠤᠯᠬᠤ ᠪᠠᠶᠢᠭᠤᠯᠭ᠎ᠠ ᠶᠢᠨ ᠮᠡᠳᠡᠭᠡ ᠵᠠᠩᠬᠢ ᠶᠢ ᠬᠠᠮᠳᠤ ᠪᠠᠷ ᠭᠦᠷᠳᠡᠬᠦ᠂ ᠬᠡᠷᠡᠭ ᠤᠨ ᠪᠠᠶᠢᠳᠠᠯ ᠢ ᠮᠡᠳᠡᠬᠡᠯᠡᠬᠦ᠂ ᠬᠡᠷᠡᠭ ᠢ ᠰᠢᠯᠵᠢᠬᠦᠯᠦᠨ ᠭᠦᠷᠬᠡᠬᠦ ᠲᠦᠷᠢᠮ ᠢ ᠪᠠᠶᠢᠭᠤᠯᠵᠦ ᠪᠦᠷᠢᠨᠰᠢᠬᠦᠯᠦᠨ᠎ᠠ᠃

     ︵ᠠᠷᠪᠠᠨ ᠲᠦᠷᠪᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠭᠤᠤᠯ ᠴᠤᠨᠨᠴᠠ ᠶᠢᠨ ᠬᠢᠷᠢ ᠬᠡᠮ ᠤᠨ ᠲᠦᠷᠢᠮ ᠢ ᠲᠡᠭᠦᠯᠳᠡᠷᠵᠢᠬᠦᠯᠦᠨ᠎ᠠ᠃
     40. ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠭᠤᠤᠯ ᠴᠤᠨᠨᠴᠠ ᠶᠢᠨ ᠬᠢᠷᠢ ᠬᠡᠮ ᠤᠨ ᠲᠦᠷᠢᠮ ᠢ ᠬᠡᠷᠡᠭᠵᠢᠬᠦᠯᠦᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠭᠤᠤᠯ ᠴᠤᠨᠨᠴᠠ ᠵᠢᠴᠢ ᠲᠡᠳᠡᠬᠡᠷ ᠤᠨ ᠡᠷᠬᠡ ᠲᠤᠰᠢᠶᠠᠯ ᠢ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠢᠶᠠᠷ ᠬᠠᠤᠯᠢ ᠶᠤᠰᠤᠭᠠᠷ ᠨᠤᠲᠠᠯᠠᠭᠤᠯᠬᠤ ᠶᠢᠨ ᠬᠠᠮᠳᠤ ᠨᠡᠶᠢᠬᠡᠮ ᠳᠤ ᠵᠠᠷᠯᠠᠨ ᠨᠡᠶᠢᠳᠡᠯᠡᠨ᠎ᠠ᠃ ᠬᠠᠤᠯᠢ ᠳᠤ ᠲᠤᠨᠨᠳ᠋ᠬᠠᠰᠠᠨ ᠨᠦᠭᠦᠴᠡᠯ᠂ ᠬᠠᠤᠯᠢ ᠳᠤ ᠲᠤᠨᠨᠳ᠋ᠬᠠᠰᠠᠨ ᠲᠡᠰ ᠲᠠᠷᠠᠭᠠᠯᠠᠯ ᠪᠠ ᠬᠠᠤᠯᠢ ᠳᠤ ᠲᠤᠨᠨᠳ᠋ᠬᠠᠰᠠᠨ ᠠᠷᠭ᠎ᠠ ᠮᠠᠶ᠋ᠢᠭ ᠶᠤᠰᠤᠭᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠨᠠᠶᠢᠳᠠᠯᠭ᠎ᠠ ᠶᠢᠨ ᠵᠦᠢᠯᠡᠰ ᠢ ᠴᠢᠩᠳᠠᠯᠠᠨ ᠭᠦᠢᠴᠡᠳᠬᠡᠨ᠎ᠠ᠃
     41. ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠵᠢᠯᠳᠠᠨ ᠤ ᠬᠢᠷᠢ ᠬᠡᠮ ᠤᠨ ᠬᠠᠮᠢᠶᠠᠷᠤᠯᠳᠠ ᠶᠢ ᠴᠢᠩᠳᠠᠯᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠵᠢᠯᠳᠠᠨ ᠤ ᠦᠨᠡᠮᠯᠡᠯ ᠢᠶᠠᠷ ᠠᠵᠢᠯ ᠤᠨ ᠪᠠᠶᠢᠷᠢ ᠳᠤ ᠭᠠᠷᠬᠤ ᠪᠠ ᠬᠢᠷᠢ ᠬᠡᠮ ᠤᠨ ᠬᠠᠮᠢᠶᠠᠷᠤᠯᠳᠠ ᠶᠢᠨ ᠲᠦᠷᠢᠮ ᠢ ᠴᠢᠩᠳᠠᠯᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠵᠢᠯᠳᠠᠨ ᠢ ᠪᠦᠭᠦ ᠲᠠᠯ᠎ᠠ ᠪᠠᠷ ᠴᠡᠭᠴᠡᠯᠡᠨ ᠵᠢᠷᠤᠮᠵᠢᠭᠤᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠵᠢᠯᠳᠠᠨ ᠪᠦᠭᠦᠨ ᠬᠠᠤᠯᠢ ᠬᠡᠷᠡᠭᠵᠢᠬᠦᠯᠬᠦ ᠬᠢᠷᠢ ᠬᠡᠮ ᠢ ᠪᠦᠷᠢᠯᠳᠦᠬᠦᠯᠬᠦ ᠬᠡᠷᠡᠭᠳᠡᠢ᠃ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠵᠢᠯᠳᠠᠳ ᠲᠤ ᠶᠡᠷᠦ ᠶᠢᠨ ᠰᠢᠯᠭᠠᠨ ᠬᠢᠨᠠᠬᠤ ᠲᠦᠷᠢᠮ ᠢ ᠶᠠᠪᠤᠨᠨᠳᠠᠭᠤᠯᠤᠨ᠎ᠠ᠃
     42. ᠬᠠᠤᠯᠢ ᠬᠡᠷᠡᠭᠵᠢᠬᠦᠯᠬᠦ ᠶᠢᠨ ᠲᠤᠰᠠᠯᠠᠬᠤ ᠠᠵᠢᠯᠳᠠᠨ ᠤ ᠬᠠᠮᠢᠶᠠᠷᠤᠯᠳᠠ ᠶᠢ ᠵᠢᠷᠤᠮᠵᠢᠭᠤᠯᠤᠨ᠎ᠠ᠃ ᠤᠯᠤᠰ ᠪᠠ ᠦᠪᠡᠷᠳᠡᠬᠡᠨ ᠵᠠᠰᠠᠬᠤ ᠤᠷᠤᠨ ᠤ ᠬᠤᠯᠪᠤᠨᠨᠳᠠᠯ ᠪᠦᠭᠦᠢ ᠲᠤᠨᠨᠳᠠᠭᠠᠯ ᠶᠤᠰᠤᠭᠠᠷ᠂ ᠬᠠᠤᠯᠢ ᠬᠡᠷᠡᠭᠵᠢᠬᠦᠯᠬᠦ ᠶᠢᠨ ᠲᠤᠰᠠᠯᠠᠬᠤ ᠠᠵᠢᠯᠳᠠᠨ ᠤ ᠬᠠᠮᠢᠶᠠᠷᠤᠯᠳᠠ ᠶᠢ ᠵᠢᠷᠤᠮᠵᠢᠭᠤᠯᠵᠦ᠂ ᠲᠡᠳᠡᠨ ᠤ ᠲᠤᠬᠢᠷᠠᠬᠤ ᠠᠵᠢᠯ ᠤᠨ ᠪᠠᠶᠢᠷᠢ᠂ ᠪᠡᠶ᠎ᠡ ᠭᠠᠷᠤᠯ ᠤᠨ ᠰᠢᠨᠵᠢ ᠴᠢᠨᠠᠷ᠂ ᠡᠭᠦᠷᠬᠡ ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ᠂ ᠡᠷᠬᠡ ᠠᠰᠢᠭ ᠡᠭᠦᠷᠬᠡ᠂ ᠤᠷᠢᠵᠦ ᠬᠡᠷᠡᠭᠯᠡᠬᠦ ᠨᠦᠭᠦᠴᠡᠯ ᠪᠠ ᠲᠡᠰ ᠲᠠᠷᠠᠭᠠᠯᠠᠯ ᠵᠡᠷᠬᠡ ᠶᠢ ᠲᠤᠳᠤᠷᠬᠠᠶᠢᠯᠠᠨ᠎ᠠ᠃
     ︵ᠠᠷᠪᠠᠨ ᠲᠠᠪᠤ︶ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠵᠢᠯᠯᠠᠭ᠎ᠠ ᠶᠢ ᠬᠠᠤᠯᠢ ᠶᠤᠰᠤᠨ ᠤ

ᠪᠤᠯᠭᠠᠨ᠎ᠠ᠃
     43. ᠵᠠᠰᠠᠭ ᠵᠠᠬᠢᠷᠭᠠᠨ ᠤ ᠲᠠᠰᠤᠯᠤᠯᠳᠠ ᠶᠢᠨ ᠡᠷᠬᠡ ᠶᠢᠨ ᠰᠠᠭᠤᠷᠢ ᠪᠠᠷᠢᠮᠵᠢᠶᠠᠳᠤ ᠲᠦᠷᠢᠮ ᠢ ᠴᠢᠩᠭ᠎ᠠ ᠬᠡᠷᠡᠭᠵᠢᠬᠦᠯᠦᠨ᠎ᠠ᠃ ᠵᠠᠰᠠᠭ ᠵᠠᠬᠢᠷᠭᠠᠨ ᠤ ᠲᠠᠰᠤᠯᠤᠯᠳᠠ ᠶᠢᠨ ᠡᠷᠬᠡ ᠶᠢ ᠬᠠᠤᠯᠢ ᠶᠤᠰᠤᠭᠠᠷ ᠵᠢᠷᠤᠮᠵᠢᠭᠤᠯᠵᠦ᠂ ᠲᠠᠰᠤᠯᠤᠯᠳᠠ ᠶᠢᠨ ᠪᠠᠷᠢᠮᠵᠢᠶ᠎ᠠ ᠶᠢ ᠨᠠᠷᠢᠯᠢᠨᠨᠵᠢᠭᠤᠯᠤᠨ ᠬᠡᠮᠵᠢᠶᠡᠵᠢᠬᠦᠯᠵᠦ᠂ ᠲᠠᠰᠤᠯᠤᠯᠳᠠ ᠶᠢᠨ ᠬᠡᠪᠴᠢᠶ᠎ᠡ᠂ ᠲᠦᠷᠦᠯ ᠵᠦᠢᠯ᠂ ᠦᠷᠭᠡᠴᠡ ᠶᠢᠨ ᠬᠡᠮᠵᠢᠶ᠎ᠡ ᠶᠢ ᠵᠢᠷᠤᠮᠵᠢᠭᠤᠯᠤᠨ᠂ ᠮᠡᠳᠡᠭᠳᠡᠬᠦ ᠪᠢᠴᠢᠭ ᠪᠠ ᠰᠶᠢᠳᠪᠦᠷᠢ ᠶᠢᠨ ᠪᠢᠴᠢᠭ ᠲᠤ ᠴᠢᠯᠦᠬᠡᠳᠦ ᠲᠠᠰᠤᠯᠤᠯᠳᠠ ᠶᠢᠨ ᠰᠠᠭᠤᠷᠢ ᠪᠠᠷᠢᠮᠵᠢᠶᠠᠳᠤ ᠵᠦᠢᠯ ᠵᠤᠷᠪᠤᠰ ᠢ ᠡᠰᠢᠯᠡᠬᠦ ᠶᠢᠨ ᠬᠠᠮᠳᠤ ᠲᠤᠬᠢᠷᠠᠬᠤ ᠰᠢᠯᠳᠠᠭᠠᠨ ᠢ ᠨᠢ ᠲᠤᠳᠤᠷᠬᠠᠶᠢᠯᠠᠨ᠎ᠠ᠃ ᠵᠠᠰᠠᠭ ᠵᠠᠬᠢᠷᠭᠠᠨ ᠤ ᠲᠠᠰᠤᠯᠤᠯᠳᠠ ᠶᠢᠨ ᠡᠷᠬᠡ ᠶᠢ ᠲᠤᠨᠨᠳᠠᠮᠠᠯ ᠬᠤᠭᠤᠴᠠᠭ᠎ᠠ ᠲᠠᠢ ᠰᠢᠨᠡᠳᠬᠡᠬᠦ ᠪᠠ ᠨᠡᠶᠢᠳᠡᠯᠡᠬᠦ ᠲᠦᠷᠢᠮ ᠢ ᠪᠠᠶᠢᠭᠤᠯᠤᠨ᠎ᠠ᠃
     44. ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠶᠢᠨ ᠪᠦᠭᠦ ᠶᠠᠪᠤᠴᠠ ᠳᠤ ᠲᠡᠮᠳᠡᠭᠯᠡᠬᠦ ᠲᠦᠷᠢᠮ ᠢ ᠨᠠᠶᠢᠳᠠᠪᠤᠷᠢᠵᠢᠭᠤᠯᠤᠨ᠎ᠠ᠃ ᠬᠠᠤᠯᠢ ᠬᠡᠷᠡᠭᠵᠢᠬᠦᠯᠬᠦ ᠪᠦᠭᠦ ᠶᠠᠪᠤᠴᠠ ᠶᠢᠨ ᠲᠡᠮᠳᠡᠭᠯᠡᠬᠦ ᠲᠦᠷᠢᠮ ᠢ ᠠᠯᠬᠤᠮ ᠠᠯᠬᠤᠮ ᠢᠶᠠᠷ ᠪᠠᠶᠢᠭᠤᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠲᠡᠰ ᠲᠠᠷᠠᠭᠠᠯᠠᠯ ᠤᠨ ᠵᠢᠷᠤᠮᠵᠢᠯ ᠢ ᠲᠤᠨᠨᠳᠠᠭᠠᠨ᠂ ᠪᠤᠳᠠᠳᠠᠢ ᠠᠵᠢᠯᠯᠠᠭᠠᠨ ᠤ ᠴᠤᠪᠤᠷᠠᠯ ᠢ ᠲᠤᠳᠤᠷᠬᠠᠶᠢᠯᠠᠵᠦ᠂ ᠵᠠᠰᠠᠭ ᠵᠠᠬᠢᠷᠭᠠᠨ ᠤ ᠵᠦᠪᠰᠢᠶᠡᠷᠡᠯ᠂ ᠵᠠᠰᠠᠭ ᠵᠠᠬᠢᠷᠭᠠᠨ ᠤ ᠰᠢᠳᠬᠡᠯ ᠲᠤᠷᠭᠠᠭᠤᠯᠢ᠂ ᠵᠠᠰᠠᠭ ᠵᠠᠬᠢᠷᠭᠠᠨ ᠤ ᠠᠯᠪᠠᠳᠠᠯᠭ᠎ᠠ᠂ ᠵᠠᠰᠠᠭ ᠵᠠᠬᠢᠷᠭᠠᠨ ᠤ ᠲᠠᠳᠠᠪᠤᠷᠢ᠂ ᠵᠠᠰᠠᠭ ᠵᠠᠬᠢᠷᠭᠠᠨ ᠤ ᠬᠤᠷᠢᠶᠠᠬᠤ ᠰᠦᠢᠳᠬᠡᠯ᠂ ᠵᠠᠰᠠᠭ ᠵᠠᠬᠢᠷᠭᠠᠨ ᠤ ᠪᠠᠶᠢᠴᠠᠭᠠᠯᠳᠠ ᠵᠡᠷᠬᠡ ᠬᠠᠤᠯᠢ ᠬᠡᠷᠡᠭᠵᠢᠬᠦᠯᠬᠦ ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠵᠢᠷᠤᠮᠵᠢᠭᠤᠯᠤᠨ᠎ᠠ᠃
     45. ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠬᠠᠮᠢᠶ᠎ᠠ ᠪᠦᠭᠦᠢ ᠲᠤᠨᠨᠳᠠᠭᠠᠯ ᠢ ᠪᠦᠷᠢᠨᠰᠢᠬᠦᠯᠦᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠳᠤ ᠪᠠᠶᠢᠴᠠᠭᠠᠵᠦ ᠬᠡᠷᠡᠴᠢ ᠠᠪᠬᠤ ᠲᠦᠷᠢᠮ ᠢ ᠲᠡᠭᠦᠯᠳᠡᠷᠵᠢᠬᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠶᠢ ᠮᠡᠳᠡᠭᠳᠡᠬᠦ᠂ ᠬᠡᠷᠡᠴᠢᠯᠡᠭᠡ ᠰᠤᠨᠤᠰᠬᠤ᠂ ᠬᠠᠮᠳᠤ ᠪᠠᠷ ᠶᠠᠷᠢᠯᠴᠠᠬᠤ᠂ ᠲᠤᠷᠭᠠᠵᠦ ᠬᠤᠷᠢᠶᠬᠠᠰᠠᠨ ᠤᠷᠤᠯᠭ᠎ᠠ ᠶᠢ ᠬᠠᠮᠢᠶᠠᠷᠬᠤ ᠵᠡᠷᠬᠡ ᠲᠦᠷᠢᠮ ᠢ ᠲᠡᠭᠦᠯᠳᠡᠷᠵᠢᠬᠦᠯᠦᠨ᠎ᠠ᠃ ᠬᠠᠤᠯᠢ ᠬᠡᠷᠡᠭᠵᠢᠬᠦᠯᠦᠯᠳᠡ ᠶᠢᠨ ᠴᠢᠬᠤᠯᠠ ᠶᠡᠭᠡ ᠰᠶᠢᠳᠪᠦᠷᠢ ᠳᠤ ᠬᠠᠤᠯᠢ ᠲᠦᠷᠢᠮ ᠤᠨ ᠬᠢᠨᠠᠨ ᠬᠠᠷᠭᠤᠭᠤᠯᠬᠤ ᠲᠦᠷᠢᠮ ᠢ ᠴᠢᠩᠭ᠎ᠠ ᠬᠡᠷᠡᠭᠵᠢᠬᠦᠯᠵᠦ᠂ ᠬᠢᠨᠠᠨ ᠬᠠᠷᠭᠤᠭᠤᠯᠠᠬᠤ ᠶᠢ ᠳᠡᠮᠵᠢᠬᠰᠠᠨ ᠦᠬᠡᠢ ᠪᠤᠶᠤ ᠬᠢᠨᠠᠨ ᠬᠠᠷᠭᠤᠭᠤᠯᠤᠭᠠᠳ ᠵᠦᠪᠰᠢᠶᠡᠷᠡᠭᠳᠡᠭᠰᠡᠨ ᠦᠬᠡᠢ ᠪᠠᠶᠢᠪᠠᠯ ᠰᠶᠢᠳᠪᠦᠷᠢ ᠭᠠᠷᠭᠠᠵᠦ ᠪᠤᠯᠬᠤ ᠦᠬᠡᠢ᠃ ᠤᠨᠳᠤᠤ ᠭᠠᠵᠠᠷ ᠲᠤ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠶᠢᠨ ᠲᠤᠰᠠᠯᠠᠬᠤ ᠲᠦᠷᠢᠮ ᠢ ᠪᠠᠶᠢᠭᠤᠯᠤᠨ᠎ᠠ᠃
     ︵ᠠᠷᠪᠠᠨ ᠵᠢᠷᠭᠤᠭ᠎ᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠶᠢᠨ ᠬᠠᠷᠢᠭᠤᠴᠠᠯᠭ᠎ᠠ ᠶᠢᠨ ᠲᠦᠷᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃
     46. ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠶᠢᠨ ᠬᠠᠷᠢᠭᠤᠴᠠᠯᠭ᠎ᠠ ᠶᠢᠨ ᠲᠦᠷᠢᠮ ᠢ ᠲᠡᠭᠦᠯᠳᠡᠷᠵᠢᠬᠦᠯᠦᠨ᠎ᠠ᠃ ︽ᠡᠷᠬᠡ ᠪᠠ ᠬᠠᠷᠢᠭᠤᠴᠠᠯᠭ᠎ᠠ ᠶᠢᠨ ᠨᠠᠷᠢᠨ ᠬᠠᠭᠤᠳᠠᠰᠤ︾ ᠶᠤᠰᠤᠭᠠᠷ᠂ ᠠᠳᠠᠯᠢ ᠪᠤᠰᠤ ᠰᠠᠯᠠᠭ᠎ᠠ ᠮᠦᠴᠢᠷ ᠵᠢᠴᠢ ᠲᠤᠳᠤᠭᠠᠳᠤ ᠪᠠᠶᠢᠭᠤᠯᠤᠮᠵᠢ᠂ ᠬᠠᠤᠯᠢ ᠬᠡᠷᠡᠭᠵᠢᠬᠦᠯᠬᠦ ᠠᠵᠢᠯ ᠤᠨ ᠪᠠᠶᠢᠷᠢ᠂ ᠬᠠᠤᠯᠢ ᠬᠡᠷᠡᠭᠵᠢᠬᠦᠯᠬᠦ ᠠᠵᠢᠯᠳᠠᠨ ᠤ ᠬᠠᠤᠯᠢ ᠬᠡᠷᠡᠭᠵᠢᠬᠦᠯᠬᠦ ᠬᠠᠷᠢᠭᠤᠴᠠᠯᠭ᠎ᠠ ᠶᠢ ᠲᠤᠳᠤᠷᠬᠠᠶᠢᠯᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠳᠠᠬᠢ ᠬᠡᠷᠡᠭ ᠤᠨ ᠡᠪᠬᠡᠮᠡᠯ ᠢ ᠠᠳᠠᠯᠢᠳᠬᠠᠵᠦ ᠪᠠᠶᠢᠴᠠᠭᠠᠬᠤ ᠲᠦᠷᠢᠮ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠳᠠᠬᠢ ᠵᠦᠪᠳᠡᠯᠴᠡᠵᠦ ᠰᠢᠯᠭᠠᠨ ᠬᠢᠨᠠᠬᠤ ᠲᠦᠷᠢᠮ ᠢ ᠨᠠᠶᠢᠳᠠᠪᠤᠷᠢᠵᠢᠭᠤᠯᠤᠨ᠎ᠠ᠃ ᠬᠠᠤᠯᠢ ᠶᠤᠰᠤᠭᠠᠷ ᠵᠠᠰᠠᠭ ᠶᠠᠪᠤᠭᠤᠯᠬᠤ ᠶᠢᠨ ᠰᠢᠯᠭᠠᠨ ᠬᠢᠨᠠᠬᠤ ᠲᠤᠨᠨᠳᠠᠴᠠ ᠶᠢ ᠪᠦᠷᠢᠨᠰᠢᠬᠦᠯᠦᠨ ᠲᠡᠭᠦᠯᠳᠡᠷᠵᠢᠬᠦᠯᠦᠨ᠎ᠠ᠃
     47. ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠵᠦ ᠪᠠᠶᠢᠭ᠎ᠠ ᠪᠠᠶᠢᠳᠠᠯ ᠳᠤ ᠬᠢᠨᠠᠯᠳᠠ ᠲᠠᠯᠪᠢᠬᠤ ᠶᠢ ᠴᠢᠩᠭᠠᠳᠬᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠵᠦ ᠪᠠᠶᠢᠭ᠎ᠠ ᠪᠠᠶᠢᠳᠠᠯ ᠳᠤ ᠬᠢᠨᠠᠯᠳᠠ ᠲᠠᠯᠪᠢᠬᠤ ᠨᠢᠬᠡᠳᠦᠯᠳᠡᠢ ᠰᠦᠯᠵᠢᠶᠡᠨ ᠤ ᠲᠡᠪᠴᠡᠩ ᠢ ᠪᠠᠶᠢᠭᠤᠯᠵᠦ᠂ ᠵᠠᠭᠠᠯᠳᠤᠵᠦ ᠢᠯᠡᠴᠢᠯᠡᠨ ᠮᠡᠳᠡᠬᠦᠯᠬᠦ᠂ ᠪᠠᠶᠢᠳᠠᠯ ᠢ ᠮᠡᠳᠡᠬᠡᠯᠡᠬᠦ ᠵᠡᠷᠬᠡ ᠲᠦᠷᠢᠮ ᠢ ᠲᠡᠭᠦᠯᠳᠡᠷᠵᠢᠬᠦᠯᠦᠨ᠎ᠠ᠃ ᠵᠠᠰᠠᠭ ᠵᠠᠬᠢᠷᠭᠠᠨ ᠤ ᠴᠢᠬᠤᠯᠠ ᠶᠡᠭᠡ ᠰᠢᠳᠬᠡᠯ ᠲᠤᠷᠭᠠᠭᠤᠯᠢ ᠶᠢ ᠪᠦᠷᠢᠳᠬᠡᠨ ᠲᠠᠩᠰᠠᠯᠠᠬᠤ᠂ ᠬᠠᠤᠯᠢ ᠬᠡᠷᠡᠭᠵᠢᠬᠦᠯᠵᠦ ᠪᠠᠶᠢᠭ᠎ᠠ ᠪᠠᠶᠢᠳᠠᠯ ᠢ ᠪᠦᠷᠢᠳᠬᠡᠬᠦ᠂ ᠬᠠᠤᠯᠢ ᠬᠡᠷᠡᠭᠵᠢᠬᠦᠯᠵᠦ ᠪᠠᠶᠢᠭ᠎ᠠ ᠪᠠᠶᠢᠳᠠᠯ ᠢ ᠪᠠᠶᠢᠴᠠᠭᠠᠬᠤ᠂ ᠬᠠᠤᠯᠢ ᠬᠡᠷᠡᠭᠵᠢᠬᠦᠯᠦᠯᠳᠡ ᠳᠠᠬᠢ ᠬᠡᠷᠡᠭ ᠤᠨ ᠡᠪᠬᠡᠮᠡᠯ ᠢ ᠠᠳᠠᠯᠢᠳᠬᠠᠵᠦ ᠪᠠᠶᠢᠴᠠᠭᠠᠬᠤ ᠵᠡᠷᠬᠡ ᠲᠦᠷᠢᠮ ᠢ ᠴᠢᠩᠭ᠎ᠠ ᠬᠡᠷᠡᠭᠵᠢᠬᠦᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠶᠢᠨ ᠲᠠᠯ᠎ᠠ ᠪᠠᠷ ᠬᠢ ᠡᠳᠦᠷ ᠲᠤᠳᠤᠮ ᠤᠨ ᠬᠢᠨᠠᠯᠳᠠ ᠲᠠᠯᠪᠢᠯᠳᠠ ᠶᠢᠨ ᠠᠵᠢᠯ ᠢ ᠴᠢᠩᠭᠠᠳᠬᠠᠨ᠎ᠠ᠃
     ︵ᠠᠷᠪᠠᠨ ᠲᠤᠯᠤᠭ᠎ᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠵᠢᠯ ᠤᠨ ᠲᠤᠨᠨᠳᠠᠴᠠ ᠶᠢ ᠪᠦᠷᠢᠨᠰᠢᠬᠦᠯᠦᠨ᠎ᠠ᠃
     48. ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠶᠢᠨ ᠵᠠᠷᠯᠠᠨ ᠨᠡᠶᠢᠳᠡᠯᠡᠬᠦ ᠲᠦᠷᠢᠮ ᠢ ᠬᠡᠷᠡᠭᠵᠢᠬᠦᠯᠦᠨ᠎ᠠ᠃ ᠲᠤᠷᠰᠢᠯᠳᠠ ᠶᠢᠨ ᠴᠢᠬ ᠲᠤ ᠤᠷᠢᠳᠠᠪᠡᠷ ᠬᠡᠷᠡᠭᠵᠢᠬᠦᠯᠬᠦ ᠶᠢ ᠪᠠᠷᠢᠮᠳᠠᠯᠠᠵᠦ᠂ ᠮᠠᠨ ᠤ ᠤᠷᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠶᠢᠨ ᠵᠠᠷᠯᠠᠨ ᠨᠡᠶᠢᠳᠡᠯᠡᠬᠦ ᠲᠦᠷᠢᠮ ᠢ ᠶᠠᠪᠤᠬᠳᠠᠭᠤᠯᠬᠤ ᠶᠢᠨ ᠵᠢᠯᠤᠭᠤᠳᠬᠤ ᠰᠠᠨᠠᠯ ᠢ ᠲᠤᠨᠨᠳᠠᠭᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠶᠢᠨ ᠵᠠᠷᠯᠠᠨ ᠨᠡᠶᠢᠳᠡᠯᠡᠬᠦ ᠲᠦᠷᠢᠮ ᠢ ᠪᠦᠭᠦ ᠲᠠᠯ᠎ᠠ ᠪᠠᠷ ᠬᠡᠷᠡᠭᠵᠢᠬᠦᠯᠦᠨ᠎ᠠ᠃ ᠪᠦᠭᠦ ᠤᠷᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠶᠢᠨ ᠨᠢᠬᠡᠳᠦᠯᠳᠡᠢ ᠮᠡᠳᠡᠭᠡ ᠵᠠᠩᠬᠢ ᠶᠢᠨ ᠲᠡᠪᠴᠡᠩ ᠢ ᠪᠠᠶᠢᠭᠤᠯᠤᠨ᠎ᠠ᠃
     49. ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠳᠡ ᠶᠢᠨ ᠲᠠᠯ᠎ᠠ ᠪᠠᠷ ᠬᠢ ᠮᠠᠷᠭᠤᠭᠠᠨ ᠤ ᠵᠤᠬᠢᠴᠠᠭᠤᠯᠬᠤ ᠲᠤᠨᠨᠳᠠᠴᠠ ᠶᠢ ᠲᠡᠭᠦᠯᠳᠡᠷᠵᠢᠬᠦᠯᠦᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠶᠢᠨ ᠵᠤᠬᠢᠴᠠᠭᠤᠯᠬᠤ ᠠᠵᠢᠯ ᠤᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠬᠠᠤᠯᠢ ᠬᠡᠷᠡᠭᠵᠢᠬᠦᠯᠦᠯᠳᠡ ᠶᠢᠨ ᠶᠠᠪᠤᠴᠠ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠶᠢᠨ ᠭᠤᠤᠯ ᠴᠤᠨᠨᠴᠠ ᠶᠢᠨ ᠬᠤᠭᠤᠷᠤᠨᠳᠤᠬᠢ ᠡᠭᠦᠰᠦᠭᠰᠡᠨ ᠮᠠᠷᠭᠤᠭᠠᠨ ᠢ ᠴᠠᠭ ᠲᠤᠬᠠᠢ ᠳᠤᠨᠢ ᠰᠶᠢᠳᠪᠦᠷᠢᠯᠡᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠶᠢᠨ ᠵᠤᠬᠢᠴᠠᠭᠤᠯᠬᠤ ᠰᠠᠨᠠᠯ᠂ ᠰᠶᠢᠳᠪᠦᠷᠢ ᠶᠢᠨ ᠬᠡᠷᠡᠭᠵᠢᠬᠦᠯᠦᠯᠳᠡ ᠪᠠ ᠬᠢᠨᠠᠯᠳᠠ ᠲᠠᠯᠪᠢᠯᠳᠠ ᠶᠢ ᠴᠢᠩᠳᠠᠯᠠᠨ᠎ᠠ᠃
     50. ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠶᠢᠨ ᠵᠠᠷᠤᠳᠠᠯ ᠢ ᠡᠳ᠋ ᠤᠨ ᠵᠠᠰᠠᠭ ᠠᠴᠠ ᠪᠠᠳᠤᠯᠠᠬᠤ ᠲᠤᠨᠨᠳᠠᠴᠠ ᠶᠢ ᠪᠦᠷᠢᠨᠰᠢᠬᠦᠯᠦᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠶᠢᠨ ᠵᠠᠷᠤᠳᠠᠯ ᠢ ᠡᠳ᠋ ᠤᠨ ᠵᠠᠰᠠᠭ ᠤᠨ ᠲᠦᠰᠦᠪ ᠲᠤ ᠨᠢᠬᠡᠳᠦᠯᠳᠡᠢ ᠤᠷᠤᠭᠤᠯᠤᠨ ᠪᠠᠳᠤᠯᠠᠭ᠎ᠠ ᠤᠯᠭᠤᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠶᠢᠨ ᠵᠠᠷᠤᠳᠠᠯ ᠬᠢᠬᠡᠳ ᠲᠤᠷᠭᠠᠵᠦ ᠬᠤᠷᠢᠶᠠᠭᠰᠠᠨ ᠤᠷᠤᠯᠭ᠎ᠠ ᠶᠢ ᠪᠦᠷᠢᠮᠦᠰᠦᠨ ᠰᠠᠯᠭᠠᠵᠦ᠂ ᠲᠤᠷᠭᠠᠵᠦ ᠲᠤᠰᠢᠶᠠᠬᠤ ᠶᠢ ᠰᠠᠯᠭᠠᠬᠤ ᠪᠠ ᠤᠷᠤᠯᠭ᠎ᠠ ᠵᠠᠷᠤᠯᠭ᠎ᠠ ᠶᠢ ᠠᠰ ᠲᠤᠨᠢ ᠪᠤᠳᠤᠬᠤ ᠬᠠᠮᠢᠶᠠᠷᠤᠯᠳᠠ ᠶᠢᠨ ᠲᠦᠷᠢᠮ ᠢ ᠪᠦᠳᠦᠮᠵᠢᠳᠡᠢ ᠲᠤᠤᠱᠯᠠᠭᠤᠯᠤᠨ᠎ᠠ᠃ ᠲᠤᠷᠭᠠᠵᠦ ᠬᠤᠷᠢᠶᠠᠬᠤ ᠭᠦᠢᠴᠡᠳᠬᠡᠯ ᠲᠤᠭ᠎ᠠ ᠶᠢ ᠲᠤᠷᠤᠨᠨᠰᠢ ᠪᠠᠭᠤᠯᠭᠠᠬᠤ ᠪᠤᠶᠤ ᠬᠡᠯᠪᠡᠷᠢ ᠶᠢ ᠨᠢ ᠦᠬᠡᠷᠡᠳᠦᠬᠦᠯᠦᠨ ᠪᠠᠭᠤᠯᠭᠠᠬᠤ ᠶᠢ ᠡᠷᠡᠰ ᠬᠤᠷᠢᠨᠨᠯᠠᠨ᠎ᠠ᠃
     ᠲᠠᠪᠤ᠂ ᠵᠠᠰᠠᠭ ᠵᠠᠬᠢᠷᠭᠠᠨ ᠤ ᠡᠷᠬᠡ ᠶᠢ ᠭᠦᠯᠢᠶᠡᠰᠦᠯᠡᠵᠦ ᠬᠢᠨᠠᠯᠳᠠ ᠲᠠᠯᠪᠢᠬᠤ ᠰᠢᠰᠲ᠋ᠧᠮ ᠢ ᠦᠨᠳᠦᠰᠦᠨ ᠳᠤᠨᠢ ᠪᠦᠷᠢᠯᠳᠦᠬᠦᠯᠬᠦ ᠬᠡᠷᠡᠭᠳᠡᠢ
     ︵ᠠᠷᠪᠠᠨ ᠨᠠᠢᠮᠠ︶ ᠬᠢᠨᠠᠯᠳᠠ ᠲᠠᠯᠪᠢᠯᠳᠠ ᠶᠢ ᠤᠬᠠᠮᠰᠠᠷ ᠠᠴᠠ ᠪᠠᠨ ᠭᠦᠯᠢᠶᠠᠨ᠎ᠠ᠃
     51. ᠨᠠᠮ ᠤᠨ ᠳᠤᠲᠤᠷᠠᠬᠢ ᠬᠢᠨᠠᠯᠳᠠ ᠲᠠᠯᠪᠢᠯᠳᠠ ᠶᠢ ᠤᠬᠠᠮᠰᠠᠷ ᠠᠴᠠ ᠪᠠᠨ ᠭᠦᠯᠢᠶᠡᠨ᠎ᠠ᠃ ᠵᠠᠰᠠᠭ ᠤᠨ ᠤᠷᠳᠤᠨ ᠵᠢᠴᠢ ᠰᠠᠯᠠᠭ᠎ᠠ ᠮᠦᠴᠢᠷ ᠤᠨ ᠨᠠᠮ ᠤᠨ ᠤᠳᠤᠷᠢᠳᠬᠤ ᠲᠤᠭᠤᠶᠢᠯᠠᠩ ︵ᠨᠠᠮ ᠤᠨ ᠬᠤᠷᠢᠶ᠎ᠠ︶ ᠤᠨ ᠭᠤᠤᠯ ᠴᠤᠨᠨᠴᠠ ᠶᠢᠨ ᠬᠠᠷᠢᠭᠤᠴᠠᠯᠭ᠎ᠠ ᠪᠠ ᠭᠤᠤᠯ ᠬᠠᠷᠢᠭᠤᠴᠠᠯᠭᠠᠳᠠᠨ ᠨᠢ ᠨᠢᠬᠡᠳᠦᠬᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠬᠢᠨᠠᠮᠠᠭᠠᠢ ᠬᠡᠷᠡᠭᠵᠢᠬᠦᠯᠵᠦ᠂ ᠵᠠᠰᠠᠭ ᠤᠨ ᠤᠷᠳᠤᠨ ︵ᠰᠠᠯᠠᠭ᠎ᠠ ᠮᠦᠴᠢᠷ︶ ᠵᠢᠴᠢ ᠠᠵᠢᠯᠳᠠᠳ ᠤᠨ ᠨᠠᠮ ᠤᠨ ᠴᠢᠬᠤᠯᠠ ᠶᠡᠭᠡ ᠱᠤᠭᠤᠮ ᠴᠢᠭᠯᠡᠯᠳᠡ ᠲᠦᠷᠦ ᠶᠢᠨ ᠪᠤᠳᠤᠯᠭ᠎ᠠ ᠪᠠ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠲᠤᠤᠱᠯᠠᠭᠤᠯᠤᠨ ᠬᠡᠷᠡᠭᠵᠢᠬᠦᠯᠵᠦ ᠪᠠᠶᠢᠭ᠎ᠠ ᠠᠷᠭ᠎ᠠ ᠪᠠᠷᠢᠯ ᠤᠨ ᠪᠠᠶᠢᠳᠠᠯ ᠳᠤ ᠬᠢᠨᠠᠯᠳᠠ ᠲᠠᠯᠪᠢᠬᠤ ᠶᠢ ᠴᠢᠩᠭᠠᠳᠬᠠᠨ᠎ᠠ᠃
     52. ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠬᠢᠨᠠᠯᠳᠠ ᠲᠠᠯᠪᠢᠯᠳᠠ ᠪᠠ ᠤᠯᠤᠰ ᠲᠦᠷᠦ ᠶᠢᠨ ᠵᠦᠪᠯᠡᠯᠬᠡᠨ ᠤ ᠠᠷᠠᠳᠴᠢᠯᠬᠠᠰᠠᠨ ᠬᠢᠨᠠᠯᠳᠠ ᠲᠠᠯᠪᠢᠯᠳᠠ ᠶᠢ ᠤᠬᠠᠮᠰᠠᠷ ᠠᠴᠠ ᠪᠠᠨ ᠭᠦᠯᠢᠶᠠᠨ᠎ᠠ᠃ ᠲᠤᠰ ᠱᠠᠳᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠳᠤ ᠠᠵᠢᠯ ᠢᠶᠠᠨ ᠮᠡᠳᠡᠬᠦᠯᠬᠦ ᠲᠦᠷᠢᠮ᠂ ᠯᠠᠪᠯᠠᠨ ᠠᠰᠠᠭᠤᠬᠤ ᠪᠠ ᠲᠤᠯᠭᠠᠨ ᠯᠠᠪᠯᠠᠬᠤ ᠶᠢ ᠭᠦᠯᠢᠶᠡᠬᠦ ᠲᠦᠷᠢᠮ᠂ ᠲᠤᠨᠨᠳᠠᠭᠠᠯ ᠲᠦᠷᠢᠮ ᠪᠠ ᠵᠢᠷᠤᠮᠵᠢᠯ ᠤᠨ ᠴᠢᠨᠠᠷᠳᠠᠢ ᠮᠠᠲ᠋ᠧᠷᠢᠶᠠᠯ ᠢ ᠲᠡᠬᠡᠭᠰᠢ ᠮᠡᠳᠡᠬᠦᠯᠵᠦ ᠪᠦᠷᠢᠳᠬᠡᠨ ᠲᠠᠩᠰᠠᠯᠠᠭᠤᠯᠬᠤ ᠲᠦᠷᠢᠮ ᠢ ᠬᠢᠨᠠᠮᠠᠭᠠᠢ ᠬᠡᠷᠡᠭᠵᠢᠬᠦᠯᠦᠨ᠎ᠠ᠃ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠶᠢᠨ ᠭᠡᠰᠢᠭᠦᠳ ᠤᠨ ᠵᠠᠰᠠᠭ ᠤᠨ ᠤᠷᠳᠤᠨ ᠤ ᠠᠵᠢᠯ ᠳᠤ ᠲᠤᠷᠠᠳᠤᠨᠨᠰᠠᠨ ᠬᠤᠯᠪᠤᠨᠨᠳᠠᠯ ᠪᠦᠭᠦᠢ ᠬᠢᠨᠠᠨ ᠵᠦᠪᠯᠡᠬᠦᠯᠬᠦ ᠰᠠᠨᠠᠯ ᠢ ᠬᠢᠨᠠᠮᠠᠭᠠᠢ ᠰᠤᠳᠤᠯᠤᠨ ᠰᠶᠢᠳᠪᠦᠷᠢᠯᠡᠵᠦ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠦᠯᠦᠬᠡᠯᠡᠭᠴᠢ ᠪᠠ ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ ᠤ ᠲᠤᠷᠠᠳᠤᠨᠨᠰᠠᠨ ᠰᠠᠨᠠᠯ ᠰᠠᠨᠠᠭᠤᠯᠭ᠎ᠠ ᠶᠢ ᠴᠠᠭ ᠲᠤᠬᠠᠢ ᠳᠤᠨᠢ ᠰᠤᠳᠤᠯᠤᠨ ᠭᠦᠢᠴᠡᠳᠬᠡᠵᠦ᠂ ᠠᠵᠢᠯ ᠢᠶᠠᠨ ᠦᠨᠡᠨᠬᠦ ᠬᠠᠯᠠᠨ ᠰᠠᠶᠢᠵᠢᠷᠠᠭᠤᠯᠤᠨ᠎ᠠ᠃ ᠪᠠᠶᠢᠳᠠᠯ ᠢ ᠤᠶᠢᠯᠠᠭᠠᠬᠤ ᠢᠯᠡ ᠵᠠᠰᠠᠬ ᠤᠨ ᠲᠤᠨᠨᠳᠠᠴᠠ ᠶᠢ ᠪᠦᠷᠢᠨᠰᠢᠬᠦᠯᠵᠦ᠂ ᠵᠠᠰᠠᠭ ᠤᠨ ᠤᠷᠳᠤᠨ ᠤ ᠬᠠᠮᠢᠶ᠎ᠠ ᠪᠦᠭᠦᠢ ᠰᠠᠯᠠᠭ᠎ᠠ ᠮᠦᠴᠢᠷ ᠨᠢ ᠤᠯᠤᠰ ᠲᠦᠷᠦ ᠶᠢᠨ ᠵᠦᠪᠯᠡᠯᠬᠡᠨ ᠳᠤ ᠬᠤᠯᠪᠤᠨᠨᠳᠠᠯ ᠪᠦᠭᠦᠢ ᠪᠠᠶᠢᠳᠠᠯ ᠢ ᠲᠤᠨᠨᠳᠠᠮᠠᠯ ᠬᠤᠭᠤᠴᠠᠭ᠎ᠠ ᠲᠠᠢ ᠪᠠᠷ ᠮᠡᠳᠡᠬᠡᠯᠡᠵᠦ᠂ ᠤᠯᠤᠰ ᠲᠦᠷᠦ ᠶᠢᠨ ᠵᠦᠪᠯᠡᠯᠬᠡᠨ ᠤ ᠬᠡᠰᠢᠭᠦᠳ ᠤᠨ ᠲᠤᠰᠢᠶᠠᠯ ᠢᠶᠠᠨ ᠭᠦᠢᠴᠡᠳᠬᠡᠬᠦ ᠳᠤ ᠲᠦᠭᠦᠮ ᠦᠵᠡᠬᠦᠯᠵᠦ᠂ ᠨᠦᠭᠦᠴᠡᠯ ᠪᠦᠷᠢᠯᠳᠦᠬᠦᠯᠦᠨ᠎ᠠ᠃
     53. ᠬᠠᠤᠯᠢ ᠴᠠᠭᠠᠵᠠ ᠶᠢᠨ ᠬᠢᠨᠠᠯᠳᠠ ᠲᠠᠯᠪᠢᠯᠳᠠ ᠶᠢ ᠤᠬᠠᠮᠰᠠᠷ ᠠᠴᠠ ᠪᠠᠨ ᠭᠦᠯᠢᠶᠠᠨ᠎ᠠ᠃ ᠬᠠᠤᠯᠢ ᠴᠠᠭᠠᠵᠠ ᠶᠢᠨ ᠡᠷᠬᠡ ᠰᠦᠷ ᠢ ᠤᠬᠠᠮᠰᠠᠷ ᠠᠴᠠ ᠪᠠᠨ ᠬᠠᠮᠠᠭᠠᠯᠠᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠰᠢᠬᠦᠯᠳᠡ ᠳᠤ ᠤᠷᠤᠯᠴᠠᠨ ᠵᠠᠷᠭᠤ ᠭᠦᠯᠢᠶᠡᠬᠦ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠠᠷᠠᠳ ᠤᠨ ᠰᠢᠬᠦᠬᠦ ᠬᠤᠷᠢᠶᠠᠨ ᠤ ᠵᠠᠰᠠᠭ ᠵᠠᠬᠢᠷᠭᠠᠨ ᠤ ᠬᠡᠷᠡᠭ ᠢ ᠭᠦᠯᠢᠶᠡᠨ ᠠᠪᠴᠤ ᠰᠢᠢᠳᠪᠦᠷᠢᠯᠡᠬᠦ ᠪᠠ ᠰᠢᠬᠦᠨ ᠰᠶᠢᠳᠪᠦᠷᠢᠯᠡᠬᠦ ᠶᠢ ᠲᠡᠮᠵᠢᠵᠦ᠂ ᠠᠷᠠᠳ ᠤᠨ ᠰᠢᠬᠦᠬᠦ ᠬᠤᠷᠢᠶ᠎ᠠ ᠶᠢᠨ ᠭᠦᠴᠦᠨ ᠪᠦᠭᠦᠢ ᠲᠠᠰᠤᠯᠤᠨ ᠲᠤᠨᠨᠳᠠᠭᠠᠯᠳᠠ ᠶᠢ ᠬᠡᠷᠡᠭᠵᠢᠬᠦᠯᠦᠨ᠂ ᠵᠠᠰᠠᠭ ᠵᠠᠬᠢᠷᠭᠠᠨ ᠤ ᠵᠠᠷᠭᠤ ᠭᠦᠯᠢᠶᠡᠬᠦ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠨ᠎ᠠ᠃ ᠠᠷᠠᠳ ᠤᠨ ᠰᠢᠬᠦᠬᠦ ᠬᠤᠷᠢᠶ᠎ᠠ ᠶᠢᠨ ᠬᠠᠤᠯᠢ ᠴᠠᠭᠠᠵᠠ ᠶᠢᠨ ᠰᠠᠨᠠᠭᠤᠯᠭ᠎ᠠ ᠪᠠ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠰᠠᠨᠠᠭᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠎ᠠ᠃ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠠᠤᠯᠢ ᠴᠠᠭᠠᠵᠠ ᠶᠢᠨ ᠬᠢᠨᠠᠯᠳᠠ ᠲᠠᠯᠪᠢᠯᠳᠠ ᠶᠢ ᠤᠬᠠᠮᠰᠠᠷ ᠠᠴᠠ ᠪᠠᠨ ᠭᠦᠯᠢᠶᠡᠵᠦ᠂ ᠡᠷᠬᠡ ᠲᠤᠰᠢᠶᠠᠯ ᠢᠶᠠᠨ ᠠᠰᠢᠨᠨᠯᠠᠨ ᠶᠠᠯ᠎ᠠ ᠬᠢᠬᠦ ᠶᠢ ᠬᠠᠮᠵᠢᠯᠴᠠᠨ ᠪᠠᠶᠢᠴᠠᠭᠠᠨ ᠰᠶᠢᠳᠪᠦᠷᠢᠯᠡᠬᠦ ᠪᠠ ᠤᠷᠢᠳᠴᠢᠯᠠᠨ ᠰᠡᠷᠬᠡᠶᠢᠯᠡᠨ᠎ᠠ᠃
     54. ᠨᠡᠶᠢᠬᠡᠮ ᠪᠠ ᠶᠠᠷᠢᠶ᠎ᠠ ᠬᠡᠯᠡᠯᠴᠡᠬᠡᠨ ᠤ ᠬᠢᠨᠠᠯᠳᠠ ᠲᠠᠯᠪᠢᠯᠳᠠ ᠶᠢ ᠤᠬᠠᠮᠰᠠᠷ ᠠᠴᠠ ᠪᠠᠨ ᠭᠦᠯᠢᠶᠡᠨ᠎ᠠ᠃ ᠢᠯᠡᠴᠢᠯᠡᠨ ᠮᠡᠳᠡᠬᠦᠯᠬᠦ ᠬᠠᠶᠢᠷᠴᠠᠭ᠂ ᠡᠯᠧᠺᠲᠷᠣᠨ ᠵᠠᠬᠢᠳᠠᠯ ᠤᠨ ᠬᠠᠶᠢᠷᠴᠠᠭ᠂ ᠰᠢᠭᠤᠳ ᠲᠤᠰᠬᠠᠬᠤ ᠳ᠋ᠢᠶᠠᠩᠬᠤᠸᠠ᠂ ᠵᠠᠰᠠᠭ ᠤᠨ ᠶᠠᠪᠤᠳᠠᠯ ᠤᠨ ᠪᠢᠴᠢᠯ ᠪᠦᠷᠬᠡ᠂ ᠤᠯᠠᠨ ᠨᠡᠶᠢᠳᠡ ᠶᠢᠨ ᠸᠢᠴᠠᠲ ᠵᠡᠷᠬᠡ ᠠᠷᠭ᠎ᠠ ᠮᠠᠶ᠋ᠢᠭ ᠢᠶᠠᠷ ᠤᠯᠠᠨ ᠲᠦᠮᠡᠨ ᠤ ᠵᠠᠭᠠᠯᠳᠤᠭ᠎ᠠ ᠬᠢᠵᠦ᠂ ᠠᠰᠠᠭᠤᠳᠠᠯ ᠢ ᠲᠤᠰᠬᠠᠬᠤ ᠠᠷᠭ᠎ᠠ ᠵᠠᠮ ᠢ ᠰᠢᠯᠤᠭᠤᠳᠬᠠᠵᠦ᠂ ᠤᠯᠠᠨ ᠲᠦᠮᠡᠨ ᠤ ᠲᠤᠰᠬᠠᠨᠨᠰᠠᠨ ᠠᠰᠠᠭᠤᠳᠠᠯ ᠪᠠ ᠵᠠᠭᠤᠴᠢᠯᠠᠭᠤᠷ ᠤᠨ ᠢᠯᠡᠷᠡᠬᠦᠯᠦᠨ ᠨᠡᠶᠢᠳᠡᠯᠡᠭᠰᠡᠨ ᠬᠠᠤᠯᠢ ᠠᠴᠠ ᠵᠦᠷᠢᠴᠡᠭᠰᠡᠨ ᠪᠤᠶᠤ ᠵᠠᠰᠠᠭ ᠵᠠᠬᠢᠷᠭᠠᠨ ᠤ ᠵᠤᠬᠢᠰ ᠦᠬᠡᠢ ᠦᠢᠯᠡ ᠠᠵᠢᠯᠯᠠᠭ᠎ᠠ ᠶᠢ ᠴᠠᠭ ᠲᠤᠬᠠᠢ ᠳᠤᠨᠢ ᠪᠠᠶᠢᠴᠠᠭᠠᠨ ᠰᠶᠢᠳᠪᠦᠷᠢᠯᠡᠨ᠎ᠠ᠃ ᠢᠨᠲ᠋ᠧᠷ ᠰᠦᠯᠵᠢᠶ᠎ᠡ ᠵᠡᠷᠬᠡ ᠰᠢᠨ᠎ᠠ ᠬᠡᠯᠪᠡᠷᠢ ᠶᠢᠨ ᠵᠠᠭᠤᠴᠢᠯᠠᠭᠤᠷ ᠢ ᠠᠩᠬᠠᠷᠬᠤ ᠪᠠᠨ ᠴᠢᠩᠭᠠᠳᠬᠠᠵᠦ᠂ ᠠᠷᠠᠳ ᠤᠯᠠᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ᠂ ᠭᠦᠴᠢᠷ ᠠᠰᠠᠭᠤᠳᠠᠯ ᠢ ᠴᠠᠭ ᠲᠤᠬᠠᠢ ᠳᠤᠨᠢ ᠲᠤᠰᠬᠠᠨ᠎ᠠ᠃ ᠲᠤᠤᠷ ᠰᠦᠯᠵᠢᠶᠡᠨ ᠤ ᠶᠠᠷᠢᠶ᠎ᠠ ᠬᠡᠯᠡᠯᠴᠡᠭᠡ ᠶᠢ ᠬᠢᠨᠠᠨ ᠰᠢᠨᠵᠢᠬᠦ᠂ ᠴᠤᠨᠨᠯᠠᠭᠤᠯᠬᠤ᠂ ᠰᠤᠳᠤᠯᠤᠨ ᠮᠠᠭᠠᠳᠯᠠᠬᠤ᠂ ᠰᠶᠢᠳᠪᠦᠷᠢᠯᠡᠬᠦ ᠲᠤᠨᠨᠳᠠᠴᠠ ᠶᠢ ᠪᠠᠶᠢᠭᠤᠯᠤᠨ ᠪᠦᠷᠢᠨᠰᠢᠬᠦᠯᠵᠦ᠂ ᠰᠦᠯᠵᠢᠶᠡᠨ ᠤ ᠬᠢᠨᠠᠯᠳᠠ ᠲᠠᠯᠪᠢᠯᠳᠠ ᠶᠢ ᠵᠢᠷᠤᠮᠵᠢᠭᠤᠯᠬᠤ᠂ ᠬᠠᠤᠯᠢ ᠪᠠᠷ ᠵᠠᠰᠠᠬᠤ ᠶᠢ ᠠᠬᠢᠭᠤᠯᠤᠨ᠎ᠠ᠃
     ︵ᠠᠷᠪᠠ ᠶᠢᠰᠦ︶ ᠵᠠᠰᠠᠭ ᠵᠠᠬᠢᠷᠭᠠᠨ ᠤ ᠬᠢᠨᠠᠯᠳᠠ ᠲᠠᠯᠪᠢᠯᠳᠠ ᠶᠢ ᠴᠢᠩᠭᠠᠳᠬᠠᠨ᠎ᠠ᠃
     55. ᠵᠠᠰᠠᠭ ᠵᠠᠬᠢᠷᠭᠠᠨ ᠤ ᠡᠷᠬᠡ ᠶᠢᠨ ᠠᠵᠢᠯᠯᠠᠭᠠᠨ ᠢ ᠭᠦᠯᠢᠶᠡᠰᠦᠯᠡᠵᠦ ᠬᠢᠨᠠᠯᠳᠠ ᠲᠠᠯᠪᠢᠬᠤ ᠶᠢ ᠴᠢᠩᠭᠠᠷᠠᠭᠤᠯᠤᠨ᠎ᠠ᠃ ᠵᠠᠰᠠᠭ ᠤᠨ ᠶᠠᠪᠤᠳᠠᠯ ᠤᠨ ᠦᠨᠡᠨᠴᠢ ᠢᠳᠡᠬᠡᠮᠵᠢ ᠶᠢᠨ ᠪᠠᠶᠢᠭᠤᠯᠤᠯᠳᠠ ᠶᠢᠨ ᠠᠵᠢᠯ ᠤᠨ ᠲᠠᠯ᠎ᠠ ᠪᠠᠷ ᠬᠢ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢ ᠴᠢᠩᠭᠠᠳᠬᠠᠵᠦ᠂ ᠲᠤᠰ ᠭᠠᠵᠠᠷ ᠤᠷᠤᠨ᠂ ᠲᠤᠰ ᠰᠠᠯᠠᠭ᠎ᠠ ᠮᠦᠴᠢᠷ ᠤᠨ ᠵᠠᠰᠠᠭ ᠤᠨ ᠶᠠᠪᠤᠳᠠᠯ ᠤᠨ ᠦᠨᠡᠨᠴᠢ ᠢᠳᠡᠬᠡᠮᠵᠢ ᠶᠢᠨ ᠪᠠᠶᠢᠭᠤᠯᠤᠯᠳᠠ ᠶᠢᠨ ᠠᠵᠢᠯ ᠢ ᠰᠠᠶᠢᠳᠤᠷ ᠬᠢᠨ᠎ᠠ᠃ ᠵᠠᠰᠠᠭ ᠤᠨ ᠶᠠᠪᠤᠳᠠᠯ ᠤᠨ ᠦᠨᠡᠨᠴᠢ ᠢᠳᠡᠬᠡᠮᠵᠢ ᠶᠢᠨ ᠬᠠᠮᠢᠶᠠᠷᠤᠯᠳᠠ ᠶᠢᠨ ᠲᠦᠷᠢᠮ ᠤᠨ ᠪᠠᠶᠢᠭᠤᠯᠤᠯᠳᠠ ᠶᠢ ᠲᠦᠷᠬᠡᠳᠬᠡᠨ ᠠᠬᠢᠭᠤᠯᠵᠦ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠭᠦ ᠲᠦᠷᠢᠮ ᠤᠨ ᠦᠬᠡᠷᠡᠴᠢᠯᠡᠯᠳᠡ᠂ ᠵᠠᠰᠠᠭ ᠤᠨ ᠤᠷᠳᠤᠨ ᠤ ᠢᠳᠡᠬᠡᠮᠵᠢ ᠲᠠᠢ ᠪᠠᠷ ᠠᠮᠠᠯᠬᠠᠰᠠᠨ ᠢᠶᠠᠨ ᠪᠡᠶᠡᠯᠡᠬᠦᠯᠬᠦ ᠲᠤᠨᠨᠳᠠᠴᠠ᠂ ᠠᠯᠪᠠᠳᠠᠨ ᠤ ᠦᠨᠡᠨᠴᠢ ᠢᠳᠡᠬᠡᠮᠵᠢ᠂ ᠵᠠᠰᠠᠭ ᠤᠨ ᠶᠠᠪᠤᠳᠠᠯ ᠤᠨ ᠦᠨᠡᠨᠴᠢ ᠢᠳᠡᠬᠡᠮᠵᠢ ᠶᠢ ᠦᠨᠡᠯᠡᠬᠦ ᠠᠷᠭ᠎ᠠ ᠵᠡᠷᠬᠡ ᠲᠦᠷᠢᠮ ᠤᠨ ᠪᠠᠶᠢᠭᠤᠯᠤᠯᠳᠠ ᠶᠢ ᠴᠢᠩᠭᠠᠳᠬᠠᠨ᠎ᠠ᠃
     56. ᠬᠢᠨᠠᠯᠳᠠ ᠲᠠᠯᠪᠢᠬᠤ ᠲᠦᠷᠢᠮ ᠢ ᠪᠦᠷᠢᠨᠰᠢᠬᠦᠯᠦᠨ᠎ᠠ᠃ ᠵᠠᠰᠠᠭ ᠤᠨ ᠤᠷᠳᠤᠨ ᠤ ᠲᠤᠳᠤᠷᠠᠬᠢ ᠲᠡᠰ ᠱᠠᠳᠤ ᠶᠢᠨ ᠬᠢᠨᠠᠯᠳᠠ ᠲᠠᠯᠪᠢᠯᠳᠠ ᠶᠢ ᠲᠡᠭᠦᠯᠳᠡᠷᠵᠢᠬᠦᠯᠵᠦ᠂ ᠲᠡᠬᠡᠳᠦ ᠱᠠᠳᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠲᠤᠤᠷᠠᠳᠤ ᠱᠠᠳᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠳᠤ ᠬᠢᠨᠠᠯᠳᠠ ᠲᠠᠯᠪᠢᠬᠤ ᠶᠢ ᠬᠠᠯᠠᠨ ᠰᠠᠶᠢᠵᠢᠷᠠᠭᠤᠯᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ ᠠᠵᠢᠯᠳᠠᠨ ᠤ ᠬᠠᠤᠯᠢ ᠶᠤᠰᠤᠭᠠᠷ ᠲᠤᠰᠢᠶᠠᠯ ᠢᠶᠠᠨ ᠭᠦᠢᠴᠡᠳᠬᠡᠬᠦ ᠪᠠᠶᠢᠳᠠᠯ ᠳᠤ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠵᠦ᠂ ᠲᠠᠰ ᠱᠠᠳᠤ ᠶᠢᠨ ᠬᠢᠨᠠᠯᠳᠠ ᠲᠠᠯᠪᠢᠯᠳᠠ ᠶᠢ ᠲᠦᠷᠢᠮᠵᠢᠬᠦᠯᠬᠦ᠂ ᠬᠡᠪᠰᠢᠵᠢᠬᠦᠯᠬᠦ᠂ ᠤᠷᠳᠤ ᠬᠤᠭᠤᠴᠠᠭᠠᠨ ᠤ ᠪᠦᠳᠦᠮᠵᠢᠳᠡᠢ ᠪᠠᠶᠢᠯᠭᠠᠬᠤ ᠶᠢ ᠪᠡᠶᠡᠯᠡᠬᠦᠯᠦᠨ᠎ᠠ᠃
     57. ᠡᠷᠬᠡ ᠶᠢ ᠭᠦᠯᠢᠶᠡᠰᠦᠯᠡᠬᠦ ᠲᠤᠨᠨᠳᠠᠴᠠ ᠶᠢ ᠲᠡᠭᠦᠯᠳᠡᠷᠵᠢᠬᠦᠯᠦᠨ᠎ᠠ᠃ ᠡᠳ᠋ ᠤᠨ ᠵᠠᠰᠠᠭ ᠤᠨ ᠪᠡᠯᠡ ᠮᠦᠩᠭᠦ ᠶᠢ ᠬᠤᠪᠢᠶᠠᠷᠢᠯᠠᠵᠦ ᠬᠡᠷᠡᠭᠯᠡᠬᠦ᠂ ᠤᠯᠤᠰ ᠤᠨ ᠦᠮᠴᠢᠯᠡᠯᠳᠦ ᠡᠳ᠋ ᠭᠦᠷᠦᠩᠬᠡ ᠶᠢ ᠬᠢᠨᠠᠨ ᠬᠠᠮᠢᠶᠠᠷᠬᠤ᠂ ᠵᠠᠰᠠᠭ ᠤᠨ ᠤᠷᠳᠤᠨ ᠤ ᠪᠡᠯᠡ ᠤᠷᠤᠭᠤᠯᠬᠤ᠂ ᠵᠠᠰᠠᠭ ᠤᠨ ᠤᠷᠳᠤᠨ ᠤ ᠬᠤᠳᠠᠯᠳᠤᠨ ᠠᠪᠬᠤ᠂ ᠤᠯᠠᠨ ᠨᠡᠶᠢᠳᠡ ᠶᠢᠨ ᠡᠬᠢ ᠪᠠᠶᠠᠯᠢᠭ ᠢ ᠰᠢᠯᠵᠢᠬᠦᠯᠦᠨ ᠦᠭᠬᠦ᠂ ᠤᠯᠠᠨ ᠨᠡᠶᠢᠳᠡ ᠶᠢᠨ ᠢᠨᠵᠤᠨᠤᠷᠢᠩ ᠤᠨ ᠪᠠᠶᠢᠭᠤᠯᠤᠯᠳᠠ ᠵᠡᠷᠬᠡ ᠡᠷᠬᠡ ᠲᠦᠪᠯᠡᠷᠡᠭᠰᠡᠨ ᠰᠠᠯᠠᠭ᠎ᠠ ᠮᠦᠴᠢᠷ ᠪᠠ ᠠᠵᠢᠯ ᠤᠨ ᠪᠠᠶᠢᠷᠢ ᠳᠤ ᠠᠵᠢᠯ ᠬᠡᠷᠡᠭ ᠢᠶᠠᠷ ᠬᠤᠪᠢᠶᠠᠵᠦ ᠡᠷᠬᠡ ᠬᠡᠷᠡᠭᠵᠢᠬᠦᠯᠬᠦ᠂ ᠠᠵᠢᠯ ᠤᠨ ᠪᠠᠶᠢᠷᠢ ᠪᠠᠷ ᠡᠷᠬᠡ ᠶᠢ ᠨᠢ ᠲᠤᠬᠢᠷᠠᠭᠤᠯᠬᠤ᠂ ᠱᠠᠳᠤ ᠬᠤᠪᠢᠶᠠᠵᠦ ᠡᠷᠬᠡ ᠤᠯᠭᠤᠬᠤ ᠶᠢ ᠬᠡᠷᠡᠭᠵᠢᠬᠦᠯᠵᠦ᠂ ᠲᠤᠨᠨᠳᠠᠮᠠᠯ ᠬᠤᠭᠤᠴᠠᠭ᠎ᠠ ᠲᠠᠢ ᠪᠠᠷ ᠠᠵᠢᠯ ᠤᠨ ᠪᠠᠶᠢᠷᠢ ᠶᠢ ᠡᠬᠡᠯᠵᠢᠯᠡᠬᠦᠯᠦᠨ᠂ ᠴᠤᠪᠤᠷᠠᠯ ᠢᠶᠠᠷ ᠡᠵᠡᠮᠰᠢᠬᠦ ᠶᠢ ᠴᠢᠩᠭᠠᠷᠠᠭᠤᠯᠤᠨ᠎ᠠ᠃
     58. ᠠᠯᠳᠠᠭ᠎ᠠ ᠪᠠᠨ ᠵᠠᠯᠠᠷᠠᠭᠤᠯᠵᠦ ᠬᠠᠷᠢᠭᠤᠴᠠᠯᠭ᠎ᠠ ᠬᠡᠯᠡᠯᠴᠡᠬᠦ ᠲᠤᠨᠨᠳᠠᠴᠠ ᠶᠢ ᠲᠡᠭᠦᠯᠳᠡᠷᠵᠢᠬᠦᠯᠦᠨ᠎ᠠ᠃ ᠵᠠᠰᠠᠭ ᠵᠠᠬᠢᠷᠭᠠᠨ ᠤ ᠬᠠᠷᠢᠭᠤᠴᠠᠯᠭ᠎ᠠ ᠬᠡᠯᠡᠯᠴᠡᠬᠦ ᠲᠦᠷᠢᠮ ᠢ ᠪᠦᠭᠦ ᠲᠠᠯ᠎ᠠ ᠪᠠᠷ ᠶᠠᠪᠤᠭᠤᠯᠵᠦ᠂ ᠬᠠᠷᠢᠭᠤᠴᠠᠯᠭ᠎ᠠ ᠬᠡᠯᠡᠯᠴᠡᠬᠦ ᠬᠡᠪᠴᠢᠶ᠎ᠡ ᠶᠢ ᠲᠤᠳᠤᠷᠬᠠᠶᠢᠯᠠᠨ᠂ ᠬᠠᠷᠢᠭᠤᠴᠠᠯᠭ᠎ᠠ ᠬᠡᠯᠡᠯᠴᠡᠬᠦ ᠲᠡᠰ ᠲᠠᠷᠠᠭᠠᠯᠠᠯ ᠢ ᠵᠢᠷᠤᠮᠵᠢᠭᠤᠯᠤᠨ᠎ᠠ᠃ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠪᠠ ᠠᠯᠳᠠᠭ᠎ᠠ ᠪᠠᠨ ᠵᠠᠯᠠᠷᠠᠭᠤᠯᠵᠦ ᠬᠠᠯᠠᠨ ᠰᠠᠶᠢᠵᠢᠷᠠᠭᠤᠯᠬᠤ ᠲᠤᠨᠨᠳᠠᠴᠠ ᠶᠢ ᠪᠠᠶᠢᠭᠤᠯᠤᠨ ᠲᠡᠭᠦᠯᠳᠡᠷᠵᠢᠬᠦᠯᠵᠦ᠂ ᠬᠠᠷᠢᠭᠤᠴᠠᠯᠭ᠎ᠠ ᠨᠡᠬᠡᠮᠵᠢᠯᠡᠬᠦ ᠶᠢ ᠨᠠᠶᠢᠳᠠᠪᠤᠷᠢᠵᠢᠭᠤᠯᠤᠨ᠎ᠠ᠃
     ︵ᠬᠤᠷᠢ︶ ᠬᠢᠨᠠᠨ ᠪᠤᠳᠤᠯᠳᠠ ᠪᠠᠷ ᠬᠢᠨᠠᠯᠳᠠ ᠲᠠᠯᠪᠢᠬᠤ ᠶᠢ ᠴᠢᠩᠭᠠᠳᠬᠠᠨ᠎ᠠ᠃
     59. ᠬᠢᠨᠠᠨ ᠪᠤᠳᠤᠯᠳᠠ ᠪᠠᠷ ᠬᠢᠨᠠᠯᠳᠠ ᠲᠠᠯᠪᠢᠬᠤ ᠶᠢ ᠬᠠᠤᠯᠢ ᠶᠤᠰᠤᠭᠠᠷ ᠬᠡᠷᠡᠭᠵᠢᠬᠦᠯᠦᠨ᠎ᠠ᠃ ᠬᠢᠨᠠᠨ ᠪᠤᠳᠤᠬᠤ ᠪᠠᠶᠢᠭᠤᠯᠭ᠎ᠠ ᠨᠢ ᠬᠢᠨᠠᠯᠳᠠ ᠲᠠᠯᠪᠢᠬᠤ ᠡᠭᠦᠷᠬᠡ ᠬᠠᠷᠢᠭᠤᠴᠠᠯᠭ᠎ᠠ ᠪᠠᠨ ᠬᠠᠤᠯᠢ ᠶᠤᠰᠤᠭᠠᠷ ᠬᠡᠷᠡᠭᠵᠢᠬᠦᠯᠵᠦ᠂ ᠤᠯᠠᠨ ᠨᠡᠶᠢᠳᠡ ᠶᠢᠨ ᠪᠡᠯᠡ ᠮᠦᠩᠭᠦ᠂ ᠤᠯᠤᠰ ᠤᠨ ᠦᠮᠴᠢᠯᠡᠯᠳᠦ ᠡᠳ᠋ ᠭᠦᠷᠦᠩᠬᠡ᠂ ᠤᠯᠤᠰ ᠤᠨ ᠦᠮᠴᠢᠯᠡᠯᠳᠦ ᠡᠬᠢ ᠪᠠᠶᠠᠯᠢᠭ ᠪᠠ ᠤᠳᠤᠷᠢᠳᠬᠤ ᠺᠠᠳ᠋ᠷ ᠤᠨ ᠠᠵᠦ ᠠᠬᠤᠢ ᠶᠢᠨ ᠬᠠᠷᠢᠭᠤᠴᠠᠯᠭ᠎ᠠ ᠭᠦᠢᠴᠡᠳᠬᠡᠭᠰᠡᠨ ᠪᠠᠶᠢᠳᠠᠯ ᠳᠤ ᠪᠦᠭᠦᠨ ᠢᠶᠠᠷ ᠨᠢ ᠬᠢᠨᠠᠨ ᠪᠤᠳᠤᠯᠳᠠ ᠬᠢᠨ᠎ᠠ᠃
     60. ᠬᠢᠨᠠᠨ ᠪᠤᠳᠤᠯᠳᠠ ᠪᠠᠷ ᠬᠢᠨᠠᠯᠳᠠ ᠲᠠᠯᠪᠢᠬᠤ ᠶᠢ ᠤᠬᠠᠮᠰᠠᠷ ᠠᠴᠠ ᠪᠠᠨ ᠭᠦᠯᠢᠶᠡᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ ᠨᠢ ᠬᠢᠨᠠᠨ ᠪᠤᠳᠤᠬᠤ ᠰᠠᠯᠠᠭ᠎ᠠ ᠮᠦᠴᠢᠷ ᠤᠨ ᠠᠵᠢᠯ ᠢ ᠢᠳᠡᠪᠬᠢᠳᠡᠢ ᠬᠠᠮᠵᠢᠯᠴᠠᠵᠦ᠂ ᠬᠢᠨᠠᠯᠳᠠ ᠲᠠᠯᠪᠢᠬᠤ ᠰᠶᠢᠳᠪᠦᠷᠢ ᠶᠢ ᠤᠬᠠᠮᠰᠠᠷ ᠠᠴᠠ ᠪᠠᠨ ᠭᠦᠢᠴᠡᠳᠬᠡᠨ᠂ ᠴᠡᠭᠴᠡᠯᠡᠨ ᠦᠬᠡᠷᠡᠴᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠦ᠂ ᠬᠢᠨᠠᠨ ᠪᠤᠳᠤᠬᠤ ᠰᠠᠯᠠᠭ᠎ᠠ ᠮᠦᠴᠢᠷ ᠲᠤ ᠴᠡᠭᠴᠡᠯᠡᠨ ᠦᠬᠡᠷᠡᠴᠢᠯᠡᠭᠰᠡᠨ ᠪᠠᠶᠢᠳᠠᠯ ᠢᠶᠠᠨ ᠴᠠᠭ ᠲᠤᠬᠠᠢ ᠳᠤᠨᠢ ᠮᠡᠳᠡᠭᠦᠯᠦᠨ᠎ᠠ᠃
     ︵ᠬᠤᠷᠢᠨ ᠨᠢᠬᠡ︶ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠪᠦᠭᠦ ᠲᠠᠯ᠎ᠠ ᠪᠠᠷ ᠠᠬᠢᠭᠤᠯᠤᠨ᠎ᠠ᠃
     61. ᠵᠠᠰᠠᠭ ᠤᠨ ᠶᠠᠪᠤᠳᠠᠯ ᠢ ᠢᠯᠡ ᠪᠤᠯᠭᠠᠬᠤ ᠲᠦᠷᠢᠮ ᠢ ᠨᠠᠶᠢᠳᠠᠪᠤᠷᠢᠵᠢᠭᠤᠯᠤᠨ᠎ᠠ᠃ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ ᠲᠦᠷᠢᠮ ᠢ ᠲᠡᠭᠦᠯᠳᠡᠷᠵᠢᠬᠦᠯᠵᠦ᠂ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ ᠠᠷᠭ᠎ᠠ ᠵᠠᠮ ᠢ ᠦᠷᠬᠡᠳᠬᠡᠨ᠂ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ ᠬᠡᠪᠴᠢᠶ᠎ᠡ ᠪᠠ ᠠᠭᠤᠯᠭ᠎ᠠ ᠶᠢ ᠤᠯᠠᠮ ᠨᠢᠬᠡ ᠠᠯᠬᠤᠮ ᠲᠤᠳᠤᠷᠬᠠᠶᠢᠯᠠᠨ᠎ᠠ᠃ ᠵᠤᠷᠰᠢᠨᠨᠰᠠᠨ ᠨᠡᠶᠢᠳᠡᠯᠡᠯ᠂ ᠪᠠᠴᠢᠮ ᠪᠠᠶᠢᠳᠠᠯ ᠢ ᠠᠷᠭᠠᠴᠠᠬᠤ ᠨᠡᠶᠢᠳᠡᠯᠡᠯ᠂ ᠲᠦᠷᠦ ᠶᠢᠨ ᠪᠤᠳᠤᠯᠭ᠎ᠠ ᠶᠢ ᠤᠩᠰᠢᠨ ᠲᠠᠶᠢᠯᠪᠤᠷᠢᠯᠠᠬᠤ᠂ ᠬᠠᠯᠠᠮᠰᠢᠯ ᠠᠰᠠᠭᠤᠳᠠᠯ ᠳᠤ ᠬᠠᠷᠢᠭᠤ ᠦᠭᠭᠦ ᠵᠡᠷᠬᠡ ᠲᠤᠨᠨᠳᠠᠴᠠ ᠶᠢ ᠪᠦᠷᠢᠨᠰᠢᠬᠦᠯᠦᠨ᠎ᠠ᠃ ᠵᠠᠰᠠᠭ ᠤᠨ ᠶᠠᠪᠤᠳᠠᠯ ᠢ ᠢᠯᠡ ᠪᠤᠯᠭᠠᠬᠤ ᠠᠷᠭ᠎ᠠ ᠮᠠᠶ᠋ᠢᠭ ᠲᠤ ᠰᠢᠨ᠎ᠠ ᠶᠢ ᠡᠭᠦᠳᠴᠤ᠂ ᠢᠨᠲ᠋ᠧᠷ ᠰᠦᠯᠵᠢᠶᠡᠨ ᠳᠠᠬᠢ ᠵᠠᠰᠠᠭ ᠤᠨ ᠶᠠᠪᠤᠳᠠᠯ ᠤᠨ ᠮᠡᠳᠡᠭᠡ ᠵᠠᠩᠬᠢ ᠶᠢᠨ ᠳ᠋ᠠᠶᠢᠲ᠋ᠠ ᠦᠢᠯᠡᠴᠢᠯᠡᠬᠡᠨ ᠤ ᠲᠡᠪᠴᠡᠩ ᠪᠠ ᠠᠷᠠᠳ ᠲᠤ ᠲᠦᠭᠦᠮ ᠦᠵᠡᠬᠦᠯᠬᠦ ᠦᠢᠯᠡᠴᠢᠯᠡᠬᠡᠨ ᠤ ᠲᠡᠪᠴᠡᠩ ᠤᠨ ᠪᠠᠶᠢᠭᠤᠯᠤᠯᠳᠠ ᠶᠢ ᠴᠢᠩᠭᠠᠳᠬᠠᠨ᠂ ᠵᠠᠰᠠᠭ ᠤᠨ ᠶᠠᠪᠤᠳᠠᠯ ᠤᠨ ᠢᠯᠡ ᠪᠤᠯᠭᠠᠬᠤ ᠶᠢ ᠮᠡᠳᠡᠭᠡ ᠵᠠᠩᠬᠢᠵᠢᠭᠤᠯᠬᠤ᠂ ᠲᠦᠪᠯᠡᠷᠡᠭᠦᠯᠬᠦ ᠬᠢᠷᠢ ᠬᠡᠮᠵᠢᠶ᠎ᠡ ᠶᠢ ᠲᠡᠬᠡᠭᠰᠢᠯᠡᠬᠦᠯᠦᠨ᠎ᠠ᠃
     62. ᠭᠤᠤᠯᠳᠠᠯᠭ᠎ᠠ ᠲᠠᠢ ᠭᠦᠷᠢᠶ᠎ᠡ ᠴᠠᠷᠠᠭ᠎ᠠ ᠪᠠ ᠵᠠᠩᠬᠢᠯᠠᠭ᠎ᠠ ᠶᠢᠨ ᠲᠠᠯ᠎ᠠ ᠳᠠᠬᠢ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ ᠶᠢ ᠴᠢᠩᠭᠠᠳᠬᠠᠨ᠎ᠠ᠃ ᠡᠳ᠋ ᠤᠨ ᠵᠠᠰᠠᠭ ᠤᠨ ᠲᠦᠰᠦᠪ᠂ ᠤᠯᠠᠨ ᠨᠡᠶᠢᠳᠡ ᠶᠢᠨ ᠡᠬᠢ ᠪᠠᠶᠠᠯᠢᠭ ᠤᠨ ᠲᠤᠬᠢᠷᠠᠭᠤᠯᠤᠯᠳᠠ᠂ ᠴᠢᠬᠤᠯᠠ ᠶᠡᠭᠡ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠢ ᠵᠦᠪᠰᠢᠶᠡᠷᠡᠭᠦ ᠪᠠ ᠬᠡᠷᠡᠭᠵᠢᠬᠦᠯᠬᠦ᠂ ᠨᠡᠶᠢᠬᠡᠮ ᠤᠨ ᠤᠯᠠᠨ ᠨᠡᠶᠢᠳᠡ ᠶᠢᠨ ᠠᠵᠢᠯ ᠦᠢᠯᠡᠰ ᠤᠨ ᠪᠦᠳᠦᠬᠡᠨ ᠪᠠᠶᠢᠭᠤᠯᠤᠯᠳᠠ ᠵᠡᠷᠬᠡ ᠭᠦᠷᠢᠶ᠎ᠡ ᠴᠠᠷᠠᠭ᠎ᠠ ᠳᠤ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠨᠡᠶᠢᠳᠡᠯᠡᠬᠦ ᠶᠢ ᠭᠤᠤᠯᠳᠠᠯᠭ᠎ᠠ ᠲᠠᠢ ᠠᠬᠢᠭᠤᠯᠤᠨ᠎ᠠ᠃
     63. ᠵᠠᠰᠠᠭ ᠤᠨ ᠤᠷᠳᠤᠨ ᠤ ᠮᠡᠳᠡᠭᠡ ᠵᠠᠩᠬᠢ ᠶᠢᠨ ᠭᠤᠶᠤᠴᠢᠯᠠᠵᠦ ᠢᠯᠡ ᠪᠤᠯᠭᠠᠬᠤ ᠶᠢ ᠵᠢᠷᠤᠮᠵᠢᠭᠤᠯᠤᠨ᠎ᠠ᠃ ᠭᠦᠢᠴᠡᠳᠬᠡᠬᠦ ᠶᠠᠪᠤᠴᠠ ᠶᠢ ᠲᠤᠳᠤᠷᠬᠠᠶᠢᠯᠠᠵᠦ᠂ ᠭᠦᠯᠢᠶᠡᠨ ᠠᠪᠴᠤ ᠰᠶᠢᠳᠪᠦᠷᠢᠯᠡᠬᠦ᠂ ᠲᠤᠰᠢᠶᠠᠨ ᠭᠦᠢᠴᠡᠳᠬᠡᠯᠬᠡᠬᠦ᠂ ᠲᠠᠭᠠᠭᠠᠨ ᠭᠦᠢᠴᠡᠳᠬᠡᠬᠦ ᠪᠠ ᠬᠠᠷᠢᠭᠤ ᠦᠭᠭᠦ ᠵᠡᠷᠬᠡ ᠭᠤᠬᠴᠤᠭ᠎ᠠ ᠶᠢ ᠵᠢᠷᠤᠮᠵᠢᠭᠤᠯᠵᠦ᠂ ᠬᠠᠷᠢᠭᠤ ᠦᠭᠭᠦ ᠶᠠᠰᠤ ᠴᠢᠨᠠᠷ ᠢ ᠲᠡᠬᠡᠭᠰᠢᠯᠡᠬᠦᠯᠦᠨ᠎ᠠ᠃

     ᠵᠢᠷᠭᠤᠭ᠎ᠠ᠂ ᠨᠡᠶᠢᠬᠡᠮ ᠤᠨ ᠵᠦᠷᠢᠴᠡᠯ ᠢ ᠬᠠᠤᠯᠢ ᠶᠤᠰᠤᠭᠠᠷ ᠪᠦᠳᠦᠮᠵᠢᠳᠡᠢ ᠨᠠᠮᠳᠠᠭᠤᠯᠤᠨ᠎ᠠ
