1 — 7 ᠳ᠋ᠤᠭᠠᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 1270.85 ᠳ᠋ᠦᠩᠰᠢᠭᠤᠷ ᠲᠥᠭᠦᠷᠢᠭ ᠲᠤ ᠬᠦᠷᠪᠡ
ᠨᠡᠶᠢᠲᠡᠯᠡᠭᠰᠡᠨ ᠴᠠᠭ᠄
2017/8/25
     ᠡᠨᠡ ᠵᠢᠯ ᠤᠨ 1 — 7 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠨᠡᠶᠢᠲᠡ 1270.85 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠪᠠᠷᠢᠮᠵᠢᠶ᠎ᠠ ᠪᠠᠷ 6.3% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠬᠠᠭᠠᠰ ᠵᠢᠯ ᠤᠨ ᠬᠢ ᠲᠠᠢ ᠲᠡᠩᠴᠡᠪᠡ᠃ ᠡᠭᠦᠨ ᠳᠤ᠄ ᠭᠠᠶᠢᠯᠢ ᠲᠠᠲᠠᠪᠤᠷᠢ ᠶᠢᠨ ᠣᠷᠣᠯᠭ᠎ᠠ ᠶᠢ 934.70 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 20.4% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠬᠠᠭᠠᠰ ᠵᠢᠯ ᠤᠨ ᠎ ᠬᠢ ᠠᠴᠠ 1.7 ᠵᠠᠭᠤᠨ ᠤ ᠴᠡᠭ ᠨᠡᠮᠡᠭᠳᠡᠪᠡ᠃      ᠡᠨᠡ ᠵᠢᠯ ᠤᠨ 1 — 7 ᠳ᠋ᠤᠭᠠᠷ ᠰᠠᠷ᠎ᠠ ᠳᠤ᠂ ᠪᠦᠬᠦ ᠣᠷᠣᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 2655.30 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 9.7% ᠨᠡᠮᠡᠭᠳᠡᠪᠡ᠃ ᠡᠭᠦᠨ ᠳᠤ᠄ ᠰᠤᠷᠭᠠᠨ ᠬᠥᠮᠦᠵᠢᠯ ᠤᠨ ᠵᠠᠷᠤᠯᠭ᠎ᠠ ᠠᠳᠠᠯᠢ ᠬᠤᠭᠤᠴᠠᠭᠠᠨ ᠤ ᠬᠢ ᠠᠴᠠ 12.9% ᠨᠡᠮᠡᠭᠳᠡᠪᠡ︔ ᠨᠡᠶᠢᠭᠡᠮ ᠤᠨ ᠪᠠᠲᠤᠯᠠᠭ᠎ᠠ ᠪᠣᠯᠣᠨ ᠠᠵᠢᠯ ᠣᠯᠭᠤᠯᠲᠠ ᠶᠢᠨ ᠵᠠᠷᠤᠯᠭ᠎ᠠ ᠠᠳᠠᠯᠢ ᠬᠤᠭᠤᠴᠠᠭᠠᠨ ᠤ ᠬᠢ ᠠᠴᠠ 26.4% ᠨᠡᠮᠡᠭᠳᠡᠪᠡ︔ ᠰᠣᠶᠣᠯ ᠪᠡᠶ᠎ᠡ ᠶᠢᠨ ᠲᠠᠮᠢᠷ ᠪᠣᠯᠣᠨ ᠤᠯᠠᠮᠵᠢᠯᠠᠬᠤ ᠵᠠᠭᠤᠴᠢᠯᠠᠭᠤᠷ ᠤᠨ ᠦᠢᠯᠡᠰ ᠤᠨ ᠵᠠᠷᠤᠯᠭ᠎ᠠ ᠠᠳᠠᠯᠢ ᠬᠤᠭᠤᠴᠠᠭᠠᠨ ᠤ ᠬᠢ ᠠᠴᠠ 43.7% ᠨᠡᠮᠡᠭᠳᠡᠪᠡ︔ ᠡᠮ ᠡᠮᠨᠡᠯᠭᠡ ᠡᠷᠡᠭᠦᠯ ᠬᠠᠮᠠᠭᠠᠯᠠᠯ ᠪᠣᠯᠣᠨ ᠲᠥᠯᠥᠪᠯᠡᠭᠡᠲᠦ ᠦᠷᠡᠵᠢᠯ ᠤᠨ ᠵᠠᠷᠤᠯᠭ᠎ᠠ ᠠᠳᠠᠯᠢ ᠬᠤᠭᠤᠴᠠᠭᠠᠨ ᠤ ᠬᠢ ᠠᠴᠠ 19.7% ᠨᠡᠮᠡᠭᠳᠡᠪᠡ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号