ᠥᠪᠥᠷ ᠮᠣᠩᠭᠤᠯ 31 ᠮᠤᠵᠢ ᠬᠤᠲᠠ ᠶᠢᠨ ᠡᠮ ᠡᠮᠨᠡᠯᠭᠡ ᠶᠢᠨ ᠪᠠᠶᠢᠭᠤᠯᠤᠮᠵᠢ ᠯᠤᠭ᠎ᠠ ᠤᠨᠳᠤᠤ ᠭᠠᠵᠠᠷ ᠡᠮᠨᠡᠭᠦᠯᠦᠭᠰᠡᠨ ᠡᠮᠴᠢᠯᠡᠭᠡᠨ ᠤ ᠵᠠᠷᠤᠳᠠᠯ ᠢ ᠰᠢᠭᠤᠳ ᠲᠠᠰᠤᠯᠤᠨ ᠪᠣᠳᠣᠬᠤ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2017/8/29
     8 ᠳ᠋ᠤᠭᠠᠷ ᠰᠠᠷ᠎ᠠ ᠶᠢᠨ 21᠎ ᠤ ᠡᠳᠦᠷ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠪᠠ 14 ᠠᠶᠢᠮᠠᠭ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠬᠤᠳᠠ ᠪᠠᠯᠭᠠᠰᠤᠨ ᠤ ᠠᠵᠢᠯᠳᠠᠨ ᠠᠵᠢᠯᠴᠢᠨ᠂ ᠬᠤᠳᠠ ᠬᠥᠳᠡᠭᠡ ᠶᠢᠨ ᠰᠠᠭᠤᠭᠠᠯᠢ ᠠᠷᠠᠳ ᠪᠦᠬᠦᠨ ᠮᠤᠵᠢ ᠠᠯᠤᠰᠯᠠᠨ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠪᠠ ᠡᠮᠨᠡᠯᠭᠡ ᠳᠤ ᠰᠠᠭᠤᠭᠰᠠᠨ ᠵᠠᠷᠤᠳᠠᠯ ᠢᠶᠠᠨ ᠰᠢᠭᠤᠳ ᠲᠠᠰᠤᠯᠤᠨ ᠪᠤᠳᠤᠵᠤ ᠪᠤᠯᠬᠤ ᠶᠢ ᠪᠡᠶᠡᠯᠡᠭᠦᠯᠪᠡ᠃ ᠲᠤᠬᠠᠶᠢᠯᠠᠪᠠᠯ ᠥᠪᠥᠷ ᠮᠣᠩᠭᠤᠯ ᠠᠵᠢᠯ ᠠᠴᠠ ᠪᠠᠨ ᠪᠠᠭᠤᠵᠤ ᠣᠨᠳᠣᠤ ᠭᠠᠵᠠᠷ ᠲᠤ ᠲᠦᠪᠬᠢᠨᠡᠭᠰᠡᠨ᠂ ᠤᠷᠲᠤ ᠬᠤᠭᠤᠴᠠᠭᠠᠨ ᠤ ᠲᠤᠷᠰᠢ ᠣᠨᠳᠣᠣ ᠭᠠᠵᠠᠷ ᠲᠤ ᠣᠷᠣᠰᠢᠨ ᠰᠠᠭᠤᠵᠤ ᠪᠠᠶᠢᠬᠤ᠂ ᠣᠨᠳᠣᠣ ᠭᠠᠵᠠᠷ ᠲᠤ ᠪᠠᠶᠢᠩᠭᠤ ᠰᠠᠭᠤᠵᠤ ᠠᠵᠢᠯᠯᠠᠵᠤ ᠪᠠᠶᠢᠬᠤ᠂ ᠰᠢᠯᠵᠢᠭᠦᠯᠦᠨ ᠡᠮᠨᠡᠬᠦ ᠲᠣᠭᠲᠠᠭᠠᠯ ᠳᠤ ᠨᠡᠶᠢᠴᠡᠬᠦ ᠵᠡᠷᠭᠡ ᠳᠥᠷᠪᠡᠨ ᠲᠥᠷᠥᠯ ᠤᠨ ᠳᠠᠩᠰᠠᠯᠠᠭᠤᠯᠤᠭᠰᠠᠨ ᠬᠥᠮᠦᠰ ᠤᠨ ᠮᠤᠵᠢ ᠠᠯᠤᠰᠯᠠᠨ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠪᠠ ᠡᠮᠨᠡᠯᠭᠡ ᠳᠤ ᠰᠠᠭᠤᠭᠰᠠᠨ ᠵᠠᠷᠤᠳᠠᠯ ᠢᠶᠠᠨ ᠰᠢᠭᠤᠳ ᠲᠠᠰᠤᠯᠤᠨ ᠪᠤᠳᠤᠬᠤ ᠶᠢ ᠪᠦᠬᠦ ᠲᠠᠯ᠎ᠠ ᠪᠠᠷ ᠪᠡᠶᠡᠯᠡᠭᠦᠯᠪᠡ᠃      ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ᠂ ᠪᠤᠭᠤᠲᠤ ᠬᠤᠳᠠ ᠶᠢᠨ ᠲᠥᠪ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠪᠤᠭᠤᠲᠤ ᠳᠠᠬᠢ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠨᠢᠭᠡᠳᠦᠭᠡᠷ ᠬᠠᠷᠢᠶᠠᠲᠤ ᠡᠮᠨᠡᠯᠭᠡ ᠶᠢᠨ ᠬᠤᠷᠢᠶ᠎ᠠ᠂ ᠤᠯᠠᠭᠠᠨᠬᠠᠳᠠ ᠬᠤᠲᠠ ᠶᠢᠨ ᠲᠥᠪ ᠡᠮᠨᠡᠯᠭᠡ ᠶᠢᠨ ᠬᠤᠷᠢᠶ᠎ᠠ᠂ ᠲᠦᠩᠯᠢᠶᠣᠤ ᠬᠤᠲᠠ ᠶᠢᠨ ᠡᠮᠨᠡᠯᠭᠡ ᠶᠢᠨ ᠬᠤᠷᠢᠶ᠎ᠠ ᠵᠡᠷᠭᠡ 87 ᠲᠤᠭᠲᠠᠭᠰᠠᠨ ᠴᠢᠭ᠋ ᠤᠨ ᠡᠮᠴᠢᠯᠡᠭᠡᠨ ᠤ ᠪᠠᠶᠢᠭᠤᠯᠤᠮᠵᠢ ᠶᠢ ᠤᠯᠤᠰ ᠤᠨ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠲᠠᠰᠤᠯᠠᠨ ᠪᠤᠳᠤᠬᠤ ᠰᠢᠰᠲ᠋ᠧᠮ ᠳᠤ ᠵᠠᠯᠭᠠᠨ ᠤᠷᠤᠭᠤᠯᠪᠠ᠃ ᠮᠤᠵᠢ ᠠᠯᠤᠰᠯᠠᠨ ᠣᠨᠳᠣᠤ ᠭᠠᠵᠠᠷ ᠲᠤ ᠡᠮᠨᠡᠭᠦᠯᠬᠦ ᠬᠡᠷᠡᠭᠴᠡᠭᠡ ᠱᠠᠭᠠᠷᠳᠠᠯᠭ᠎ᠠ ᠲᠠᠢ ᠳᠠᠭᠠᠳᠬᠠᠯ ᠳᠤ ᠣᠷᠣᠯᠴᠠᠭᠰᠠᠨ ᠬᠦᠮᠦᠰ᠂ ᠳᠠᠭᠠᠳᠬᠠᠯ ᠳᠤ ᠤᠷᠤᠭᠰᠠᠨ ᠭᠠᠵᠠᠷ ᠤᠨ ᠢᠶᠠᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠮᠤᠵᠢ ᠠᠯᠤᠰᠯᠠᠨ ᠣᠨᠳᠣᠤ ᠭᠠᠵᠠᠷ ᠲᠤ ᠡᠮᠨᠡᠭᠦᠯᠬᠦ ᠵᠠᠷᠤᠳᠠᠯ ᠤᠨ ᠳᠠᠩᠰᠠᠯᠠᠯᠲᠠ ᠬᠢᠭᠰᠡᠨ ᠪᠦᠭᠡᠳ ᠨᠡᠶᠢᠲᠡᠯᠡᠭᠰᠡᠨ ᠨᠡᠷᠡᠰ ᠤᠨ ᠳᠣᠲᠣᠷ᠎ᠠ ᠠᠴᠠ ᠲᠤᠭᠲᠠᠭᠰᠠᠨ ᠴᠢᠭ᠋ ᠤᠨ ᠡᠮᠴᠢᠯᠡᠭᠡᠨ ᠤ ᠪᠠᠶᠢᠭᠤᠯᠤᠮᠵᠢ ᠶᠢ ᠰᠤᠩᠭᠤᠨ ᠡᠮᠨᠡᠭᠦᠯᠪᠡᠯ᠂ ᠮᠤᠵᠢ ᠠᠯᠤᠰᠯᠠᠨ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠪᠠ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠢᠶᠠᠨ ᠰᠢᠭᠤᠳ ᠲᠠᠰᠤᠯᠤᠨ ᠪᠤᠳᠤᠵᠤ ᠪᠤᠯᠤᠨ᠎ᠠ᠃ ᠳᠠᠭᠠᠳᠬᠠᠯ ᠳᠤ ᠣᠷᠣᠯᠴᠠᠭᠰᠠᠳ ︵si.12333.gov.cn︶ ᠰᠦᠯᠵᠢᠶᠡᠨ ᠳᠤ ᠭᠠᠷᠴᠤ ᠭᠠᠵᠠᠷ ᠨᠤᠲᠤᠭ᠂ ᠲᠤᠭᠲᠠᠭᠰᠠᠨ ᠴᠢᠭ᠋ ᠤᠨ ᠡᠮᠴᠢᠯᠡᠭᠡᠨ ᠤ ᠪᠠᠶᠢᠭᠤᠯᠤᠮᠵᠢ᠂ ᠳᠠᠩᠰᠠᠯᠠᠭᠤᠯᠬᠤ ᠮᠡᠳᠡᠭᠡ ᠵᠠᠩᠭᠢ᠂ ᠭᠠᠷᠳᠠᠨ ᠭᠦᠢᠴᠡᠳᠬᠡᠬᠦ ᠪᠠᠶᠢᠭᠤᠯᠤᠮᠵᠢ ᠵᠡᠷᠭᠡ ᠬᠠᠮᠢᠶ᠎ᠠ ᠪᠥᠬᠦᠢ ᠮᠡᠳᠡᠭᠡ ᠵᠠᠩᠭᠢ ᠶᠢ ᠬᠡᠵᠢᠶ᠎ᠡ ᠴᠤ ᠭᠡᠰᠡᠨ ᠪᠠᠶᠢᠴᠠᠭᠠᠨ ᠯᠠᠪᠯᠠᠵᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号