ᠦᠢᠷ᠎ᠠ ᠳᠤ᠂ ᠥᠪᠥᠷ ᠮᠣᠩᠭᠤᠯ ᠤᠨ ᠵᠠᠰᠠᠭ ᠪᠠᠩᠬᠢ ᠠᠵᠤ ᠠᠬᠤᠶᠢᠯᠠᠯ ᠤᠨ ᠲᠦᠷᠦᠯ ᠵᠦᠢᠯ ᠤᠨ | ᠬᠠᠮᠲᠤᠷᠠᠯᠴᠠᠭ᠎ᠠ ᠶᠢᠨ ᠭᠡᠷ᠎ᠡ ᠲᠣᠭᠲᠠᠬᠤ ᠶᠣᠰᠣᠯᠠᠯ ᠳᠡᠭᠡᠷ᠎ᠡ᠂ ᠮᠥᠩᠭᠦᠨ ᠭᠦᠢᠯᠭᠡᠭᠡᠨ ᠤ 13 ᠪᠠᠶᠢᠭᠤᠯᠤᠮᠵᠢ ᠨᠢ | ᠥᠪᠡᠷᠲᠡᠭᠡᠨ ᠵᠠᠰᠠᠬᠤ ᠣᠷᠣᠨ ᠤ 2 ᠠᠶᠢᠮᠠᠭ ᠬᠤᠲᠠ ᠯᠤᠭ᠎ᠠ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ | ᠵᠦᠪᠯᠡᠯᠴᠡᠬᠡᠷ ᠲᠤᠬᠢᠷᠠᠵᠤ᠂ 3 ᠠᠴᠠ 5 ᠵᠢᠯ ᠤᠨ ᠳᠣᠲᠣᠷ᠎ᠠ ᠭᠡᠷ᠎ᠡ ᠲᠣᠭᠲᠠᠭᠰᠠᠨ ᠠᠶᠢᠮᠠᠭ ᠬᠤᠳᠠ ᠳᠤ 2116 | ᠳ᠋ᠦᠡᠭᠰᠢᠭᠤᠷ ᠲᠥᠭᠦᠷᠢᠭ ᠤᠨ ᠪᠡᠯᠡ ᠮᠦᠡᠭᠭᠦ ᠤᠷᠤᠭᠤᠯᠬᠤ ᠪᠠᠷ ᠲᠦᠯᠦᠪᠯᠡᠵᠤ ᠪᠤᠢ᠃ ᠡᠭᠦᠨ ᠤ ᠬᠠᠮᠲᠤ᠂ ᠮᠥᠩᠭᠦᠨ | ᠭᠦᠢᠯᠭᠡᠭᠡᠨ ᠤ 26 ᠪᠠᠶᠢᠭᠤᠯᠤᠮᠵᠢ ᠨᠢ ᠮᠠᠨ ᠤ ᠣᠷᠣᠨ ᠤ ᠭᠤᠣᠯᠳᠠᠯᠭ᠎ᠠ ᠲᠠᠢ ᠲᠦᠷᠦᠯ ᠵᠦᠢᠯ ᠤᠨ 27 ᠨᠢᠭᠡᠴᠡ | ᠯᠦᠭᠡ 473.7 ᠳ᠋ᠦᠡᠭᠰᠢᠭᠤᠷ ᠲᠥᠭᠦᠷᠢᠭ ᠤᠨ ᠪᠡᠯᠡ ᠲᠤᠬᠢᠷᠠᠭᠤᠯᠭ᠎ᠠ ᠶᠢᠨ ᠰᠠᠨᠠᠮᠵᠢ ᠶᠢᠨ ᠪᠢᠴᠢᠭ ᠲᠤᠬᠢᠷᠠᠵᠤ᠂ | ᠮᠥᠩᠭᠦᠨ ᠭᠦᠢᠯᠭᠡᠭᠡᠨ ᠤ 8 ᠪᠠᠶᠢᠭᠤᠯᠤᠮᠵᠢ ᠨᠢ ᠲᠦᠷᠦᠯ ᠵᠦᠢᠯ ᠤᠨ 11 ᠨᠢᠭᠡᠴᠡ ᠯᠦᠭᠡ 19.4 ᠳ᠋ᠦᠡᠭᠰᠢᠭᠤᠷ | ᠲᠥᠭᠦᠷᠢᠭ ᠤᠨ ᠬᠤᠷᠢᠶᠠᠬᠤ ᠶᠤᠰᠤᠲᠠᠢ ᠳᠠᠩᠰᠠ ᠶᠢᠨ ᠪᠡᠯᠡ ᠲᠣᠬᠢᠷᠠᠭᠤᠯᠬᠤ ᠰᠠᠨᠠᠮᠵᠢ ᠶᠢᠨ ᠪᠢᠴᠢᠭ ᠲᠤᠬᠢᠷᠠᠵᠠᠢ᠃ | ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠠᠯᠪᠠᠨ ᠭᠡᠷ ᠤᠨ ︽2017 ᠣᠨ ᠤ ᠳᠡᠭᠡᠷ᠎ᠡ | ᠬᠠᠭᠠᠰ ᠵᠢᠯ ᠤᠨ ᠮᠥᠩᠭᠦᠨ ᠭᠦᠢᠯᠭᠡᠭᠡᠨ ᠤ ᠠᠵᠢᠯᠯᠠᠭᠠᠨ ᠤ ᠪᠠᠶᠢᠳᠠᠯ ᠤᠨ ᠲᠤᠬᠠᠶ ᠮᠡᠳᠡᠭᠦᠯᠦᠯᠲᠡ︾ ᠠᠴᠠ ᠦᠵᠡᠪᠡᠯ᠂ | ᠡᠨᠡ ᠵᠢᠯ ᠤᠨ ᠲᠦᠷᠦᠭᠦᠤ ᠬᠠᠭᠠᠰ ᠵᠢᠯ ᠳᠤ᠂ ᠮᠠᠨ ᠤ ᠣᠷᠣᠨ ᠤ ᠰᠢᠨ᠎ᠡ ᠪᠠᠷ ᠨᠡᠮᠡᠭᠳᠡᠭᠰᠡᠨ ᠡᠯ᠎ᠡ ᠲᠦᠷᠦᠯ ᠤᠨ | ᠪᠡᠯᠡ ᠳᠤᠬᠢᠷᠠᠭᠤᠯᠭ᠎ᠠ ᠶᠢᠨ ᠶᠡᠷᠦᠩᠬᠡᠶ ᠲᠤᠭ᠎ᠠ ᠨᠢ ᠪᠠᠷᠤᠭ 2156.17 ᠳ᠋ᠦᠡᠭᠰᠢᠭᠤᠷ ᠲᠥᠭᠦᠷᠢᠭ ᠪᠤᠯᠵᠠᠢ᠃ | ᠪᠣᠳᠠᠲᠠᠶ ᠢᠯᠡᠷᠡᠯ ᠨᠢ᠄ | — — ᠵᠢᠭᠡᠯᠡᠯᠭᠡ ᠨᠢ ᠨᠡᠯᠢᠶᠡᠳ ᠲᠦᠷᠭᠡᠨ ᠢᠶᠠᠷ ᠨᠡᠮᠡᠭᠳᠡᠪᠡ᠃ ᠵᠢᠭᠡᠯᠡᠯᠭᠡ ᠶᠢᠨ ᠨᠡᠮᠡᠭᠳᠡᠯ ᠤᠨ | ᠬᠤᠷᠳᠤᠴᠠ ᠨᠢ ᠨᠢᠭᠡ ᠭᠠᠵᠠᠷ ᠣᠷᠣᠨ ᠤ ᠠᠵᠤ ᠠᠬᠤᠶ ᠶᠢᠨ ᠠᠮᠢᠵᠢᠷᠠᠯ ᠤᠨ ᠬᠦᠴᠦᠨ ᠢ ᠰᠢᠯᠭᠠᠨ ᠬᠡᠮᠵᠢᠬᠦ ᠴᠢᠬᠤᠯᠠ | ᠬᠦᠢᠴᠡᠳᠭᠡᠯ ᠲᠤᠭ᠎ᠠ ᠪᠤᠯᠤᠨ᠎ᠠ᠂ 6 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ ᠪᠥᠬᠦ ᠣᠷᠣᠨ ᠤ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠤᠭᠤᠰ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 20892.75 | ᠳ᠋ᠦᠡᠭᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 