ᠮᠠᠨ ᠤ ᠣᠷᠣᠨ ᠤ ᠠᠩᠬᠠᠳᠠᠭᠴᠢ ᠰᠢᠷᠬ᠎ᠠ ᠦᠭᠡᠢ ᠡᠮᠴᠢᠯᠡᠭᠡ ᠪᠠᠷ ᠠᠮᠢᠰᠬᠤᠭᠤᠯᠬᠤ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢᠯᠡᠷᠭᠡᠶᠢᠯᠡᠯ ᠡᠯᠭᠦᠪᠡ
ᠨᠡᠶᠢᠲᠡᠯᠡᠭᠰᠡᠨ ᠴᠠᠭ᠄
2017/8/28
      8 ᠳ᠋ᠤᠭᠠᠷ ᠰᠠᠷ᠎ᠠ ᠶᠢᠨ 27᠎ ᠤ ᠡᠳᠦᠷ᠂ ᠮᠠᠨ ᠤ ᠣᠷᠣᠨ ᠤ ᠠᠩᠬᠠᠳᠠᠭᠴᠢ ᠰᠢᠷᠬ᠎ᠠ ᠦᠭᠡᠢ ᠡᠮᠴᠢᠯᠡᠭᠡ ᠪᠠᠷ ᠠᠮᠢᠰᠬᠤᠭᠤᠯᠬᠤ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ ᠢᠯᠡᠷᠭᠡᠶᠢᠯᠡᠯ ᠡᠯᠭᠦᠨ ᠪᠠᠶᠢᠭᠤᠯᠤᠭᠳᠠᠪᠠ᠃      ᠰᠢᠷᠬ᠎ᠠ ᠦᠭᠡᠢ ᠡᠮᠴᠢᠯᠡᠭᠡ ᠪᠠᠷ ᠠᠮᠢᠰᠬᠤᠭᠤᠯᠬᠤ ᠭᠡᠳᠡᠭ ᠪᠣᠯ ᠳᠠᠷᠤᠶ ᠭᠤᠤᠷᠰᠤ ᠰᠢᠷᠭᠤᠭᠤᠯᠬᠤ ᠪᠤᠶᠤ ᠮᠥᠭᠡᠷᠰᠦᠨ ᠬᠤᠭᠤᠯᠠᠶ ᠶᠢ ᠬᠠᠭᠠᠯᠬᠤ ᠦᠭᠡᠢ ᠪᠠᠷ ᠠᠮᠢᠰᠬᠤᠭᠤᠯᠬᠤ ᠲᠤᠰᠠᠯᠠᠬᠤ ᠠᠷᠭ᠎ᠠ ᠪᠤᠯᠤᠨ᠎ᠠ᠂ ᠡᠭᠦᠨ ᠳᠤ ᠬᠥᠮᠦᠨ ᠤ ᠬᠦᠴᠦ ᠪᠠᠷ ᠠᠮᠢᠰᠬᠤᠭᠤᠯᠬᠤ᠂ ᠲᠦᠷᠭᠡᠨ ᠠᠪᠦᠷᠡᠬᠤ ᠤᠭᠤᠲᠠ ᠭᠡᠷᠡᠭᠯᠡᠬᠦ᠂ ᠪᠠᠭ ᠢᠶᠠᠷ ᠮᠢᠨᠴᠦᠭᠦᠷᠡᠭᠦᠯᠬᠦ ᠪᠠ ᠠᠮᠢᠰᠬᠤᠯ ᠤᠨ ᠮᠠᠰᠢᠨ ᠭᠡᠷᠡᠭᠯᠡᠬᠦ ᠵᠡᠷᠭᠡ ᠪᠠᠭᠲᠠᠨ᠎ᠠ᠂ ᠡᠷᠲᠡ ᠦᠶ᠎ᠡ ᠳᠤ ᠭᠤᠤᠯᠳᠠᠭᠤ ᠤᠨᠲᠠᠭᠤᠯᠵᠤ ᠠᠮᠢᠰᠬᠤᠭᠤᠯᠬᠤ ᠶᠡᠷᠦᠩᠭᠡᠶᠢᠯᠡᠭᠰᠡᠨ ᠴᠢᠨᠠᠷᠲᠠᠢ ᠡᠪᠡᠳᠴᠢᠨ ᠢ ᠲᠤᠰᠠᠯᠠᠨ ᠵᠠᠰᠠᠳᠠᠭ ᠪᠠᠶᠢᠵᠠᠢ᠃ ᠤᠳᠤᠬᠠᠨ ᠳᠤ᠂ ᠡᠯ᠎ᠡ ᠵᠦᠢᠯ ᠤᠨ ᠲᠦᠷᠭᠡᠨ ᠴᠢᠨᠠᠷᠲᠠᠶ ᠠᠮᠢᠰᠬᠤᠯ ᠲᠤᠷᠦ᠋ᠢᠲᠠᠬᠤ ᠶᠢ ᠡᠮᠨᠡᠨ ᠵᠠᠰᠠᠬᠤ ᠳᠤ᠂ ᠰᠢᠷᠬ᠎ᠠ ᠦᠭᠡᠢ ᠡᠮᠴᠢᠯᠡᠭᠡ ᠪᠠᠷ ᠠᠮᠢᠰᠬᠤᠭᠤᠯᠬᠤ ᠨᠢ ᠤᠯᠠᠮ ᠠᠴᠠ ᠤᠯᠠᠮ ᠴᠢᠬᠤᠯᠠ ᠪᠠᠶᠢᠷᠢ ᠲᠠᠢ ᠪᠠᠶᠢᠵᠤ᠂ ᠲᠦᠷᠭᠡᠨ ᠴᠢᠨᠠᠷᠲᠠᠶ ᠠᠮᠢᠰᠬᠤᠯ ᠲᠤᠷᠦ᠋ᠢᠲᠠᠬᠤ ᠡᠪᠡᠳᠴᠢᠲᠡᠨ ᠤ ᠲᠡᠷᠢᠬᠦᠨ ᠡᠮᠨᠡᠨ ᠵᠠᠰᠠᠬᠤ ᠠᠷᠭ᠎ᠠ ᠪᠤᠯᠵᠤ ᠪᠠᠶᠢᠨ᠎ᠠ᠃      ︽ᠥᠪᠡᠷᠲᠡᠭᠡᠨ ᠵᠠᠰᠠᠬᠤ ᠣᠷᠣᠨ ᠤ ᠰᠢᠷᠬ᠎ᠠ ᠦᠭᠡᠢ ᠡᠮᠴᠢᠯᠡᠭᠡ ᠪᠠᠷ ᠠᠮᠢᠰᠬᠤᠭᠤᠯᠬᠤ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠪᠠᠶᠢᠭᠤᠯᠤᠭᠳᠠᠭᠰᠠᠨ ᠨᠢ ᠮᠠᠨ ᠤ ᠣᠷᠣᠨ ᠠᠮᠢᠰᠬᠤᠯ ᠤᠨ ᠡᠪᠡᠳᠴᠢᠨ ᠤ ᠡᠮᠴᠢᠯᠡᠭᠡᠨ ᠤ ᠣᠨᠣᠰᠢᠯᠠᠨ ᠡᠮᠨᠡᠬᠦ ᠲᠠᠯ᠎ᠠ ᠪᠠᠷ ᠤᠯᠤᠭᠰᠠᠨ ᠪᠠᠰᠠ ᠨᠢᠭᠡ ᠤᠳᠠᠭ᠎ᠠ ᠶᠢᠨ ᠮᠡᠷᠭᠡᠵᠢᠯ ᠤᠨ ᠰᠢᠨᠡᠴᠢᠯᠡᠯᠲᠡ ᠪᠤᠯᠤᠨ᠎ᠠ᠃ ᠮᠠᠨ ᠤ ᠣᠷᠣᠨ ᠤ ᠠᠩᠬᠠᠳᠠᠭᠴᠢ ᠰᠢᠷᠬ᠎ᠠ ᠦᠭᠡᠢ ᠡᠮᠴᠢᠯᠡᠭᠡ ᠪᠠᠷ ᠠᠮᠢᠰᠬᠤᠭᠤᠯᠬᠤ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠪᠤᠯᠤᠭᠰᠠᠨ ᠤ ᠬᠤᠪᠢ ᠳᠤ᠂ ᠪᠢᠳᠡ ᠥᠪᠡᠷᠲᠡᠭᠡᠨ ᠵᠠᠰᠠᠬᠤ ᠣᠷᠣᠨ ᠤ ᠠᠮᠢᠰᠬᠤᠯ ᠤᠨ ᠡᠪᠡᠳᠴᠢᠨ ᠤ ᠰᠤᠳᠤᠯᠭᠠᠨ ᠤ ᠲᠥᠪ ᠲᠤᠬᠠᠶᠢᠯᠠᠪᠠᠯ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠠᠮᠢᠰᠬᠤᠯ ᠤᠨ ᠪᠠ ᠬᠦᠨᠳᠦ ᠠᠶᠤᠯᠲᠠᠢ ᠡᠪᠡᠳᠴᠢᠨ ᠤ ᠰᠠᠯᠠᠭ᠎ᠠ ᠪᠠᠷ ᠲᠦᠰᠢᠭ ᠪᠣᠯᠭᠠᠵᠤ᠂ ᠠᠮᠢᠰᠬᠤᠯ ᠤᠨ ᠡᠪᠡᠳᠴᠢᠨ ᠤ ᠡᠮᠴᠢᠯᠡᠭᠡᠨ ᠤ ᠣᠨᠣᠰᠢᠯᠠᠨ ᠡᠮᠨᠡᠬᠦ ᠰᠤᠳᠤᠯᠠᠭ᠎ᠠ ᠶᠢ ᠶᠡᠬᠡᠪᠡᠷ ᠲᠦᠯᠬᠢᠨ ᠠᠬᠢᠭᠤᠯᠵᠤ᠂ ᠠᠮᠢᠰᠬᠤᠯ ᠤᠨ ᠬᠦᠨᠳᠦ ᠡᠪᠡᠳᠴᠢᠨ ᠵᠢᠴᠢ ᠠᠶᠤᠯᠲᠠᠢ ᠬᠦᠨᠳᠦ ᠡᠪᠡᠳᠴᠢᠨ ᠤ ᠰᠢᠷᠬ᠎ᠠ ᠦᠭᠡᠢ ᠠᠮᠢᠰᠬᠤᠭᠤᠯᠬᠤ ᠭᠠᠵᠠᠷ ᠢ ᠪᠦᠲᠦᠭᠡᠨ ᠪᠠᠶᠢᠭᠤᠯᠵᠤ᠂ ᠰᠢᠨ᠎ᠡ ᠮᠡᠷᠭᠡᠵᠢᠯ᠂ ᠰᠢᠨ᠎ᠡ ᠠᠷᠭ᠎ᠠ ᠬᠡᠯᠪᠡᠷᠢ᠂ ᠰᠢᠨ᠎ᠡ ᠠᠷᠭ᠎ᠠ ᠪᠠᠷᠢᠯ ᠢ ᠢᠳᠡᠪᠬᠢᠲᠡᠶ ᠪᠠᠷ ᠬᠠᠶᠢᠨ ᠰᠦᠪᠡᠭᠴᠢᠯᠡᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠠᠮᠢᠰᠬᠤᠯ ᠤᠨ ᠡᠪᠡᠳᠴᠢᠨ ᠤ ᠦᠨᠳᠦᠰᠦᠨ ᠱᠠᠲᠤᠨ ᠤ ᠡᠮ ᠡᠮᠨᠡᠯᠭᠡ ᠶᠢᠨ ᠠᠵᠢᠯᠲᠠᠨ ᠢ ᠬᠥᠮᠦᠵᠢᠭᠦᠯᠬᠦ ᠪᠠ ᠠᠮᠢᠰᠬᠤᠯ ᠤᠨ ᠡᠪᠡᠳᠴᠢᠨ ᠤ ᠰᠢᠨᠵᠢᠯᠡᠭᠡᠨ ᠤ ᠪᠠᠶᠢᠭᠤᠯᠤᠯᠲᠠ ᠶᠢ ᠦᠨᠡᠨ ᠬᠦ ᠴᠢᠩᠭᠠᠳᠬᠠᠨ᠎ᠠ᠃︾ ᠬᠡᠵᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠳᠠᠷᠤᠭ᠎ᠠ ᠰᠦᠨ ᠳ᠋ᠧ ᠵᠢᠶᠦ᠋ᠨ ᠢᠯᠡᠳᠭᠡᠪᠡ᠃      ᠣᠶᠢᠯᠠᠭᠠᠭᠰᠠᠨ ᠢᠶᠠᠷ᠂ ᠤᠷᠳᠤ ᠬᠤᠭᠤᠴᠠᠭᠠᠨ ᠤ ᠲᠤᠷᠰᠢ᠂ ᠠᠮᠢᠰᠬᠤᠯ ᠤᠨ ᠡᠪᠡᠳᠴᠢᠨ ᠢ ᠰᠡᠷᠭᠡᠶᠢᠯᠡᠨ ᠵᠠᠰᠠᠬᠤ ᠪᠠᠴᠢᠮ ᠬᠡᠷᠡᠭᠴᠡᠭᠡ ᠶᠢ ᠬᠠᠨᠭ᠍ᠭᠠᠵᠤ᠂ ᠠᠮᠢᠰᠬᠤᠯ ᠤᠨ ᠡᠪᠡᠳᠴᠢᠨ ᠤ ᠰᠢᠨᠵᠢᠯᠡᠭᠡᠨ ᠤ ᠪᠦᠳᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠮᠢᠰᠬᠤᠯ ᠤᠨ ᠲᠤᠰᠬᠠᠶ ᠰᠠᠯᠠᠭ᠎ᠠ ᠶᠢᠨ ᠡᠪᠡᠳᠴᠢᠨ ᠢ ᠤᠷᠢᠳᠴᠢᠯᠠᠨ ᠰᠡᠷᠭᠡᠶᠢᠯᠡᠬᠦ᠂ ᠣᠨᠣᠰᠢᠯᠠᠬᠤ ᠪᠠ ᠡᠮᠨᠡᠨ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠤᠯᠠᠳᠠ᠂ ᠥᠪᠥᠷ ᠮᠣᠩᠭᠤᠯ ᠤᠨ ᠠᠮᠢᠰᠬᠤᠯ ᠤᠨ ᠡᠪᠡᠳᠴᠢᠨ ᠤ ᠬᠤᠯᠪᠣᠭ᠎ᠠ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ  ᠬᠤᠷᠢᠶ᠎ᠠ  ᠪᠦᠬᠦ ᠣᠷᠣᠨ ᠤ ᠠᠮᠢᠰᠬᠤᠯ ᠤᠨ ᠡᠪᠡᠳᠴᠢᠨ ᠤ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠴᠢᠷᠮᠠᠶᠢᠭᠰᠠᠭᠠᠷ ᠢᠷᠡᠵᠡᠢ᠃ ᠲᠤᠰ ᠡᠳᠦᠷ ᠤᠨ ᠢᠯᠡᠷᠭᠡᠶᠢᠯᠡᠯ ᠡᠯᠭᠦᠬᠦ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠲᠥᠯᠥᠭᠡᠯᠡᠭᠴᠢ ᠥᠪᠥᠷ ᠮᠣᠩᠭᠤᠯ ᠤᠨ ᠠᠮᠢᠰᠬᠤᠯ ᠤᠨ ᠡᠪᠡᠳᠴᠢᠨ ᠤ ᠬᠤᠯᠪᠣᠭ᠎ᠠ ᠶᠢᠨ ᠡᠮᠦᠨ᠎ᠡ ᠠᠴᠠ ᠥᠪᠥᠷ ᠮᠣᠩᠭᠤᠯ ᠤᠨ ᠠᠮᠢᠰᠬᠤᠯ ᠤᠨ ᠲᠤᠰᠬᠠᠶ ᠮᠡᠷᠭᠡᠵᠢᠯ ᠤᠨ ᠡᠮᠨᠡᠯᠭᠡ ᠶᠢᠨ ᠬᠤᠯᠪᠤᠭ᠎ᠠ ᠳᠠᠬᠢ 100 ᠨᠢᠭᠡᠴᠡ ᠳᠤ 500 ᠮᠠᠨᠠᠨᠵᠢᠯ ᠬᠥᠭᠡᠷᠭᠡ ᠶᠢ ᠪᠡᠯᠡᠭᠯᠡᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号