ᠠᠰᠲ᠋ᠠᠨᠠ ᠶᠢᠨ ᠲᠡᠯᠡᠬᠡᠢ ᠶᠢᠨ ᠦᠵᠡᠰᠭᠦᠯᠡᠩ ᠤᠨ ᠴᠤᠬᠯᠠᠭᠠᠨ ᠤ ᠦᠪᠦᠷ ᠮᠤᠩᠭᠤᠯ ᠤᠨ ᠠᠵᠢᠯᠯᠠᠭ᠎ᠠ ᠶᠢᠨ ᠭᠠᠷᠠᠭ ᠡᠯᠪᠡᠭ ᠳᠡᠯᠪᠡᠭ ᠦᠷ᠎ᠡ ᠪᠦᠳᠦᠮᠵᠢ ᠤᠯᠪᠠ
ᠨᠡᠶᠢᠲᠡᠯᠡᠭᠰᠡᠨ ᠴᠠᠭ᠄
2017/8/28
      ᠲᠤᠬᠠᠢ ᠶᠢᠨ ᠭᠠᠵᠠᠷ ᠤᠨ ᠴᠠᠭ ᠢᠶᠠᠷ 8 ᠳ᠋ᠤᠭᠠᠷ ᠰᠠᠷ᠎ᠠ ᠶᠢᠨ 22᠎ ᠤᠨ ᠡᠳᠦᠷ ᠡᠬᠢᠯᠡᠭᠰᠡᠨ 2017 ᠤᠨ ᠤ ᠠᠰᠲ᠋ᠠᠨᠠ ᠶᠢᠨ ᠲᠡᠯᠡᠬᠡᠢ ᠶᠢᠨ ᠦᠵᠡᠰᠭᠦᠯᠡᠩ ᠤᠨ ᠴᠤᠬᠯᠠᠭᠠᠨ ᠤ ᠦᠪᠦᠷ ᠮᠤᠩᠭᠤᠯ ᠤᠨ ᠠᠵᠢᠯᠯᠠᠭ᠎ᠠ ᠶᠢᠨ ᠭᠠᠷᠠᠭ ᠠᠮᠵᠢᠯᠳᠡ ᠲᠠᠢ ᠦᠨᠳᠦᠷᠯᠡᠵᠦ᠂ ᠠᠵᠢᠯᠯᠠᠭ᠎ᠠ ᠶᠢᠨ ᠭᠠᠷᠠᠭ ᠤᠨ ᠬᠤᠭᠤᠴᠠᠭᠠᠨ ᠳᠤ᠂ ᠲᠤᠮᠳᠠᠳᠤ ᠤᠯᠤᠰ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠬᠢᠭᠡᠳ ᠺᠠᠽᠠᠬᠰᠲ᠋ᠠᠨ 20 ᠳ᠋ᠦᠩᠰᠢᠭᠤᠷ ᠰᠢᠬᠠᠮ ᠳ᠋ᠤᠯᠯᠠᠷ ᠤᠨ 22 ᠲᠦᠷᠦᠯ ᠵᠦᠢᠯ ᠳᠤ ᠭᠠᠷ ᠤᠨ ᠦᠰᠦᠭ ᠵᠢᠷᠤᠪᠡ᠃      ᠡᠨᠡ ᠣᠳᠠᠭ᠎ᠠ ᠶᠢᠨ ᠭᠠᠷ ᠤᠨ ᠦᠰᠦᠭ ᠵᠢᠷᠤᠬᠰᠠᠨ ᠲᠦᠷᠦᠯ ᠵᠦᠢᠯ ᠨᠢ ᠪᠠᠶᠢᠭᠠᠯᠢ ᠶᠢᠨ ᠰᠢᠳᠠᠮᠠᠬᠠᠢ ᠬᠡᠢ᠂ ᠡᠨᠧᠷᠬᠢ᠂ ᠵᠢᠭᠤᠯᠴᠢᠯᠠᠯ᠂ ᠠᠷᠠᠯᠵᠢᠶ᠎ᠠ ᠬᠤᠳᠠᠯᠳᠤᠭ᠎ᠠ᠂ ᠲᠠᠷᠢᠶᠠᠯᠠᠩ ᠵᠡᠷᠭᠡ ᠶᠢ ᠬᠠᠮᠤᠷᠴᠤ᠂ ᠤᠷᠳᠤᠰ ᠤᠨ ᠪᠦᠸᠧ ᠶᠤᠸᠠᠨ ᠬᠤᠪᠢᠴᠠᠭ᠎ᠠ ᠡᠵᠡᠮᠳᠡᠭᠦ ᠬᠢᠵᠠᠭᠠᠷᠳᠤ ᠺᠤᠮᠫᠠᠨᠢ ᠬᠢᠭᠡᠳ ᠺᠠᠽᠠᠬᠰᠲ᠋ᠠᠨ ᠤ ᠤᠳᠧᠪᠠᠰ ᠺᠤᠮᠫᠠᠨᠢ ᠶᠢᠨ 15 ᠳ᠋ᠦᠩᠰᠢᠭᠤᠷ ᠳ᠋ᠤᠯᠯᠠᠷ ᠤᠨ ᠪᠠᠶᠢᠭᠠᠯᠢ ᠶᠢᠨ ᠰᠢᠳᠠᠮᠠᠬᠠᠢ ᠬᠡᠢ ᠶᠢᠨ ᠬᠢᠮᠢ ᠶᠢᠨ ᠠᠵᠤ ᠦᠢᠯᠡᠳᠪᠦᠷᠢ ᠶᠢᠨ ᠲᠦᠷᠦᠯ ᠵᠦᠢᠯ ᠤᠨ ᠬᠠᠮᠳᠤᠷᠠᠨ ᠠᠵᠢᠯᠯᠠᠬᠤ ᠵᠦᠪᠯᠡᠯᠴᠡᠭᠡᠷ᠂ ᠪᠤᠭᠤᠳᠤ ᠶᠢᠨ ᠮᠢᠩ ᠲᠦᠸᠧ ᠪᠦᠯᠦᠭᠯᠡᠯ ᠬᠢᠵᠠᠭᠠᠷᠳᠤ ᠺᠤᠮᠫᠠᠨᠢ ᠬᠢᠭᠡᠳ ᠺᠠᠽᠠᠬᠰᠲ᠋ᠠᠨ ᠤ ᠡᠸᠦ᠋ᠷᠤᠫᠠ ᠠᠽᠢᠶ᠎ᠠ ᠶᠢᠨ ᠡᠬᠢ ᠪᠠᠶᠠᠯᠢᠭ ᠤᠨ ᠪᠦᠯᠦᠭᠯᠡᠯ ᠤᠨ ᠬᠠᠷ᠎ᠠ ᠦᠩᠭᠡᠳᠦ ᠲᠡᠮᠦᠷᠯᠢᠭ ᠾᠷᠦᠮ ᠤᠨ 1 ᠳ᠋ᠦᠩᠰᠢᠭᠤᠷ ᠳ᠋ᠤᠯᠯᠠᠷ ᠤᠨ ᠬᠠᠮᠳᠤᠷᠠᠨ ᠠᠵᠢᠯᠯᠠᠬᠤ ᠰᠠᠨᠠᠮᠵᠢ ᠶᠢᠨ ᠪᠢᠴᠢᠭ᠂ ᠪᠤᠭᠤᠳᠤ ᠬᠤᠳᠠ ᠶᠢᠨ ᠬᠤᠩ ᠪᠦᠸᠧ ᠲᠧ ᠰᠢᠨᠵᠢᠯᠡᠭᠦ ᠤᠬᠠᠭᠠᠨ ᠮᠡᠷᠭᠡᠵᠢᠯ ᠤᠨ ᠬᠢᠵᠠᠭᠠᠷᠳᠤ ᠺᠤᠮᠫᠠᠨᠢ ᠬᠢᠭᠡᠳ ᠺᠠᠽᠠᠬᠰᠲ᠋ᠠᠨ ᠤ ᠲᠤᠮᠳᠠᠳᠤ ᠠᠽᠢᠶ᠎ᠠ ᠶᠢᠨ ᠲᠡᠮᠦᠷᠯᠢᠭ ᠤᠨ ᠪᠦᠯᠦᠭᠯᠡᠯ ᠬᠢᠵᠠᠭᠠᠷᠳᠤ ᠺᠤᠮᠫᠠᠨᠢ ᠶᠢᠨ 5600 ᠲᠦᠮᠡᠨ ᠳ᠋ᠤᠯᠯᠠᠷ ᠤᠨ ᠪᠡᠯᠡ ᠤᠷᠤᠭᠤᠯᠬᠤ ᠬᠠᠮᠳᠤᠷᠠᠨ ᠠᠵᠢᠯᠯᠠᠬᠤ ᠵᠦᠪᠯᠡᠯᠴᠡᠭᠡᠷ᠂ ᠪᠸᠢ ᠪᠧᠨ ᠬᠦᠨᠳᠦ ᠬᠡᠯᠪᠡᠷᠢ ᠶᠢᠨ ᠮᠠᠰᠢᠨ ᠲᠡᠷᠭᠡᠨ ᠤ ᠪᠦᠯᠦᠭᠯᠡᠯ ᠬᠢᠵᠠᠭᠠᠷᠳᠦ ᠺᠤᠮᠫᠠᠨᠢ ᠬᠢᠭᠡᠳ ᠺᠠᠽᠠᠬᠰᠲ᠋ᠠᠨ ᠤ ᠠᠯᠠᠠᠮᠦ᠋ᠲ᠋ᠦ᠋ ᠬᠢᠵᠠᠭᠠᠷᠳᠤ ᠺᠤᠮᠫᠠᠨᠢ ᠶᠢᠨ ᠮᠧᠲ᠋ᠢᠯ ᠠᠯᠺᠦ᠋ᠯ ᠤᠨ ᠠᠴᠢᠶᠠᠨ ᠤ ᠮᠠᠰᠢᠨ᠂ ᠪᠠᠶᠢᠭᠠᠯᠢ ᠶᠢᠨ ᠰᠢᠳᠠᠮᠠᠬᠠᠢ ᠬᠡᠢ ᠶᠢᠨ ᠠᠴᠢᠶᠠᠨ ᠤ ᠮᠠᠰᠢᠨ ᠤ 1500 ᠲᠦᠮᠡᠨ ᠳ᠋ᠤᠯᠯᠠᠷ ᠤᠨ ᠬᠠᠮᠳᠤᠷᠠᠨ ᠠᠵᠢᠯᠯᠠᠬᠤ ᠰᠠᠨᠠᠮᠵᠢ ᠶᠢᠨ ᠬᠡᠯᠡᠯᠴᠡᠭᠡᠷ᠂ ᠦᠪᠦᠷ ᠮᠤᠩᠭᠤᠯ ᠤᠨ ᠰᠢᠨ᠎ᠠ ᠡᠷᠡᠨ ᠵᠠᠭᠤᠨ ᠺᠠᠩ ᠬᠤᠢ ᠤᠯᠠᠨ ᠤᠯᠤᠰ ᠤᠨ ᠵᠢᠭᠤᠯᠴᠢᠯᠠᠯ ᠤᠨ ᠬᠤᠷᠢᠶ᠎ᠠ ᠬᠢᠭᠡᠳ ᠺᠠᠽᠠᠬᠰᠲ᠋ᠠᠨ ᠤ ᠲᠡᠭᠷᠢ ᠶᠢᠨ ᠵᠠᠮ ᠤᠯᠠᠨ ᠤᠯᠤᠰ ᠤᠨ ᠵᠢᠭᠤᠯᠴᠢᠯᠠᠯ ᠤᠨ ᠬᠤᠷᠢᠶ᠎ᠠ ᠶᠢᠨ ᠵᠢᠭᠤᠯᠴᠢᠯᠠᠯ ᠤᠨ ᠬᠠᠮᠳᠤᠷᠠᠨ ᠠᠵᠢᠯᠯᠠᠬᠤ ᠵᠦᠪᠯᠡᠯᠴᠡᠭᠡᠷ᠂ ᠦᠪᠦᠷ ᠮᠤᠩᠭᠤᠯ ᠤᠨ ᠳ᠋ᠦᠩ ᠰᠢᠨ ᠲᠠᠷᠢᠶᠠᠯᠠᠩ ᠤᠨ ᠰᠢᠨᠵᠢᠯᠡᠭᠦ ᠤᠬᠠᠭᠠᠨ ᠮᠡᠷᠭᠡᠵᠢᠯ ᠤᠨ ᠬᠦᠭᠵᠢᠭᠦᠯᠦᠯᠳᠡ ᠶᠢᠨ ᠬᠢᠵᠠᠭᠠᠷᠳᠤ ᠺᠤᠮᠫᠠᠨᠢ ᠬᠢᠭᠡᠳ ᠺᠠᠽᠠᠬᠰᠲ᠋ᠠᠨ ᠤ ᠲᠤᠷᠭᠠᠨ ᠵᠠᠮ ᠬᠢᠵᠠᠭᠠᠷᠳᠤ ᠺᠤᠮᠫᠠᠨᠢ ᠶᠢᠨ 1000 ᠲᠦᠮᠡᠨ ᠳ᠋ᠤᠯᠯᠠᠷ ᠤᠨ ᠬᠤᠳᠠᠯᠳᠤᠨ ᠠᠪᠬᠤ ᠬᠡᠷ᠎ᠠ᠂ ᠦᠪᠦᠷ ᠮᠤᠩᠭᠤᠯ ᠤᠨ ᠵᠤᠤ ᠹᠧᠩ ᠪᠤᠷᠤᠳᠤᠬᠤᠢ ᠭᠤᠯᠢᠷ ᠤᠨ ᠦᠢᠯᠡᠰ ᠤᠨ ᠬᠢᠵᠠᠭᠠᠷᠳᠤ ᠺᠤᠮᠫᠠᠨᠢ ᠬᠢᠭᠡᠳ ᠺᠠᠽᠠᠬᠰᠲ᠋ᠠᠨ ᠤ ᠪᠤᠭᠤᠳᠠᠢ ᠲᠠᠷᠢᠵᠤ ᠤᠷᠭᠤᠭᠤᠯᠬᠤ ᠵᠢᠴᠢ ᠭᠤᠯᠢᠷ ᠬᠦᠨ ᠡᠳ᠋ᠰᠢᠭᠦᠯᠭᠦ ᠬᠠᠮᠳᠤᠷᠠᠨ ᠠᠵᠢᠯᠯᠠᠬᠤ ᠵᠦᠪᠯᠡᠯᠴᠡᠭᠡᠷ ᠵᠡᠷᠭᠡ ᠪᠤᠢ᠃      ᠺᠠᠽᠠᠬᠰᠲ᠋ᠠᠨ ᠪᠤᠯ ᠮᠠᠨ ᠤ ᠤᠯᠤᠰ ᠤᠨ ︽ᠨᠢᠭᠡ ᠪᠦᠰᠡ ᠨᠢᠭᠡ ᠵᠠᠮ︾᠎ ᠤᠨ ᠪᠦᠳᠦᠭᠡᠨ ᠪᠠᠶᠢᠭᠤᠯᠤᠯᠲᠠ ᠶᠢᠨ ᠱᠤᠭᠤᠮ ᠲᠠᠭᠠᠤ ᠶᠢᠨ ᠴᠢᠬᠤᠯᠠ ᠤᠯᠤᠰ ᠪᠣᠯᠬᠤ ᠪᠦᠬᠡᠳ ᠮᠦᠨᠴᠤ ᠲᠤᠮᠳᠠᠳᠤ ᠤᠯᠤᠰ ᠤᠨ ᠤᠯᠠᠨ ᠤᠯᠤᠰ ᠤᠨ ᠦᠢᠯᠡᠳᠪᠦᠷᠢᠯᠡᠯ ᠤᠨ ᠴᠢᠳᠠᠪᠤᠷᠢ ᠶᠢᠨ ᠬᠠᠮᠳᠤᠷᠠᠯᠴᠠᠭ᠎ᠠ ᠦᠷᠨᠢᠭᠦᠯᠭᠦ ᠭᠤᠤᠯᠳᠠᠯᠭ᠎ᠠ ᠲᠠᠢ ᠤᠯᠤᠰ ᠪᠤᠯᠤᠨ᠎ᠠ᠃ ᠠᠰᠲ᠋ᠠᠨᠠ ᠶᠢᠨ ᠲᠡᠯᠡᠬᠡᠢ ᠶᠢᠨ ᠦᠵᠡᠰᠭᠦᠯᠡᠩ ᠤᠨ ᠴᠤᠬᠯᠠᠭᠠᠨ ᠪᠣᠯ 2017 ᠤᠨ ᠤ 6 ᠳ᠋ᠤᠭᠠᠷ ᠰᠠᠷ᠎ᠠ ᠶᠢᠨ 10᠎ ᠠᠴᠠ 9 ᠳ᠋ᠤᠭᠡᠷ ᠰᠠᠷ᠎ᠠ ᠶᠢᠨ 10᠎ ᠤ ᠡᠳᠦᠷ ᠪᠤᠯᠳᠠᠯ᠎ᠠ ᠶᠠᠪᠤᠬᠳᠠᠬᠤ ᠨᠢᠭᠡ ᠣᠳᠠᠭ᠎ᠠ ᠶᠢᠨ ᠲᠤᠰᠬᠠᠢ ᠰᠡᠳᠦᠪᠳᠦ ᠦᠵᠡᠰᠭᠦᠯᠡᠩ ᠤᠨ ᠴᠤᠬᠯᠠᠭᠠᠨ ᠪᠤᠯᠤᠨ᠎ᠠ᠂ ᠲᠤᠰ ᠣᠳᠠᠭ᠎ᠠ ᠶᠢᠨ ᠦᠵᠡᠰᠭᠦᠯᠡᠩ ᠤᠨ ᠴᠤᠬᠯᠠᠭᠠᠨ ᠨᠢ ︽ᠢᠷᠡᠭᠡᠳᠦᠢ ᠶᠢᠨ ᠡᠨᠧᠷᠬᠢ︾᠎ ᠪᠠᠷ ᠭᠤᠤᠯ ᠰᠡᠳᠦᠪ ᠪᠤᠯᠭᠠᠪᠠ᠃ ᠦᠪᠦᠷ ᠮᠤᠩᠭᠤᠯ ᠤᠨ ᠡᠬᠢ ᠪᠠᠶᠠᠯᠢᠭ ᠡᠯᠪᠡᠭ᠂ ᠮᠠᠨ ᠤ ᠤᠯᠤᠰ ᠤᠨ ᠴᠢᠬᠤᠯᠠ ᠡᠨᠧᠷᠬᠢ ᠶᠢᠨ ᠲᠤᠮᠤ ᠤᠷᠤᠨ ᠪᠠᠶᠢᠵᠤ᠂ ᠡᠨᠧᠷᠬᠢ ᠶᠢᠨ ᠠᠵᠤ ᠦᠢᠯᠡᠰ ᠤᠨ ᠪᠤᠳᠠᠳᠤ ᠬᠦᠴᠦᠨ ᠪᠠ ᠦᠢᠯᠡᠳᠪᠦᠷᠢᠯᠡᠯ ᠤᠨ ᠴᠢᠳᠠᠪᠤᠷᠢ ᠶᠢᠨ ᠬᠠᠮᠳᠤᠷᠠᠨ ᠠᠵᠢᠯᠯᠠᠬᠤ ᠱᠠᠭᠠᠷᠳᠠᠯᠭ᠎ᠠ ᠮᠠᠰᠢ ᠳᠤᠪᠤᠶᠢᠮ᠎ᠠ ᠪᠠᠶᠢᠵᠤ᠂ ᠲᠤᠰ ᠬᠤᠭᠤᠴᠠᠭᠠᠨ ᠤ ᠲᠡᠯᠡᠬᠡᠢ ᠶᠢᠨ ᠦᠵᠡᠰᠭᠦᠯᠡᠩ ᠤᠨ ᠴᠤᠬᠯᠠᠭᠠᠨ ᠤ ᠭᠤᠤᠯ ᠰᠡᠳᠦᠪ ᠲᠠᠢ ᠲᠡᠭᠡᠳᠦ ᠬᠡᠮᠵᠢᠶ᠎ᠠ ᠪᠠᠷ ᠤᠶᠠᠯᠳᠤᠵᠤ ᠪᠤᠢ᠃ ᠦᠪᠦᠷ ᠮᠤᠩᠭᠤᠯ ᠤᠨ ᠠᠵᠢᠯᠯᠠᠭ᠎ᠠ ᠶᠢᠨ ᠭᠠᠷᠠᠭ ᠤᠨ ᠬᠤᠭᠤᠴᠠᠭᠠᠨ ᠳᠤ᠂ ᠠᠵᠤ ᠦᠢᠯᠡᠰ ᠤᠨ ᠬᠠᠮᠳᠤᠷᠠᠯᠴᠠᠭ᠎ᠠ ᠶᠢᠨ ᠶᠠᠷᠢᠶᠠᠨ ᠤ ᠲᠠᠪᠴᠠᠩ᠂ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠵᠦᠪᠳᠡᠯᠴᠡᠭᠡᠷ᠂ ᠤᠷᠠᠨ ᠰᠠᠶᠢᠬᠠᠨ ᠤ ᠲᠤᠬᠯᠠᠯᠳᠠ ᠵᠡᠷᠭᠡ ᠠᠵᠢᠯᠯᠠᠭ᠎ᠠ ᠦᠷᠨᠢᠭᠦᠯᠵᠤ᠂ ᠬᠦᠬᠡᠬᠤᠳᠠ᠂ ᠪᠤᠭᠤᠳᠤ᠂ ᠤᠷᠳᠤᠰ᠂ ᠪᠠᠶᠠᠨᠨᠠᠭᠤᠷ ᠬᠤᠳᠠ ᠠᠵᠤ ᠠᠬᠤᠢ ᠠᠷᠠᠯᠵᠢᠶ᠎ᠠ ᠶᠢᠨ ᠲᠠᠨᠢᠯᠴᠠᠭᠤᠯᠭ᠎ᠠ ᠶᠢᠨ ᠠᠵᠢᠯᠯᠠᠭ᠎ᠠ ᠦᠷᠨᠢᠭᠦᠯᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号