12.52% ᠨᠡᠮᠡᠭᠳᠡᠪᠡ᠃ ᠵᠢᠭᠡᠯᠡᠯᠭᠡ ᠨᠢ | ᠵᠢᠯ ᠤᠨ ᠡᠬᠢᠨ ᠤ ᠬᠢ ᠠᠴᠠ 1531.74 ᠳ᠋ᠦᠡᠭᠰᠢᠭᠤᠷ ᠲᠥᠭᠦᠷᠢᠭ ᠰᠢᠨ᠎ᠡ ᠪᠠᠷ ᠨᠡᠮᠡᠭᠳᠡᠵᠤ᠂ ᠠᠳᠠᠯᠢ | ᠬᠤᠭᠤᠴᠠᠭᠠᠨ ᠤ ᠬᠢ ᠠᠴᠠ 104.31 ᠳ᠋ᠦᠡᠭᠰᠢᠭᠤᠷ ᠲᠥᠭᠦᠷᠢᠭ ᠨᠡᠮᠡᠭᠳᠡᠭᠰᠡᠨ ᠪᠠᠶᠢᠨ᠎ᠠ᠃ ᠨᠡᠮᠡᠭᠳᠡᠯ ᠤᠨ | ᠬᠡᠮᠵᠢᠶ᠎ᠡ ᠠᠴᠠ ᠠᠪᠴᠤ ᠦᠵᠡᠪᠡᠯ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠮᠥᠩᠭᠦᠨ ᠭᠦᠢᠯᠭᠡᠭᠡᠨ ᠤ | ᠪᠠᠶᠢᠭᠤᠯᠤᠮᠵᠢ ᠲᠡᠷᠢᠭᠦᠨ ᠪᠠᠶᠢᠷᠢᠨ ᠳᠤ ᠣᠷᠣᠵᠤ᠂ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠨᠢ 580.08 ᠳ᠋ᠦᠡᠭᠰᠢᠭᠤᠷ | ᠲᠥᠭᠦᠷᠢᠭ ᠪᠠᠶᠢᠵᠤ᠂ ᠪᠥᠬᠦ ᠣᠷᠣᠨ ᠤ ᠵᠢᠭᠡᠯᠡᠯᠭᠡ ᠶᠢᠨ ᠰᠢᠨ᠎ᠡ ᠪᠠᠷ ᠨᠡᠮᠡᠭᠳᠡᠭᠰᠡᠨ ᠲᠤᠭ᠎ᠠ ᠶᠢᠨ 37.87% ᠶᠢ | ᠡᠵᠡᠯᠡᠵᠠᠢ᠃ | — — ᠰᠢᠭᠤᠳ ᠪᠡᠯᠡ ᠲᠣᠬᠢᠷᠠᠭᠤᠯᠬᠤ ᠠᠵᠢᠯ ᠯᠠᠪᠳᠠᠭᠤᠨ ᠪᠠᠲᠤᠲᠠᠢ ᠠᠬᠢᠪᠠ᠃ 6 ᠳ᠋ᠤᠭᠠᠷ | ᠰᠠᠷ᠎ᠠ ᠶᠢᠨ ᠡᠴᠦᠰ ᠪᠣᠯᠲᠠᠯ᠎ᠠ᠂ ᠪᠦᠬᠦ ᠣᠷᠣᠨ ᠤ ᠠᠵᠤ ᠠᠬᠤᠶᠢᠯᠠᠯ ᠤᠨ ᠪᠡᠯᠡ ᠲᠤᠬᠢᠷᠠᠭᠤᠯᠭ᠎ᠠ ᠨᠢ 317.74 | ᠳ᠋ᠦᠡᠭᠰᠢᠭᠤᠷ ᠲᠥᠭᠦᠷᠢᠭ ᠪᠤᠯᠪᠠ᠃ ᠡᠭᠦᠨ ᠳᠤ᠄ ᠰᠲ᠋ᠣᠺ ᠤᠨ ᠵᠠᠬ᠎ᠠ ᠳᠡᠯᠭᠡᠭᠦᠷ ᠤᠨ ᠪᠡᠯᠡ ᠲᠣᠬᠢᠷᠠᠭᠤᠯᠭ᠎ᠠ 156. | 64 ᠳ᠋ᠦᠡᠭᠰᠢᠭᠤᠷ ᠲᠥᠭᠦᠷᠢᠭ᠂ ᠮᠥᠩᠭᠦᠨ ᠭᠦᠢᠯᠭᠡᠭᠡᠨ ᠤ ᠪᠤᠰᠤ ᠠᠵᠤ ᠠᠬᠤᠶᠢᠯᠠᠯ ᠤᠨ ᠵᠢᠭᠡᠯᠡᠯᠭᠡ ᠶᠢᠨ | ᠲᠡᠮᠳᠡᠭ ᠤᠨ ᠪᠡᠯᠡ ᠲᠤᠬᠢᠷᠠᠭᠤᠯᠭ᠎ᠠ161.1 ᠳ᠋ᠦᠡᠭᠰᠢᠭᠤᠷ ᠲᠥᠭᠦᠷᠢᠭ ᠪᠤᠯᠪᠠ᠃ ᠵᠠᠬ᠎ᠠ ᠳᠡᠯᠭᠡᠭᠦᠷ ᠲᠤ ᠭᠠᠷᠴᠤ | ᠬᠠᠪᠰᠤᠷᠤᠨ ᠵᠢᠯᠤᠭᠤᠳᠬᠤ ᠬᠤᠭᠤᠴᠠᠭᠠᠨ ᠳᠤ ᠤᠷᠤᠭᠰᠠᠨ ᠠᠵᠤ ᠠᠬᠤᠶᠢᠯᠠᠯ ᠰᠢᠨ᠎ᠡ ᠪᠠᠷ 2 ᠨᠡᠮᠡᠭᠳᠡᠵᠤ᠂ ᠨᠡᠶᠢᠲᠡ | 15 ᠪᠤᠯᠪᠠ︔ ᠤᠷᠤᠯᠠᠨ ᠬᠦᠢᠴᠡᠳᠭᠡᠯᠭᠡᠬᠦ ᠢᠯᠡᠷᠭᠡᠶᠢᠯᠡᠯ ᠡᠯᠭᠦᠭᠰᠡᠨ ᠠᠵᠤ ᠠᠬᠤᠶᠢᠯᠠᠯ ᠰᠢᠨ᠎ᠡ ᠪᠠᠷ 6 ᠨᠡᠮᠡᠭᠳᠡᠵᠤ᠂ | ᠢᠯᠡᠷᠭᠡᠶᠢᠯᠡᠯ ᠡᠯᠭᠦᠭᠰᠡᠨ ᠠᠵᠤ ᠠᠬᠤᠶᠢᠯᠠᠯ ᠨᠡᠶᠢᠲᠡ 65 ᠪᠤᠯᠪᠠ᠃ | — — ᠳᠠᠭᠠᠳᠬᠠᠯ ᠤᠨ ᠲᠥᠯᠥᠪᠦᠷᠢ ᠶᠢᠨ ᠵᠠᠷᠤᠯᠭ᠎ᠠ ᠶᠡᠬᠡᠪᠡᠷ ᠨᠡᠮᠡᠭᠳᠡᠪᠡ᠃ 6 ᠳ᠋ᠤᠭᠠᠷ ᠰᠠᠷ᠎ᠠ ᠶᠢᠨ | ᠡᠴᠦᠰ ᠪᠣᠯᠲᠠᠯ᠎ᠠ᠂ ᠪᠥᠬᠦ ᠣᠷᠣᠨ ᠤ ᠳᠠᠭᠠᠳᠬᠠᠯ ᠤᠨ ᠦᠢᠯᠡᠰ ᠨᠢ ᠤᠤᠯ ᠤᠨ ᠳᠠᠭᠠᠳᠬᠠᠯ ᠤᠨ ᠵᠠᠷᠤᠳᠠᠯ ᠤᠨ | ᠣᠷᠣᠯᠭ᠎ᠠ ᠶᠢᠨ ᠢᠶᠠᠨ337.7 ᠳ᠋ᠦᠡᠭᠰᠢᠭᠤᠷ ᠲᠥᠭᠦᠷᠢᠭ ᠢ ᠪᠡᠶᠡᠯᠡᠭᠦᠯᠵᠦ᠂ ᠨᠡᠮᠡᠭᠳᠡᠯ ᠤᠨ ᠬᠤᠷᠳᠤᠴᠠ ᠨᠢ 18. | 97% ᠪᠤᠯᠵᠤ᠂ ᠪᠦᠬᠦ ᠣᠷᠣᠨ ᠤ ᠳᠠᠭᠠᠳᠬᠠᠯ ᠤᠨ ᠺᠣᠮᠫᠠᠨᠢ ᠶᠢᠨ ᠲᠦᠯᠦᠭᠰᠡᠨ ᠵᠠᠷᠤᠯᠭ᠎ᠠ ᠨᠢ 89 ᠳ᠋ᠦᠩᠰᠢᠭᠤᠷ | ᠲᠥᠭᠦᠷᠢᠭ ᠲᠤ ᠬᠦᠷᠴᠦ᠂ ᠨᠡᠮᠡᠭᠳᠡᠯ ᠤᠨ ᠬᠤᠷᠳᠤᠴᠠ ᠨᠢ 34% ᠪᠤᠯᠵᠠᠢ᠃ | — — ᠢᠲᠡᠭᠡᠮᠵᠢᠲᠦ ᠵᠢᠭᠡᠯᠡᠯᠭᠡ᠂ ᠡᠳ᠋ ᠬᠦᠷᠦᠩᠭᠡ᠂ ᠰᠠᠭᠤᠷᠢ ᠮᠥᠩᠭᠦ᠂ ᠳᠠᠭᠠᠳᠬᠠᠯ᠂ ᠪᠠᠭ᠎ᠠ | ᠲᠣᠭᠠᠨ ᠤ ᠵᠢᠭᠡᠯᠡᠯᠭᠡ ᠵᠡᠷᠭᠡ ᠪᠤᠰᠤᠳ ᠪᠡᠯᠡ ᠲᠤᠬᠢᠷᠠᠭᠤᠯᠭ᠎ᠠ ᠶᠢᠨ ᠵᠠᠭᠪᠤᠷᠰᠢᠯ ᠴᠢᠬᠤᠯᠠ ᠦᠢᠯᠡᠳᠦᠯ ᠢᠶᠠᠨ | ᠪᠠᠳᠠᠷᠠᠭᠤᠯᠵᠤ᠂ ᠨᠡᠶᠢᠲᠡ ᠪᠡᠯᠡ ᠲᠤᠬᠢᠷᠠᠭᠤᠯᠭ᠎ᠠ ᠨᠢ ᠪᠠᠷᠤᠭ 306.69 ᠳ᠋ᠦᠡᠭᠰᠢᠭᠤᠷ ᠲᠥᠭᠦᠷᠢᠭ ᠪᠤᠯᠵᠠᠢ᠃ ᠡᠯ᠎ᠡ | ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠰᠠᠭᠤᠷᠢ ᠮᠥᠩᠭᠦ ᠶᠢᠨ ᠬᠡᠯᠪᠡᠷᠢ ᠪᠠᠷ ᠳᠠᠮᠵᠢᠭᠤᠯᠤᠨ ᠳᠥᠭᠦᠮ | ᠪᠦᠳᠦᠴᠡᠳᠦ ᠣᠷᠣᠨ ᠰᠠᠭᠤᠴᠠ ᠶᠢᠨ ᠦᠭᠡᠷᠡᠴᠢᠯᠡᠯᠲᠡ᠂ ᠴᠢᠬᠤᠯᠠ ᠶᠡᠭᠡ ᠤᠰᠤᠨ ᠠᠰᠢᠭᠯᠠᠯᠲᠠ ᠶᠢᠨ ᠪᠠᠷᠢᠯᠭ᠎ᠠ᠂ | ᠵᠢᠮᠲᠦ ᠵᠠᠮ ᠨᠡᠪᠲᠡᠷᠡᠯᠭᠡ᠂ ᠲᠡᠮᠥᠷ ᠵᠠᠮ᠂ ᠰᠢᠨ᠎ᠡ ᠪᠠᠷ ᠬᠦᠭᠵᠢᠭᠰᠡᠨ ᠠᠵᠤ ᠦᠢᠯᠡᠰ᠂ ᠭᠠᠵᠠᠷ ᠰᠢᠷᠣᠶ ᠶᠢᠨ | ᠨᠦᠭᠡᠴᠡᠯᠡᠯᠲᠡ ᠳᠤ ᠪᠡᠯᠡ ᠮᠥᠩᠭᠦ ᠣᠷᠣᠭᠤᠯᠵᠤ᠂ 6 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ ᠶᠡᠷᠦᠩᠬᠡᠶ ᠬᠡᠪᠴᠢᠶ᠎ᠡ | ᠨᠢ 9207.76 ᠳ᠋ᠦᠡᠭᠰᠢᠭᠤᠷ ᠲᠥᠭᠦᠷᠢᠭ ᠲᠤ ᠬᠦᠷᠴᠦ᠂ ᠡᠨᠡ ᠵᠢᠯ ᠤᠨ ᠲᠦᠷᠦᠭᠦᠦ 6 ᠰᠠᠷ᠎ᠠ ᠳᠤ 109.53 | ᠳ᠋ᠦᠡᠭᠰᠢᠭᠤᠷ ᠲᠥᠭᠦᠷᠢᠭ ᠤᠷᠤᠭᠤᠯᠵᠤ᠂ ᠵᠢᠱᠢᠯᠲᠡ ᠪᠠᠷ ᠳᠣᠣᠷ᠎ᠠ ᠬᠠᠭᠠᠰ ᠵᠢᠯ ᠳᠤ 103.15 ᠳ᠋ᠦᠡᠭᠰᠢᠭᠤᠷ | ᠲᠥᠭᠦᠷᠢᠭ ᠤᠷᠤᠭᠤᠯᠬᠤ ᠪᠣᠯᠤᠨ᠎ᠠ᠃ |