ᠥᠪᠥᠷ ᠮᠣᠩᠭᠤᠯ ᠤᠨ ᠲᠥᠯᠥᠭᠡᠯᠡᠭᠴᠢ ᠶᠢᠨ ᠪᠦᠯᠬᠦᠮ ᠪᠦᠬᠦ ᠤᠯᠤᠰ ᠤᠨ ᠲᠠᠮᠢᠷ ᠤᠨ ᠴᠤᠭᠯᠠᠭᠠᠨ ᠳᠤ ᠲᠤᠲᠤᠷᠠᠯ᠎ᠠ
ᠨᠡᠶᠢᠲᠡᠯᠡᠭᠰᠡᠨ ᠴᠠᠭ᠄
2017/8/28
     8 ᠳ᠋ᠤᠭᠠᠷ ᠰᠠᠷ᠎ᠠ ᠶᠢᠨ 27᠎ ᠤ ᠡᠳᠦᠷ᠂ ᠪᠦᠸᠧᠬᠠᠢ ᠲᠠᠩᠬᠢᠰ ᠤᠨ ᠬᠡᠷᠡᠯᠳᠤ ᠰᠤᠪᠤᠳ ᠬᠡᠮᠡᠭᠳᠡᠭᠰᠡᠡ ᠲᠢᠶᠠᠨᠵᠢᠨ ᠬᠤᠳᠠᠨ᠎ᠠ ᠵᠦᠬᠡᠯᠡᠨ ᠪᠤᠷᠤᠭᠠᠨ ᠰᠢᠪᠡᠷᠡᠵᠤ᠂ ᠰᠡᠷᠢᠬᠦᠭᠡᠨ ᠲᠠᠭᠠᠯᠠᠮᠵᠢᠳᠠᠢ ᠠᠭᠤᠷ ᠠᠮᠢᠰᠬᠤᠯ ᠬᠦᠮᠦᠰ ᠤᠨ ᠰᠡᠳᠬᠢᠯ ᠢ ᠠᠷᠢᠭᠤᠰᠬᠠᠨ᠎ᠠ᠃ ᠤᠷᠤᠢ ᠶᠢᠨ 8 ᠴᠠᠭ ᠲᠤ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠎ ᠤᠨ ᠲᠠᠮᠢᠷ ᠤᠨ ᠴᠤᠭᠯᠠᠭᠠᠨ ᠤ ᠡᠬᠢᠯᠡᠯᠳᠠ ᠶᠢᠨ ᠶᠤᠰᠤᠯᠠᠯ ᠲᠢᠶᠠᠨᠵᠢᠨ ᠬᠤᠳᠠ ᠶᠢᠨ ᠤᠯᠢᠮᠫᠢᠺ ᠤᠨ ᠪᠡᠶ᠎ᠠ ᠶᠢᠨ ᠲᠠᠮᠢᠷ ᠎ ᠤᠨ ᠲᠦᠪ ᠲᠤ ᠦᠪᠡᠳᠡᠭᠰᠢ ᠶᠡᠬᠡᠪᠠᠷ ᠶᠠᠪᠤᠭᠳᠠᠯ᠎ᠠ᠃      ᠡᠬᠢᠯᠡᠯᠳᠠ ᠶᠢᠨ ᠶᠤᠰᠤᠯᠠᠯ ᠤᠨ ᠲᠦᠷᠦᠬᠦᠨ ᠳᠤ᠂ ᠪᠦᠬᠦ ᠤᠯᠤᠰ ᠤᠨ ᠡᠯ᠎ᠠ ᠮᠤᠵᠢ ᠤᠷᠤᠨ ᠬᠤᠳᠠ ᠶᠢᠨ ᠲᠠᠮᠢᠷᠴᠢᠳ ᠤᠨ ᠲᠦᠯᠦᠬᠡᠯᠡᠭᠴᠢ ᠶᠢᠨ ᠪᠦᠯᠬᠦᠮ ᠲᠠᠯᠠᠪᠠᠢ ᠳᠤ ᠤᠷᠤᠵᠤ᠂ ᠦᠨᠳᠦᠰᠦᠳᠠᠨ ᠤ ᠬᠤᠪᠴᠠᠰᠤ ᠵᠠᠰᠠᠯ ᠢᠶᠠᠷ ᠢᠶᠠᠨ ᠭᠤᠶᠤᠯᠠᠭᠰᠠᠠ ᠦᠪᠦᠷ ᠮᠤᠩᠭᠤᠯ ᠤᠨ ᠲᠦᠯᠦᠬᠡᠯᠡᠭᠴᠢ ᠶᠢᠨ ᠪᠦᠯᠬᠦᠮ ᠲᠠᠪᠤᠳᠤᠭᠠᠷ ᠲᠤ ᠢᠳᠡᠭᠡᠯ ᠲᠦᠬᠦᠷᠡᠩ᠂ ᠵᠢᠪᠬᠤᠭ᠎ᠠ ᠲᠡᠬᠦᠯᠳᠡᠷ ᠲᠠᠯᠠᠪᠠᠢ ᠳᠤ ᠤᠷᠤᠯ᠎ᠠ᠃ ᠮᠠᠨ ᠤ ᠤᠷᠤᠨ ᠤ ᠲᠠᠮᠢᠷᠴᠢᠳ ᠤᠨ ᠲᠦᠯᠦᠬᠡᠯᠡᠭᠴᠢ ᠶᠢᠨ ᠪᠦᠯᠬᠦᠮ ᠤᠨ ᠡᠩᠨᠡᠭᠡ 40 ᠬᠦᠮᠦᠨ ᠢᠶᠠᠷ ᠪᠦᠷᠢᠯᠳᠦᠵᠤ᠂ ᠡᠮᠡᠭᠳᠡᠢ ᠶᠢᠨ ᠪᠤᠤᠺᠰ ᠤᠨ ᠰᠢᠯᠢᠳᠡᠭ ᠲᠠᠮᠢᠷᠴᠢᠨ᠂ ᠲᠤᠰ ᠬᠤᠭᠤᠴᠠᠭᠠᠨ ᠤ ᠪᠦᠬᠦ ᠤᠯᠤᠰ ᠤᠨ ᠲᠠᠮᠢᠷ ᠤᠨ ᠴᠤᠭᠯᠠᠭᠠᠨ ᠤ ᠡᠮᠡᠭᠳᠡᠢ ᠶᠢᠨ 75 ᠺᠢᠯᠦᠭᠷᠠᠮ ᠤᠨ ᠲᠡᠰ ᠤᠨ ᠠᠯᠳᠠᠨ ᠮᠧᠳᠠᠯ ᠤᠨ ᠡᠵᠡᠨ ᠯᠢ ᠴᠢᠶᠠᠨ ᠲᠤᠭᠴᠢ ᠶᠢᠨ ᠢᠷᠠᠭᠤ ᠠᠯᠳᠠᠷᠳᠠᠢ ᠡᠬᠦᠷᠬᠡ ᠶᠢ ᠡᠬᠦᠷᠬᠡᠯᠡᠵᠤ ᠡᠩᠨᠡᠬᠡᠨ ᠤ ᠲᠦᠷᠦᠬᠦᠨ ᠳᠤ ᠠᠯᠬᠤᠪᠠ᠃  ᠲᠤᠰ ᠬᠤᠭᠤᠴᠠᠭᠠᠨ ᠤ ᠲᠠᠮᠢᠷ ᠤᠨ ᠴᠤᠭᠯᠠᠭᠠᠨ ᠳᠤ ᠮᠠᠨ ᠤ ᠤᠷᠤᠨ ᠤ 270 ᠲᠠᠮᠢᠷᠴᠢᠨ ᠤᠷᠤᠯᠳᠤᠭᠠᠨ ᠤ ᠲᠠᠮᠢᠷ ᠤᠨ ᠲᠦᠷᠦᠯ ᠵᠦᠢᠯ ᠤᠨ 17 ᠶᠡᠭᠡ ᠲᠦᠷᠦᠯ᠂ 142 ᠪᠠᠭ᠎ᠠ ᠲᠦᠷᠦᠯ ᠤᠨ ᠤᠷᠤᠯᠳᠤᠭᠠᠨ ᠳᠤ ᠤᠷᠤᠯᠴᠠᠵᠤ᠂ ᠤᠯᠠᠨ ᠲᠦᠮᠡᠨᠴᠢ ᠲᠠᠮᠢᠷ ᠤᠨ ᠲᠦᠷᠦᠯ ᠵᠦᠢᠯ ᠳᠤ ᠮᠠᠨ ᠤ ᠤᠷᠤᠨ ᠤ 56 ᠲᠠᠮᠢᠷᠴᠢᠨ ᠰᠢᠢᠳᠪᠤᠷᠢᠳᠤ ᠤᠷᠤᠯᠳᠤᠭᠠᠨ ᠳᠤ ᠤᠷᠤᠯᠴᠠᠬᠤ ᠡᠷᠬᠡ ᠶᠢ ᠤᠯᠵᠤ᠂ ᠤᠷᠤᠯᠳᠤᠭᠠᠨ ᠳᠤ ᠤᠷᠤᠯᠴᠠᠭᠰᠠᠠ ᠬᠦᠮᠦᠨ ᠤ ᠲᠤᠭ᠎ᠠ ᠪᠤᠯᠤᠨ ᠤᠷᠤᠯᠳᠤᠭᠠᠨ ᠤ ᠲᠦᠷᠦᠯ ᠵᠦᠢᠯ ᠴᠦᠮ ᠰᠢᠨ᠎ᠠ ᠰᠢᠪᠳᠤᠯᠤᠯᠳᠠ ᠶᠢ ᠪᠡᠶᠡᠯᠡᠬᠦᠯᠵᠠᠢ᠃      ᠪᠦᠬᠦᠶᠢᠯᠠ ᠡᠬᠢᠯᠡᠯᠳᠠ ᠶᠢᠨ ᠶᠤᠰᠤᠯᠠᠯ ᠨᠢ ︽ᠠᠷᠠᠳ ᠲᠤ ᠠᠰᠢᠬ ᠬᠦᠷᠳᠡᠬᠡᠬᠦ ᠲᠠᠮᠢᠷ ᠤᠨ ᠴᠤᠭᠯᠠᠭᠠᠨ᠂ ᠡᠷᠡᠬᠦᠯ ᠮᠡᠨᠳᠤ ᠲᠤᠮᠳᠠᠳᠤ ᠤᠯᠤᠰ︾ ᠬᠡᠬᠦ ᠭᠤᠤᠯ ᠰᠡᠳᠦᠪ ᠤᠨ ᠲᠤᠭᠤᠷᠢᠨ ᠳᠤ ︽ᠵᠠᠭᠤᠨ ᠵᠢᠯ ᠤᠨ ᠤᠷᠢᠶᠠᠯᠠᠯ︾᠂ ︽ᠡᠷᠡᠬᠦᠯ ᠮᠡᠨᠳᠤ ᠲᠤᠮᠳᠠᠳᠤ ᠤᠯᠤᠰ︾᠂ ︽ᠢᠷᠡᠬᠡᠳᠦᠢ ᠶᠢᠨ ᠵᠠᠮᠴᠢᠯᠠᠯ︾ ᠬᠡᠬᠦ ᠭᠤᠷᠪᠠᠨ ᠬᠠᠭᠤᠳᠠᠰᠤ ᠪᠠᠷ ᠶᠠᠪᠤᠭᠳᠠᠵᠤ᠂ 3D ᠵᠢᠷᠤᠭ ᠲᠤᠰᠬᠠᠯ ᠪᠤᠯᠤᠨ ᠲᠤᠭᠯᠠᠭᠴᠢᠳ ᠤᠨ ᠭᠤᠴᠤ ᠰᠠᠶᠢᠬᠠᠨ ᠬᠤᠷᠰᠢᠯᠳᠤᠯ᠂ ᠪᠡᠶ᠎ᠠ ᠶᠢᠨ ᠲᠠᠮᠢᠷ ᠪᠤᠯᠤᠨ ᠤᠯᠠᠨ ᠲᠦᠮᠡᠨᠴᠢ ᠡᠯᠧᠮᠧᠨ᠋ᠲ ᠤᠨ ᠠᠭᠤᠰᠤᠯᠴᠠᠯ᠂ ᠲᠢᠶᠠᠨᠵᠢᠨ ᠤ ᠡᠯᠧᠮᠧᠨ᠋ᠲ ᠤᠨ ᠲᠤᠮᠳᠠᠳᠤ ᠶᠢᠨ ᠦᠯᠢᠬᠡᠷ ᠤᠨ ᠲᠡᠯᠬᠡᠨ ᠦᠵᠡᠬᠦᠯᠦᠯᠬᠡ ᠵᠡᠷᠬᠡ ᠨᠢ ᠡᠬᠢᠯᠡᠯᠳᠠ ᠶᠢᠨ ᠶᠤᠰᠤᠯᠠᠯ ᠢ ᠦᠵᠡᠮᠦᠷᠢ ᠲᠠᠢ ᠰᠠᠶᠢᠬᠠᠨ ᠪᠤᠯᠭᠠᠵᠤ᠂ ︽ᠡᠷᠡᠬᠦᠯ ᠮᠡᠨᠳᠤ ᠪᠠᠷ ᠢᠷᠡᠬᠡᠳᠦᠢ ᠶᠢ ᠤᠭᠲᠤᠨ᠎ᠠ︾ ᠬᠡᠬᠦ ᠭᠤᠤᠯ ᠰᠡᠳᠦᠪᠳᠤ ᠲᠠᠭᠤᠨ ᠳᠤ ᠡᠬᠢᠯᠡᠯᠳᠠ ᠶᠢᠨ ᠶᠤᠰᠤᠯᠠᠯ ᠠᠮᠵᠢᠯᠳᠠᠳᠠᠢ ᠦᠨᠳᠦᠷᠯᠡᠯ᠎ᠠ᠃ ᠲᠤᠰ ᠬᠤᠭᠤᠴᠠᠭᠠᠨ ᠤ ᠲᠠᠮᠢᠷ ᠤᠨ ᠴᠤᠭᠯᠠᠭᠠᠨ 8 ᠳ᠋ᠤᠭᠠᠷ ᠰᠠᠷ᠎ᠠ ᠶᠢᠨ 27᠎ ᠠᠴᠠ 9 ᠳ᠋ᠣᠭᠡᠷ ᠰᠠᠷ᠎ᠠ ᠶᠢᠨ 8᠎ ᠤ ᠡᠳᠦᠷ ᠪᠤᠯᠳᠠᠯ᠎ᠠ ᠶᠠᠪᠤᠭᠳᠠᠵᠤ᠂ ᠪᠦᠬᠦ ᠤᠯᠤᠰ ᠤᠨ ᠡᠯ᠎ᠠ ᠭᠠᠵᠠᠷ ᠤᠷᠤᠨ ᠤ 10200 ᠲᠠᠮᠢᠷᠴᠢᠨ 33 ᠶᠡᠭᠡ ᠲᠦᠷᠦᠯ᠂ 417 ᠪᠠᠭ᠎ᠠ ᠲᠦᠷᠦᠯ ᠤᠨ ᠤᠷᠤᠯᠳᠤᠭᠠᠨ ᠳᠤ ᠤᠷᠤᠯᠴᠠᠬᠤ ᠪᠤᠯᠤᠨ᠎ᠠ᠃ ᠡᠬᠦᠨ ᠳᠤ᠂ ᠤᠷᠠᠨ ᠤᠮᠪᠠᠯᠳᠠ᠂ ᠲᠤᠤᠷ ᠪᠦᠮᠪᠦᠭᠡ᠂ ᠵᠢᠤᠳᠤᠤ ᠪᠦᠬᠡ ᠵᠡᠷᠬᠡ 20 ᠭᠠᠷᠤᠢ ᠶᠡᠭᠡ ᠲᠦᠷᠦᠯ ᠤᠨ ᠤᠷᠤᠯᠳᠤᠭᠠᠨ ᠨᠢᠬᠡᠨᠳᠠ ᠶᠠᠪᠤᠭᠳᠠᠵᠤ ᠲᠠᠭᠤᠰᠪᠠ᠃ ᠲᠤᠰ ᠬᠤᠭᠤᠴᠠᠭᠠᠨ ᠤ ᠲᠠᠮᠢᠷ ᠤᠨ ᠴᠤᠭᠯᠠᠭᠠᠨ ᠳᠤ ᠠᠩᠬᠠᠳᠠᠭᠴᠢ ᠤᠳᠠᠭ᠎ᠠ ᠤᠯᠠᠨ ᠲᠦᠮᠡᠨᠴᠢ ᠲᠠᠮᠢᠷ ᠤᠨ ᠤᠷᠤᠯᠳᠤᠭᠠᠨ ᠤ ᠲᠦᠷᠦᠯ ᠵᠦᠢᠯ ᠢ ᠲᠤᠬᠢᠷᠠᠭᠤᠯᠵᠤ᠂ 19 ᠶᠡᠭᠡ ᠲᠦᠷᠦᠯ᠂ 126 ᠪᠠᠭ᠎ᠠ ᠲᠦᠷᠦᠯ ᠤᠨ ᠤᠷᠤᠯᠳᠤᠭᠠᠨ ᠨᠢ ᠪᠡᠶ᠎ᠠ ᠶᠢᠨ ᠲᠠᠮᠢᠷ ᠲᠤ ᠪᠠᠭ᠋ᠠᠳᠠᠢ ᠡᠬᠡᠯ ᠠᠷᠠᠳ ᠲᠤ ᠪᠦᠬᠦ ᠤᠯᠤᠰ ᠤᠨ ᠲᠠᠮᠢᠷ ᠤᠨ ᠴᠤᠭᠯᠠᠭᠠᠨ ᠤ ᠲᠤᠮᠤ ᠲᠠᠪᠴᠠᠩ ᠳᠤ ᠤᠷ᠎ᠠ ᠴᠢᠳᠠᠪᠤᠷᠢ ᠪᠠᠨ ᠭᠠᠶᠢᠬᠠᠭᠤᠯᠬᠤ ᠠᠵᠠ ᠲᠤᠬᠢᠶᠠᠯ  ᠎ ᠢ ᠬᠠᠩᠭᠠᠭᠰᠠᠠ ᠪᠠᠶᠢᠨ᠎ᠠ᠃ ᠡᠬᠦᠨ ᠠᠴᠠ ᠭᠠᠳᠠᠨ᠎ᠠ᠂ ᠠᠯᠳᠠᠨ ᠮᠧᠳᠠᠯ ᠤᠨ ᠵᠢᠭᠰᠠᠭᠠᠯᠳᠠ ᠶᠢ ᠦᠬᠡᠶᠢᠰᠬᠡᠵᠤ᠂ ᠡᠯ᠎ᠠ ᠲᠦᠯᠦᠬᠡᠯᠡᠭᠴᠢᠳ ᠤᠨ ᠪᠦᠯᠬᠦᠮ ᠤᠨ ᠠᠯᠳᠠᠨ ᠮᠧᠳᠠᠯ ᠢ ᠲᠡᠷᠢᠬᠦᠨ ᠪᠠᠶᠢᠷᠢᠨ ᠳᠤ ᠲᠠᠯᠪᠢᠵᠤ᠂ ᠡᠷᠬᠡ ᠲᠡᠭᠰᠢ ᠪᠤᠰᠤ ᠪᠠᠷ ᠦᠷᠢᠰᠦᠯᠳᠦᠬᠦ ᠶᠢ ᠰᠡᠷᠬᠡᠶᠢᠯᠡᠭᠰᠡᠡ ᠪᠠᠶᠢᠨ᠎ᠠ᠃      ᠢᠷᠡᠬᠦ ᠠᠷᠪᠠᠭᠠᠳ ᠡᠳᠦᠷ ᠲᠤ ᠮᠠᠨ ᠤ ᠤᠷᠤᠨ ᠤᠷᠤᠯᠳᠤᠭᠠᠨ ᠤ ᠲᠠᠮᠢᠷ ᠤᠨ ᠲᠦᠷᠦᠯ ᠵᠦᠢᠯ ᠳᠤ ᠮᠤᠷᠢᠨ ᠮᠡᠷᠬᠡᠵᠢᠯ᠂ ᠫᠤᠤᠳᠠᠯᠭ᠎ᠠ᠂ ᠲᠤᠭᠤᠢ ᠲᠡᠷᠬᠡ᠂ ᠠᠯᠬᠤᠭ᠎ᠠ ᠤᠷᠤᠯᠳᠤᠭᠠᠨ᠂ ᠡᠷᠡᠭᠳᠡᠢ ᠶᠢᠨ ᠴᠢᠯᠦᠬᠡᠳᠤ ᠮᠠᠶ᠋ᠢᠭ ᠤᠨ ᠪᠦᠬᠡ᠂ ᠡᠷᠡᠭᠳᠡᠢ ᠶᠢᠨ ᠪᠤᠶᠢᠺᠤ ᠪᠦᠮᠪᠦᠭᠡ ᠵᠡᠷᠬᠡ ᠲᠦᠷᠦᠯ ᠵᠦᠢᠯ ᠳᠤ ᠠᠯᠳᠠᠨ ᠮᠧᠳᠠᠯ ᠤᠯᠬᠤ ᠪᠠᠷ ᠲᠡᠮᠡᠴᠡᠬᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号