ᠮᠠᠨ ᠤ ᠤᠷᠤᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠰᠠᠭᠤᠷᠢ ᠮᠦᠩᠭᠦ ᠡᠯᠪᠡᠭ ᠠᠮᠵᠢᠯᠲᠠ ᠪᠦᠲᠦᠮᠵᠢ ᠤᠯᠵᠠᠢ
ᠨᠡᠶᠢᠲᠡᠯᠡᠭᠰᠡᠨ ᠴᠠᠭ᠄
2017/8/30
     8 ᠳ᠋ᠤᠭᠠᠷ ᠰᠠᠷ᠎ᠠ ᠶᠢᠨ 29᠎ ᠤ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠰᠤᠨᠢᠨ ᠮᠡᠳᠡᠭᠡ ᠨᠡᠶᠢᠲᠡᠯᠡᠬᠦ ᠬᠤᠷᠠᠯ ᠬᠢᠵᠤ᠂ ᠦᠪᠡᠷᠳᠡᠭᠡᠨ ᠵᠠᠰᠠᠬᠤ ᠤᠷᠤᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠰᠠᠭᠤᠷᠢ ᠮᠦᠩᠭᠦ ᠶᠢ ᠪᠠᠶᠢᠭᠤᠯᠤᠭᠰᠠᠨ 13 ᠵᠢᠯ ᠤᠨ ᠳᠤᠷᠰᠢᠬᠢ ᠪᠦᠬᠦ ᠤᠷᠤᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠠᠵᠢᠯ ᠤᠨ ᠠᠮᠵᠢᠯᠳᠠ ᠪᠦᠳᠦᠭᠡᠯ ᠢ ᠠᠩᠬ᠎ᠠ ᠤᠳᠠᠭ᠎ᠠ ᠨᠡᠶᠢᠲᠡᠯᠡᠭᠰᠡᠨ ᠪᠠ ᠰᠤᠷᠪᠤᠯᠵᠢᠯᠠᠭᠴᠢ ᠶᠢᠨ ᠬᠠᠮᠢᠶ᠎ᠠ ᠪᠦᠬᠦᠢ ᠠᠰᠠᠭᠤᠯᠳᠠ ᠶᠢ ᠬᠠᠷᠢᠭᠤᠯᠪᠠ᠃      ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠠᠵᠢᠯ ᠪᠤᠯ ᠨᠢᠭᠡ ᠵᠦᠢᠯ ᠤᠨ ᠰᠠᠭᠤᠷᠢ ᠶᠢᠨ ᠴᠢᠨᠠᠷᠳᠠᠢ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠠᠵᠢᠯ ᠪᠤᠯᠤᠨ᠎ᠠ᠂ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠲᠤᠷᠰᠢ᠂ ᠮᠠᠨ ᠤ ᠤᠷᠤᠨ ᠤ ᠬᠡᠳᠦᠨ ᠦᠶ᠎ᠠ ᠶᠢᠨ ᠭᠠᠵᠠᠷ ᠰᠢᠨᠵᠢᠯᠡᠭᠡᠨ ᠤ ᠠᠵᠢᠯᠳᠠᠳ ᠤᠨ ᠰᠢᠷᠭᠠᠭᠤ ᠬᠠᠳᠠᠭᠤᠵᠢᠯᠳᠠᠢ ᠴᠢᠷᠮᠠᠶᠢᠯᠭ᠎ᠠ ᠪᠠᠷ ᠡᠯᠪᠡᠭ ᠪᠠᠶᠠᠯᠢᠭ ᠠᠭᠤᠷᠬᠠᠢ ᠶᠢᠨ ᠡᠬᠢ ᠪᠠᠶᠠᠯᠢᠭ ᠢ ᠬᠠᠶᠢᠨ ᠰᠦᠪᠡᠭᠴᠢᠯᠡᠨ ᠭᠠᠷᠭᠠᠵᠤ᠂ ᠦᠪᠡᠷᠳᠡᠭᠡᠨ ᠵᠠᠰᠠᠬᠤ ᠤᠷᠤᠨ ᠴᠢᠨᠠᠭᠰᠢᠯᠠᠨ ᠪᠦᠬᠦ ᠤᠯᠤᠰ ᠤᠨ ᠠᠵᠤ ᠠᠬᠤᠢ ᠨᠡᠶᠢᠭᠡᠮ ᠤᠨ ᠬᠦᠭᠵᠢᠯᠳᠡ ᠳᠤ ᠠᠤᠭ᠎ᠠ ᠶᠡᠭᠡ ᠵᠢᠳᠭᠦᠯ ᠭᠠᠷᠭᠠᠵᠡᠢ᠃ ᠤᠶᠢᠯᠠᠭᠠᠭᠰᠠᠨ ᠢᠶᠠᠷ᠂ 2004 ᠤᠨ ᠳᠤ ᠦᠪᠡᠷᠳᠡᠭᠡᠨ ᠵᠠᠰᠠᠬᠤ ᠤᠷᠤᠨ ᠪᠦᠬᠦ ᠤᠯᠤᠰ ᠲᠤ ᠬᠠᠮᠤᠭ ᠤᠨ ᠲᠦᠷᠦᠭᠦᠨ ᠳᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠰᠠᠭᠤᠷᠢ ᠮᠦᠩᠭᠦ ᠶᠢ ᠪᠠᠶᠢᠭᠤᠯᠤᠭᠰᠠᠨ ᠠᠴᠠ ᠨᠠᠰᠢ᠂ 2016 ᠤᠨ ᠤ ᠰᠡᠭᠦᠯᠴᠢ ᠪᠤᠯᠳᠠᠯ᠎ᠠ᠂ ᠦᠪᠡᠷᠳᠡᠭᠡᠨ ᠵᠠᠰᠬᠠᠤ ᠤᠷᠤᠨ ᠤ ᠡᠳ᠋ ᠤᠨ ᠵᠠᠰᠠᠭ ᠠᠴᠠ 123.8 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠲᠦᠷᠦᠯ ᠵᠦᠢᠯ ᠢ 2398 ᠬᠡᠷᠡᠭᠵᠢᠭᠦᠯᠵᠤ᠂ 500 ᠳ᠋ᠦᠩᠰᠢᠭᠤᠷ ᠲᠦᠭᠦᠷᠢᠭ ᠤᠨ ᠨᠡᠶᠢᠭᠡᠮ ᠤᠨ ᠪᠡᠯᠡ ᠤᠷᠤᠭᠤᠯᠤᠯᠳᠠ ᠶᠢ ᠬᠦᠳᠦᠯᠦᠨ ᠵᠢᠯᠤᠭᠤᠳᠴᠦ᠂ ᠨᠢᠭᠡ ᠪᠦᠯᠦᠭ ᠰᠢᠨ᠎ᠠ ᠠᠭᠤᠷᠬᠠᠢ ᠶᠢᠨ ᠭᠠᠷᠤᠯᠳᠠ ᠶᠢᠨ ᠭᠠᠵᠠᠷ ᠢ ᠰᠢᠨ᠎ᠠ ᠪᠠᠷ ᠤᠯᠵᠤ ᠮᠡᠳᠡᠭᠰᠡᠨ ᠪᠠ ᠬᠠᠶᠢᠨ ᠲᠤᠳᠤᠷᠬᠠᠶᠢᠯᠠᠵᠤ᠂ ᠪᠦᠬᠦ ᠤᠷᠤᠨ ᠤ ᠠᠭᠤᠷᠬᠠᠢ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢᠨ ᠬᠡᠮᠵᠢᠶ᠎ᠠ ᠳᠠᠬᠢᠨ ᠢᠶᠠᠷ ᠨᠡᠮᠡᠭᠳᠡᠭᠰᠡᠨ ᠪᠢᠯᠡ᠃ ᠪᠦᠷᠢᠨ ᠪᠤᠰᠤ ᠪᠦᠷᠢᠳᠭᠡᠯ ᠢᠶᠠᠷ᠂ 13 ᠵᠢᠯ ᠤᠨ ᠳᠤᠷᠰᠢ᠂ ᠪᠦᠬᠦ ᠤᠷᠤᠨ ᠳᠤ ᠢᠯᠡᠷᠡᠭᠦᠯᠦᠭᠰᠡᠨ ᠳᠤᠮᠤ ᠬᠡᠯᠪᠡᠷᠢ ᠶᠢᠨ ᠠᠭᠤᠷᠬᠠᠢ ᠶᠢᠨ ᠭᠠᠷᠤᠯᠳᠠ ᠶᠢᠨ ᠭᠠᠵᠠᠷ 29᠂ ᠳᠤᠮᠳᠠ ᠬᠡᠯᠪᠡᠷᠢ ᠶᠢᠨ ᠠᠭᠤᠷᠬᠠᠢ ᠶᠢᠨ ᠭᠠᠷᠤᠯᠳᠠ ᠶᠢᠨ ᠭᠠᠵᠠᠷ 88᠂ ᠪᠠᠭ᠎ᠠ ᠬᠡᠯᠪᠡᠷᠢ ᠶᠢᠨ ᠠᠭᠤᠷᠬᠠᠢ ᠶᠢᠨ ᠭᠠᠷᠤᠯᠳᠠ ᠶᠢᠨ ᠭᠠᠵᠠᠷ 494 ᠪᠤᠢ᠃ ᠲᠦᠰᠦᠭᠡᠯᠡᠭᠦ ᠪᠠᠷ᠂ 2004 ᠤᠨ ᠠᠴᠠ ᠨᠠᠰᠢ᠂ ᠦᠪᠡᠷᠳᠡᠭᠡᠨ ᠵᠠᠰᠠᠬᠤ ᠤᠷᠠᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠰᠠᠭᠤᠷᠢ ᠮᠦᠩᠭᠦ ᠶᠢᠨ ᠠᠭᠤᠷᠬᠠᠢ ᠶᠢ ᠬᠠᠶᠢᠨ ᠤᠯᠤᠭᠰᠠᠨ ᠠᠮᠵᠢᠯᠳᠠ ᠪᠦᠳᠦᠭᠡᠯ ᠤᠨ ᠨᠦᠭᠡᠴᠠ ᠠᠵᠤ ᠠᠬᠤᠢ ᠶᠢᠨ ᠦᠷᠳᠡᠭ ᠨᠢ 230 ᠲᠦᠮᠡᠨ ᠳ᠋ᠦᠩᠰᠢᠭᠤᠷ ᠲᠦᠭᠦᠷᠢᠭ ᠢ ᠳᠠᠪᠠᠵᠤ᠂ ᠤᠳᠤᠬᠠᠨ ᠪᠤᠯᠳᠠᠯ᠎ᠠ ᠰᠢᠢᠳᠪᠦᠷᠢᠯᠡᠭᠰᠡᠨ ᠠᠭᠤᠷᠬᠠᠢ ᠶᠢᠨ ᠦᠢᠯᠡᠰ ᠤᠨ ᠡᠷᠭᠡ ᠶᠢ ᠰᠢᠯᠵᠢᠭᠦᠯᠦᠭᠡᠳ ᠤᠯᠤᠭᠰᠠᠨ ᠦᠷ᠎ᠡ ᠠᠰᠢᠭ 300 ᠳ᠋ᠦᠩᠰᠢᠭᠤᠷ ᠲᠦᠭᠦᠷᠢᠭ ᠢ ᠳᠠᠪᠠᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号