ᠦᠪᠡᠷᠳᠡᠬᠡᠨ ᠵᠠᠰᠠᠬᠤ ᠤᠷᠤᠨ ᠤ ᠤᠢ ᠰᠢᠭᠤᠢ ᠶᠢᠨ ᠲᠢᠩᠬᠢᠮ ᠠᠴᠠ ᠤᠶᠢᠯᠠᠭᠠᠬᠰᠠᠨ ᠢᠶᠠᠷ᠂ ᠤᠶᠢᠷ᠎ᠠ ᠶᠢᠨ | 10 ᠵᠢᠯ ᠳᠤ ᠮᠠᠨ ᠤ ᠤᠷᠤᠨ ᠨᠡᠶᠢᠳᠡ 1.04 ᠳ᠋ᠦᠩᠰᠢᠭᠤᠷ ᠮᠦ ᠶᠢᠨ ᠤᠢ ᠰᠢᠭᠤᠢ ᠶᠢᠨ ᠪᠦᠲᠦᠬᠡᠨ | ᠪᠠᠶᠢᠭᠤᠯᠤᠯᠳᠠ ᠬᠢᠵᠦ᠂ ᠵᠢᠯ ᠲᠤᠮᠳᠠᠴᠢ ᠪᠠᠷ 1000 ᠭᠠᠷᠤᠢ ᠲᠦᠮᠡᠨ ᠮᠦ ᠭᠠᠵᠠᠷ ᠢ ᠤᠶᠢᠵᠢᠭᠤᠯᠵᠠᠢ᠃ ᠤᠳᠤᠬᠠᠨ | ᠪᠤᠯᠳᠠᠯ᠎ᠠ ᠮᠠᠨ ᠤ ᠤᠷᠤᠨ ᠤ ᠤᠶᠢᠵᠢᠭᠤᠯᠤᠯᠳᠠ ᠳᠤ ᠬᠡᠷᠡᠭᠯᠡᠭᠰᠡᠨ ᠭᠠᠵᠠᠷ ᠤᠨ ᠲᠠᠯᠠᠪᠠᠢ ᠪᠠ ᠤᠢ ᠰᠢᠭᠤᠢ ᠶᠢᠨ | ᠲᠠᠯᠠᠪᠠᠢ ᠲᠤᠰ ᠪᠦᠷᠢ 6.59 ᠳ᠋ᠦᠩᠰᠢᠭᠤᠷ ᠮᠦ ᠪᠠ 3.73 ᠳ᠋ᠦᠩᠰᠢᠭᠤᠷ ᠮᠦ ᠳᠤ ᠬᠦᠷᠴᠤ᠂ ᠴᠦᠮ ᠪᠦᠬᠦ | ᠤᠯᠤᠰ ᠲᠤ ᠲᠦᠷᠦᠬᠦᠯᠡᠵᠤ ᠪᠤᠢ᠃ | ᠤᠷᠳᠤ ᠬᠤᠭᠤᠴᠠᠭᠠᠨ ᠤ ᠲᠤᠷᠰᠢ᠂ ᠮᠠᠨ ᠤ ᠤᠷᠤᠨ ᠠᠮᠢ ᠠᠬᠤᠢ ᠶᠢᠨ ᠪᠦᠲᠦᠬᠡᠨ ᠪᠠᠶᠢᠭᠤᠯᠤᠯᠳᠠ ᠪᠠᠷ | ᠭᠤᠤᠯ ᠪᠤᠯᠭᠠᠬᠰᠠᠨ ᠤᠢ ᠰᠢᠭᠤᠢ ᠶᠢᠨ ᠦᠢᠯᠡᠰ ᠢ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠪᠠᠷᠢᠮᠳᠠᠯᠠᠨ | ᠬᠡᠷᠡᠭᠵᠢᠬᠦᠯᠵᠦ᠂ ᠤᠨᠴᠠᠭᠠᠶᠢᠯᠠᠨ ᠪᠠᠷᠠᠭᠤᠨ ᠤᠷᠤᠨ ᠢ ᠶᠡᠬᠡᠪᠡᠷ ᠨᠡᠬᠡᠬᠡᠨ ᠬᠦᠭᠵᠢᠬᠦᠯᠦᠭᠰᠡᠨ ᠠᠴᠠ ᠨᠠᠰᠢ ᠮᠠᠨ ᠤ | ᠤᠷᠤᠨ ᠡᠬᠡ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠪᠦᠲᠦᠬᠡᠨ ᠪᠠᠶᠢᠭᠤᠯᠬᠤ ᠪᠠᠷ ᠪᠠᠶᠢᠯᠳᠤᠬᠤ ᠪᠤᠳᠤᠯᠭ᠎ᠠ ᠶᠢᠨ ᠬᠠᠷᠠᠯᠳᠠ ᠪᠠᠨ ᠪᠤᠯᠭᠠᠵᠦ᠂ ᠤᠢ ᠰᠢᠭᠤᠢ ᠶᠢᠨ ᠪᠦᠲᠦᠬᠡᠨ | ᠪᠠᠶᠢᠭᠤᠯᠤᠯᠳᠠ ᠶᠢᠨ ᠡᠷᠴᠢᠮ ᠢᠶᠠᠨ ᠲᠠᠰᠤᠷᠠᠯᠳᠠ ᠦᠬᠡᠢ ᠴᠢᠩᠭᠠᠷᠠᠭᠤᠯᠵᠠᠢ᠃ ᠡᠶᠢᠨᠬᠦ ᠮᠠᠨ ᠤ ᠤᠷᠤᠨ ᠤ ᠤᠢ | ᠰᠢᠭᠤᠢ ᠶᠢᠨ ᠲᠠᠯᠠᠪᠠᠢ ᠨᠢ ᠦᠪᠡᠷᠳᠡᠬᠡᠨ ᠵᠠᠰᠠᠬᠤ ᠤᠷᠤᠨ ᠠᠩᠬ᠎ᠠ ᠪᠠᠶᠢᠭᠤᠯᠤᠬᠳᠠᠬᠤ ᠦᠶ᠎ᠠ ᠶᠢᠨ 1.37 | ᠳ᠋ᠦᠩᠰᠢᠭᠤᠷ ᠮᠦ ᠪᠠᠶᠢᠭᠰᠠᠨ ᠠᠴᠠ ᠪᠠᠨ 2.36 ᠳ᠋ᠦᠩᠰᠢᠭᠤᠷ ᠮᠦ ᠨᠡᠮᠡᠭᠳᠡᠵᠦ᠂ ᠤᠢ ᠰᠢᠭᠤᠢ ᠶᠢᠨ ᠪᠦᠷᠬᠦᠴᠡ ᠶᠢᠨ | ᠨᠤᠷᠮ᠎ᠠ ᠨᠢ 7.7% ᠪᠠᠶᠢᠭᠰᠠᠨ ᠠᠴᠠ ᠪᠠᠨ 21.03% ᠪᠤᠯᠵᠦ ᠨᠡᠮᠡᠭᠳᠡᠭᠰᠡᠨ ᠶᠤᠮ᠃ ᠤᠳᠤ ᠮᠠᠨ ᠤ ᠤᠷᠤᠨ ᠤ | ᠪᠠᠶᠢᠭᠠᠯᠢᠯᠢᠭ ᠤᠢ ᠰᠢᠭᠤᠢ ᠶᠢᠨ ᠲᠠᠯᠠᠪᠠᠢ ᠪᠠ ᠲᠠᠷᠢᠮᠠᠯ ᠤᠢ ᠰᠢᠭᠤᠢ ᠶᠢᠨ ᠲᠠᠯᠠᠪᠠᠢ ᠲᠤᠰ ᠪᠦᠷᠢ 2.93 | ᠳ᠋ᠦᠩᠰᠢᠭᠤᠷ ᠮᠦ ᠪᠠ 9732 ᠲᠦᠮᠡᠨ ᠮᠦ ᠳᠤ ᠬᠦᠷᠦᠬᠡᠳ ᠴᠦᠮ ᠪᠦᠬᠦ ᠤᠯᠤᠰ ᠲᠤ ᠲᠡᠳ᠋ᠯᠡᠵᠦ᠂ ᠤᠷᠭᠤᠭ᠎ᠠ | ᠮᠤᠳᠤᠨ ᠤ ᠬᠠᠳᠠᠭᠠᠯᠠᠬᠳᠠᠴᠠ 14.84 ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ ᠲᠤ ᠬᠦᠷᠴᠤ ᠪᠦᠬᠦ ᠤᠯᠤᠰ | ᠤᠨ ᠲᠠᠪᠤᠳᠤᠭᠠᠷ ᠲᠤ ᠤᠷᠤᠵᠦ ᠪᠠᠶᠢᠨ᠎ᠠ᠃ ᠮᠠᠨ ᠤ ᠤᠷᠤᠨ ᠤ ᠤᠢ ᠰᠢᠭᠤᠢ ᠶᠢᠨ ᠡᠬᠢ ᠪᠠᠶᠠᠯᠢᠭ ᠭᠤᠤᠯᠳᠠᠭᠤ ᠶᠡᠭᠡ | ᠬᠢᠩᠭᠠᠨ ᠲᠠᠪᠠᠭ᠎ᠠ ᠶᠢᠨ ᠰᠢᠭᠤᠶᠢᠳᠤ ᠤᠷᠤᠨ ᠵᠢᠴᠢ ᠶᠡᠭᠡ ᠬᠢᠩᠭᠠᠨ ᠲᠠᠪᠠᠭ᠎ᠠ ᠶᠢᠨ ᠡᠮᠦᠨᠡᠳᠤ ᠬᠡᠰᠡᠭ ᠵᠢᠴᠢ ᠪᠤᠬᠳᠠ | ᠠᠭᠤᠯᠠ᠂ ᠬᠡᠰᠢᠭᠳᠡᠨ᠂ ᠲᠠᠯᠠᠨ ᠬᠠᠷ᠎ᠠ ᠠᠭᠤᠯᠠ᠂ ᠠᠯᠠᠱᠠ ᠠᠭᠤᠯᠠ ᠪᠠ ᠡᠵᠡᠨ᠎ᠠ ᠵᠡᠷᠬᠡ ᠲᠡᠳ᠋ ᠰᠢᠭᠤᠶᠢᠳᠤ ᠤᠷᠤᠨ | ᠪᠠ ᠤᠷᠳᠤ ᠬᠤᠭᠤᠴᠠᠭ᠎ᠠ ᠪᠠᠷ ᠪᠦᠲᠦᠬᠡᠨ ᠪᠠᠶᠢᠭᠤᠯᠵᠦ ᠤᠶᠢᠵᠢᠭᠤᠯᠤᠬᠰᠠᠨ ᠲᠠᠷᠢᠮᠠᠯ ᠰᠢᠭᠤᠶᠢᠳᠤ ᠤᠷᠤᠨ ᠢᠶᠠᠷ | ᠲᠠᠷᠬᠠᠵᠦ ᠪᠤᠢ᠃ |