ᠦᠢᠷ᠎ᠠ ᠶᠢᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿13·5﹀ ᠶᠢᠨ ᠬᠤᠭᠤᠴᠠᠭᠠᠨ ᠳᠤ ᠡᠨᠧᠷᠭᠢ | ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠡᠷᠦᠩᠬᠡᠶᠢᠯᠡᠭᠰᠡᠨ ᠠᠵᠢᠯ ᠤᠨ ᠲᠥᠰᠦᠯ︾ ︵ᠳᠣᠷᠣᠭᠰᠢ ︽ | ᠲᠥᠰᠦᠯ︾ ᠭᠡᠵᠦ ᠳᠥᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠵᠤ᠂ ᠡᠯ᠎ᠡ ᠠᠶᠢᠮᠠᠭ ᠬᠤᠲᠠ ᠶᠢᠨ ︽13·5︾ | ᠶᠢᠨ ᠬᠤᠭᠤᠴᠠᠭᠠᠨ ᠳᠠᠬᠢ ᠡᠨᠧᠷᠭᠢ ᠶᠢᠨ ᠬᠤᠷᠣᠭᠳᠠᠯ ᠤᠨ ᠶᠡᠷᠦᠩᠬᠡᠶ ᠬᠡᠮᠵᠢᠶ᠎ᠡ ᠪᠣᠯᠣᠨ ᠢᠳᠡ ᠬᠦᠴᠦᠨ ᠤ ︽ | ᠬᠤᠣᠰ ᠬᠢᠵᠠᠭᠠᠷᠯᠠᠯ︾ ᠵᠢᠴᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠢᠳᠡ ᠬᠦᠴᠦᠨ ᠢ ᠪᠠᠭᠠᠰᠬᠠᠬᠤ | ᠬᠠᠷᠠᠯᠲᠠ ᠶᠢ ᠨᠢ ᠲᠣᠳᠣᠷᠬᠠᠶᠢᠯᠠᠪᠠ᠃ | ︽ᠲᠥᠰᠦᠯ︾ ᠤᠨ ᠭᠤᠣᠯ ᠬᠠᠷᠠᠯᠲᠠ ᠪᠣᠯ᠂ 2020 ᠣᠨ ᠪᠣᠯᠬᠤ ᠳᠤ᠂ ᠪᠦᠬᠦ ᠣᠷᠣᠨ ᠤ ᠲᠦᠮᠡᠨ | ᠲᠥᠭᠦᠷᠢᠭ ᠤᠨ GDP ᠶᠢᠨ ᠡᠨᠧᠷᠭᠢ ᠶᠢᠨ ᠬᠤᠷᠣᠭᠳᠠᠯ ᠢ 2015 ᠣᠨ ᠤ ᠬᠢ ᠠᠴᠠ 14% ᠪᠠᠷ ᠪᠠᠭᠠᠰᠬᠠᠵᠤ᠂ | ᠡᠨᠧᠷᠭᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠶᠢ 2.25 ᠳ᠋ᠥᠩᠰᠢᠭᠤᠷ ᠲᠣᠨ ᠪᠠᠷᠢᠮᠵᠢᠶᠠᠲᠤ ᠨᠡᠭᠦᠷᠡᠰᠦᠨ ᠤ | ᠳᠣᠲᠣᠷ᠎ᠠ ᠬᠢᠵᠠᠭᠠᠷᠯᠠᠨ᠂ ᠡᠨᠧᠷᠭᠢ ᠶᠢᠨ ᠬᠡᠷᠡᠭᠯᠡᠭᠡᠨ ᠤ ᠵᠢᠯ ᠤᠨ ᠳᠤᠮᠳᠠᠴᠢ ᠨᠡᠮᠡᠭᠳᠡᠯ ᠤᠨ ᠬᠤᠷᠳᠤᠴᠠ ᠶᠢ 3. | 5% ᠠᠴᠠ ᠳᠣᠷᠣᠭᠰᠢ ᠬᠢᠵᠠᠭᠠᠷᠯᠠᠵᠤ᠂ ᠲᠦᠮᠡᠨ ᠲᠥᠭᠦᠷᠢᠭ ᠤᠨ GDP ᠶᠢᠨ ᠨᠡᠭᠦᠷᠡᠰᠦᠲᠥ᠋ᠷᠥᠭᠴᠢ ᠶᠢᠨ | ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 17% ᠪᠣᠯᠲᠠᠯ᠎ᠠ ᠳᠣᠷᠣᠭᠰᠢᠯᠠᠭᠤᠯᠤᠨ᠂ ᠪᠦᠬᠦ ᠣᠷᠣᠨ ᠤ ᠤᠢ | ᠰᠢᠭᠤᠶ ᠶᠢᠨ ᠪᠦᠷᠬᠦᠴᠡ ᠶᠢᠨ ᠨᠤᠷᠮ᠎ᠠ ᠶᠢ 23% ᠳᠤ ᠬᠦᠷᠲᠡᠯ᠎ᠡ ᠳᠡᠭᠡᠭᠰᠢᠯᠡᠭᠦᠯᠵᠦ᠂ ᠤᠷᠭᠤᠭ᠎ᠠ ᠮᠣᠳᠣᠨ ᠤ | ᠬᠠᠳᠠᠭᠠᠯᠠᠭᠳᠠᠴᠠ ᠶᠢ 16 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠦᠭᠦᠯᠦᠨ᠂ ᠲᠠᠯ᠎ᠠ ᠨᠤᠲᠤᠭ ᠤᠨ | ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢ 45% ᠪᠣᠯᠲᠠᠯ᠎ᠠ ᠳᠡᠭᠡᠭᠰᠢᠯᠡᠭᠦᠯᠦᠨ᠎ᠡ᠃ ᠭᠤᠷᠪᠠᠳᠤᠭᠠᠷ ᠠᠵᠤ | ᠦᠢᠯᠡᠰ ᠪᠣᠯᠣᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠨᠡᠮᠡᠭᠳᠡᠯ | ᠦᠷᠲᠡᠭ ᠤᠨ ᠡᠵᠡᠯᠡᠬᠦ ᠨᠤᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠴᠡᠪᠡᠷ ᠡᠨᠧᠷᠭᠢ ᠶᠢ ᠤᠯᠠᠮ ᠨᠢᠭᠡ | ᠠᠯᠬᠤᠮ ᠨᠡᠮᠡᠭᠳᠡᠭᠦᠯᠦᠨ᠎ᠡ︔ 2020 ᠣᠨ ᠪᠣᠯᠬᠤ ᠳᠤ᠂ ᠠᠭᠤᠷ ᠠᠮᠢᠰᠬᠤᠯ ᠤᠨ ᠬᠤᠪᠢᠷᠠᠯᠲᠠ ᠳᠤ ᠵᠣᠬᠢᠴᠠᠬᠤ | ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ ᠬᠦᠷᠢᠶ᠎ᠡ ᠪᠣᠯᠣᠨ ᠠᠮᠢ ᠠᠬᠤᠶ ᠬᠡᠪᠡᠷᠡᠭ ᠭᠠᠵᠠᠷ | ᠣᠷᠣᠨ ᠤ ᠠᠭᠤᠷ ᠠᠮᠢᠰᠬᠤᠯ ᠤᠨ ᠬᠤᠪᠢᠷᠠᠯᠲᠠ ᠳᠤ ᠵᠣᠬᠢᠴᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ | ᠠᠮᠢ ᠠᠬᠤᠶ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠭᠡᠬᠦ ᠴᠢᠳᠠᠪᠤᠷᠢ ᠶᠢ ᠤᠯᠠᠮ | ᠳᠡᠭᠡᠭᠰᠢᠯᠡᠭᠦᠯᠦᠨ᠂ ᠲᠦᠢᠯ ᠤᠨ ᠴᠠᠭ ᠠᠭᠤᠷ ᠢ ᠤᠷᠢᠳᠴᠢᠯᠠᠨ ᠰᠡᠷᠡᠮᠵᠢᠯᠡᠭᠦᠯᠬᠦ ᠪᠠ ᠭᠠᠮᠰᠢᠭ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠰᠢᠰᠲ᠋ᠧᠮᠵᠢ ᠶᠢ ᠠᠯᠬᠤᠮ ᠠᠯᠬᠤᠮ ᠢᠶᠠᠷ ᠪᠦᠷᠢᠨᠰᠢᠭᠦᠯᠵᠦ᠂ ᠠᠭᠤᠷ ᠠᠮᠢᠰᠬᠤᠯ ᠤᠨ ᠭᠠᠶ | ᠭᠠᠮᠰᠢᠭ ᠢ ᠪᠠᠴᠢᠮ ᠠᠷᠭᠠᠴᠠᠨ ᠰᠡᠷᠭᠡᠶᠢᠯᠡᠬᠦ ᠴᠢᠳᠠᠪᠤᠷᠢ ᠶᠢ ᠪᠦᠲᠦᠮᠵᠢᠲᠡᠶ ᠪᠠᠷ ᠳᠡᠭᠡᠭᠰᠢᠯᠡᠭᠦᠯᠣᠨ᠎ᠠ᠃ | ︽ᠲᠥᠰᠦᠯ︾ ᠨᠢ ᠮᠠᠨ ᠤ ᠣᠷᠣᠨ ᠤ ︽13· 5︾ ᠶᠢᠨ ᠬᠤᠭᠤᠴᠠᠭᠠᠨ ᠳᠤ ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠶᠢ ᠪᠠᠭᠠᠰᠬᠠᠬᠤ ᠶᠡᠷᠦᠩᠬᠡᠶᠢᠯᠡᠭᠰᠡᠨ ᠠᠵᠢᠯ ᠤᠨ ᠪᠣᠳᠠᠲᠠᠶ ᠠᠷᠭ᠎ᠠ ᠬᠡᠮᠵᠢᠶ᠎ᠡ ᠵᠢᠴᠢ ᠡᠯ᠎ᠡ | ᠬᠠᠷᠢᠭᠤᠴᠠᠯᠭ᠎ᠠ ᠡᠭᠦᠷᠭᠡᠯᠡᠬᠦ ᠨᠢᠭᠡᠴᠡ ᠶᠢ ᠠᠷᠪᠠᠨ ᠲᠠᠯ᠎ᠠ ᠪᠠᠷ ᠲᠣᠲᠤᠷᠬᠠᠶᠢᠯᠠᠵᠠᠢ᠃ ᠨᠢᠭᠡ ᠳᠤ ᠠᠵᠤ ᠦᠢᠯᠡᠰ ᠪᠣᠯᠣᠨ | ᠡᠨᠧᠷᠭᠢ ᠶᠢᠨ ᠪᠦᠲᠦᠴᠡ ᠶᠢ ᠰᠢᠯᠢᠳᠡᠭᠵᠢᠭᠦᠯᠦᠨ᠎ᠡ᠃ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠵᠤ᠂ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢ | ᠲᠦᠷᠭᠡᠳᠬᠡᠨ᠂ ᠡᠨᠧᠷᠭᠢ ᠶᠢᠨ ᠪᠦᠲᠦᠴᠡ ᠶᠢ ᠰᠢᠯᠢᠳᠡᠭᠵᠢᠭᠦᠯᠦᠨ᠎ᠡ᠃ ᠬᠤᠶᠠᠷ ᠲᠤ ᠭᠤᠣᠯᠳᠠᠯᠭ᠎ᠠ ᠲᠠᠢ ᠬᠦᠷᠢᠶᠡᠨ ᠳᠤ | ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠴᠢᠩᠭᠠᠳᠬᠠᠨ᠎ᠠ᠃ ᠠᠵᠤ ᠦᠢᠯᠡᠳᠪᠦᠷᠢ ᠶᠢᠨ ᠡᠨᠧᠷᠭᠢ | ᠠᠷᠪᠢᠯᠠᠵᠤ ᠨᠡᠭᠦᠷᠡᠰᠦᠲᠥ᠋ᠷᠥᠭᠴᠢ ᠪᠠᠭᠠᠰᠬᠠᠬᠤ ᠶᠢ ᠴᠢᠩᠭᠠᠳᠬᠠᠵᠤ᠂ ᠪᠠᠷᠢᠯᠭ᠎ᠠ ᠶᠢᠨ ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠪᠠᠭᠠᠰᠬᠠᠬᠤ᠂ ᠵᠠᠮ ᠲᠡᠭᠡᠭᠡᠪᠦᠷᠢ ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ | ᠪᠠᠭᠠᠰᠬᠠᠬᠤ ᠶᠢ ᠲᠦᠯᠬᠢᠨ ᠠᠬᠢᠭᠤᠯᠵᠤ᠂ ᠤᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠪᠠᠭᠠᠰᠬᠠᠬᠤ ᠶᠢ ᠴᠢᠩᠭᠠᠳᠬᠠᠵᠤ᠂ ᠬᠤᠳᠠᠯᠳᠤᠭ᠎ᠠ ᠠᠷᠠᠯᠵᠢᠶᠠᠨ ᠤ ᠭᠦᠢᠯᠭᠡᠭᠡᠨ ᠤ ᠬᠦᠷᠢᠶᠡᠨ ᠤ | ᠬᠢᠨ ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠠᠰᠬᠠᠬᠤ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ | ᠪᠣᠯᠤᠨ ᠮᠠᠯᠵᠢᠬᠤ ᠲᠠᠷᠢᠶᠠᠯᠠᠬᠤ ᠣᠷᠣᠨ ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠠᠰᠬᠠᠬᠤ ᠶᠢ ᠲᠦᠯᠬᠢᠨ | ᠠᠬᠢᠭᠤᠯᠤᠨ᠎ᠠ᠃ ᠭᠤᠷᠪᠠ ᠳᠤ ᠭᠤᠣᠯᠳᠠᠯᠭ᠎ᠠ ᠲᠠᠢ ᠨᠢᠭᠡᠴᠡ ᠨᠦᠭᠦᠳ ᠤᠨ ᠡᠨᠧᠷᠭᠢ ᠶᠢᠨ ᠬᠤᠷᠣᠭᠳᠠᠭᠤᠯᠭ᠎ᠠ ᠪᠣᠯᠤᠨ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠬᠠᠮᠢᠶᠠᠷᠤᠨ ᠡᠵᠡᠮᠳᠡᠵᠦ ᠶᠢ ᠴᠢᠩᠭᠠᠳᠬᠠᠨ᠎ᠠ᠃ ᠭᠤᠣᠯᠳᠠᠯᠭ᠎ᠠ ᠲᠠᠢ | ᠡᠨᠧᠷᠭᠢ ᠬᠡᠷᠡᠭᠯᠡᠬᠦ ᠨᠢᠭᠡᠴᠡ ᠶᠢᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠵᠤ᠂ | ᠨᠡᠭᠦᠷᠡᠰᠦᠲᠥ᠋ᠷᠥᠭᠴᠢ ᠠᠷᠠᠯᠵᠢᠶᠠᠯᠠᠬᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠲᠦᠷᠪᠡ ᠳᠤ ᠣᠷᠴᠢᠯ ᠠᠵᠤ ᠠᠬᠤᠶ ᠶᠢ ᠶᠡᠬᠡᠪᠡᠷ ᠬᠥᠭᠵᠢᠭᠦᠯᠦᠨ᠎ᠡ᠃ ᠬᠦᠷᠢᠶᠡᠯᠡᠩ ᠲᠣᠭᠤᠷᠢᠭ ᠤᠨ | ᠣᠷᠴᠢᠯᠳᠤᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠥᠷᠭᠡᠨ ᠬᠡᠷᠡᠭᠯᠡᠭᠡᠨ ᠤ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ ᠲᠦᠯᠬᠢᠨ ᠠᠬᠢᠭᠤᠯᠵᠤ᠂ ᠡᠬᠢ ᠪᠠᠶᠠᠯᠢᠭ ᠢ ᠣᠷᠴᠢᠯᠳᠤᠭᠤᠯᠤᠨ | ᠠᠰᠢᠭᠯᠠᠬᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠶᠢ ᠠᠬᠢᠭᠤᠯᠤᠨ᠎ᠠ᠃ ᠲᠠᠪᠤ ᠳᠤ | ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠭᠤᠣᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠦᠨ᠎ᠡ᠃ | ᠡᠨᠧᠷᠭᠢ ᠠᠷᠪᠢᠯᠠᠬᠤ ᠭᠤᠣᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠦᠨ᠂ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠵᠢᠱᠢᠶ᠎ᠡ ᠦᠵᠡᠭᠦᠯᠬᠦ ᠲᠤᠷᠰᠢᠯᠲᠠ ᠶᠢᠨ ᠴᠢᠬ ᠢ ᠡᠭᠦᠳᠦᠨ ᠪᠠᠶᠢᠭᠤᠯᠬᠤ ᠶᠢ ᠲᠦᠯᠬᠢᠨ ᠠᠬᠢᠭᠤᠯᠵᠤ᠂ | ᠣᠷᠴᠢᠯ ᠠᠵᠤ ᠠᠬᠤᠶ ᠶᠢᠨ ᠭᠤᠣᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠦᠨ᠎ᠡ᠃ ᠵᠢᠷᠭᠤᠭ᠎ᠠ ᠳᠤ ᠠᠮᠢ | ᠠᠬᠤᠶ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠭᠡᠨ ᠬᠤᠷᠠᠮᠳᠤᠭᠤᠯᠬᠤ ᠶᠢ ᠨᠢ | ᠨᠡᠮᠡᠭᠳᠡᠭᠦᠯᠦᠨ᠎ᠡ᠃ ᠲᠤᠯᠤᠭ᠎ᠠ ᠳᠤ ᠠᠭᠤᠷ ᠠᠮᠢᠰᠬᠤᠯ ᠤᠨ ᠬᠤᠪᠢᠷᠠᠯᠲᠠ ᠳᠤ ᠵᠣᠬᠢᠴᠠᠭᠤᠯᠤᠨ᠎ᠠ᠃ ᠬᠤᠳᠠ | ᠬᠥᠳᠡᠭᠡ ᠶᠢᠨ ᠰᠠᠭᠤᠷᠢ ᠪᠡᠯᠡᠳᠬᠡᠮᠵᠢ ᠶᠢᠨ ᠵᠣᠬᠢᠴᠠᠬᠤ ᠴᠢᠳᠠᠪᠤᠷᠢ᠂ ᠲᠠᠷᠢᠶᠠᠯᠠᠩ ᠪᠠ ᠤᠢ ᠰᠢᠭᠤᠶ ᠶᠢᠨ ᠵᠣᠬᠢᠴᠠᠬᠤ | ᠴᠢᠳᠠᠪᠤᠷᠢ᠂ ᠠᠮᠢ ᠠᠬᠤᠶ ᠬᠡᠪᠡᠷᠡᠭ ᠣᠷᠣᠨ ᠤ ᠵᠣᠬᠢᠴᠠᠬᠤ ᠴᠢᠳᠠᠪᠤᠷᠢ ᠶᠢ ᠳᠡᠭᠡᠭᠰᠢᠯᠡᠭᠦᠯᠦᠨ᠂ ᠬᠥᠮᠦᠰ ᠤᠨ ᠡᠷᠡᠭᠦᠯ | ᠮᠡᠨᠳᠤ ᠶᠢᠨ ᠬᠦᠷᠢᠶᠡᠨ ᠤ ᠵᠣᠬᠢᠴᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠠᠢᠮᠠ ᠳᠤ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠲᠤᠯᠭᠠᠭᠤᠷᠢ ᠬᠦᠴᠦᠨ ᠢ ᠴᠢᠩᠭᠠᠳᠬᠠᠨ᠎ᠠ᠃ ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠶᠢ ᠪᠠᠭᠠᠰᠬᠠᠬᠤ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ ᠪᠠ ᠵᠢᠱᠢᠶ᠎ᠡ ᠦᠵᠡᠭᠦᠯᠦᠨ | ᠳᠡᠯᠭᠡᠷᠡᠭᠦᠯᠬᠦ ᠡᠷᠴᠢᠮ ᠢ ᠴᠢᠩᠭᠠᠯᠠᠨ᠂ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢ ᠪᠠᠭᠠᠰᠬᠠᠬᠤ ᠮᠡᠷᠭᠡᠵᠢᠯ ᠤᠨ | ᠰᠢᠰᠲ᠋ᠧᠮ ᠢ ᠬᠤᠷᠠᠮᠳᠤᠭᠤᠯᠤᠨ ᠬᠡᠷᠡᠭᠯᠡᠬᠦ ᠶᠢ ᠲᠦᠯᠬᠢᠨ ᠠᠬᠢᠭᠤᠯᠵᠤ᠂ ᠠᠭᠤᠷ ᠠᠮᠢᠰᠬᠤᠯ ᠤᠨ ᠬᠤᠪᠢᠷᠠᠯᠲᠠ ᠶᠢᠨ | ᠰᠠᠭᠤᠷᠢ ᠰᠤᠳᠤᠯᠭᠠᠨ ᠢ ᠴᠢᠩᠭᠠᠳᠬᠠᠨ᠎ᠠ᠃ ᠶᠢᠰᠦ ᠳᠤ ᠲᠦᠷᠦ ᠶᠢᠨ ᠪᠤᠳᠤᠯᠭ᠎ᠠ ᠶᠢᠨ ᠪᠠᠶᠢᠭᠤᠯᠤᠯ ᠤᠨ ᠲᠣᠭᠲᠠᠴᠠ ᠶᠢ | ᠪᠦᠷᠢᠨᠰᠢᠭᠦᠯᠦᠨ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠠᠰᠬᠠᠬᠤ ᠣᠷᠣᠨ ᠨᠤᠲᠤᠭ ᠤᠨ ᠴᠢᠨᠠᠷᠲᠠᠶ ᠬᠠᠤᠯᠢ | ᠲᠣᠭᠲᠠᠭᠠᠯ ᠤᠨ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠦᠨ᠎ᠡ ᠬᠠᠩᠰᠢ ᠶᠢᠨ ᠰᠦᠢᠳᠬᠡᠯ ᠬᠤᠷᠢᠶᠠᠬᠤ ᠲᠥᠷᠥ ᠶᠢᠨ | ᠪᠣᠳᠣᠯᠭ᠎ᠠ᠂ ᠡᠳ᠋ ᠤᠨ ᠵᠠᠰᠠᠭ ᠭᠠᠶᠢᠯᠢ ᠲᠠᠲᠠᠪᠤᠷᠢ ᠶᠢᠨ ᠤᠷᠮᠠᠰᠢᠭᠤᠯᠬᠤ ᠲᠦᠷᠦ ᠶᠢᠨ ᠪᠤᠳᠤᠯᠭ᠎ᠠ ᠶᠢ ᠪᠦᠷᠢᠨᠰᠢᠭᠦᠯᠵᠦ᠂ | ᠪᠣᠬᠢᠷᠲᠤᠯ ᠦᠭᠡᠢ ᠮᠥᠩᠭᠦᠨ ᠭᠦᠢᠯᠭᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠡᠨᠧᠷᠭᠢ ᠶᠢᠨ ᠭᠡᠷᠡᠲᠦ | ᠬᠠᠮᠢᠶᠠᠷᠤᠯᠲᠠ ᠶᠢᠨ ᠵᠠᠭᠪᠤᠷᠰᠢᠯ ᠢ ᠬᠡᠷᠡᠭᠵᠢᠭᠦᠯᠦᠨ᠎ᠡ᠃ ᠠᠷᠪᠠ ᠳᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ | ᠴᠢᠩᠭᠠᠷᠠᠭᠤᠯᠤᠨ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠭᠦᠢᠴᠡᠳᠬᠡᠬᠦ ᠲᠤᠭ᠎ᠠ ᠶᠢ ᠵᠣᠬᠢᠰᠲᠠᠶ | ᠠᠩᠭᠢᠯᠠᠵᠤ᠂ ᠬᠠᠷᠠᠯᠲᠠᠲᠤ ᠬᠠᠷᠢᠭᠤᠴᠠᠯᠭ᠎ᠠ ᠶᠢᠨ ᠦᠨᠡᠯᠡᠯᠲᠡ ᠰᠢᠯᠭᠠᠯᠲᠠ ᠪᠣᠯᠣᠨ ᠬᠢᠨᠠᠯᠲᠠ ᠪᠠᠶᠢᠴᠠᠭᠠᠯᠲᠠ ᠶᠢ | ᠴᠢᠩᠭᠠᠳᠬᠠᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠲᠤᠭ᠎ᠠ ᠪᠦᠷᠢᠳᠬᠡᠯ ᠢ ᠬᠡᠮᠵᠢᠨ | ᠪᠠᠶᠢᠴᠠᠭᠠᠬᠤ ᠬᠢᠨᠠᠨ ᠪᠠᠶᠢᠴᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠳᠠᠶᠠᠭᠠᠷ ᠢ | ᠬᠥᠲᠥᠯᠥᠨ ᠵᠢᠯᠣᠭᠤᠳᠴᠤ ᠪᠠᠶᠢᠭᠠᠳ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢ ᠪᠠᠭᠠᠰᠬᠠᠬᠤ ᠳᠤ ᠬᠠᠮᠲᠤ ᠪᠠᠷ | ᠣᠷᠣᠯᠴᠠᠭᠤᠯᠤᠨ᠎ᠠ᠃ |