ᠶᠢᠰᠤᠳᠦᠭᠡᠷ ᠬᠤᠭᠤᠴᠠᠭᠠᠨ ᠤ ᠲᠤᠮᠳᠠᠳᠤ ᠤᠯᠤᠰ ᠪᠤᠭᠤᠲᠤ · ᠬᠤᠪᠤᠷ ᠰᠢᠷᠤᠢ ᠶᠢᠨ ᠠᠵᠤ ᠦᠢᠯᠡᠰ ᠤᠨ | ᠶᠡᠷᠢᠶᠠᠨ ᠤ ᠲᠠᠪᠴᠠᠩ 8 ᠳ᠋ᠤᠭᠠᠷ ᠰᠠᠷ᠎ᠠ ᠶᠢᠨ 28 ᠤ ᠡᠳᠦᠷ ᠪᠤᠭᠤᠳᠤ ᠳᠤ ᠶᠠᠪᠤᠬᠳᠠᠪᠡ᠃ | ᠤᠯᠤᠰ ᠤᠨ ᠰᠢᠨ᠎ᠠ ᠮᠠᠲ᠋ᠧᠷᠢᠶᠠᠯ ᠤᠨ ᠠᠵᠤ ᠦᠢᠯᠡᠰ ᠤᠨ ᠲᠤᠰᠬᠠᠢ ᠮᠡᠷᠭᠡᠵᠢᠯᠳᠡᠨ ᠤ ᠯᠠᠪᠯᠠᠬᠤ ᠵᠦᠪᠯᠡᠯ ᠤᠨ | ᠡᠷᠬᠢᠯᠡᠭᠴᠢ᠂ ᠲᠤᠮᠳᠠᠳᠤ ᠤᠯᠤᠰ ᠤᠨ ᠪᠠᠷᠢᠯᠭ᠎ᠠ ᠶᠢᠨ ᠠᠺᠡᠳᠧᠮᠢᠴᠢ ᠶᠢᠨ ᠬᠦᠷᠢᠶᠡᠯᠡᠩ ᠤᠨ ᠠᠺᠡᠳᠧᠮᠢᠴᠢ᠂ ᠲᠤᠮᠳᠠᠳᠤ | ᠤᠯᠤᠰ ᠤᠨ ᠬᠤᠪᠤᠷ ᠰᠢᠷᠤᠢ ᠶᠢᠨ ᠠᠵᠢᠯ ᠲᠦᠷᠦᠯ ᠤᠨ ᠨᠡᠶᠢᠭᠡᠮᠯᠢᠭ ᠤᠨ ᠲᠠᠷᠤᠭ᠎ᠠ᠂ ᠲᠤᠮᠳᠠᠳᠤ ᠤᠯᠤᠰ ᠤᠨ | ᠲᠡᠮᠦᠷᠯᠢᠭ ᠤᠨ ᠰᠤᠳᠤᠯᠭᠠᠨ ᠤ ᠬᠤᠷᠠᠯ ᠤᠨ ᠬᠡᠷᠡᠭ ᠮᠡᠳᠡᠭᠴᠢᠳ ᠤᠨ ᠲᠠᠷᠤᠭ᠎ᠠ᠂ ᠲᠤᠰ ᠬᠤᠭᠤᠴᠠᠭᠠᠨ ᠤ | ᠶᠠᠷᠢᠶᠠᠨ ᠤ ᠲᠠᠪᠴᠠᠩ ᠤᠨ ᠲᠡᠷᠢᠭᠦᠯᠡᠭᠴᠢ ᠭᠠᠨ ᠶᠦᠩ ᠪᠤᠯᠤᠨ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠡ ᠶᠢᠨ ᠪᠠᠶᠢᠩᠭᠤ ᠶᠢᠨ ᠬᠡᠰᠢᠭᠦᠨ᠂ ᠪᠤᠭᠤᠲᠤ ᠬᠤᠳᠠ ᠶᠢᠨ ᠨᠠᠮ ᠤᠨ ᠬᠤᠷᠢᠶ᠎ᠡ ᠶᠢᠨ ᠱᠦᠵᠢ ᠵᠠᠩ ᠶᠤᠸᠠᠨ | ᠵᠦᠩ ︽ᠦᠪᠦᠷ ᠮᠤᠩᠭᠤᠯ ᠤᠨ ᠬᠤᠪᠤᠷ ᠰᠢᠷᠤᠢ ᠶᠢᠨ ᠰᠢᠨ᠎ᠠ ᠮᠠᠲ᠋ᠧᠷᠢᠶᠠᠯ ᠤᠨ ᠠᠵᠦ ᠦᠢᠯᠡᠰ ᠤᠨ ᠬᠦᠷᠢᠶᠡᠯᠡᠩ | ᠲᠤᠭᠤᠷᠢᠭ︾ ᠤᠨ ᠫᠠᠶᠢᠰᠠ ᠰᠡᠭᠦᠭᠦ ᠶᠣᠰᠤᠯᠠᠯ ᠳᠤ ᠤᠷᠤᠯᠴᠡᠵᠡᠢ᠃ | ᠶᠠᠷᠢᠶᠠᠨ ᠤ ᠲᠠᠪᠴᠠᠩ ᠲᠡᠭᠡᠷ᠎ᠠ᠂ ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ | ᠪᠤᠭᠤᠲᠤ ᠶᠢᠨ ᠬᠤᠪᠤᠷ ᠰᠢᠷᠤᠢ ᠶᠢᠨ ᠰᠤᠳᠤᠯᠭᠠᠨ ᠤ ᠲᠦᠪ ᠤᠨ ︽ᠬᠤᠪᠤᠷ ᠰᠢᠷᠤᠢ ᠶᠢᠨ ᠬᠦᠬᠦᠷᠵᠢᠭᠦᠯᠦᠭᠰᠡᠨ | ᠪᠤᠳᠠᠰ ᠵᠢᠴᠢ ᠬᠤᠪᠤᠷ ᠰᠢᠷᠤᠢ ᠶᠢᠨ ᠬᠡᠷᠡᠯ ᠤᠨ ᠡᠬᠢ︾ ᠠᠺᠡᠳᠧᠮᠢᠴᠢ ᠶᠢᠨ ᠠᠵᠢᠯᠯᠠᠬᠤ ᠦᠷᠳᠡᠭᠡ ᠪᠤᠯᠤᠨ | ᠱᠠᠩᠬᠠᠢ ᠶᠢᠨ ᠵᠠᠮ ᠬᠠᠷᠢᠯᠴᠠᠭ᠎ᠠ ᠶᠢᠨ ᠶᠡᠭᠡ ᠰᠤᠷᠭᠠᠭᠤᠯᠢ ᠶᠢᠨ ᠪᠤᠭᠤᠳᠤ ᠶᠢᠨ ᠮᠠᠲ᠋ᠧᠷᠢᠶᠠᠯ ᠤᠨ ᠰᠤᠳᠤᠯᠭᠠᠨ ᠤ | ᠬᠦᠷᠢᠶᠡᠯᠡᠩ ᠤᠨ ︽ᠬᠡᠷᠡᠯ ᠴᠠᠬᠢᠯᠭᠠᠨ ᠤ ᠰᠤᠷᠠᠭ ᠵᠠᠩᠬᠢ ᠶᠢᠨ ᠰᠢᠨᠵᠢᠯᠡᠬᠦ ᠤᠬᠠᠭᠠᠨ ᠪᠤᠯᠤᠨ ᠢᠨᠵᠧᠨᠧᠷᠢᠩ︾ | ᠠᠺᠡᠳᠧᠮᠢᠴᠢ ᠶᠢᠨ ᠠᠵᠢᠯᠯᠠᠬᠤ ᠦᠷᠳᠡᠭᠡ ᠪᠠᠰᠨ ᠫᠠᠶᠢᠰᠨ ᠰᠡᠬᠦᠵᠤ ᠪᠠᠶᠢᠭᠤᠯᠤᠬᠳᠠᠵᠠᠢ᠃ ᠲᠤᠰ ᠶᠠᠷᠢᠶᠠᠨ ᠤ | ᠲᠠᠪᠴᠠᠩ ᠲᠡᠭᠡᠷ᠎ᠠ ᠨᠡᠶᠢᠲᠡ 24 ᠲᠦᠷᠦᠯ ᠵᠦᠢᠯ ᠳᠤ ᠭᠠᠷ ᠤᠨ ᠦᠰᠦᠭ ᠵᠢᠷᠤᠵᠦ᠂ ᠲᠡᠳᠡᠭᠡᠷ ᠨᠢ ᠬᠤᠪᠤᠷ ᠰᠢᠷᠤᠢ | ᠶᠢᠨ ᠪᠠᠶᠢᠩᠭᠤ ᠰᠤᠷᠢᠨᠵᠢᠳᠤ᠂ ᠲᠦᠷᠭᠡᠳᠬᠡᠭᠦᠷ᠂ ᠬᠡᠷᠡᠯᠳᠦᠬᠦᠯᠭᠡ᠂ ᠬᠠᠶᠢᠯᠤᠰᠢ᠂ ᠤᠰᠦᠳᠦᠶᠢᠷᠦᠭᠴᠢ ᠬᠠᠳᠠᠭᠠᠯᠠᠬᠤ | ᠵᠡᠷᠭᠡ ᠲᠠᠪᠤᠨ ᠶᠡᠭᠡ ᠠᠵᠤ ᠦᠢᠯᠡᠰ ᠤᠨ ᠬᠡᠯᠬᠢᠶᠠᠵᠢᠯ ᠪᠤᠯᠤᠨ ᠲᠡᠳᠡᠨ ᠤ ᠡᠴᠤᠰ ᠤᠨ ᠬᠡᠷᠡᠭᠯᠡᠭᠡᠨ ᠤ ᠪᠦᠳᠦᠭᠡᠭᠳᠡᠭᠦᠨ | ᠢ ᠬᠠᠮᠤᠷᠴᠦ᠂ 150 ᠳ᠋ᠦᠩᠰᠢᠭᠤᠷ ᠲᠦᠭᠦᠷᠢᠭ ᠤᠨ ᠭᠡᠯᠡᠯᠴᠡᠭᠡᠷ ᠲᠤᠬᠢᠷᠠᠯᠴᠠᠬᠰᠠᠨ ᠪᠠᠶᠢᠨ᠎ᠠ᠃ |