ᠠᠷᠪᠠᠨ ᠲᠦᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ · ᠦᠪᠦᠷ ᠮᠤᠩᠭᠤᠯ ᠤᠨ ᠳᠠᠯ᠎ᠠ ᠨᠤᠳᠤᠭ ᠤᠨ ᠰᠤᠶᠤᠯ ᠤᠨ ᠨᠠᠶᠢᠷ ᠬᠦᠬᠡᠬᠤᠳᠠ ᠳᠤ ᠦᠪᠡᠳᠡᠭᠰᠢ ᠶᠡᠬᠡᠪᠡᠷ ᠡᠬᠢᠯᠡᠪᠡ
ᠨᠡᠶᠢᠲᠡᠯᠡᠭᠰᠡᠨ ᠴᠠᠭ᠄
2017/8/29
     8 ᠳ᠋ᠤᠭᠠᠷ ᠰᠠᠷ᠎ᠠ ᠶᠢᠨ 28᠎ ᠤ ᠤᠷᠤᠢ ᠶᠢᠨ 8 ᠴᠠᠭ ᠲᠤ᠂ ᠠᠷᠪᠠᠨ ᠲᠦᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ · ᠦᠪᠦᠷ ᠮᠤᠩᠭᠤᠯ ᠤᠨ ᠳᠠᠯ᠎ᠠ ᠨᠤᠳᠤᠭ ᠤᠨ ᠰᠤᠶᠤᠯ ᠤᠨ ᠨᠠᠶᠢᠷ ᠦᠪᠦᠷ ᠮᠤᠩᠭᠤᠯ ᠤᠨ ᠤᠯᠠᠭᠠᠨ ᠲᠢᠶᠠᠲᠷ ᠲᠤ ᠦᠪᠡᠳᠡᠭᠰᠢ ᠶᠡᠬᠡᠪᠡᠷ ᠡᠬᠢᠯᠡᠪᠡ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠤᠬᠠᠭᠤᠯᠬᠤ ᠬᠡᠯᠳᠡᠰ ᠤᠨ ᠳᠠᠷᠤᠭ᠎ᠠ ᠪᠠᠢ ᠢᠦᠢ ᠭᠠᠩ ᠨᠠᠶᠢᠷ ᠡᠬᠢᠯᠡᠭᠰᠡᠨ ᠢ ᠵᠠᠷᠯᠠᠭᠰᠠᠨ ᠪᠦᠬᠡᠳ ᠶᠠᠷᠢᠶ᠎ᠠ ᠳᠠᠯᠪᠢᠵᠠᠢ᠃ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠦ᠋ ᠲᠤᠸᠠᠨ ᠶᠢᠩ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠳᠡᠳ᠋ ᠳᠡᠷᠢᠭᠦᠯᠡᠭᠴᠢ ᠴᠧᠨ ᠢᠦᠢ ᠡᠬᠢᠯᠡᠯᠳᠡ ᠶᠢᠨ ᠶᠤᠰᠤᠯᠠᠯ ᠲᠤ ᠤᠷᠤᠯᠴᠠᠵᠤ ᠲᠤᠭᠯᠠᠯᠳᠠ ᠶᠢ ᠰᠤᠨᠢᠷᠬᠠᠪᠠ᠃      ᠪᠠᠢ ᠢᠦᠢ ᠭᠠᠩ ᠶᠠᠷᠢᠶᠠᠨ ᠳᠠᠭᠠᠨ᠂ ᠳᠠᠯ᠎ᠠ ᠨᠤᠳᠤᠭ ᠤᠨ ᠰᠤᠶᠤᠯ ᠤᠨ ᠨᠠᠶᠢᠷ ᠢ 2004 ᠤᠨ ᠠᠴᠠ ᠡᠬᠢᠯᠡᠵᠤ ᠡᠷᠬᠢᠯᠡᠭᠰᠡᠨ ᠠᠴᠠ ᠨᠠᠰᠢ ᠨᠢᠭᠡᠨᠳᠡ 13 ᠬᠤᠭᠤᠴᠠᠭ᠎ᠠ ᠪᠠᠨ ᠠᠮᠵᠢᠯᠳᠠ ᠲᠠᠢ ᠶᠠᠪᠤᠭᠳᠠᠭᠤᠯᠵᠤ᠂ ᠨᠢᠭᠡ ᠪᠦᠯᠦᠭ ᠢᠯᠡ ᠳᠤᠳᠤ ᠳᠠᠯ᠎ᠠ ᠨᠤᠳᠤᠭ ᠤᠨ ᠰᠤᠶᠤᠯ ᠤᠨ ᠤᠨᠴᠠᠯᠢᠭ ᠪᠠ ᠴᠤᠭ ᠵᠢᠪᠬᠤᠭ᠎ᠠ ᠲᠠᠢ ᠰᠢᠯᠢᠳᠡᠭ ᠪᠦᠳᠦᠭᠡᠯ ᠢ ᠵᠤᠬᠢᠶᠠᠨ ᠪᠦᠲᠦᠬᠡᠵᠤ ᠲᠤᠬᠯᠠᠨ᠂ ᠦᠨᠳᠦᠰᠦᠲᠡᠨ ᠨᠦᠭᠦᠳ ᠤᠨ ᠬᠠᠮᠳᠤ ᠶᠢᠨ ᠤᠶᠤᠨ ᠰᠠᠨᠠᠭᠠᠨ ᠤ ᠬᠡᠷ ᠤᠷᠤᠨ ᠢᠶᠠᠨ ᠰᠠᠶᠢᠲᠤᠷ ᠰᠠᠬᠢᠵᠤ᠂ ᠳᠠᠯ᠎ᠠ ᠨᠤᠳᠤᠭ ᠤᠨ ᠰᠤᠶᠤᠯ ᠤᠨ ᠲᠦᠷᠦᠯ ᠳᠡᠮᠳᠡᠭ ᠢ ᠱᠤᠭᠤᠵᠤ᠂ ᠦᠪᠦᠷ ᠮᠤᠩᠭᠤᠯ ᠤᠨ ᠰᠤᠶᠤᠯ ᠢ ᠴᠡᠴᠡᠭᠯᠡᠬᠦᠯᠦᠨ ᠬᠦᠭᠵᠢᠭᠦᠯᠬᠦ ᠲᠤ ᠴᠢᠬᠤᠯᠠ ᠦᠢᠯᠡᠳᠦᠯ ᠦᠵᠡᠬᠦᠯᠪᠡ᠃ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢᠨ ᠪᠠᠶᠠᠷ ᠤᠨ ᠰᠢᠨ᠎ᠡ ᠡᠬᠢᠯᠡᠯᠳᠡ ᠶᠢᠨ ᠴᠢᠬ ᠳᠡᠭᠡᠷ᠎ᠠ ᠵᠤᠭᠰᠤᠨ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ︽ᠦᠵᠡᠰᠬᠦᠯᠡᠩᠳᠤ ᠰᠠᠶᠢᠬᠠᠨ ᠦᠪᠦᠷ ᠮᠤᠩᠭᠤᠯ ᠢᠶᠠᠨ ᠪᠦᠲᠦᠬᠡᠨ ᠪᠠᠶᠢᠭᠤᠯᠵᠤ ᠠᠭᠤᠤ ᠶᠡᠭᠡ ᠲᠤᠮᠳᠠᠳᠤ ᠶᠢᠨ ᠵᠡᠬᠦᠳᠦ ᠪᠠᠨ ᠬᠠᠮᠳᠤᠪᠠᠷ ᠲᠡᠷᠬᠡᠯᠰᠢᠬᠦᠯᠬᠦ︾ ᠪᠢᠴᠢᠭᠡᠰᠦ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠨᠠᠶᠢᠳᠠᠪᠤᠷᠢᠵᠢᠭᠤᠯᠵᠤ᠂ ᠰᠤᠶᠤᠯ ᠤᠨ ᠤᠬᠠᠮᠰᠠᠷ ᠢᠶᠠᠨ ᠤᠯᠠᠮ ᠨᠢᠭᠡ ᠠᠯᠬᠤᠮ ᠨᠡᠮᠡᠭᠳᠡᠭᠦᠯᠦᠨ ᠰᠤᠶᠤᠯ ᠤᠨ ᠢᠳᠡᠭᠡᠯ ᠢᠶᠠᠨ ᠪᠠᠳᠤᠳᠬᠠᠨᠵᠤ᠂ ᠦᠨᠳᠦᠰᠦᠲᠡᠨ ᠤ ᠰᠤᠶᠤᠯ ᠤᠨ ᠬᠦᠴᠦᠷᠭᠡᠭ ᠤᠷᠤᠨ ᠢ ᠪᠦᠳᠦᠬᠡᠨ ᠪᠠᠶᠢᠭᠤᠯᠬᠤ ᠳᠡᠦᠭᠡᠳᠦ ᠡᠭᠦᠷᠭᠡ ᠶᠢ ᠤᠬᠠᠮᠰᠠᠷ ᠠᠴᠠ ᠪᠠᠨ ᠡᠭᠦᠷᠭᠡᠯᠡᠵᠤ᠂ ᠳᠠᠯ᠎ᠠ ᠨᠤᠳᠤᠭ ᠤᠨ ᠰᠤᠶᠤᠯ ᠤᠨ ᠳᠦᠷᠦᠯ ᠳᠡᠮᠳᠡᠭ ᠢ ᠬᠢᠯᠠᠯᠵᠠᠭᠤᠯᠤᠨ ᠰᠢᠨ᠎ᠡ ᠶᠢ ᠡᠭᠦᠳᠬᠦ᠂ ᠨᠡᠭᠡᠭᠡᠯᠳᠡ ᠬᠢᠬᠦ᠂ ᠠᠷᠠᠳ ᠲᠤ ᠠᠰᠢᠭ ᠬᠦᠷᠳᠡᠬᠡᠬᠦ᠂ ᠵᠠᠬ᠎ᠠ ᠳᠡᠯᠬᠡᠬᠦᠷ ᠢ ᠪᠤᠶᠢᠵᠢᠭᠤᠯᠬᠤ᠂ ᠴᠢᠳᠠᠪᠤᠷᠢᠳᠠᠨ ᠢ ᠬᠦᠮᠦᠵᠢᠭᠦᠯᠬᠦ ᠵᠡᠷᠭᠡ ᠳᠠᠪᠤᠨ ᠠᠵᠢᠯ ᠢ ᠰᠠᠶᠢᠲᠤᠷ ᠬᠢᠵᠤ᠂ ᠳᠠᠯ᠎ᠠ ᠨᠤᠳᠤᠭ ᠤᠨ ᠰᠤᠶᠤᠯ ᠤᠨ ᠨᠠᠶᠢᠷ ᠢ ᠤᠳᠬ᠎ᠠ ᠤᠷᠠᠯᠢᠭ ᠤᠨ ᠵᠤᠬᠢᠶᠠᠨ ᠪᠦᠳᠦᠭᠡᠯᠭᠡ ᠶᠢᠨ ᠦᠨᠳᠦᠷᠯᠢᠭ ᠠᠴᠠ ᠦᠨᠳᠤᠷ ᠤᠷᠬᠢᠯ ᠵᠦᠭ ᠳᠠᠪᠰᠢᠬᠤ ᠶᠢᠨ ᠴᠢᠬᠤᠯᠠ ᠳᠠᠪᠴᠠᠩ ᠪᠤᠯᠭᠠᠵᠤ᠂ ︽ᠨᠢᠭᠡ ᠪᠦᠰᠡ ᠨᠢᠭᠡ ᠵᠠᠮ︾᠎ ᠤᠨ ᠪᠦᠳᠦᠭᠡᠨ ᠪᠠᠶᠢᠭᠤᠯᠤᠯᠲᠠ ᠪᠠ ᠦᠪᠡᠷᠳᠡᠭᠡᠨ ᠵᠠᠰᠠᠬᠤ ᠤᠷᠤᠨ ᠤ ᠦᠭᠡᠷᠡᠴᠢᠯᠡᠯᠳᠡ ᠨᠡᠭᠡᠭᠡᠯᠳᠡ ᠶᠢᠨ ᠶᠡᠭᠡ ᠲᠠᠯ᠎ᠠ ᠳᠤ ᠨᠡᠩ ᠰᠠᠶᠢᠲᠤᠷ ᠦᠢᠯᠡᠴᠢᠯᠡᠬᠦᠯᠦᠨ᠎ᠡ︔ ᠳᠠᠯ᠎ᠠ ᠨᠤᠳᠤᠭ ᠤᠨ ᠰᠤᠶᠤᠯ ᠤᠨ ᠨᠠᠶᠢᠷ ᠢ ᠤᠳᠬ᠎ᠠ ᠤᠷᠠᠯᠢᠭ ᠤᠨ ᠳᠠᠩᠰᠤᠭ ᠳᠠᠶᠢᠯᠠᠯᠭ᠎ᠠ᠂ ᠠᠷᠠᠳ ᠲᠦᠮᠡᠨ ᠤ ᠨᠠᠶᠢᠷ ᠨᠠᠭᠠᠳᠤᠮ ᠪᠤᠯᠭᠠᠵᠤ᠂ ᠴᠠᠭ ᠦᠶ᠎ᠡ ᠳᠤ ᠤᠰᠤᠯᠳᠠᠬᠤ ᠦᠭᠡᠢ᠂ ᠠᠷᠠᠳ ᠲᠦᠮᠡᠨ ᠢ ᠬᠦᠰᠡᠷᠳᠡᠭᠦᠯᠬᠦ ᠦᠭᠡᠢ︔ ᠳᠠᠯ᠎ᠠ ᠨᠤᠳᠤᠭ ᠤᠨ ᠰᠤᠶᠤᠯ ᠤᠨ ᠨᠠᠶᠢᠷ ᠢᠶᠠᠷ ᠰᠤᠶᠤᠯ ᠤᠨ ᠵᠠᠬ᠎ᠠ ᠳᠡᠯᠬᠡᠬᠦᠷ ᠤᠨ ᠬᠦᠭᠵᠢᠯᠳᠡ ᠶᠢ ᠠᠬᠢᠭᠤᠯᠵᠤ᠂ ᠨᠡᠶᠢᠭᠡᠮ ᠪᠠ ᠠᠵᠤ ᠠᠬᠤᠢ ᠶᠢᠨ ᠦᠷ᠎ᠠ ᠠᠰᠢᠭ ᠤᠨ ᠬᠤᠤᠰ ᠠᠮᠵᠢᠯᠳᠠ ᠶᠢ ᠪᠡᠶᠡᠯᠡᠭᠦᠯᠦᠭᠰᠡᠨ ᠪᠦᠳᠦᠮᠵᠢᠳᠠᠢ ᠠᠴᠢᠶᠠᠯᠠᠪᠤᠷᠢ ᠪᠠ ᠰᠤᠳᠤᠨ ᠪᠦᠳᠦᠭᠡᠯ ᠴᠤᠯᠭᠤᠷᠠᠭᠰᠠᠨ ᠤᠷᠠᠯᠢᠭ ᠤᠨ  ᠲᠠᠶᠢᠰᠠ ᠪᠤᠯᠭᠠᠨ᠎ᠠ ᠬᠡᠪᠡ᠃      ᠤᠶᠢᠯᠠᠭᠠᠭᠰᠠᠨ ᠢᠶᠠᠷ᠂ ᠲᠤᠰ ᠬᠤᠭᠤᠴᠠᠭᠠᠨ ᠤ ᠳᠠᠯ᠎ᠠ ᠨᠤᠳᠤᠭ ᠤᠨ ᠰᠤᠶᠤᠯ ᠤᠨ ᠨᠠᠶᠢᠷ ᠨᠢ ᠳᠠᠯ᠎ᠠ ᠨᠤᠳᠤᠭ ᠤᠨ ᠰᠤᠶᠤᠯ ᠤᠨ ᠭᠤᠤᠯ ᠰᠡᠳᠦᠪᠳᠤ ᠶᠠᠷᠢᠶᠠᠨ ᠤ ᠳᠠᠪᠴᠠᠩ᠂ ᠰᠢᠯᠢᠳᠡᠭ ᠵᠦᠴᠦᠭᠡ ᠲᠤᠬᠯᠠᠯᠳᠠ ᠶᠢᠨ ᠦᠵᠡᠭᠦᠯᠦᠯᠭᠡ᠂ ᠤᠯᠠᠮᠵᠢᠯᠠᠯᠳᠤ ᠭᠠᠷ ᠤᠷᠠᠯᠠᠯ + ᠤᠳᠤ ᠦᠶ᠎ᠡ ᠶᠢᠨ ᠪᠦᠳᠦᠭᠡᠯᠴᠢ ᠶᠢᠨ ᠦᠵᠡᠭᠦᠯᠦᠯᠭᠡ ᠵᠡᠷᠭᠡ 11 ᠲᠦᠷᠦᠯ ᠤᠨ ᠠᠵᠢᠯᠯᠠᠭ᠎ᠠ ᠪᠠᠷ ᠪᠦᠷᠢᠯᠳᠤᠵᠤ᠂ ᠰᠢ ᠵᠦᠴᠦᠭᠡ᠂ ᠪᠦᠵᠢᠭ᠂ ᠰᠢᠯᠦᠭ ᠳᠠᠭᠤᠤ᠂ ᠺᠢᠨᠣ᠋ ᠵᠦᠴᠦᠭᠡ ᠵᠡᠷᠭᠡ 10 ᠭᠠᠷᠤᠢ ᠤᠷᠠᠯᠢᠭ ᠤᠨ ᠲᠦᠷᠦᠯ ᠵᠦᠢᠯ ᠢ ᠪᠠᠭᠳᠠᠭᠠᠪᠠ᠃ ᠪᠠᠰᠠ ᠡᠮᠦᠨᠡᠬᠢ ᠬᠤᠭᠤᠴᠠᠭ᠎ᠠ ᠨᠤᠭᠤᠳ ᠤᠨ ᠰᠢᠯᠢᠳᠡᠭ ᠵᠦᠴᠦᠭᠡ ᠠᠴᠠ 15᠎ ᠶᠢ ᠰᠤᠩᠭᠤᠵᠤ ᠦᠨᠳᠦᠰᠦᠨ ᠱᠠᠲᠤᠨ ᠳᠤ ᠭᠦᠨᠵᠡᠭᠡᠶᠢᠷᠡᠨ ᠲᠤᠭᠯᠠᠨ ᠦᠵᠡᠭᠦᠯᠬᠦ ᠪᠤᠯᠤᠨ᠎ᠠ᠃ ᠲᠤᠰ ᠬᠤᠭᠤᠴᠠᠭᠠᠨ ᠤ ᠳᠠᠯ᠎ᠠ ᠨᠤᠳᠤᠭ ᠤᠨ ᠰᠤᠶᠤᠯ ᠤᠨ ᠨᠠᠶᠢᠷ ᠨᠢ ᠠᠭᠤᠯᠭ᠎ᠠ ᠬᠡᠯᠪᠡᠷᠢ ᠡᠯᠪᠡᠭ᠂ ᠰᠤᠳᠤᠨ ᠪᠦᠳᠦᠭᠡᠯ ᠤᠯᠠᠨ᠂ ᠠᠷᠠᠳ ᠤᠨ ᠰᠡᠳᠬᠢᠯ ᠢ ᠪᠠᠶᠠᠰᠬᠠᠬᠰᠠᠨ ᠰᠤᠶᠤᠯ ᠤᠨ ᠦᠪᠡᠳᠡᠭᠰᠢ ᠨᠠᠶᠢᠷ ᠪᠤᠯᠬᠤ ᠶᠤᠮ      ᠡᠬᠢᠯᠡᠯᠳᠡ ᠶᠢᠨ ᠶᠤᠰᠤᠯᠠᠯ ᠳᠡᠭᠡᠷ᠎ᠡ᠂ ᠤᠯᠠᠭᠠᠨᠬᠠᠳᠠ ᠬᠤᠳᠠ ᠶᠢᠨ ᠦᠨᠳᠦᠰᠦᠲᠡᠨ ᠤ ᠳᠠᠭᠤᠤ ᠪᠦᠵᠢᠭ ᠵᠦᠴᠦᠭᠡ ᠶᠢᠨ ᠬᠦᠷᠢᠶᠡᠯᠡᠩ ᠠᠴᠠ ᠶᠠᠷᠢᠶᠠᠳᠤ ᠵᠦᠴᠦᠭᠡ ︽ᠳᠠᠯ᠎ᠠ ᠨᠤᠳᠤᠭ ᠤᠨ ᠬᠡᠷᠡᠯᠳᠦ ᠭᠦᠰᠢᠶ᠎ᠡ︾᠎ ᠶᠢ ᠳᠡᠪᠰᠢᠭᠦᠯᠦᠨ ᠳᠤᠭᠯᠠᠪᠠ᠃ ᠲᠤᠰ ᠵᠦᠴᠦᠭᠡ ᠨᠢ ᠤᠯᠠᠭᠠᠨᠬᠦᠦ ᠨᠦᠬᠦᠷ ᠤᠨ 1946 ᠤᠨ ᠳᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠳᠡᠭᠡᠳᠦ ᠰᠤᠷᠭᠠᠭᠤᠯᠢ ᠶᠢ ᠤᠳᠤᠷᠢᠳᠤᠨ ᠪᠠᠶᠢᠭᠤᠯᠤᠭᠰᠠᠨ ᠦᠢᠯᠡ ᠶᠠᠪᠤᠳᠠᠯ ᠢᠶᠠᠷ ᠰᠠᠭᠤᠷᠢᠯᠠᠵᠤ᠂ ᠠᠬᠠᠮᠠᠳ ᠨᠢᠭᠡ ᠦᠶ᠎ᠡ ᠶᠢᠨ ᠦᠭᠡᠶᠢᠬᠦᠦ ᠠᠩᠬᠢ ᠶᠢᠨ ᠬᠤᠪᠢᠰᠬᠠᠯᠴᠢ ᠤᠯᠠᠭᠠᠬᠬᠦᠦ ᠶᠢᠨ ᠡᠷᠡᠯᠭᠡᠭ ᠪᠠᠭᠠᠳᠤᠷᠯᠢᠭ᠂ ᠡᠶᠡᠯᠳᠡᠭ ᠲᠤᠳᠤᠨᠤ ᠲᠦᠷᠢ ᠶᠢ ᠱᠤᠭᠤᠵᠤ᠂ ᠳᠤᠬᠠᠢ ᠶᠢᠨ ᠦᠶ᠎ᠡ ᠶᠢᠨ ᠬᠦᠨᠳᠦ ᠰᠦᠷᠡᠬᠡᠢ ᠤᠯᠤᠰ ᠲᠦᠷᠦ ᠶᠢᠨ ᠳᠡᠮᠡᠴᠡᠯ ᠤᠨ ᠨᠠᠷᠢᠨ ᠪᠤᠳᠤᠯᠢᠶᠠᠨᠳᠤ ᠴᠢᠨᠠᠷ ᠢ ᠤᠷᠠᠯᠢᠭ ᠢᠶᠠᠷ ᠲᠤᠰᠬᠠᠨ ᠤᠯᠠᠭᠠᠨᠬᠦᠦ ᠨᠦᠬᠦᠷ ᠤᠨ ᠳᠡᠮᠡᠴᠡᠯ ᠤᠨ ᠤᠷᠠᠯᠢᠭ ᠬᠢᠬᠡᠳ ᠤᠳᠤᠷᠢᠳᠬᠤ ᠴᠢᠳᠠᠪᠤᠷᠢ ᠶᠢ ᠬᠠᠷᠠᠭᠤᠯᠵᠤ᠂ ᠦᠨᠳᠦᠰᠦᠲᠡᠨ ᠤ ᠪᠦᠯᠬᠦᠮᠳᠡᠯ ᠤᠨ ᠦᠵᠡᠯ ᠰᠠᠨᠠᠭ᠎ᠠ ᠶᠢ ᠨᠢ ᠳᠤᠪᠤᠶᠢᠯᠭᠠᠨ᠂ ᠦᠪᠦᠷ ᠮᠤᠩᠭᠤᠯ ᠤᠨ ᠦᠨᠳᠦᠰᠦᠲᠡᠨ ᠤ ᠴᠢᠯᠦᠭᠡᠯᠡᠯᠳᠡ ᠬᠢᠬᠡᠳ ᠬᠦᠭᠵᠢᠯᠳᠡ ᠶᠢ ᠳᠤᠮᠳᠠᠳᠤ ᠶᠢᠨ ᠦᠨᠳᠦᠰᠦᠲᠡᠨ ᠤ ᠴᠢᠯᠦᠭᠡᠯᠡᠯᠳᠡ ᠶᠢᠨ ᠦᠢᠯᠡᠰ ᠲᠠᠢ ᠨᠢᠬᠳᠠ ᠤᠶᠠᠯᠳᠤᠵᠤ ᠪᠠᠶᠢᠭ᠎ᠠ ᠤᠯᠤᠰ ᠲᠦᠷᠦ ᠶᠢᠨ ᠤᠬᠠᠮᠰᠠᠷ ᠢ ᠨᠢ ᠬᠠᠷᠠᠭᠤᠯᠵᠤ᠂ ᠦᠨᠳᠦᠰᠦᠲᠡᠨ ᠤ ᠴᠢᠳᠠᠪᠤᠷᠢᠳᠠᠨ ᠤ ᠡᠩᠨᠡᠭᠡ ᠶᠢᠨ ᠪᠠᠶᠢᠭᠤᠯᠤᠯᠲᠠ ᠶᠢ ᠴᠢᠬᠤᠯᠠᠴᠢᠯᠠᠨ ᠦᠵᠡᠵᠤ ᠪᠠᠶᠢᠭᠰᠠᠨ ᠳᠠᠪᠰᠢᠩᠭᠤᠢ ᠦᠵᠡᠯ ᠰᠠᠨᠠᠭ᠎ᠠ ᠬᠢᠬᠡᠳ ᠭᠠᠪᠢᠶ᠎ᠠ ᠵᠢᠳᠭᠦᠯ ᠢ ᠨᠢ ᠮᠠᠭᠳᠠᠨ ᠳᠠᠭᠤᠯᠠᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号