     ︵ᠬᠤᠷᠢᠨ ᠬᠤᠶᠠᠷ︶ ᠨᠡᠶᠢᠬᠡᠮ ᠤᠨ ᠵᠦᠷᠢᠴᠡᠯ ᠢ ᠤᠷᠢᠳᠴᠢᠯᠡᠨ ᠰᠡᠷᠬᠡᠶᠢᠯᠡᠬᠦ ᠶᠢ ᠪᠦᠷᠢᠨᠰᠢᠬᠦᠯᠦᠨ᠎ᠠ᠃
     64. ᠭᠤᠤᠯᠳᠠᠯᠭ᠎ᠠ ᠲᠠᠢ ᠭᠦᠷᠢᠶ᠎ᠡ ᠴᠠᠷᠠᠭ᠎ᠠ ᠳᠠᠬᠢ ᠨᠡᠶᠢᠬᠡᠮ ᠤᠨ ᠵᠠᠰᠠᠯᠳᠠ ᠶᠢ ᠴᠢᠩᠭᠠᠳᠬᠠᠨ᠎ᠠ᠃ ᠬᠠᠤᠯᠢ ᠬᠡᠷᠡᠭᠵᠢᠬᠦᠯᠦᠯᠳᠡ ᠶᠢ ᠴᠢᠩᠳᠠᠯᠠᠵᠦ᠂ ᠢᠳᠡᠬᠡᠨ ᠪᠠ ᠡᠮ ᠤᠨ ᠵᠦᠢᠯ ᠤᠨ ᠠᠮᠤᠷ ᠲᠦᠪᠰᠢᠨ᠂ ᠠᠶᠤᠯ ᠦᠬᠡᠢ ᠦᠢᠯᠡᠳᠪᠦᠷᠢᠯᠡᠯ᠂ ᠠᠮᠢ ᠠᠬᠤᠢ ᠶᠢᠨ ᠤᠷᠴᠢᠨ ᠲᠤᠭᠤᠷᠢᠨ᠂ ᠲᠤᠤᠷ ᠰᠦᠯᠵᠢᠶᠡᠨ ᠤ ᠠᠮᠤᠷ ᠲᠦᠪᠰᠢᠨ᠂ ᠨᠡᠶᠢᠬᠡᠮ ᠤᠨ ᠠᠮᠤᠷ ᠲᠦᠪᠰᠢᠨ ᠵᠡᠷᠬᠡ ᠲᠠᠯ᠎ᠠ ᠶᠢ ᠨᠦᠯᠦᠬᠡᠯᠡᠬᠦ ᠪᠤᠶᠤ ᠭᠦᠨᠦᠬᠡᠵᠦ ᠮᠡᠳᠡᠬᠦ ᠭᠤᠤᠯᠳᠠᠯᠭ᠎ᠠ ᠲᠠᠢ ᠠᠰᠠᠭᠤᠳᠠᠯ ᠢ ᠵᠠᠰᠠᠬᠤ ᠪᠠᠨ ᠴᠢᠩᠭᠠᠳᠬᠠᠨ᠎ᠠ᠃
     65. ᠵᠦᠷᠢᠴᠡᠯ ᠢ ᠨᠠᠮᠳᠠᠭᠤᠯᠬᠤ ᠤᠯᠠᠨ ᠡᠰᠢᠵᠢᠭᠰᠡᠨ ᠲᠤᠨᠨᠳᠠᠴᠠ ᠶᠢ ᠪᠦᠷᠢᠨᠰᠢᠬᠦᠯᠦᠨ᠎ᠠ᠃ ᠡᠶᠡᠳᠡᠬᠦᠯᠬᠦ ᠵᠤᠬᠢᠴᠠᠭᠤᠯᠬᠤ᠂ ᠵᠠᠰᠠᠭ ᠵᠠᠬᠢᠷᠭᠠᠨ ᠢᠶᠠᠷ ᠲᠠᠬᠢᠨ ᠵᠦᠪᠯᠡᠬᠦᠯᠬᠦ᠂ ᠵᠠᠰᠠᠭ ᠵᠠᠬᠢᠷᠭᠠᠨ ᠢᠶᠠᠷ ᠲᠠᠰᠤᠯᠤᠨ ᠲᠤᠨᠨᠳᠠᠭᠠᠬᠤ᠂ ᠵᠠᠰᠠᠭ ᠵᠠᠬᠢᠷᠭᠠᠨ ᠢᠶᠠᠷ ᠵᠠᠭᠠᠯᠳᠤᠬᠤ᠂ ᠭᠦᠨᠳᠡᠯᠡᠨ ᠠᠴᠠ ᠲᠠᠰᠤᠯᠬᠤ ᠵᠡᠷᠬᠡ ᠶᠢᠨ ᠤᠷᠭᠠᠨᠢᠭ ᠵᠤᠯᠭᠠᠯᠳᠤᠨᠨᠰᠠᠨ᠂ ᠬᠠᠷᠢᠯᠴᠠᠨ ᠵᠤᠬᠢᠴᠬᠠᠰᠠᠨ ᠵᠦᠷᠢᠴᠡᠯ ᠵᠢᠭᠤᠷᠠᠯᠳᠤᠭᠠᠨ ᠢ ᠰᠶᠢᠳᠪᠦᠷᠢᠯᠡᠬᠦ ᠤᠯᠠᠨ ᠡᠰᠢᠵᠢᠭᠰᠡᠨ ᠲᠤᠨᠨᠳᠠᠴᠠ ᠶᠢ ᠪᠠᠶᠢᠭᠤᠯᠤᠨ ᠪᠦᠷᠢᠨᠰᠢᠬᠦᠯᠵᠦ᠂ ᠵᠠᠰᠠᠭ ᠵᠠᠬᠢᠷᠭᠠᠨ ᠢᠶᠠᠷ ᠡᠶᠡᠳᠡᠬᠦᠯᠬᠦ ᠪᠠ ᠠᠷᠠᠳ ᠤᠨ ᠡᠶᠡᠳᠡᠬᠦᠯᠬᠦ᠂ ᠬᠠᠤᠯᠢ ᠴᠠᠭᠠᠵᠠ ᠪᠠᠷ ᠡᠶᠡᠳᠡᠬᠦᠯᠬᠦ ᠶᠢ ᠬᠠᠷᠢᠯᠴᠠᠨ ᠵᠤᠯᠭᠠᠯᠳᠤᠭᠤᠯᠤᠨᠨᠰᠠᠨ ᠡᠶᠡᠳᠡᠬᠦᠯᠬᠡ ᠶᠢᠨ ᠬᠠᠮᠳᠤᠷᠠᠨ ᠭᠦᠳᠡᠯᠦᠯᠴᠡᠬᠦ ᠲᠤᠮᠤᠬᠠᠨ ᠲᠤᠨᠨᠳᠠᠴᠠ ᠶᠢ ᠪᠦᠷᠢᠨᠰᠢᠬᠦᠯᠦᠨ᠎ᠠ᠃
     ︵ᠬᠤᠷᠢᠨ ᠭᠤᠷᠪᠠ︶ ᠵᠠᠰᠠᠭ ᠵᠠᠬᠢᠷᠭᠠᠨ ᠢᠶᠠᠷ ᠲᠠᠬᠢᠨ ᠵᠦᠪᠯᠡᠬᠦᠯᠬᠦ ᠠᠵᠢᠯ ᠢ ᠴᠢᠩᠭᠠᠳᠬᠠᠨ᠎ᠠ᠃
     66. ᠵᠠᠰᠠᠭ ᠵᠠᠬᠢᠷᠭᠠᠨ ᠢᠶᠠᠷ ᠲᠠᠬᠢᠨ ᠵᠦᠪᠯᠡᠬᠦᠯᠬᠦ ᠪᠠᠶᠢᠭᠤᠯᠤᠯ ᠤᠨ ᠦᠬᠡᠷᠡᠴᠢᠯᠡᠯᠳᠡ ᠶᠢ ᠠᠬᠢᠭᠤᠯᠤᠨ᠎ᠠ᠃ ᠵᠠᠰᠠᠭ ᠵᠠᠬᠢᠷᠭᠠᠨ ᠢᠶᠠᠷ ᠲᠠᠬᠢᠨ ᠵᠦᠪᠯᠡᠬᠦᠯᠬᠦ ᠲᠦᠷᠢᠮ ᠢ ᠲᠡᠭᠦᠯᠳᠡᠷᠵᠢᠬᠦᠯᠵᠦ᠂ ᠵᠠᠰᠠᠭ ᠵᠠᠬᠢᠷᠭᠠᠨ ᠢᠶᠠᠷ ᠲᠠᠬᠢᠨ ᠵᠦᠪᠯᠡᠬᠦᠯᠬᠦ ᠪᠠᠶᠢᠭᠤᠯᠤᠯ ᠢ ᠦᠬᠡᠷᠡᠴᠢᠯᠡᠨ᠂ ᠤᠷᠤᠨ ᠨᠤᠳᠤᠭ ᠤᠨ ᠵᠠᠰᠠᠭ ᠵᠠᠬᠢᠷᠭᠠᠨ ᠢᠶᠠᠷ ᠲᠠᠬᠢᠨ ᠵᠦᠪᠯᠡᠬᠦᠯᠬᠦ ᠡᠭᠦᠷᠬᠡ ᠬᠠᠷᠢᠭᠤᠴᠠᠯᠭ᠎ᠠ ᠶᠢ ᠡᠮᠬᠢᠯᠡᠨ ᠨᠡᠶᠢᠯᠡᠬᠦᠯᠬᠦ ᠶᠢ ᠢᠳᠡᠪᠬᠢᠳᠡᠢ ᠰᠦᠪᠡᠭᠴᠢᠯᠡᠨ᠎ᠠ᠃
     67. ᠵᠠᠰᠠᠭ ᠵᠠᠬᠢᠷᠭᠠᠨ ᠢᠶᠠᠷ ᠲᠠᠬᠢᠨ ᠵᠦᠪᠯᠡᠬᠦᠯᠵᠦ ᠬᠡᠷᠡᠭ ᠰᠶᠢᠳᠪᠦᠷᠢᠯᠡᠬᠦ ᠶᠢᠨ ᠶᠠᠰᠤ ᠴᠢᠨᠠᠷ ᠢ ᠲᠡᠬᠡᠭᠰᠢᠯᠡᠬᠦᠯᠦᠨ᠎ᠠ᠃ ᠵᠠᠰᠠᠭ ᠵᠠᠬᠢᠷᠭᠠᠨ ᠢᠶᠠᠷ ᠲᠠᠬᠢᠨ ᠵᠦᠪᠯᠡᠬᠦᠯᠬᠦ ᠬᠡᠷᠡᠭ ᠤᠨ ᠰᠢᠬᠦᠨ ᠰᠶᠢᠳᠪᠦᠷᠢᠯᠡᠬᠦ ᠲᠤᠨᠨᠳᠠᠴᠠ ᠶᠢ ᠪᠦᠷᠢᠨᠰᠢᠬᠦᠯᠵᠦ᠂ ᠢᠯᠡ ᠪᠠᠷ ᠬᠡᠷᠡᠴᠢᠯᠡᠭᠡ ᠰᠤᠨᠤᠰᠴᠤ ᠰᠢᠬᠦᠨ ᠰᠶᠢᠳᠪᠦᠷᠢᠯᠡᠬᠦ ᠡᠷᠴᠢᠮ ᠢ ᠴᠢᠩᠭᠠᠷᠠᠭᠤᠯᠤᠨ᠂ ᠬᠠᠤᠯᠢ ᠠᠴᠠ ᠵᠦᠷᠢᠴᠡᠭᠰᠡᠨ ᠪᠤᠶᠤ ᠵᠠᠰᠠᠭ ᠵᠠᠬᠢᠷᠭᠠᠨ ᠤ ᠵᠤᠬᠢᠰ ᠦᠬᠡᠢ ᠦᠢᠯᠡ ᠠᠵᠢᠯᠯᠠᠭ᠎ᠠ ᠶᠢ ᠵᠠᠯᠠᠷᠠᠭᠤᠯᠤᠨ᠎ᠠ᠃ ᠵᠠᠰᠠᠭ ᠵᠠᠬᠢᠷᠭᠠᠨ ᠢᠶᠠᠷ ᠲᠠᠬᠢᠨ ᠵᠦᠪᠯᠡᠬᠦᠯᠬᠦ ᠬᠡᠷᠡᠭ ᠤᠨ ᠰᠶᠢᠳᠪᠦᠷᠢᠯᠡᠬᠦ ᠶᠠᠰᠤ ᠴᠢᠨᠠᠷ ᠢ ᠲᠡᠬᠡᠭᠰᠢᠯᠡᠬᠦᠯᠵᠦ᠂ ᠵᠠᠰᠠᠭ ᠵᠠᠬᠢᠷᠭᠠᠨ ᠢᠶᠠᠷ ᠬᠢᠨᠠᠨ ᠵᠦᠪᠯᠡᠬᠦᠯᠬᠦ ᠶᠢᠨ ᠲᠤᠰᠬᠠᠢ ᠮᠡᠷᠬᠡᠵᠢᠯ ᠤᠨ ᠴᠢᠨᠠᠷ᠂ ᠢᠯᠡ ᠲᠤᠳᠤ ᠶᠢᠨ ᠬᠡᠮᠵᠢᠶ᠎ᠡ ᠪᠡ ᠨᠡᠶᠢᠳᠡ ᠳᠤ ᠢᠳᠡᠬᠡᠬᠦᠯᠬᠦ ᠭᠦᠴᠦᠨ ᠢ ᠴᠢᠩᠭᠠᠳᠬᠠᠨ᠎ᠠ᠃
     68. ᠵᠠᠰᠠᠭ ᠵᠠᠬᠢᠷᠭᠠᠨ ᠢᠶᠠᠷ ᠲᠠᠬᠢᠨ ᠵᠦᠪᠯᠡᠬᠦᠯᠬᠦ ᠪᠠᠳᠤᠯᠠᠭ᠎ᠠ ᠶᠢ ᠨᠠᠶᠢᠳᠠᠪᠤᠷᠢᠵᠢᠭᠤᠯᠤᠨ᠎ᠠ᠃ ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠠᠷᠠᠳ ᠤᠨ ᠵᠠᠰᠠᠭ ᠤᠨ ᠤᠷᠳᠤᠨ ᠨᠢ ᠵᠠᠰᠠᠭ ᠵᠠᠬᠢᠷᠭᠠᠨ ᠢᠶᠠᠷ ᠬᠢᠨᠠᠨ ᠵᠦᠪᠯᠡᠬᠦᠯᠬᠦ ᠴᠢᠳᠠᠪᠤᠷᠢ ᠶᠢᠨ ᠪᠠᠶᠢᠭᠤᠯᠤᠯᠳᠠ ᠶᠢ ᠬᠠᠤᠯᠢ ᠶᠤᠰᠤᠭᠠᠷ ᠴᠢᠩᠭᠠᠳᠬᠠᠵᠦ᠂ ᠠᠵᠢᠯᠳᠠᠨ ᠤ ᠲᠤᠬᠢᠷᠠᠭᠤᠯᠤᠯᠳᠠ ᠬᠢᠬᠡᠳ ᠲᠠᠭᠠᠭᠠᠨ ᠭᠦᠢᠴᠡᠳᠬᠡᠬᠦ ᠠᠵᠢᠯ ᠤᠨ ᠡᠭᠦᠷᠬᠡ ᠶᠢ ᠲᠤᠬᠢᠷᠠᠯᠴᠠᠭᠤᠯᠬᠤ ᠬᠡᠷᠡᠭᠳᠡᠢ᠃ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠨᠢ ᠰᠤᠮᠤ ᠰᠢᠶᠠᠩ ᠪᠠᠯᠭᠠᠰᠤ ᠶᠢᠨ ᠵᠠᠰᠠᠭ ᠤᠨ ᠤᠷᠳᠤᠨ᠂ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠵᠠᠰᠠᠭ ᠵᠠᠬᠢᠷᠭᠠᠨ ᠢᠶᠠᠷ ᠲᠠᠬᠢᠨ ᠵᠦᠪᠯᠡᠬᠦᠯᠬᠦ ᠶᠢᠨ ᠲᠤᠰᠢᠶᠠᠯ ᠬᠠᠪᠰᠤᠷᠭᠠᠨᠨᠰᠠᠨ ᠬᠤᠯᠪᠤᠭᠠᠴᠢᠨ ᠲᠤᠬᠢᠷᠠᠭᠤᠯᠵᠦ ᠪᠤᠯᠤᠨ᠎ᠠ᠃ ᠵᠠᠰᠠᠭ ᠵᠠᠬᠢᠷᠭᠠᠨ ᠢᠶᠠᠷ ᠲᠠᠬᠢᠨ ᠵᠦᠪᠯᠡᠬᠦᠯᠬᠦ ᠬᠡᠷᠡᠭ ᠤᠨ ᠰᠶᠢᠳᠪᠦᠷᠢᠯᠡᠬᠦ ᠲᠠᠯᠠᠪᠤᠷ ᠭᠠᠵᠠᠷ᠂ ᠬᠡᠷᠡᠭ ᠰᠶᠢᠳᠪᠦᠷᠢᠯᠡᠬᠦ ᠲᠡᠷᠬᠡ ᠭᠦᠰᠬᠡ ᠪᠡ ᠬᠤᠯᠪᠤᠨᠨᠳᠠᠯ ᠪᠦᠭᠦᠢ ᠲᠤᠨᠤᠭ ᠲᠦᠭᠦᠬᠡᠷᠦᠮᠵᠢ ᠶᠢᠨ ᠪᠠᠳᠤᠯᠠᠭ᠎ᠠ ᠶᠢ ᠨᠠᠶᠢᠳᠠᠪᠤᠷᠢᠵᠢᠭᠤᠯᠵᠦ᠂ ᠵᠠᠰᠠᠭ ᠵᠠᠬᠢᠷᠭᠠᠨ ᠢᠶᠠᠷ ᠲᠠᠬᠢᠨ ᠵᠦᠪᠯᠡᠬᠦᠯᠬᠦ ᠵᠠᠷᠤᠳᠠᠯ ᠢ ᠲᠤᠰ ᠱᠠᠳᠤᠨ ᠤ ᠡᠳ᠋ ᠶᠢᠨ ᠵᠠᠰᠠᠭ ᠤᠨ ᠲᠦᠰᠦᠪ ᠲᠤ ᠤᠷᠤᠭᠤᠯᠤᠨ᠎ᠠ᠃
     ︵ᠬᠤᠷᠢᠨ ᠲᠦᠷᠪᠡ︶ ᠵᠠᠰᠠᠭ ᠵᠠᠬᠢᠷᠭᠠᠨ ᠢᠶᠠᠷ ᠡᠶᠡᠳᠡᠬᠦᠯᠬᠦ᠂ ᠵᠠᠰᠠᠭ ᠵᠠᠬᠢᠷᠭᠠᠨ ᠢᠶᠠᠷ ᠲᠠᠰᠤᠯᠤᠨ ᠲᠤᠨᠨᠳᠠᠭᠠᠬᠤ ᠪᠡ ᠠᠷᠠᠳ ᠤᠨ ᠡᠶᠡᠳᠡᠬᠦᠯᠬᠦ ᠲᠦᠷᠢᠮ ᠢ ᠨᠠᠶᠢᠳᠠᠪᠤᠷᠢᠵᠢᠭᠤᠯᠤᠨ᠎ᠠ᠃
     69. ᠵᠠᠰᠠᠭ ᠵᠠᠬᠢᠷᠭᠠᠨ ᠢᠶᠠᠷ ᠡᠶᠡᠳᠡᠬᠦᠯᠬᠦ ᠴᠢᠳᠠᠮᠵᠢ ᠶᠢᠨ ᠦᠢᠯᠡᠳᠦᠯ ᠢ ᠪᠠᠳᠠᠷᠠᠭᠤᠯᠤᠨ᠎ᠠ᠃ ᠵᠠᠰᠠᠭ ᠵᠠᠬᠢᠷᠭᠠᠨ ᠢᠶᠠᠷ ᠡᠶᠡᠳᠡᠬᠦᠯᠬᠦ ᠲᠦᠷᠢᠮ ᠢ ᠪᠦᠷᠢᠨᠰᠢᠬᠦᠯᠵᠦ᠂ ᠵᠠᠰᠠᠭ ᠵᠠᠬᠢᠷᠭᠠᠨ ᠢᠶᠠᠷ ᠡᠶᠡᠳᠡᠬᠦᠯᠬᠦ ᠬᠡᠪᠴᠢᠶ᠎ᠡ ᠶᠢ ᠤᠯᠠᠮ ᠨᠢᠬᠡ ᠠᠯᠬᠤᠮ ᠲᠤᠳᠤᠷᠬᠠᠶᠢᠯᠠᠨ᠂ ᠵᠠᠰᠠᠭ ᠵᠠᠬᠢᠷᠭᠠᠨ ᠢᠶᠠᠷ ᠡᠶᠡᠳᠡᠬᠦᠯᠬᠦ ᠲᠤᠨᠨᠳᠠᠴᠠ ᠶᠢ ᠲᠡᠭᠦᠯᠳᠡᠷᠵᠢᠬᠦᠯᠵᠦ᠂ ᠵᠠᠰᠠᠭ ᠵᠠᠬᠢᠷᠭᠠᠨ ᠢᠶᠠᠷ ᠡᠶᠡᠳᠡᠬᠦᠯᠬᠦ ᠲᠡᠰ ᠲᠠᠷᠠᠭᠠᠯᠠᠯ ᠢ ᠵᠢᠷᠤᠮᠵᠢᠭᠤᠯᠤᠨ᠎ᠠ᠃  
     70. ᠵᠠᠰᠠᠭ ᠵᠠᠬᠢᠷᠭᠠᠨ ᠢᠶᠠᠷ ᠲᠠᠰᠤᠯᠤᠨ ᠲᠤᠨᠨᠳᠠᠭᠠᠬᠤ ᠶᠢ ᠬᠠᠤᠯᠢ ᠶᠤᠰᠤᠭᠠᠷ ᠭᠦᠢᠴᠡᠳᠬᠡᠨ᠎ᠠ᠃ ᠵᠠᠰᠠᠭ ᠵᠠᠬᠢᠷᠭᠠᠨ ᠢᠶᠠᠷ ᠲᠠᠰᠤᠯᠤᠨ ᠲᠤᠨᠨᠳᠠᠭᠠᠬᠤ ᠡᠭᠦᠷᠬᠡ ᠴᠢᠳᠠᠪᠤᠷᠢ ᠲᠠᠢ ᠰᠠᠯᠠᠭ᠎ᠠ ᠮᠦᠴᠢᠷ ᠨᠢ ᠵᠠᠰᠠᠭ ᠵᠠᠬᠢᠷᠭᠠᠨ ᠢᠶᠠᠷ ᠲᠠᠰᠤᠯᠤᠨ ᠲᠤᠨᠨᠳᠠᠭᠠᠬᠤ ᠦᠨᠳᠦᠰᠦᠯᠡᠯ ᠪᠡ ᠲᠤᠬᠢᠷᠠᠭᠤᠯᠬᠤ ᠡᠳᠡᠬᠡᠳ ᠢ ᠵᠣᠬᠢᠴᠠᠭᠤᠯᠤᠨ ᠲᠢᠭᠯᠡᠬᠦ ᠶᠢᠨ ᠬᠠᠮᠳᠤ᠂ ᠵᠠᠰᠠᠭ ᠵᠠᠬᠢᠷᠭᠠᠨ ᠢᠶᠠᠷ ᠲᠠᠰᠤᠯᠤᠨ ᠲᠤᠨᠨᠳᠠᠭᠠᠬᠤ ᠡᠭᠦᠷᠬᠡ ᠬᠠᠷᠢᠭᠤᠴᠠᠯᠭ᠎ᠠ ᠶᠢ ᠰᠦᠯᠵᠢᠶ᠎ᠡ ᠪᠠᠷ ᠢᠶᠠᠨ ᠨᠡᠶᠢᠬᠡᠮ ᠳᠤ ᠨᠡᠶᠢᠳᠡᠯᠡᠨ᠂ ᠵᠠᠰᠠᠭ ᠵᠠᠬᠢᠷᠭᠠᠨ ᠢᠶᠠᠷ ᠲᠠᠰᠤᠯᠤᠨ ᠲᠤᠨᠨᠳᠠᠭᠠᠬᠤ ᠬᠡᠪᠴᠢᠶ᠎ᠡ᠂ ᠦᠨᠳᠦᠰᠦᠯᠡᠯ ᠪᠡ ᠠᠪᠤᠷᠠᠨ ᠲᠤᠰᠠᠯᠠᠬᠤ ᠠᠷᠭ᠎ᠠ ᠵᠠᠮ ᠢ ᠲᠤᠳᠤᠷᠬᠠᠶᠢᠯᠠᠨ᠎ᠠ᠃ ᠵᠠᠰᠠᠭ ᠵᠠᠬᠢᠷᠭᠠᠨ ᠢᠶᠠᠷ ᠲᠠᠰᠤᠯᠤᠨ ᠲᠤᠨᠨᠳᠠᠭᠠᠬᠤ ᠲᠡᠰ ᠲᠠᠷᠠᠭᠠᠯᠠᠯ ᠤᠨ ᠲᠤᠨᠨᠳᠠᠭᠠᠯ ᠢ ᠪᠦᠷᠢᠨᠰᠢᠬᠦᠯᠦᠨ ᠲᠡᠭᠦᠯᠳᠡᠷᠵᠢᠬᠦᠯᠦᠨ᠎ᠠ᠃
     71. ᠠᠷᠠᠳ ᠤᠨ ᠡᠶᠡᠳᠡᠬᠦᠯᠬᠦ ᠠᠵᠢᠯ ᠢ ᠴᠢᠩᠭᠠᠳᠬᠠᠨ᠎ᠠ᠃ ᠠᠷᠠᠳ ᠤᠨ ᠡᠶᠡᠳᠡᠬᠦᠯᠬᠦ ᠵᠤᠬᠢᠶᠠᠨ ᠪᠠᠶᠢᠭᠤᠯᠤᠯᠳᠠ ᠶᠢᠨ ᠲᠤᠤᠷ ᠰᠦᠯᠵᠢᠶ᠎ᠡ ᠶᠢ ᠪᠦᠷᠢᠨᠰᠢᠬᠦᠯᠵᠦ᠂ ᠲᠤᠰᠬᠤᠨ ᠤ ᠵᠦᠪᠯᠡᠯ᠂ ᠰᠠᠭᠤᠭᠠᠯᠢ ᠠᠷᠠᠳ ᠤᠨ ᠵᠦᠪᠯᠡᠯ ᠤᠨ ᠠᠷᠠᠳ ᠤᠨ ᠡᠶᠡᠳᠡᠬᠦᠯᠬᠦ ᠵᠤᠬᠢᠶᠠᠨ ᠪᠠᠶᠢᠭᠤᠯᠤᠯᠳᠠ ᠶᠢ ᠪᠦᠭᠦᠨ ᠳᠤ ᠪᠦᠷᠭᠦᠭᠦᠯᠬᠦ ᠶᠢ ᠪᠡᠶᠡᠯᠡᠬᠦᠯᠦᠨ᠎ᠠ᠃ ᠠᠷᠠᠳ ᠤᠨ ᠡᠶᠡᠳᠡᠭᠦᠯᠦᠭᠴᠢ ᠶᠢᠨ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠵᠦ᠂ ᠠᠵᠦ ᠠᠬᠤᠶᠢᠯᠠᠯ ᠠᠵᠢᠯ ᠦᠢᠯᠡᠰ ᠤᠨ ᠨᠢᠬᠡᠴᠡ᠂ ᠰᠤᠮᠤ ᠰᠢᠶᠠᠩ ᠪᠠᠯᠭᠠᠰᠤ ︵ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠨᠡᠶᠢᠬᠡᠮ ᠤᠨ ᠪᠦᠯᠭᠦᠮ᠂ ᠠᠵᠢᠯ ᠲᠦᠷᠦᠯ ᠤᠨ ᠵᠤᠬᠢᠶᠠᠨ ᠪᠠᠶᠢᠭᠤᠯᠤᠯᠳᠠ ᠳᠤ ᠠᠷᠠᠳ ᠤᠨ ᠡᠶᠡᠳᠡᠬᠦᠯᠬᠦ ᠵᠤᠬᠢᠶᠠᠨ ᠪᠠᠶᠢᠭᠤᠯᠤᠯᠳᠠ ᠶᠢᠨ ᠴᠤᠨᠨᠴᠠᠯᠠᠯᠳᠠ ᠶᠢ ᠠᠬᠢᠭᠤᠯᠤᠨ᠎ᠠ᠃ ᠠᠷᠠᠳ ᠤᠨ ᠡᠶᠡᠳᠡᠬᠦᠯᠬᠦ᠂ ᠵᠠᠰᠠᠭ ᠵᠠᠬᠢᠷᠭᠠᠨ ᠢᠶᠠᠷ ᠡᠶᠡᠳᠡᠬᠦᠯᠬᠦ᠂ ᠬᠠᠤᠯᠢ ᠴᠠᠭᠠᠵᠠ ᠪᠠᠷ ᠡᠶᠡᠳᠡᠬᠦᠯᠬᠦ ᠶᠢᠨ ᠬᠠᠮᠳᠤᠷᠠᠨ ᠭᠦᠳᠡᠯᠦᠯᠴᠡᠬᠦ ᠠᠵᠢᠯ ᠤᠨ ᠰᠢᠰᠲ᠋ᠧᠮᠵᠢ ᠶᠢ ᠲᠡᠭᠦᠯᠳᠡᠷᠵᠢᠬᠦᠯᠦᠨ᠎ᠠ᠃
     72. ᠭᠦᠨᠳᠡᠯᠡᠨ ᠠᠴᠠ ᠲᠠᠰᠤᠯᠬᠤ ᠲᠦᠷᠢᠮ ᠤᠨ ᠦᠬᠡᠷᠡᠴᠢᠯᠡᠯᠳᠡ ᠶᠢ ᠠᠬᠢᠭᠤᠯᠤᠨ᠎ᠠ᠃ ᠭᠦᠨᠳᠡᠯᠡᠨ ᠠᠴᠠ ᠲᠠᠰᠤᠯᠬᠤ ᠲᠦᠷᠢᠮ ᠢ ᠲᠡᠭᠦᠯᠳᠡᠷᠵᠢᠬᠦᠯᠵᠦ᠂ ᠭᠦᠨᠳᠡᠯᠡᠨ ᠠᠴᠠ ᠲᠠᠰᠤᠯᠬᠤ ᠶᠢᠨ ᠨᠡᠶᠢᠳᠡ ᠳᠤ ᠢᠳᠡᠬᠡᠬᠦᠯᠬᠦ ᠭᠦᠴᠦᠨ ᠢ ᠲᠡᠬᠡᠭᠰᠢᠯᠡᠬᠦᠯᠦᠨ᠂ ᠠᠵᠦ ᠠᠬᠤᠢ ᠶᠢᠨ ᠵᠢᠭᠤᠷᠠᠯᠳᠤᠭᠠᠨ ᠢ ᠰᠶᠢᠳᠪᠦᠷᠢᠯᠡᠬᠦ᠂ ᠨᠡᠶᠢᠬᠡᠮ ᠤᠨ ᠵᠦᠷᠢᠴᠡᠯ ᠢ ᠠᠷᠢᠯᠭᠠᠬᠤ᠂ ᠨᠡᠶᠢᠬᠡᠮ ᠤᠨ ᠡᠶ᠎ᠡ ᠵᠤᠬᠢᠴᠠᠯ ᠢ ᠠᠬᠢᠭᠤᠯᠬᠤ ᠳᠤ ᠭᠦᠨᠳᠡᠯᠡᠨ ᠠᠴᠠ ᠲᠠᠰᠤᠯᠬᠤ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃
     ︵ᠬᠤᠷᠢᠨ ᠲᠠᠪᠤ︶ ᠵᠠᠬᠢᠳᠠᠯ ᠰᠤᠷᠪᠤᠯᠵᠢᠯᠠᠯ ᠤᠨ ᠬᠠᠤᠯᠢ ᠲᠦᠷᠢᠮᠵᠢᠬᠦᠯᠦᠭᠰᠡᠨ ᠪᠠᠶᠢᠭᠤᠯᠤᠯᠳᠠ ᠶᠢ ᠴᠢᠩᠭᠠᠳᠬᠠᠨ᠎ᠠ᠃
     73. ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠬᠠᠮᠳᠤᠷᠠᠵᠦ ᠰᠤᠷᠪᠤᠯᠵᠢᠯᠠᠯ ᠭᠦᠯᠢᠶᠡᠬᠦ ᠠᠵᠢᠯᠯᠠᠭᠠᠨ ᠤ ᠲᠤᠨᠨᠳᠠᠴᠠ ᠶᠢ ᠵᠢᠷᠤᠮᠵᠢᠭᠤᠯᠵᠦ᠂ ᠤᠯᠠᠨ ᠲᠦᠮᠡᠨ ᠤ ᠵᠦᠢ ᠶᠤᠰᠤᠨ ᠤ ᠭᠤᠮᠤᠳᠠᠯ ᠲᠤᠭᠠᠴᠢᠯᠳᠠ ᠶᠢ ᠴᠠᠭ ᠲᠤᠬᠠᠢ ᠳᠤᠨᠢ ᠲᠤᠬᠠᠢ ᠶᠢᠨ ᠭᠠᠵᠠᠷ ᠲᠤᠨᠢ ᠰᠶᠢᠳᠪᠦᠷᠢᠯᠡᠬᠦ ᠲᠤᠨᠨᠳᠠᠴᠠ ᠶᠢ ᠲᠡᠭᠦᠯᠳᠡᠷᠵᠢᠬᠦᠯᠦᠨ᠎ᠠ᠃ ᠤᠳᠤᠷᠢᠳᠬᠤ ᠺᠠᠳ᠋ᠷ ᠤᠨ ᠲᠤᠨᠨᠳᠠᠮᠠᠯ ᠬᠤᠭᠤᠴᠠᠭ᠎ᠠ ᠲᠠᠢ ᠪᠠᠷ ᠰᠤᠷᠪᠤᠯᠵᠢᠯᠠᠯ ᠭᠦᠯᠢᠶᠡᠨ ᠲᠤᠷᠤᠨᠨᠰᠢ ᠪᠠᠭᠤᠵᠦ ᠪᠠᠶᠢᠳᠠᠯ ᠤᠶᠢᠯᠠᠭᠠᠬᠤ ᠪᠡ ᠰᠠᠯᠠᠭ᠎ᠠ ᠮᠦᠴᠢᠷ ᠤᠨ ᠬᠠᠮᠳᠤᠷᠠᠵᠦ ᠰᠤᠷᠪᠤᠯᠵᠢᠯᠠᠯ ᠭᠦᠯᠢᠶᠡᠬᠦ ᠲᠦᠷᠢᠮ ᠢ ᠪᠠᠶᠢᠭᠤᠯᠤᠨ᠎ᠠ᠃
     74. ᠵᠠᠬᠢᠳᠠᠯ ᠰᠤᠷᠪᠤᠯᠵᠢᠯᠠᠯ ᠤᠨ ᠠᠵᠢᠯ ᠤᠨ ᠲᠦᠷᠢᠮ ᠢ ᠦᠬᠡᠷᠡᠴᠢᠯᠡᠨ᠎ᠡ᠃ ᠵᠠᠬᠢᠳᠠᠯ ᠰᠤᠷᠪᠤᠯᠵᠢᠯᠠᠯ ᠤᠨ ᠠᠵᠢᠯ ᠤᠨ ᠲᠡᠰ ᠲᠠᠷᠠᠭᠠᠯᠠᠯ ᠢ ᠵᠢᠷᠤᠮᠵᠢᠭᠤᠯᠵᠦ᠂ ᠤᠯᠠᠨ ᠲᠦᠮᠡᠨ ᠤ ᠭᠤᠮᠤᠳᠠᠯ ᠲᠤᠭᠠᠴᠢᠵᠦ ᠢᠯᠡᠳᠬᠡᠬᠦ᠂ ᠠᠰᠢᠭ ᠲᠤᠰᠠ ᠪᠠᠨ ᠵᠤᠬᠢᠴᠠᠭᠤᠯᠬᠤ ᠪᠡ ᠡᠷᠬᠡ ᠠᠰᠢᠭ ᠢᠶᠠᠨ ᠪᠠᠳᠤᠯᠠᠭᠤᠯᠬᠤ ᠵᠠᠮ ᠮᠦᠷ ᠢ ᠰᠢᠯᠤᠭᠤᠳᠬᠠᠵᠦ᠂ ᠵᠠᠬᠢᠳᠠᠯ ᠰᠤᠷᠪᠤᠯᠵᠢᠯᠠᠯ ᠤᠨ ᠡᠮᠬᠢ ᠲᠢᠭᠯᠢᠮ ᠢ ᠬᠠᠮᠠᠭᠠᠯᠠᠨ᠎ᠠ᠃ ᠤᠯᠠᠮᠵᠢᠯᠠᠯᠳᠤ ᠵᠠᠬᠢᠳᠠᠯ ᠰᠤᠷᠪᠤᠯᠵᠢᠯᠠᠯ ᠤᠨ ᠠᠷᠭ᠎ᠠ ᠵᠠᠮ ᠢ ᠰᠢᠯᠢᠳᠡᠭᠵᠢᠬᠦᠯᠵᠦ᠂ ᠰᠦᠯᠵᠢᠶ᠎ᠡ ᠪᠠᠷ ᠵᠠᠬᠢᠳᠠᠯ ᠰᠤᠷᠪᠤᠯᠵᠢᠯᠠᠯ ᠭᠦᠯᠢᠶᠡᠨ ᠠᠪᠴᠤ ᠭᠦᠢᠴᠡᠳᠬᠡᠬᠦ ᠲᠦᠷᠢᠮ ᠢ ᠬᠡᠷᠡᠭᠵᠢᠬᠦᠯᠦᠨ᠂ ᠤᠯᠠᠨ ᠲᠦᠮᠡᠨ ᠤ ᠵᠦᠢ ᠶᠤᠰᠤᠨ ᠤ ᠭᠤᠮᠤᠳᠠᠯ ᠲᠤᠭᠠᠴᠢᠯᠳᠠ ᠶᠢ ᠴᠠᠭ ᠲᠤᠬᠠᠢ ᠳᠤᠨᠢ ᠲᠤᠬᠠᠢ ᠶᠢᠨ ᠭᠠᠵᠠᠷ ᠲᠤᠨᠢ ᠰᠶᠢᠳᠪᠦᠷᠢᠯᠡᠬᠦ ᠲᠤᠨᠨᠳᠠᠴᠠ ᠶᠢ ᠪᠦᠷᠢᠨᠰᠢᠬᠦᠯᠦᠨ᠎ᠠ᠃ ᠵᠠᠭᠠᠯᠳᠤᠯᠭ᠎ᠠ ᠪᠠ ᠰᠤᠷᠪᠤᠯᠵᠢᠯᠠᠯ ᠢ ᠰᠠᠯᠭᠠᠬᠤ ᠶᠢ ᠴᠢᠩᠭ᠎ᠠ ᠬᠡᠷᠡᠭᠵᠢᠬᠦᠯᠵᠦ᠂ ᠬᠠᠤᠯᠢ ᠳᠤ ᠲᠤᠨᠨᠳ᠋ᠬᠠᠰᠠᠨ ᠠᠷᠭ᠎ᠠ ᠵᠠᠮ ᠢᠶᠠᠷ ᠲᠠᠮᠵᠢᠨ ᠵᠠᠬᠢᠳᠠᠯ ᠰᠤᠷᠪᠤᠯᠵᠢᠯᠠᠯ ᠤᠨ ᠵᠠᠭᠠᠯᠳᠤᠯᠭ᠎ᠠ ᠶᠢᠨ ᠭᠤᠶᠤᠴᠢᠯᠠᠯ ᠢ ᠲᠦᠷᠦᠯ ᠬᠤᠪᠢᠶᠠᠨ ᠰᠶᠢᠳᠪᠦᠷᠢᠯᠡᠬᠦ ᠶᠢ ᠠᠬᠢᠭᠤᠯᠤᠨ᠂ ᠤᠯᠠᠨ ᠲᠦᠮᠡᠨ ᠢ ᠭᠦᠳᠦᠯᠦᠨ ᠵᠢᠯᠤᠭᠤᠳᠴᠤ ᠪᠠᠶᠢᠭᠠᠳ ᠬᠠᠤᠯᠢ ᠪᠠᠷ ᠵᠠᠰᠠᠬᠤ ᠪᠤᠷᠤ ᠲᠦᠯᠦᠪ ᠤᠨ ᠲᠤᠳᠤᠷ᠎ᠠ ᠵᠦᠷᠢᠴᠡᠯ ᠵᠢᠷᠭᠤᠯᠳᠤᠭᠠᠨ ᠢ ᠰᠶᠢᠳᠪᠦᠷᠢᠯᠡᠵᠦ᠂ ᠬᠠᠤᠯᠢ ᠪᠠ ᠵᠠᠷᠭᠤ ᠳᠤ ᠬᠤᠯᠪᠤᠨᠨᠳ᠋ᠬᠠᠰᠠᠨ ᠵᠠᠬᠢᠳᠠᠯ ᠰᠤᠷᠪᠤᠯᠵᠢᠯᠠᠯ ᠢ ᠬᠠᠤᠯᠢ ᠶᠤᠰᠤᠭᠠᠷ ᠲᠠᠭᠤᠰᠬᠠᠬᠤ ᠲᠦᠷᠢᠮ ᠢ ᠲᠡᠭᠦᠯᠳᠡᠷᠵᠢᠬᠦᠯᠦᠨ᠎ᠠ᠃
     ᠲᠤᠯᠤᠭ᠎ᠠ᠂ ᠬᠠᠤᠯᠢ ᠶᠤᠰᠤᠭᠠᠷ ᠵᠠᠰᠠᠭ ᠶᠠᠪᠤᠭᠤᠯᠬᠤ ᠪᠠᠳᠤᠯᠠᠭ᠎ᠠ ᠶᠢᠨ ᠠᠷᠭ᠎ᠠ ᠬᠡᠮᠵᠢᠶ᠎ᠡ ᠶᠢ ᠪᠦᠳᠦᠮᠵᠢᠳᠡᠢ ᠨᠠᠶᠢᠳᠠᠪᠤᠷᠢᠵᠢᠭᠤᠯᠬᠤ ᠬᠡᠷᠡᠭᠳᠡᠢ
     ︵ᠬᠤᠷᠢᠨ ᠵᠢᠷᠭᠤᠭ᠎ᠠ︶ ᠬᠠᠤᠯᠢ ᠪᠠᠷ ᠵᠠᠰᠠᠬᠤ ᠴᠢᠳᠠᠪᠤᠷᠢ ᠶᠢ ᠲᠡᠬᠡᠭᠰᠢᠯᠡᠬᠦᠯᠦᠨ᠎ᠠ᠃
     75. ᠤᠳᠤᠷᠢᠳᠬᠤ ᠺᠠᠳ᠋ᠷ ᠤᠨ ᠬᠠᠤᠯᠢ ᠰᠤᠷᠬᠤ ᠲᠦᠷᠢᠮ ᠢ ᠨᠠᠶᠢᠳᠠᠪᠤᠷᠢᠵᠢᠭᠤᠯᠤᠨ᠎ᠠ᠃ ᠤᠳᠤᠷᠢᠳᠬᠤ ᠺᠠᠳ᠋ᠷ ᠤᠨ ᠬᠠᠤᠯᠢ ᠰᠤᠷᠬᠤ ᠤᠨ ᠤ ᠲᠦᠯᠦᠪᠯᠡᠭᠡ ᠶᠢ ᠲᠤᠨᠨᠳᠠᠭᠠᠬᠤ ᠶᠢᠨ ᠬᠠᠮᠳᠤ ᠵᠤᠬᠢᠶᠠᠨ ᠪᠠᠶᠢᠭᠤᠯᠵᠦ ᠬᠡᠷᠡᠭᠵᠢᠬᠦᠯᠦᠨ᠎ᠠ᠃ ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠠᠷᠠᠳ ᠤᠨ ᠵᠠᠰᠠᠭ ᠤᠨ ᠤᠷᠳᠤᠨ ᠨᠢ ᠵᠢᠯ ᠪᠦᠷᠢ ᠨᠠᠭᠠᠳᠤ ᠵᠠᠬ᠎ᠠ ᠳᠠᠭᠠᠨ ᠤᠳᠤᠷᠢᠳᠬᠤ ᠺᠠᠳ᠋ᠷ ᠤᠨ ᠬᠠᠤᠯᠢ ᠪᠠᠷ ᠵᠠᠰᠠᠬᠤ ᠲᠤᠰᠬᠠᠢ ᠰᠡᠳᠦᠪᠳᠦ ᠪᠤᠯᠪᠠᠰᠤᠷᠠᠭᠤᠯᠤᠯ ᠤᠨ ᠠᠩᠬᠢ ᠶᠢ ᠨᠢᠬᠡ ᠬᠤᠭᠤᠴᠠᠭ᠎ᠠ ᠡᠷᠬᠢᠯᠡᠵᠦ᠂ ᠡᠯ᠎ᠡ ᠱᠠᠳᠤᠨ ᠤ ᠵᠠᠰᠠᠭ ᠤᠨ ᠤᠷᠳᠤᠨ ᠤ ᠤᠳᠤᠷᠢᠳᠬᠤ ᠪᠠᠭ ᠨᠢ ᠵᠢᠯ ᠪᠦᠷᠢ ᠬᠠᠤᠯᠢ ᠪᠠᠷ ᠵᠠᠰᠬᠠᠤ ᠲᠤᠰᠬᠠᠢ ᠰᠡᠳᠦᠪᠳᠦ ᠲᠠᠶᠢᠯᠤᠮᠵᠢ ᠶᠢ ᠬᠤᠶᠠᠷ ᠬᠤᠭᠤᠴᠠᠭ᠎ᠠ ᠠᠴᠠ ᠢᠯᠡᠬᠦᠦ ᠡᠷᠬᠢᠯᠡᠨ᠎ᠠ᠃
     76. ᠠᠯᠪᠠᠳᠠᠨ ᠤ ᠬᠠᠤᠯᠢ ᠰᠤᠷᠬᠤ ᠲᠦᠷᠢᠮ ᠢ ᠪᠦᠷᠢᠨᠰᠢᠬᠦᠯᠦᠨ᠎ᠠ᠃ ᠬᠠᠤᠯᠢ ᠪᠠᠷ ᠵᠠᠰᠠᠬᠤ ᠭᠦᠮᠦᠵᠢᠯ ᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠵᠢᠯᠳᠠᠨ ᠤ ᠲᠤᠰᠢᠶᠠᠯ ᠳᠤ ᠭᠠᠷᠬᠤ ᠪᠤᠯᠪᠠᠰᠤᠷᠠᠭᠤᠯᠤᠯ᠂ ᠵᠡᠷᠬᠡ ᠲᠡᠪᠰᠢᠬᠦ ᠪᠤᠯᠪᠠᠰᠤᠷᠠᠭᠤᠯᠤᠯ ᠪᠡ ᠮᠡᠳᠡᠯᠬᠡ ᠪᠠᠨ ᠰᠢᠨᠡᠳᠬᠡᠬᠦ ᠪᠤᠯᠪᠠᠰᠤᠷᠠᠭᠤᠯᠤᠯ ᠤᠨ ᠠᠭᠤᠯᠭ᠎ᠠ ᠳᠤ ᠤᠷᠤᠭᠤᠯᠵᠦ᠂ ᠰᠢᠯᠭᠠᠨ ᠬᠢᠨᠠᠬᠤ᠂ ᠱᠠᠩᠨᠠᠵᠦ ᠭᠦᠬᠢᠬᠦᠯᠬᠦ᠂ ᠵᠡᠷᠬᠡ ᠲᠡᠪᠰᠢᠬᠦ ᠶᠢᠨ ᠴᠢᠬᠤᠯᠠ ᠪᠠᠷᠢᠮᠳᠠᠯᠠᠯ ᠪᠤᠯᠭᠠᠨ᠎ᠠ᠃
     77. ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠵᠢᠯᠳᠠᠨ ᠢ ᠪᠤᠯᠪᠠᠰᠤᠷᠠᠭᠤᠯᠬᠤ ᠪᠠᠨ ᠴᠢᠩᠭᠠᠳᠬᠠᠨ᠎ᠠ᠃ ᠬᠠᠤᠯᠢ ᠶᠤᠰᠤᠭᠠᠷ ᠵᠠᠰᠠᠭ ᠶᠠᠪᠤᠭᠤᠯᠬᠤ ᠪᠤᠳᠠᠳᠤ ᠵᠢᠱᠢᠶᠡᠨ ᠤ ᠪᠤᠯᠪᠠᠰᠤᠷᠠᠭᠤᠯᠤᠯ ᠢ ᠦᠷᠨᠢᠭᠦᠯᠦᠨ᠎ᠠ᠃ ᠤᠨ ᠤ ᠪᠤᠯᠪᠠᠰᠤᠷᠠᠭᠤᠯᠤᠯ ᠤᠨ ᠲᠦᠯᠦᠪᠯᠡᠭᠡ ᠶᠢ ᠲᠤᠨᠨᠳᠠᠭᠠᠵᠦ᠂ ᠪᠤᠯᠪᠠᠰᠤᠷᠠᠭᠤᠯᠤᠯ ᠤᠨ ᠠᠷᠭ᠎ᠠ ᠮᠠᠶ᠋ᠢᠭ ᠠᠷᠭ᠎ᠠ ᠬᠡᠯᠪᠡᠷᠢ ᠶᠢ ᠬᠠᠯᠠᠨ ᠰᠠᠶᠢᠵᠢᠷᠠᠭᠤᠯᠵᠦ᠂ ᠪᠤᠯᠪᠠᠰᠤᠷᠠᠭᠤᠯᠤᠯ ᠤᠨ ᠦᠷ᠎ᠡ ᠪᠦᠳᠦᠮᠵᠢ ᠶᠢ ᠨᠡᠮᠡᠭᠳᠡᠬᠦᠯᠦᠨ᠂ ᠪᠤᠯᠪᠠᠰᠤᠷᠠᠭᠤᠯᠤᠯ ᠤᠨ ᠶᠠᠰᠤ ᠴᠢᠨᠠᠷ ᠢ ᠲᠡᠬᠡᠭᠰᠢᠯᠡᠬᠦᠯᠦᠨ᠎ᠠ᠃
     78. ᠤᠳᠤᠷᠢᠳᠬᠤ ᠺᠠᠳ᠋ᠷ ᠤᠨ ᠰᠢᠯᠭᠠᠨ ᠪᠠᠶᠢᠴᠠᠭᠠᠯᠳᠠ ᠪᠠ ᠰᠢᠯᠭᠠᠨ ᠰᠤᠷᠢᠬᠤ ᠶᠢ ᠲᠦᠷᠢᠮᠵᠢᠬᠦᠯᠬᠦ ᠶᠢ ᠪᠡᠶᠡᠯᠡᠬᠦᠯᠦᠨ᠎ᠠ᠃ ᠤᠳᠤᠷᠢᠳᠬᠤ ᠺᠠᠳ᠋ᠷ ᠤᠨ ᠲᠤᠰᠢᠶᠠᠯ ᠡᠭᠦᠷᠬᠡᠯᠡᠬᠦᠯᠬᠦ ᠠᠴᠠ ᠡᠮᠦᠨᠡᠬᠢ ᠬᠠᠤᠯᠢ ᠴᠠᠭᠠᠵᠠ ᠶᠢᠨ ᠮᠡᠳᠡᠯᠬᠡ ᠶᠢ ᠰᠢᠯᠭᠠᠨ ᠪᠠᠶᠢᠴᠠᠭᠠᠬᠤ ᠪᠡ ᠬᠠᠤᠯᠢ ᠶᠤᠰᠤᠭᠠᠷ ᠵᠠᠰᠠᠭ ᠶᠠᠪᠤᠭᠤᠯᠬᠤ ᠴᠢᠳᠠᠪᠤᠷᠢ ᠶᠢ ᠰᠢᠯᠭᠠᠨ ᠰᠤᠷᠢᠬᠤ ᠲᠦᠷᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠦ᠂ ᠰᠢᠯᠭᠠᠨ ᠪᠠᠶᠢᠴᠠᠭᠠᠨᠨᠰᠠᠨ᠂ ᠰᠢᠯᠭᠠᠨ ᠰᠤᠷᠢᠨᠨᠰᠠᠨ ᠦᠷ᠎ᠡ ᠳ᠋ᠦᠩ ᠢ ᠤᠳᠤᠷᠢᠳᠬᠤ ᠺᠠᠳ᠋ᠷ ᠤᠨ ᠲᠤᠰᠢᠶᠠᠯ ᠡᠭᠦᠷᠬᠡᠯᠡᠬᠦ ᠶᠢᠨ ᠴᠢᠬᠤᠯᠠ ᠯᠠᠪᠯᠠᠯᠳᠠ ᠪᠤᠯᠭᠠᠨ᠎ᠠ᠃ ᠤᠳᠤᠷᠢᠳᠬᠤ ᠺᠠᠳ᠋ᠷ ᠤᠨ ᠬᠠᠤᠯᠢ ᠰᠤᠷᠬᠤ ᠪᠠ ᠬᠡᠷᠡᠭᠯᠡᠬᠦ᠂ ᠬᠠᠤᠯᠢ ᠬᠡᠷᠡᠭᠵᠢᠬᠦᠯᠬᠦ ᠪᠠ ᠰᠠᠬᠢᠨᠨᠰᠠᠨ ᠪᠠᠶᠢᠳᠠᠯ ᠢ ᠨᠢ ᠮᠤᠷᠠᠯ᠂ ᠴᠢᠳᠠᠪᠤᠷᠢ᠂ ᠤᠪᠤᠷ᠂ ᠠᠮᠵᠢᠯᠳᠠ᠂ ᠴᠢᠬᠡᠴᠢ ᠶᠢ ᠰᠢᠯᠭᠠᠨ ᠬᠢᠨᠠᠬᠤ ᠠᠭᠤᠯᠭ᠎ᠠ ᠳᠤ ᠤᠷᠤᠭᠤᠯᠤᠨ᠎ᠠ᠃
     79. ᠠᠯᠪᠠᠳᠠᠨ ᠤ ᠰᠢᠯᠭᠠᠯᠳᠠ ᠪᠠ ᠰᠢᠯᠭᠠᠨ ᠰᠤᠷᠢᠬᠤ ᠶᠢ ᠲᠦᠷᠢᠮᠵᠢᠬᠦᠯᠬᠦ ᠶᠢ ᠪᠡᠶᠡᠯᠡᠬᠦᠯᠦᠨ᠎ᠠ᠃ ᠠᠯᠪᠠᠳᠠᠨ ᠡᠯᠰᠡᠬᠦ ᠰᠢᠯᠭᠠᠯᠳᠠ ᠪᠠ ᠰᠢᠯᠭᠠᠨ ᠰᠤᠷᠢᠬᠤ ᠶᠢᠨ ᠠᠭᠤᠯᠭ᠎ᠠ ᠶᠢ ᠰᠢᠯᠢᠳᠡᠭᠵᠢᠬᠦᠯᠵᠦ᠂ ᠠᠯᠪᠠᠳᠠᠨ ᠡᠯᠰᠡᠬᠦ ᠰᠢᠯᠭᠠᠯᠳᠠ ᠳᠠᠬᠢ ᠬᠠᠤᠯᠢ ᠴᠠᠭᠠᠵᠠ ᠶᠢᠨ ᠮᠡᠳᠡᠯᠬᠡ ᠶᠢᠨ ᠬᠤᠪᠢ ᠶᠢᠨ ᠵᠢᠩ ᠢ ᠨᠡᠮᠡᠭᠳᠡᠬᠦᠯᠦᠨ᠎ᠠ᠃ ᠠᠯᠪᠠᠳᠠᠨ ᠤ ᠵᠡᠷᠬᠡ ᠲᠡᠪᠰᠢᠬᠦ ᠳᠤ ᠬᠠᠤᠯᠢ ᠶᠤᠰᠤᠭᠠᠷ ᠵᠠᠰᠠᠭ ᠶᠠᠪᠤᠭᠤᠯᠤᠨᠨᠰᠠᠨ ᠢ ᠨᠢ ᠰᠢᠯᠭᠠᠨ ᠬᠢᠨᠠᠬᠤ ᠲᠦᠷᠢᠮ ᠢ ᠬᠡᠷᠡᠭᠵᠢᠬᠦᠯᠦᠨ᠎ᠠ᠃
     80. ᠬᠠᠤᠯᠢ ᠶᠤᠰᠤᠭᠠᠷ ᠵᠠᠰᠠᠭ ᠶᠠᠪᠤᠭᠤᠯᠬᠤ ᠴᠢᠳᠠᠪᠤᠷᠢ ᠶᠢ ᠲᠡᠬᠡᠭᠰᠢᠯᠡᠬᠦᠯᠦᠨ᠎ᠠ᠃ ︽ᠬᠡᠨ ᠬᠠᠤᠯᠢ ᠬᠡᠷᠡᠭᠵᠢᠬᠦᠯᠪᠡᠯ ᠲᠡᠷᠡ ᠬᠠᠤᠯᠢ ᠲᠦᠬᠡᠮᠡᠯᠵᠢᠬᠦᠯᠬᠦ︾ ᠶᠢᠨ ᠬᠠᠤᠯᠢ ᠲᠦᠬᠡᠮᠡᠯᠵᠢᠬᠦᠯᠬᠦ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠦ᠂ ᠵᠠᠰᠠᠭ ᠵᠠᠬᠢᠷᠭᠠᠨ ᠢᠶᠠᠷ ᠬᠠᠤᠯᠢ ᠬᠡᠷᠡᠭᠵᠢᠬᠦᠯᠬᠦ ᠠᠵᠢᠯᠳᠠᠳ ᠤᠨ ᠬᠡᠷᠡᠭ ᠤᠨ ᠵᠢᠱᠢᠶ᠎ᠡ ᠪᠠᠷ ᠬᠠᠤᠯᠢ ᠴᠠᠭᠠᠵᠠ ᠲᠠᠶᠢᠯᠪᠤᠷᠢᠯᠠᠬᠤ ᠲᠦᠷᠢᠮ ᠢ ᠪᠠᠶᠢᠭᠤᠯᠤᠨ᠎ᠠ᠃ ᠬᠠᠤᠯᠢ ᠴᠠᠭᠠᠵᠠ ᠶᠢᠨ ᠲᠤᠰᠬᠠᠢ ᠮᠡᠷᠬᠡᠵᠢᠯᠳᠡᠨ ᠤ ᠯᠠᠪᠯᠠᠯᠭ᠎ᠠ ᠦᠭᠴᠤ ᠬᠡᠷᠡᠴᠢᠯᠡᠬᠦ᠂ ᠬᠢᠨᠠᠨ ᠬᠠᠷᠭᠤᠭᠤᠯᠵᠦ ᠬᠠᠷᠢᠭᠤᠴᠠᠬᠤ ᠲᠦᠷᠢᠮ ᠢ ᠬᠡᠷᠡᠭᠵᠢᠬᠦᠯᠦᠨ᠎ᠠ᠃
     81. ᠨᠢᠬᠡᠳᠦᠬᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠵᠠᠰᠠᠭ ᠤᠨ ᠤᠷᠳᠤᠨ ︵ᠰᠠᠯᠠᠭ᠎ᠠ ᠮᠦᠴᠢᠷ︶ ᠤ ᠭᠤᠤᠯ ᠬᠠᠷᠢᠭᠤᠴᠠᠯᠭᠠᠳᠠᠨ ᠠᠴᠠ ᠱᠠᠭᠠᠷᠳᠠᠯᠭ᠎ᠠ ᠶᠤᠰᠤᠭᠠᠷ ᠬᠠᠤᠯᠢ ᠪᠠᠷ ᠵᠠᠰᠠᠬᠤ ᠵᠠᠰᠠᠭ ᠤᠨ ᠤᠷᠳᠤᠨ ᠢ ᠪᠦᠳᠦᠬᠡᠨ ᠪᠠᠶᠢᠭᠤᠯᠬᠤ ᠨᠢᠬᠡᠳᠦᠬᠡᠷ ᠬᠠᠷᠢᠭᠤᠴᠠᠯᠭᠠᠲᠠᠨ ᠤ ᠡᠭᠦᠷᠬᠡ ᠬᠠᠷᠢᠭᠤᠴᠠᠯᠭ᠎ᠠ ᠶᠢ ᠭᠦᠢᠴᠡᠳᠬᠡᠵᠦ᠂ ᠬᠠᠤᠯᠢ ᠶᠤᠰᠤᠭᠠᠷ ᠵᠠᠰᠠᠭ ᠶᠠᠪᠤᠭᠤᠯᠬᠤ᠂ ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠠᠶᠢᠭᠤᠯᠤᠯᠳᠠ ᠶᠢᠨ ᠵᠤᠬᠢᠶᠠᠨ ᠪᠠᠶᠢᠭᠤᠯᠵᠦ ᠵᠤᠬᠢᠴᠠᠭᠤᠯᠬᠤ ᠲᠤᠨᠨᠳᠠᠴᠠ ᠶᠢ ᠲᠡᠭᠦᠯᠳᠡᠷᠵᠢᠬᠦᠯᠵᠦ᠂ ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠠᠶᠢᠭᠤᠯᠤᠯᠳᠠ ᠶᠢ ᠵᠠᠰᠠᠭ ᠤᠨ ᠤᠷᠳᠤᠨ ︵ᠰᠠᠯᠠᠭ᠎ᠠ ᠮᠦᠴᠢᠷ︶ ᠤ ᠭᠤᠤᠯ ᠪᠤᠯᠬᠤ ᠠᠵᠢᠯ ᠪᠡ ᠤᠨ ᠤ ᠭᠤᠤᠯᠳᠠᠯᠭ᠎ᠠ ᠲᠠᠢ ᠠᠵᠢᠯ ᠤᠨ ᠲᠦᠯᠦᠪᠯᠡᠭᠡ ᠳᠤ ᠤᠷᠤᠭᠤᠯᠤᠨ᠂ ᠮᠡᠳᠡᠬᠦᠯᠦᠯᠳᠡ ᠶᠢ ᠲᠤᠨᠨᠳᠠᠮᠠᠯ ᠬᠤᠭᠤᠴᠠᠭ᠎ᠠ ᠲᠠᠢ ᠰᠤᠨᠤᠰᠴᠤ᠂ ᠡᠭᠦᠷᠬᠡ ᠶᠢ ᠰᠤᠳᠤᠯᠤᠨ ᠪᠠᠶᠢᠷᠢᠯᠠᠭᠤᠯᠵᠦ᠂ ᠠᠰᠠᠭᠤᠳᠠᠯ ᠢ ᠵᠤᠬᠢᠴᠠᠭᠤᠯᠤᠨ ᠰᠶᠢᠳᠪᠦᠷᠢᠯᠡᠵᠦ᠂ ᠠᠵᠢᠯ ᠤᠨ ᠪᠠᠳᠤᠯᠠᠭ᠎ᠠ ᠬᠠᠩᠭᠠᠨ᠎ᠠ᠃
     ︵ᠬᠤᠷᠢᠨ ᠲᠤᠯᠤᠭ᠎ᠠ︶ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢ ᠴᠢᠩᠭᠠᠷᠠᠭᠤᠯᠤᠨ᠎ᠠ᠃
     82. ᠮᠡᠳᠡᠬᠦᠯᠦᠯᠳᠡ ᠶᠢᠨ ᠲᠦᠷᠢᠮ ᠢ ᠨᠠᠶᠢᠳᠠᠪᠤᠷᠢᠵᠢᠭᠤᠯᠤᠨ᠎ᠠ᠃ ᠨᠠᠮ ᠤᠨ ᠬᠤᠷᠢᠶ᠎ᠠ ᠳᠤ ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠠᠶᠢᠭᠤᠯᠤᠯᠳᠠ ᠶᠢᠨ ᠲᠠᠯ᠎ᠠ ᠳᠠᠬᠢ ᠴᠢᠬᠤᠯᠠ ᠶᠡᠭᠡ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠮᠡᠳᠡᠬᠦᠯᠦᠨ᠎ᠠ᠃ ᠲᠤᠨᠨᠳ᠋ᠬᠠᠰᠠᠨ ᠴᠠᠭ ᠪᠡ ᠱᠠᠭᠠᠷᠳᠠᠯᠭ᠎ᠠ ᠶᠤᠰᠤᠭᠠᠷ᠂ ᠤᠨ ᠤ ᠬᠠᠤᠯᠢ ᠶᠤᠰᠤᠭᠠᠷ ᠵᠠᠰᠠᠭ ᠶᠠᠪᠤᠭᠤᠯᠬᠤ ᠪᠡ ᠬᠠᠤᠯᠢ ᠪᠠᠷ ᠵᠠᠰᠬᠠᠤ ᠵᠠᠰᠠᠭ ᠤᠨ ᠤᠷᠳᠤᠨ ᠤ ᠪᠠᠶᠢᠭᠤᠯᠤᠯᠳᠠ ᠶᠢᠨ ᠪᠠᠶᠢᠳᠠᠯ ᠢ ᠮᠡᠳᠡᠬᠦᠯᠬᠦ ᠶᠢᠨ ᠬᠠᠮᠳᠤ᠂ ᠰᠤᠨᠢᠨ ᠰᠡᠳᠬᠦᠯ᠂ ᠵᠠᠰᠠᠭ ᠤᠨ ᠤᠷᠳᠤᠨ ᠤ ᠰᠦᠯᠵᠢᠶ᠎ᠡ ᠵᠡᠷᠬᠡ ᠪᠠᠷ ᠲᠠᠮᠵᠢᠭᠤᠯᠤᠨ ᠨᠡᠶᠢᠬᠡᠮ ᠳᠤ ᠢᠯᠡ ᠪᠤᠯᠭᠠᠨ ᠨᠡᠶᠢᠳᠡᠯᠡᠨ᠎ᠠ᠃
     83. ᠠᠵᠢᠯ ᠤᠨ ᠠᠬᠢᠭᠤᠯᠬᠤ ᠲᠤᠨᠨᠳᠠᠴᠠ ᠶᠢ ᠪᠦᠷᠢᠨᠰᠢᠬᠦᠯᠦᠨ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ︽ᠬᠠᠤᠯᠢ ᠪᠠᠷ ᠵᠠᠰᠬᠠᠤ ᠵᠠᠰᠠᠭ ᠤᠨ ᠤᠷᠳᠤᠨ ᠤ ᠪᠠᠶᠢᠭᠤᠯᠤᠯᠳᠠ ᠶᠢᠨ ᠬᠡᠷᠡᠭᠵᠢᠬᠦᠯᠬᠦ ᠭᠦᠳᠦᠯᠪᠦᠷᠢ ︵2015 — 2020 ᠤᠨ︶︾ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠤᠳᠠᠳᠠᠢ ᠠᠵᠢᠯ ᠤᠨ ᠲᠦᠰᠦᠯ ᠪᠡ ᠤᠨ ᠤ ᠠᠵᠢᠯ ᠤᠨ ᠭᠤᠤᠯᠳᠠᠯᠭ᠎ᠠ ᠶᠢ ᠲᠤᠨᠨᠳᠠᠭᠠᠵᠦ᠂ ᠬᠢᠨᠠᠯᠳᠠ ᠲᠠᠯᠪᠢᠵᠦ ᠪᠠᠶᠢᠴᠠᠭᠠᠬᠤ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠤᠨ ᠤ ᠭᠤᠤᠯ ᠪᠣᠯᠬᠤ ᠠᠵᠢᠯ ᠲᠠᠢ ᠤᠶᠠᠯᠳᠤᠭᠤᠯᠵᠦ ᠪᠠᠶᠢᠭᠠᠳ ᠲᠤᠨᠨᠳᠠᠮᠠᠯ ᠬᠤᠭᠤᠴᠠᠭ᠎ᠠ ᠲᠠᠢ ᠪᠠᠶᠢᠴᠠᠭᠠᠯᠳᠠ ᠪᠡ ᠲᠤᠰᠬᠠᠢ ᠵᠦᠢᠯ ᠤᠨ ᠰᠢᠮᠳᠠᠭᠤᠯᠬᠤ ᠪᠠᠶᠢᠴᠠᠭᠠᠯᠳᠠ ᠶᠢ ᠦᠷᠨᠢᠬᠦᠯᠦᠨ᠂ ᠲᠤᠨᠨᠳ᠋ᠬᠠᠰᠠᠨ ᠬᠤᠭᠤᠴᠠᠭᠠᠨ ᠳᠤ ᠪᠡᠶᠡᠯᠡᠬᠦᠯᠬᠦ ᠶᠢ ᠪᠠᠳᠤᠯᠠᠨ᠎ᠠ᠃
     84. ᠰᠢᠯᠭᠠᠨ ᠦᠨᠡᠯᠡᠬᠦ ᠠᠵᠢᠯ ᠢ ᠰᠠᠶᠢᠵᠢᠷᠠᠭᠤᠯᠦᠨ ᠲᠡᠭᠦᠯᠳᠡᠷᠵᠢᠬᠦᠯᠦᠨ᠎ᠠ᠃ ᠲᠤᠰ ᠭᠦᠢᠴᠡᠳᠬᠡᠯ ᠲᠤᠭᠠᠨ ᠤ ᠰᠢᠰᠲ᠋ᠧᠮᠵᠢ ᠶᠢ ᠦᠨᠳᠦᠰᠦᠯᠡᠵᠦ᠂ ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠠᠶᠢᠭᠤᠯᠤᠯᠳᠠ ᠶᠢ ᠰᠢᠯᠭᠠᠨ ᠦᠨᠡᠯᠡᠬᠦ ᠠᠵᠢᠯ ᠢ ᠵᠤᠬᠢᠶᠠᠨ ᠪᠠᠶᠢᠭᠤᠯᠵᠦ᠂ ᠬᠠᠤᠯᠢ ᠪᠠᠷ ᠵᠠᠰᠬᠠᠤ ᠵᠠᠰᠠᠭ ᠤᠨ ᠤᠷᠳᠤᠨ ᠤ ᠪᠠᠶᠢᠭᠤᠯᠤᠯᠳᠠ ᠶᠢᠨ ᠦᠷ᠎ᠡ ᠪᠦᠳᠦᠮᠵᠢ ᠶᠢ ᠡᠯ᠎ᠡ ᠱᠠᠳᠤᠨ ᠤ ᠤᠳᠤᠷᠢᠳᠬᠤ ᠪᠠᠭ ᠪᠡ ᠤᠳᠤᠷᠢᠳᠬᠤ ᠺᠠᠳ᠋ᠷ ᠤᠨ ᠠᠵᠢᠯ ᠤᠨ ᠪᠤᠳᠠᠳᠤ ᠠᠮᠵᠢᠯᠳᠠ ᠶᠢ ᠬᠡᠮᠵᠢᠬᠦ ᠴᠢᠬᠤᠯᠠ ᠠᠭᠤᠯᠭ᠎ᠠ ᠪᠤᠯᠭᠠᠨ᠎ᠠ᠃
     85. ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠰᠢᠯᠭᠠᠨ ᠬᠢᠨᠠᠬᠤ ᠲᠦᠷᠢᠮ ᠢ ᠲᠡᠭᠦᠯᠳᠡᠷᠵᠢᠬᠦᠯᠦᠨ᠎ᠠ᠃ ᠰᠢᠯᠭᠠᠨ ᠬᠢᠨᠠᠬᠤ ᠠᠷᠭ᠎ᠠ ᠮᠠᠶ᠋ᠢᠭ ᠲᠤ ᠰᠢᠨ᠎ᠠ ᠶᠢ ᠡᠭᠦᠳᠴᠤ᠂ ᠰᠢᠯᠭᠠᠨ ᠬᠢᠨᠠᠬᠤ ᠭᠤᠤᠯᠳᠠᠯᠭ᠎ᠠ ᠶᠢ ᠲᠤᠪᠤᠶᠢᠯᠭᠠᠨ᠂ ᠲᠡᠬᠡᠳᠦ ᠱᠠᠳᠤᠨ ᠤ ᠵᠠᠰᠠᠭ ᠤᠨ ᠤᠷᠳᠤᠨ ᠠᠴᠠ ᠲᠤᠤᠷᠠᠳᠤ ᠱᠠᠳᠤᠨ ᠤ ᠵᠠᠰᠠᠭ ᠤᠨ ᠤᠷᠳᠤᠨ᠂ ᠵᠠᠰᠠᠭ ᠤᠨ ᠤᠷᠳᠤᠨ ᠠᠴᠠ ᠬᠠᠷᠢᠶ᠎ᠠ ᠪᠦᠭᠦᠢ ᠰᠠᠯᠠᠭ᠎ᠠ ᠮᠦᠴᠢᠷ ᠢᠶᠠᠨ ᠰᠢᠯᠭᠠᠨ ᠬᠢᠨᠠᠬᠤ ᠶᠢ ᠴᠢᠩᠭᠠᠳᠬᠠᠨ᠂ ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠠᠶᠢᠭᠤᠯᠤᠯᠳᠠ ᠳᠠᠬᠢ ᠰᠢᠯᠭᠠᠨ ᠬᠢᠨᠠᠵᠦ ᠦᠨᠡᠯᠡᠬᠦ ᠶᠢᠨ ᠴᠢᠬᠤᠯᠠ ᠲᠦᠯᠬᠢᠴᠡ ᠦᠢᠯᠡᠳᠦᠯ ᠢ ᠭᠦᠢᠴᠡᠳ ᠪᠠᠳᠠᠷᠠᠭᠤᠯᠤᠨ᠎ᠠ᠃
