ᠮᠠᠨ ᠤ ᠤᠷᠤᠨ ᠮᠠᠯ ᠠᠵᠤ ᠠᠬᠤᠢ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠭᠦᠨᠵᠡᠭᠡᠢ ᠠᠬᠢᠭᠤᠯᠵᠤ ᠪᠠᠶᠢᠭ᠎ᠠ ᠲᠤᠬᠠᠢ ᠪᠦᠬᠦ ᠲᠠᠯ᠎ᠠ ᠪᠠᠷ ᠰᠢᠮᠳᠠᠭᠤᠯᠤᠨ ᠪᠠᠶᠢᠴᠠᠭᠠᠬᠤ ᠪᠠᠷ ᠪᠤᠢ
ᠨᠡᠶᠢᠲᠡᠯᠡᠭᠰᠡᠨ ᠴᠠᠭ᠄
2017/8/25
      8 ᠳ᠋ᠤᠭᠠᠷ ᠰᠠᠷ᠎ᠠ ᠶᠢᠨ 24᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠯᠪᠠᠨ ᠲᠢᠩᠭᠢᠮ᠂ ᠵᠠᠰᠠᠭ ᠤᠨ ᠤᠷᠳᠤᠨ ᠤ ᠠᠯᠪᠠᠨ ᠲᠢᠩᠭᠢᠮ ᠬᠤᠷᠠᠯ ᠬᠤᠷᠠᠯᠳᠤᠭᠤᠯᠵᠤ᠂ ᠮᠠᠯ ᠠᠵᠤ ᠠᠬᠤᠢ ᠲᠠᠷᠢᠶᠠᠯᠠᠩ ᠎ ᠤᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠭᠦᠨᠵᠡᠭᠡᠢ ᠠᠬᠢᠭᠤᠯᠵᠤ᠂ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠤ ᠰᠢᠨ᠎ᠠ ᠬᠦᠳᠡᠯᠭᠡᠬᠦ ᠬᠦᠴᠦᠨ ᠢ ᠲᠦᠷᠭᠡᠳᠭᠡᠨ ᠪᠤᠶᠢᠵᠢᠭᠤᠯᠵᠤ ᠪᠠᠶᠢᠭ᠎ᠠ ᠪᠠᠶᠢᠳᠠᠯ ᠢ ᠪᠦᠬᠦ ᠲᠠᠯ᠎ᠠ ᠪᠠᠷ ᠦᠪᠡᠰᠦᠪᠡᠨ ᠪᠠᠶᠢᠴᠠᠭᠠᠬᠤ ᠪᠠ ᠲᠤᠬᠠᠢ ᠶᠢᠨ ᠭᠠᠵᠠᠷ ᠲᠤᠨᠢ ᠰᠢᠮᠳᠠᠭᠤᠯᠤᠨ ᠪᠠᠶᠢᠴᠠᠭᠠᠬᠤ ᠠᠵᠢᠯ ᠢ ᠦᠷᠨᠢᠭᠦᠯᠬᠦ ᠲᠤᠬᠠᠢ ᠪᠤᠳᠠᠳᠠᠢ ᠲᠤᠬᠢᠷᠠᠭᠤᠯᠤᠯᠳᠠ ᠬᠢᠵᠡᠢ᠃      ᠨᠠᠮ ᠤᠨ ᠲᠦᠪ ᠬᠤᠷᠢᠶ᠎ᠠ ︽ᠬᠦᠳᠡᠭᠡ ᠠᠵᠤ ᠠᠬᠤᠢ᠂ ᠬᠦᠳᠡᠭᠡ ᠲᠤᠰᠬᠤᠨ᠂ ᠲᠠᠷᠢᠶᠠᠴᠢᠨ︾᠎ ᠤ ᠠᠵᠢᠯ ᠢ ᠤᠯᠡᠨ ᠵᠢᠯ ᠤᠨ ᠲᠤᠷᠰᠢ ᠲᠡᠭᠡᠳᠦ ᠬᠡᠮᠵᠢᠶ᠎ᠠ ᠪᠠᠷ ᠴᠢᠬᠤᠯᠠᠴᠢᠯᠠᠵᠤ᠂ ᠨᠢᠭᠡᠳᠦᠭᠡᠷ ᠲᠤᠭᠠᠳᠤ ᠪᠢᠴᠢᠭ ᠮᠠᠲ᠋ᠧᠷᠢᠶᠠᠯ ᠢ ᠤᠷᠢᠳ ᠬᠤᠵᠢᠳ 14 ᠨᠡᠶᠢᠳᠡᠯᠡᠵᠦ᠂ ︽ᠬᠦᠳᠡᠭᠡ ᠠᠵᠤ ᠠᠬᠤᠢ᠂ ᠬᠦᠳᠡᠭᠡ ᠲᠤᠰᠬᠤᠨ᠂ ᠲᠠᠷᠢᠶᠠᠴᠢᠨ︾᠎ ᠤ ᠠᠵᠢᠯ ᠤᠨ ᠴᠢᠬᠤᠯᠠ ᠠᠴᠠ ᠴᠢᠬᠤᠯᠠ ᠪᠠᠶᠢᠷᠢ ᠰᠠᠭᠤᠷᠢ ᠶᠢ ᠨᠢ ᠲᠤᠪᠤᠶᠢᠯᠭᠠᠵᠤ ᠢᠷᠡᠵᠡᠢ᠃ ᠮᠠᠨ ᠤ ᠤᠷᠤᠨ ᠪᠤᠯ ᠪᠦᠬᠦ ᠤᠯᠤᠰ ᠤᠨ ᠴᠢᠬᠤᠯᠠ ᠠᠮᠤ ᠪᠤᠳᠠᠭ᠎ᠠ ᠪᠤᠯᠤᠨ ᠪᠤᠬᠢᠷᠳᠤᠯ ᠦᠭᠡᠢ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠢ ᠦᠢᠯᠡᠳᠪᠦᠷᠢᠯᠡᠬᠦ᠂ ᠡᠳ᠋ᠰᠢᠭᠦᠯᠦᠨ ᠪᠤᠯᠪᠠᠰᠤᠷᠠᠭᠤᠯᠬᠤ᠂ ᠪᠤᠷᠤᠯᠠᠭᠤᠯᠬᠤ ᠰᠠᠭᠤᠷᠢᠨ ᠪᠠᠶᠢᠵᠤ᠂ ︽ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾᠎ ᠤ ᠠᠵᠢᠯ ᠨᠢ ᠦᠪᠡᠷᠳᠡᠭᠡᠨ ᠵᠠᠰᠠᠬᠤ ᠤᠷᠤᠨ ᠤ ᠪᠦᠬᠦ ᠲᠠᠯ᠎ᠠ ᠶᠢᠨ ᠠᠵᠢᠯ ᠤᠨ ᠲᠤᠮᠳᠠ ᠴᠢᠬᠤᠯᠠ ᠪᠠᠶᠢᠷᠢ ᠰᠠᠭᠤᠷᠢ ᠪᠤᠯᠤᠨ ᠦᠢᠯᠡᠳᠦᠯ ᠲᠠᠢ ᠶᠤᠮ᠃ ᠭᠡᠳᠡᠯ᠎ᠠ ᠮᠠᠨ ᠤ ᠤᠷᠤᠨ ᠮᠠᠯ ᠠᠵᠤ ᠠᠬᠤᠢ ᠲᠠᠷᠢᠶᠠᠯᠠᠩ ᠤᠨ ᠲᠤᠮᠤ ᠤᠷᠤᠨ ᠪᠤᠯᠬᠤ ᠠᠴᠠ ᠪᠢᠰᠢ ᠬᠦᠴᠦᠷᠭᠡᠭ ᠤᠷᠤᠨ ᠪᠤᠯᠤᠭᠠᠳᠤᠢ᠂ ᠦᠨᠳᠦᠰᠦᠨ ᠰᠢᠯᠳᠠᠭᠠᠨ ᠨᠢ ᠬᠠᠩᠭᠠᠯᠭ᠎ᠠ ᠶᠢᠨ ᠰᠢᠰᠲ᠋ᠧᠮ ᠨᠢ ᠬᠡᠷᠡᠭᠴᠡᠭᠡ ᠱᠠᠭᠠᠷᠳᠠᠯᠭ᠎ᠠ ᠶᠢᠨ ᠪᠦᠳᠦᠴᠡ ᠲᠠᠢ ᠲᠤᠬᠢᠷᠠᠯᠴᠠᠬᠤ ᠪᠠᠷ ᠬᠦᠷᠦᠯᠴᠡᠬᠦ ᠦᠭᠡᠢ᠂ ᠡᠶᠢᠨᠬᠦ ᠮᠠᠯ ᠠᠵᠤ ᠠᠬᠤᠢ ᠲᠠᠷᠢᠶᠠᠯᠠᠩ ᠎ ᠤᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠪᠤᠯ ᠦᠨᠳᠦᠰᠦᠨ ᠭᠠᠷᠬᠤ ᠵᠠᠮ᠂ ᠤᠳᠤᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠪᠦᠬᠦ ᠤᠷᠤᠨ ᠤ ︽ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾᠎ ᠤ ᠠᠵᠢᠯ ᠤᠨ ᠭᠤᠤᠯ ᠱᠤᠭᠤᠮ ᠪᠤᠯᠵᠠᠢ᠃ ︽ᠲᠦᠪ ᠤᠨ ᠨᠢᠭᠡᠳᠦᠭᠡᠷ ᠲᠤᠭᠠᠳᠤ ᠪᠢᠴᠢᠭ ᠮᠠᠲ᠋ᠧᠷᠢᠶᠠᠯ︾᠂ ︽ᠦᠪᠡᠷᠳᠡᠭᠡᠨ ᠵᠠᠰᠠᠬᠤ ᠤᠷᠤᠨ ᠤ ᠬᠡᠷᠡᠭᠵᠢᠭᠦᠯᠬᠦ ᠰᠠᠨᠠᠯ︾᠂ ᠯᠢ ᠵᠢᠢ ᠾᠧᠩ ᠱᠦᠵᠢ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠪᠤᠯᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠤᠷᠤᠨ ᠤ ᠠᠵᠢᠯ ᠤᠨ ᠬᠤᠷᠠᠯ ᠎ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠦᠯᠦᠭᠡ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠯᠪᠠᠨ ᠲᠢᠩᠭᠢᠮ᠂ ᠵᠠᠰᠠᠭ ᠤᠨ ᠤᠷᠳᠤᠨ ᠤ ᠠᠯᠪᠠᠨ ᠲᠢᠩᠭᠢᠮ 8 ᠳ᠋ᠤᠭᠠᠷ ᠰᠠᠷ᠎ᠠ ᠶᠢᠨ 19᠎ ᠤ ᠡᠳᠦᠷ ᠮᠡᠳᠡᠭᠳᠡᠯ ᠪᠠᠭᠤᠯᠭᠠᠵᠤ᠂ ᠮᠠᠯ ᠠᠵᠤ ᠠᠬᠤᠢ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠭᠦᠨᠵᠡᠭᠡᠢ ᠠᠬᠢᠭᠤᠯᠬᠤ᠂ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠤ ᠬᠦᠭᠵᠢᠯᠳᠡ ᠶᠢᠨ ᠰᠢᠨ᠎ᠠ ᠬᠦᠳᠡᠯᠭᠡᠬᠦ ᠴᠢᠳᠠᠪᠤᠷᠢ ᠶᠢ ᠲᠦᠷᠭᠡᠳᠭᠡᠨ ᠪᠤᠶᠢᠵᠢᠭᠤᠯᠵᠤ ᠪᠠᠶᠢᠭ᠎ᠠ ᠪᠠᠶᠢᠳᠠᠯ ᠤᠨ ᠲᠤᠬᠠᠢ ᠪᠦᠬᠦ ᠲᠠᠯ᠎ᠠ ᠪᠠᠷ ᠦᠪᠡᠰᠦᠪᠡᠨ ᠪᠠᠶᠢᠴᠠᠭᠠᠬᠤ ᠪᠠ ᠲᠤᠬᠠᠢ ᠶᠢᠨ ᠭᠠᠵᠠᠷ ᠲᠤᠨᠢ ᠰᠢᠮᠳᠠᠭᠤᠯᠤᠨ ᠪᠠᠶᠢᠴᠠᠭᠠᠬᠤ ᠠᠵᠢᠯ ᠤᠨ ᠲᠤᠬᠠᠢ ᠲᠤᠬᠢᠷᠠᠭᠤᠯᠤᠯᠳᠠ ᠬᠢᠵᠡᠢ᠃      ᠤᠶᠢᠯᠠᠭᠠᠭᠰᠠᠨ ᠢᠶᠠᠷ  ᠂ 6 ᠰᠢᠮᠳᠠᠭᠤᠯᠤᠨ ᠪᠠᠶᠢᠴᠠᠭᠠᠬᠤ ᠲᠤᠭᠤᠶᠢᠯᠠᠩ 12 ᠠᠶᠢᠮᠠᠭ ᠬᠤᠳᠠ ᠳᠤ ᠭᠦᠨᠵᠡᠭᠡᠶᠢᠷᠡᠵᠦ ᠲᠤᠬᠠᠢ ᠶᠢᠨ ᠭᠠᠵᠠᠷ ᠲᠤ ᠰᠢᠮᠳᠠᠭᠤᠯᠤᠨ ᠪᠠᠶᠢᠴᠠᠭᠠᠵᠤ᠂ ᠶᠡᠷᠦᠩᠬᠡᠢ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠤᠨᠤᠰᠬᠤ᠂ ᠬᠠᠮᠢᠶᠠᠳᠠᠢ ᠪᠢᠴᠢᠭ ᠮᠠᠲ᠋ᠧᠷᠢᠶᠠᠯ ᠢ ᠡᠷᠢᠵᠦ ᠦᠵᠡᠬᠦ᠂ ᠬᠠᠮᠢᠶᠠᠳᠠᠢ ᠰᠠᠯᠠᠭ᠎ᠠ ᠮᠦᠴᠢᠷ ᠎ ᠤᠨ ᠬᠠᠷᠢᠭᠤᠴᠠᠯᠭᠠᠳᠠᠨ ᠲᠠᠢ ᠶᠠᠷᠢᠯᠴᠠᠬᠤ᠂ ᠶᠠᠷᠢᠯᠴᠠᠬᠤ ᠬᠤᠷᠠᠯ ᠬᠤᠷᠠᠯᠳᠤᠭᠤᠯᠬᠤ ᠪᠠ ᠲᠠᠷᠢᠶᠠᠨ ᠭᠠᠵᠠᠷ ᠲᠤ ᠭᠦᠨᠵᠡᠭᠡᠶᠢᠷᠡᠬᠦ᠂ ᠮᠠᠯᠴᠢᠨ ᠲᠠᠷᠢᠶᠠᠴᠢᠨ ᠤ ᠭᠡᠷ ᠲᠤ ᠬᠦᠷᠴᠦ ᠪᠤᠳᠠᠳᠠᠢ ᠪᠠᠶᠢᠴᠠᠭᠠᠯᠳᠠ ᠬᠢᠬᠦ ᠵᠡᠷᠭᠡ ᠬᠡᠯᠪᠡᠷᠢ ᠪᠠᠷ 8 ᠳ᠋ᠤᠭᠠᠷ ᠰᠠᠷ᠎ᠠ ᠶᠢᠨ ᠰᠡᠭᠦᠯᠴᠢ ᠠᠴᠠ 9 ᠳ᠋ᠦ᠋ᠭᠡᠷ ᠰᠠᠷ᠎ᠠ ᠶᠢᠨ ᠡᠬᠢ ᠪᠤᠯᠳᠠᠯ᠎ᠠ ᠠᠷᠪᠠ ᠭᠠᠷᠤᠢ ᠡᠳᠦᠷ ᠤᠨ ᠬᠤᠭᠤᠴᠠᠭ᠎ᠠ ᠲᠠᠢ ᠶᠠᠪᠤᠭᠳᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号