     ︵ᠬᠤᠷᠢᠨ ᠨᠠᠢᠮᠠ︶ ᠬᠠᠤᠯᠢ ᠲᠦᠷᠢᠮ ᠤᠨ ᠪᠠᠶᠢᠭᠤᠯᠤᠮᠵᠢ ᠪᠡ ᠡᠩᠨᠡᠬᠡᠨ ᠤ ᠪᠠᠶᠢᠭᠤᠯᠤᠯᠳᠠ ᠶᠢ ᠴᠢᠩᠭᠠᠳᠬᠠᠨ᠎ᠠ᠃
     86. ᠬᠠᠤᠯᠢ ᠲᠦᠷᠢᠮ ᠤᠨ ᠪᠠᠶᠢᠭᠤᠯᠤᠮᠵᠢ ᠶᠢᠨ ᠪᠠᠶᠢᠭᠤᠯᠤᠯᠳᠠ ᠶᠢ ᠴᠢᠩᠭᠠᠳᠬᠠᠨ᠎ᠠ᠃ ᠵᠠᠰᠠᠭ ᠤᠨ ᠤᠷᠳᠤᠨ ᠵᠢᠴᠢ ᠰᠠᠯᠠᠭ᠎ᠠ ᠮᠦᠴᠢᠷ ᠤᠨ ᠬᠢᠨ ᠤ ᠬᠠᠤᠯᠢ ᠲᠦᠷᠢᠮ ᠤᠨ ᠪᠠᠶᠢᠭᠤᠯᠤᠮᠵᠢ ᠶᠢᠨ ᠪᠠᠶᠢᠭᠤᠯᠤᠯᠳᠠ ᠶᠢ ᠦᠷᠭᠦᠯᠵᠢᠯᠡᠨ ᠠᠬᠢᠭᠤᠯᠵᠦ᠂ ᠬᠤᠰᠢᠭᠤ ᠰᠢᠶᠠᠨ ︵ᠬᠤᠳᠠ᠂ ᠲᠤᠭᠤᠷᠢᠭ︶ ᠤ ᠵᠠᠰᠠᠭ ᠤᠨ ᠤᠷᠳᠤᠨ ᠪᠡ ᠬᠠᠤᠯᠢ ᠬᠡᠷᠡᠭᠵᠢᠬᠦᠯᠬᠦ ᠭᠤᠤᠯᠳᠠᠯᠭ᠎ᠠ ᠲᠠᠢ ᠰᠠᠯᠠᠭ᠎ᠠ ᠮᠦᠴᠢᠷ ᠤᠨ ᠬᠠᠤᠯᠢ ᠲᠦᠷᠢᠮ ᠤᠨ ᠪᠠᠶᠢᠭᠤᠯᠤᠮᠵᠢ ᠶᠢᠨ ᠪᠠᠶᠢᠭᠤᠯᠤᠯᠳᠠ ᠶᠢ ᠭᠤᠤᠯᠳᠠᠯᠭ᠎ᠠ ᠲᠠᠢ ᠴᠢᠩᠭᠠᠳᠬᠠᠵᠦ᠂ ᠬᠠᠤᠯᠢ ᠲᠦᠷᠢᠮ ᠤᠨ ᠪᠠᠶᠢᠭᠤᠯᠤᠮᠵᠢ ᠶᠢᠨ ᠲᠤᠬᠢᠷᠠᠭᠤᠯᠤᠯᠳᠠ᠂ ᠤᠷᠤᠨ ᠲᠤᠭ᠎ᠠ ᠪᠡ ᠠᠵᠢᠯᠳᠠᠨ ᠤ ᠪᠦᠳᠦᠴᠡ ᠬᠢᠬᠡᠳ ᠲᠡᠳᠡᠨ ᠤ ᠲᠠᠭᠠᠭᠠᠠᠨ ᠭᠦᠢᠴᠡᠳᠬᠡᠬᠦ ᠡᠭᠦᠷᠬᠡ ᠬᠠᠷᠢᠭᠤᠴᠠᠯᠭ᠎ᠠ ᠶᠢᠨ ᠬᠠᠷᠢᠯᠴᠠᠨ ᠵᠤᠬᠢᠴᠠᠯᠳᠤᠬᠤ ᠶᠢ ᠪᠠᠳᠤᠯᠠᠨ᠎ᠠ᠃
     87. ᠬᠠᠤᠯᠢ ᠲᠦᠷᠢᠮ ᠤᠨ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠨ᠎ᠠ᠃ ᠵᠠᠰᠠᠭ ᠤᠨ ᠤᠷᠳᠤᠨ ᠤ ᠬᠠᠤᠯᠢ ᠲᠦᠷᠢᠮ ᠤᠨ ᠠᠵᠢᠯᠳᠠᠨ ᠤ ᠠᠵᠢᠯ ᠮᠡᠷᠬᠡᠵᠢᠯ ᠤᠨ ᠤᠨᠴᠠᠯᠢᠭ ᠲᠤ ᠨᠡᠶᠢᠴᠡᠬᠦ ᠬᠠᠮᠢᠶᠠᠷᠤᠯᠳᠠ ᠶᠢᠨ ᠲᠦᠷᠢᠮ ᠢ ᠪᠠᠶᠢᠭᠤᠯᠵᠦ᠂ ᠵᠠᠰᠠᠭ ᠤᠨ ᠤᠷᠳᠤᠨ ᠤ ᠬᠠᠤᠯᠢ ᠲᠤᠨᠨᠳᠠᠭᠠᠵᠦ᠂ ᠬᠠᠤᠯᠢ ᠬᠡᠷᠡᠭᠵᠢᠬᠦᠯᠵᠦ ᠬᠢᠨᠠᠯᠳᠠ ᠲᠠᠯᠪᠢᠬᠤ᠂ ᠵᠠᠰᠠᠭ ᠵᠠᠬᠢᠷᠭᠠᠨ ᠢᠶᠠᠷ ᠲᠠᠬᠢᠨ ᠵᠦᠪᠯᠡᠬᠦᠯᠬᠦ ᠡᠩᠨᠡᠭᠡ ᠶᠢᠨ ᠲᠤᠰᠬᠠᠶᠢᠵᠢᠯᠳᠠ᠂ ᠠᠵᠢᠯ ᠮᠡᠷᠬᠡᠵᠢᠯᠳᠡ ᠶᠢ ᠠᠬᠢᠭᠤᠯᠤᠨ᠎ᠠ᠃
     88. ᠬᠠᠤᠯᠢ ᠲᠦᠷᠢᠮ ᠤᠨ ᠠᠵᠢᠯᠳᠠᠨ ᠤ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠨ᠎ᠠ᠃ ᠬᠠᠤᠯᠢ ᠲᠦᠷᠢᠮ ᠤᠨ ᠪᠠᠶᠢᠭᠤᠯᠤᠮᠵᠢ ᠶᠢᠨ ᠠᠵᠢᠯᠳᠠᠨ ᠤ ᠪᠤᠯᠪᠠᠰᠤᠷᠠᠭᠤᠯᠤᠯ ᠪᠠ ᠰᠢᠯᠭᠠᠯᠳᠠ ᠶᠢᠨ ᠲᠦᠷᠢᠮ ᠢ ᠨᠠᠶᠢᠳᠠᠪᠤᠷᠢᠵᠢᠭᠤᠯᠵᠦ᠂ ᠬᠠᠤᠯᠢ ᠲᠦᠷᠢᠮ ᠤᠨ ᠪᠠᠶᠢᠭᠤᠯᠤᠮᠵᠢ ᠳᠤ ᠰᠢᠨ᠎ᠠ ᠪᠠᠷ ᠡᠯᠰᠡᠭᠰᠡᠨ᠂ ᠰᠢᠯᠵᠢᠵᠦ ᠤᠷᠤᠨᠨᠰᠠᠨ ᠪᠤᠶᠤ ᠬᠠᠷᠢᠯᠴᠠᠨ ᠰᠤᠯᠢᠯᠴᠬᠠᠰᠠᠨ ᠠᠵᠢᠯᠳᠠᠨ ᠳᠤ ᠬᠠᠤᠯᠢ ᠴᠠᠭᠠᠵᠠ ᠶᠢᠨ ᠮᠡᠳᠡᠯᠬᠡ᠂ ᠲᠤᠬᠠᠶᠢᠯᠬᠠᠰᠠᠨ ᠠᠵᠢᠯ ᠤᠨ ᠮᠡᠳᠡᠯᠬᠡ ᠶᠢᠨ ᠲᠤᠰᠬᠠᠢ ᠪᠤᠯᠪᠠᠰᠤᠷᠠᠭᠤᠯᠤᠯ ᠪᠠ ᠰᠢᠯᠭᠠᠯᠳᠠ ᠶᠢ ᠵᠤᠬᠢᠶᠠᠨ ᠪᠠᠶᠢᠭᠤᠯᠤᠨ᠎ᠠ᠃ ᠲᠤᠰᠢᠶᠠᠯ ᠪᠠ ᠠᠵᠢᠯ ᠤᠨ ᠪᠠᠶᠢᠷᠢ ᠳᠤ ᠪᠠᠶᠢᠭ᠎ᠠ ᠬᠠᠤᠯᠢ ᠲᠦᠷᠢᠮ ᠤᠨ ᠪᠠᠶᠢᠭᠤᠯᠤᠮᠵᠢ ᠶᠢᠨ ᠠᠵᠢᠯᠳᠠᠨ ᠢ ᠪᠤᠯᠪᠠᠰᠤᠷᠠᠭᠤᠯᠬᠤ᠂ ᠡᠬᠡᠯᠵᠢᠯᠡᠨ ᠪᠤᠯᠪᠠᠰᠤᠷᠠᠭᠤᠯᠬᠤ ᠲᠦᠷᠢᠮ ᠢ ᠪᠠᠶᠢᠭᠤᠯᠤᠨ᠎ᠠ᠃
     89. ᠠᠵᠢᠯ ᠤᠨ ᠪᠠᠳᠤᠯᠠᠭ᠎ᠠ ᠶᠢ ᠴᠢᠩᠭᠠᠳᠬᠠᠨ᠎ᠠ᠃ ᠬᠠᠤᠯᠢ ᠲᠦᠷᠢᠮ ᠤᠨ ᠪᠠᠶᠢᠭᠤᠯᠤᠮᠵᠢ ᠶᠢᠨ ᠠᠵᠢᠯᠯᠠᠬᠤ ᠨᠦᠭᠦᠴᠡᠯ ᠢ ᠭᠦᠢᠴᠡᠳ ᠪᠠᠳᠤᠯᠠᠵᠦ᠂ ᠬᠠᠤᠯᠢ ᠶᠤᠰᠤᠭᠠᠷ ᠵᠠᠰᠠᠭ ᠶᠠᠪᠤᠭᠤᠯᠬᠤ ᠠᠵᠢᠯ ᠤᠨ ᠵᠠᠷᠤᠳᠠᠯ ᠪᠦᠭᠦᠨ ᠢ ᠡᠳ᠋ ᠤᠨ ᠵᠠᠰᠠᠭ ᠤᠨ ᠲᠦᠰᠦᠪ ᠲᠤ ᠤᠷᠤᠭᠤᠯᠤᠨ ᠪᠠᠳᠤᠯᠠᠬᠤ ᠬᠡᠷᠡᠭᠳᠡᠢ᠃
     90. ᠤᠬᠠᠭᠤᠯᠭ᠎ᠠ ᠶᠢᠨ ᠠᠵᠢᠯ ᠢ ᠴᠢᠩᠭᠠᠳᠬᠠᠨ᠎ᠠ᠃ ᠬᠠᠤᠯᠢ ᠶᠤᠰᠤᠭᠠᠷ ᠵᠠᠰᠠᠭ ᠶᠠᠪᠤᠭᠤᠯᠬᠤ᠂ ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠠᠶᠢᠭᠤᠯᠤᠯᠳᠠ ᠶᠢᠨ ᠲᠠᠯ᠎ᠠ ᠪᠠᠷ ᠬᠢ ᠰᠤᠨᠢᠨ ᠮᠡᠳᠡᠭᠡ ᠨᠡᠶᠢᠳᠡᠯᠡᠬᠦ ᠬᠤᠷᠠᠯ ᠤᠨ ᠲᠦᠷᠢᠮ ᠢ ᠲᠡᠭᠦᠯᠳᠡᠷᠵᠢᠬᠦᠯᠵᠦ᠂ ᠵᠠᠰᠠᠭ ᠤᠨ ᠤᠷᠳᠤᠨ ᠵᠢᠴᠢ ᠰᠠᠯᠠᠭ᠎ᠠ ᠮᠦᠴᠢᠷ ᠤᠨ ᠫᠤᠷᠲ᠋ᠧᠯ ᠰᠦᠯᠵᠢᠶᠡᠨ ᠤ ᠴᠢᠳᠠᠮᠵᠢ ᠶᠢ ᠪᠦᠷᠢᠨᠰᠢᠬᠦᠯᠦᠨ᠂ ᠵᠠᠰᠠᠭ ᠤᠨ ᠶᠠᠪᠤᠳᠠᠯ ᠤᠨ ᠪᠢᠴᠢᠯ ᠪᠦᠷᠬᠡ᠂ ᠸᠢᠴᠠᠲ ᠵᠢᠴᠢ ᠬᠠᠮᠢᠶ᠎ᠠ ᠪᠦᠭᠦᠢ ᠰᠡᠳᠬᠦᠯ ᠤᠨ ᠬᠠᠤᠯᠢ ᠶᠤᠰᠤᠭᠠᠷ ᠵᠠᠰᠠᠭ ᠵᠠᠬᠢᠷᠭᠠᠨ ᠤ ᠮᠡᠳᠡᠭᠡ ᠵᠠᠩᠬᠢ᠂ ᠤᠬᠠᠭᠤᠯᠬᠤ ᠠᠵᠢᠯ ᠬᠢᠬᠦ ᠶᠢ ᠴᠢᠩᠭᠠᠳᠬᠠᠵᠦ᠂ ᠵᠠᠭᠤᠴᠢᠯᠠᠭᠤᠷ ᠤᠨ ᠭᠦᠴᠦᠨ ᠢ ᠠᠰᠢᠨᠨᠯᠠᠵᠦ ᠤᠬᠠᠭᠤᠯᠬᠤ ᠶᠠᠰᠤ ᠴᠢᠨᠠᠷ ᠪᠠ ᠦᠷ᠎ᠡ ᠪᠦᠳᠦᠮᠵᠢ ᠶᠢ ᠲᠡᠬᠡᠭᠰᠢᠯᠡᠬᠦᠯᠦᠨ᠎ᠠ᠃
     ︵ᠬᠤᠷᠢ ᠶᠢᠰᠦ︶ ᠬᠠᠤᠯᠢ ᠪᠠᠷ ᠵᠠᠰᠠᠬᠤ ᠰᠠᠶᠢᠨ ᠰᠠᠶᠢᠬᠠᠨ ᠤᠷᠴᠢᠨ ᠨᠦᠭᠦᠴᠡᠯ ᠢ ᠪᠤᠢ ᠪᠤᠯᠭᠠᠨ᠎ᠠ᠃
     91. ᠵᠢᠱᠢᠶ᠎ᠡ ᠦᠵᠡᠬᠦᠯᠵᠦ ᠴᠤᠨᠨᠴᠠᠯᠠᠨ ᠪᠠᠶᠢᠭᠤᠯᠬᠤ ᠠᠵᠢᠯᠯᠠᠭ᠎ᠠ ᠦᠷᠨᠢᠬᠦᠯᠦᠨ᠎ᠠ᠃ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠤ ᠵᠠᠰᠠᠭ ᠤᠨ ᠤᠷᠳᠤᠨ ᠳᠤ ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠵᠢᠱᠢᠶ᠎ᠡ ᠦᠵᠡᠬᠦᠯᠵᠦ ᠴᠤᠨᠨᠴᠠᠯᠠᠨ ᠪᠠᠶᠢᠭᠤᠯᠬᠤ ᠠᠵᠢᠯᠯᠠᠭ᠎ᠠ ᠦᠷᠨᠢᠬᠦᠯᠵᠦ᠂ ᠴᠤᠨᠨᠴᠠᠯᠠᠨ ᠪᠠᠶᠢᠭᠤᠯᠬᠤ ᠠᠵᠢᠯᠯᠠᠭ᠎ᠠ ᠶᠢᠨ ᠲᠡᠷᠢᠬᠦᠨ ᠤ ᠭᠠᠵᠠᠷ ᠤᠷᠤᠨ ᠢ ᠰᠢᠯᠭᠠᠷᠠᠭᠤᠯᠤᠨ ᠰᠤᠩᠭᠤᠨ᠎ᠠ᠃ ᠵᠠᠰᠠᠭ ᠤᠨ ᠤᠷᠳᠤᠨ ᠤ ᠰᠠᠯᠠᠭ᠎ᠠ ᠮᠦᠴᠢᠷ ᠲᠤ ᠬᠠᠤᠯᠢ ᠶᠤᠰᠤᠭᠠᠷ ᠵᠠᠰᠠᠭ ᠶᠠᠪᠤᠭᠤᠯᠤᠨᠨᠰᠠᠨ ᠵᠢᠱᠢᠶ᠎ᠡ ᠦᠵᠡᠬᠦᠯᠬᠦ ᠨᠢᠬᠡᠴᠡ ᠶᠢ ᠴᠤᠨᠨᠴᠠᠯᠠᠨ ᠪᠠᠶᠢᠭᠤᠯᠬᠤ ᠠᠵᠢᠯᠯᠠᠭ᠎ᠠ ᠦᠷᠨᠢᠬᠦᠯᠦᠨ᠎ᠠ᠃
     92. ᠤᠨᠤᠯ ᠤᠨ ᠰᠤᠳᠤᠯᠭ᠎ᠠ ᠶᠢ ᠴᠢᠩᠭᠠᠳᠬᠠᠨ᠎ᠠ᠃ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠠᠬᠢᠭᠤᠯᠬᠤ᠂ ᠬᠠᠤᠯᠢ ᠪᠠᠷ ᠵᠠᠰᠠᠬᠤ ᠵᠠᠰᠠᠭ ᠤᠨ ᠤᠷᠳᠤᠨ ᠢ ᠪᠠᠶᠢᠭᠤᠯᠬᠤ ᠪᠠᠶᠢᠴᠠᠭᠠᠨ ᠰᠤᠳᠤᠯᠤᠯᠳᠠ ᠶᠢ ᠦᠷᠨᠢᠬᠦᠯᠦᠨ᠂ ᠤᠷᠤᠨ ᠤ ᠲᠤᠳᠤᠷ᠎ᠠ ᠭᠠᠳᠠᠨᠠᠬᠢ ᠲᠡᠬᠡᠳᠦ ᠰᠤᠷᠭᠠᠭᠤᠯᠢ᠂ ᠰᠢᠨᠵᠢᠯᠡᠬᠦ ᠤᠬᠠᠭᠠᠨ ᠰᠤᠳᠤᠯᠤᠯ ᠤᠨ ᠪᠠᠶᠢᠭᠤᠯᠤᠮᠵᠢ ᠯᠤᠭ᠎ᠠ ᠰᠤᠯᠢᠯᠴᠠᠬᠤ ᠬᠢᠬᠡᠳ ᠬᠠᠮᠳᠤᠷᠠᠯᠴᠠᠬᠤ ᠶᠢ ᠴᠢᠩᠭᠠᠳᠬᠠᠨ᠎ᠠ᠃ ᠰᠡᠳᠦᠪ ᠤᠨ ᠲᠠᠭᠠᠭᠠᠴᠢᠯᠠᠯᠳᠠ ᠵᠠᠷᠯᠠᠬᠤ ᠪᠠ ᠨᠠᠶᠢᠳᠠᠵᠦ ᠰᠤᠳᠤᠯᠬᠤ ᠲᠦᠷᠢᠮ ᠢ ᠪᠦᠷᠢᠨᠰᠢᠬᠦᠯᠦᠨ᠎ᠠ᠃
     93. ᠬᠠᠤᠯᠢ ᠪᠠᠷ ᠵᠠᠰᠬᠠᠤ ᠰᠤᠶᠤᠯ ᠤᠨ ᠪᠠᠶᠢᠭᠤᠯᠤᠯᠳᠠ ᠶᠢ ᠴᠢᠩᠭᠠᠳᠬᠠᠨ᠎ᠠ᠃ ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠠᠶᠢᠭᠤᠯᠤᠯᠳᠠ ᠶᠢᠨ ᠬᠠᠷᠠᠯᠳᠠ᠂ ᠠᠵᠢᠯ ᠤᠨ ᠪᠠᠶᠢᠷᠢᠯᠠᠭᠤᠯᠤᠯᠳᠠ᠂ ᠲᠡᠷᠢᠬᠦᠨ ᠤ ᠲᠤᠷᠰᠢᠯᠭ᠎ᠠ᠂ ᠨᠡᠶᠢᠳᠡᠯᠢᠭ ᠠᠷᠭ᠎ᠠ ᠬᠢᠳᠡᠯ ᠢ ᠦᠷᠬᠡᠨ ᠢᠶᠠᠷ ᠤᠬᠠᠭᠤᠯᠵᠦ᠂ ᠶᠠᠷᠢᠶ᠎ᠠ ᠬᠡᠯᠡᠯᠴᠡᠭᠡ ᠶᠢ ᠵᠦᠪ ᠢᠶᠠᠷ ᠭᠦᠳᠦᠯᠦᠨ ᠵᠢᠯᠤᠭᠤᠳᠴᠤ᠂ ᠨᠡᠶᠢᠬᠡᠮ ᠤᠨ ᠬᠢᠨ ᠤ ᠬᠠᠮᠳᠤ ᠶᠢᠨ ᠲᠠᠨᠢᠯᠳᠠ ᠶᠢ ᠨᠢᠨᠨᠳᠠᠷᠠᠭᠤᠯᠤᠨ᠎ᠠ᠃ ᠤᠨ ᠤ ᠬᠠᠤᠯᠢ ᠪᠠᠷ ᠵᠠᠰᠬᠠᠰᠠᠨ ᠬᠡᠷᠡᠭ ᠶᠠᠪᠤᠳᠠᠯ ᠪᠠ ᠬᠠᠤᠯᠢ ᠪᠠᠷ ᠵᠠᠰᠬᠠᠰᠠᠨ ᠭᠦᠮᠦᠰ ᠢ ᠰᠢᠯᠭᠠᠷᠠᠭᠤᠯᠤᠨ ᠰᠤᠩᠭᠤᠬᠤ ᠠᠵᠢᠯᠯᠠᠭ᠎ᠠ ᠦᠷᠨᠢᠬᠦᠯᠵᠦ᠂ ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠠᠶᠢᠭᠤᠯᠤᠯᠳᠠ ᠶᠢ ᠪᠦᠭᠦ ᠨᠡᠶᠢᠬᠡᠮ ᠢᠶᠠᠷ ᠢᠶᠠᠨ ᠬᠠᠯᠠᠮᠵᠢᠯᠠᠬᠤ᠂ ᠲᠡᠮᠵᠢᠬᠦ ᠪᠠ ᠲᠡᠭᠦᠨ ᠳᠤ ᠤᠷᠤᠯᠴᠠᠬᠤ ᠰᠠᠶᠢᠨ ᠰᠠᠶᠢᠬᠠᠨ ᠨᠡᠶᠢᠬᠡᠮ ᠤᠨ ᠠᠭᠤᠷ ᠠᠮᠢᠰᠬᠤᠯ ᠢ ᠪᠤᠢ ᠪᠤᠯᠭᠠᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