ᠥᠪᠥᠷ ᠵᠠᠰᠠᠭ ᠠᠯᠪᠠᠨ ᠲᠠᠷᠬᠠᠭᠠᠭᠰᠠᠨ ﹇2017﹈ 45 ᠳ᠋ᠤᠭᠠᠷ ᠲᠤᠭᠠᠳᠤ | 3 ᠳ᠋ᠤᠭᠠᠷ ᠰᠠᠷ᠎ᠠ ᠶᠢᠨ 24 ᠤ ᠡᠳᠦᠷ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ᠲᠥᠷᠥ ᠶᠢᠨ ᠶᠠᠪᠤᠳᠠᠯ ᠤᠨ ᠬᠤᠷᠢᠶ᠎ᠠ ᠶᠢᠨ 162 ᠳ᠋ᠤᠭᠠᠷ ᠤᠳᠠᠭᠠᠨ ᠤ ᠪᠠᠶᠢᠩᠭᠤ ᠶᠢᠨ ᠶᠠᠪᠤᠳᠠᠯ ᠤᠨ | ᠬᠤᠷᠠᠯ ᠤᠨ ᠵᠣᠷᠢᠭ ᠰᠠᠨᠠᠭ᠎ᠠ ᠪᠠ ︽ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ | ᠪᠠᠲᠤᠯᠠᠭ᠎ᠠ ᠶᠢᠨ ᠬᠤᠯᠪᠣᠭᠳᠠᠯ ᠪᠦᠬᠦᠢ ᠠᠵᠢᠯ ᠢ ᠴᠢᠩᠭᠠᠳᠬᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2017﹈ 15 ᠳ᠋ᠤᠭᠠᠷ ᠲᠣᠭᠠᠲᠤ︶ ᠤᠨ | ᠱᠠᠭᠠᠷᠳᠠᠯᠭ᠎ᠠ ᠶᠢ ᠦᠨᠳᠦᠰᠦᠯᠡᠨ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨᠬᠦ ᠰᠠᠶᠢᠲᠤᠷ | ᠪᠠᠲᠤᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠦᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠤᠨ | ᠴᠢᠬᠤᠯᠠ ᠴᠢᠨᠠᠷ ᠤᠨ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠬᠦᠴᠢᠷᠳᠡᠯᠲᠡᠢ ᠣᠯᠠᠨ | ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠵᠤ᠂ | ᠣᠶᠢᠷ᠎ᠠ ᠶᠢᠨ ᠵᠢᠯ ᠳᠤ ᠤᠷᠢᠳ ᠬᠤᠵᠢᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ | ᠲᠡᠩᠬᠡᠷᠡᠭᠦᠯᠦᠨ ᠲᠤᠰᠠᠯᠠᠬᠤ ᠠᠷᠭ᠎ᠠ︾ ︵ᠥᠪᠥᠷ ᠵᠠᠰᠠᠭ ᠠᠯᠪᠠᠨ ᠲᠠᠷᠬᠠᠭᠠᠭᠰᠠᠨ ﹇2015﹈ 94 ᠳ᠋ᠤᠭᠡᠷ | ᠲᠣᠭᠠᠲᠤ︶ ᠵᠢᠴᠢ ᠲᠦᠷ ᠴᠠᠭ ᠤᠨ ᠲᠡᠩᠬᠡᠷᠡᠭᠦᠯᠦᠨ ᠲᠤᠰᠠᠯᠠᠬᠤ᠂ ᠮᠠᠯᠵᠢᠬᠤ ᠲᠠᠷᠢᠶᠠᠯᠠᠬᠤ ᠣᠷᠣᠨ ᠤ ᠭᠡᠷ ᠢᠶᠠᠨ | ᠰᠠᠬᠢᠭᠰᠠᠨ ᠬᠡᠤᠬᠡᠳ ᠤᠳ ᠢ ᠬᠠᠷᠠᠭᠠᠯᠵᠠᠨ ᠬᠠᠶᠢᠷᠠᠯᠠᠵᠤ ᠬᠠᠮᠠᠭᠠᠯᠠᠬᠤ᠂ ᠬᠦᠴᠢᠷᠳᠡᠯ ᠳᠤ ᠲᠤᠯᠭᠠᠷᠠᠭᠰᠠᠨ | ᠬᠡᠤᠬᠡᠳ ᠤᠳ ᠢ ᠪᠠᠲᠤᠯᠠᠬᠤ᠂ ᠣᠨᠴᠠ ᠬᠦᠴᠢᠷᠳᠡᠯᠲᠡᠢ ᠬᠦᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ | ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠭᠠᠷᠭᠠᠵᠤ᠂ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ | ᠨᠡᠮᠡᠭᠦᠷᠢ ᠪᠠ ᠬᠦᠨᠳᠦ ᠬᠡᠮᠵᠢᠶᠡᠨ ᠤ ᠵᠡᠮᠳᠡᠭᠴᠦᠳ ᠤᠨ ᠰᠣᠪᠢᠯᠠᠨ ᠠᠰᠠᠷᠠᠬᠤ ᠨᠡᠮᠡᠭᠦᠷᠢ ᠶᠢᠨ ᠳᠦᠷᠢᠮ ᠢ ᠪᠦᠬᠦ | ᠲᠠᠯ᠎ᠠ ᠪᠠᠷ ᠬᠡᠷᠡᠭᠵᠢᠭᠦᠯᠵᠦ᠂ ᠬᠤᠲᠠ ᠬᠦᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠴᠢ᠂ | ᠭᠠᠮᠰᠢᠭ ᠲᠤ ᠳᠠᠭᠠᠷᠢᠭᠳᠠᠭᠰᠠᠨ ᠣᠯᠠᠨ ᠲᠦᠮᠡᠨ᠂ ᠣᠨᠴᠠ ᠬᠦᠴᠢᠷᠳᠡᠯᠲᠡᠢ ᠬᠦᠮᠦᠰ᠂ ᠬᠦᠴᠢᠷᠳᠡᠯ ᠳᠤ | ᠲᠤᠯᠭᠠᠷᠠᠭᠰᠠᠨ ᠬᠡᠤᠬᠡᠳ᠂ ᠬᠦᠴᠢᠷᠳᠡᠯᠲᠡᠢ ᠵᠡᠮᠳᠡᠭᠴᠦᠳ᠂ ᠬᠦᠨᠳᠦ ᠬᠡᠮᠵᠢᠶᠡᠨ ᠤ ᠵᠡᠮᠳᠡᠭᠴᠦᠳ ᠵᠡᠷᠭᠡ | ᠬᠦᠴᠢᠷᠳᠡᠯᠲᠡᠢ ᠬᠦᠮᠦᠰ ᠤᠨ ᠦᠨᠳᠦᠰᠦᠨ ᠠᠮᠢᠳᠤᠷᠠᠯ ᠢ ᠪᠠᠲᠤᠯᠠᠬᠤ ᠪᠠᠷ ᠪᠠᠶᠢᠷᠢᠯᠠᠭᠤᠯᠤᠨ ᠲᠣᠬᠢᠷᠠᠭᠤᠯᠪᠠ᠃ ᠡᠯ᠎ᠡ | ᠭᠠᠵᠠᠷ ᠣᠷᠣᠨ ᠨᠤᠭᠤᠳ ᠴᠦ ᠵᠣᠬᠢᠬᠤ ᠠᠯᠢ ᠤᠯᠠᠨ ᠲᠦᠬᠦᠷ ᠲᠥᠷᠥ ᠶᠢᠨ ᠪᠣᠳᠣᠯᠭ᠎ᠠ ᠲᠣᠭᠲᠠᠭᠠᠵᠤ | ᠨᠡᠶᠢᠲᠡᠯᠡᠭᠰᠡᠨ ᠤ ᠬᠠᠮᠲᠤ ᠬᠢᠨᠠᠮᠠᠭᠠᠢ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠬᠦᠴᠢᠷᠳᠡᠯᠲᠡᠢ ᠣᠯᠠᠨ ᠲᠦᠮᠡᠨ ᠤ | ᠦᠨᠳᠦᠰᠦᠨ ᠠᠮᠢᠳᠤᠷᠠᠯ ᠢ ᠪᠦᠲᠦᠮᠵᠢᠲᠡᠢ ᠪᠠᠲᠤᠯᠠᠭᠰᠠᠨ ᠪᠠᠶᠢᠨ᠎ᠠ᠃ | ᠬᠦᠴᠢᠷᠳᠡᠯᠲᠡᠢ ᠣᠯᠠᠨ ᠲᠦᠮᠠᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠤᠯᠠᠮ ᠨᠢᠭᠡ | ᠠᠯᠬᠤᠮ ᠰᠠᠶᠢᠲᠤᠷ ᠬᠢᠬᠦ ᠪᠣᠯ ᠨᠡᠶᠢᠭᠡᠮ ᠤᠨ ᠡᠷᠬᠡ ᠲᠡᠭᠰᠢ ᠶᠢ ᠬᠠᠮᠠᠭᠠᠯᠠᠬᠤ᠂ ᠶᠣᠰᠤ ᠰᠤᠷᠲᠠᠬᠤᠨ ᠤ ᠬᠢᠵᠠᠭᠠᠷ | ᠱᠣᠭᠤᠮ ᠢ ᠡᠪᠳᠡᠬᠦ ᠶᠢ ᠰᠡᠷᠭᠡᠶᠢᠯᠡᠬᠦ ᠦᠨᠳᠦᠰᠦᠨ ᠱᠠᠭᠠᠷᠳᠠᠯᠭ᠎ᠠ ᠪᠣᠯᠣᠨ᠎ᠠ᠂ ᠮᠦᠨ ᠴᠦ ᠠᠷᠠᠳ ᠤᠨ ᠠᠮᠢᠳᠤᠷᠠᠯ ᠤᠨ | ᠳᠤᠲᠠᠭᠤᠳᠠᠯ ᠢ ᠨᠦᠬᠦᠪᠦᠷᠢᠯᠡᠬᠦ᠂ ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠬᠤ ᠶᠢᠨ ᠳᠣᠲᠣᠭᠠᠳᠤ ᠬᠡᠷᠡᠭᠴᠡᠭᠡ | ᠪᠣᠯᠣᠨ᠎ᠠ᠃ ᠬᠡᠳᠦ᠋ᠢᠪᠡᠷ ᠣᠶᠢᠷ᠎ᠠ ᠶᠢᠨ ᠵᠢᠯ ᠤᠨ ᠲᠤᠷᠰᠢ ᠡᠯ᠎ᠡ ᠱᠠᠲᠤᠨ ᠤ ᠡᠳ᠋ ᠤᠨ ᠵᠠᠰᠠᠭ ᠤᠨ ᠣᠷᠣᠯᠭ᠎ᠠ ᠶᠢᠨ | ᠨᠡᠮᠡᠭᠳᠡᠯ ᠤᠨ ᠬᠤᠷᠳᠤᠴᠠ ᠨᠢ ᠤᠳᠠᠭᠠᠪᠲᠤᠷ ᠪᠣᠯᠣᠭᠰᠠᠨ ᠪᠣᠯᠪᠠᠴᠤ ᠬᠦᠴᠢᠷᠳᠡᠯᠲᠡᠢ ᠣᠯᠠᠨ ᠲᠦᠮᠡᠨ ᠤ | ᠪᠠᠲᠤᠯᠠᠭ᠎ᠠ ᠶᠢᠨ ᠬᠢᠷᠢ ᠲᠦᠪᠰᠢᠨ ᠢ ᠪᠠᠭᠤᠷᠠᠭᠤᠯᠵᠤ ᠪᠣᠯᠬᠤ ᠦᠭᠡᠢ᠂ ᠡᠷᠴᠢᠮ ᠢ ᠰᠤᠯᠠᠷᠠᠭᠤᠯᠵᠤ ᠪᠣᠯᠬᠤ ᠦᠭᠡᠢ᠂ | ᠠᠵᠢᠯ ᠢᠶᠠᠨ ᠰᠤᠯᠠᠳᠬᠠᠵᠤ ᠪᠣᠯᠬᠤ ᠦᠭᠡᠢ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ | ᠮᠦᠴᠢᠷ ᠤᠳ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠡᠶᠢᠭᠡᠮ ᠤᠨ ᠲᠥᠷᠥ ᠶᠢᠨ ᠪᠣᠳᠣᠯᠭ᠎ᠠ ᠪᠠᠷ ᠳᠠᠭᠠᠭᠠᠨ | ᠪᠠᠲᠤᠯᠠᠬᠤ ᠲᠠᠯ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠪᠠ ᠬᠢᠵᠠᠭᠠᠷ ᠱᠤᠭᠤᠮ ᠢᠶᠠᠨ ᠰᠠᠬᠢᠬᠤ᠂ ᠭᠤᠣᠯᠳᠠᠯᠭ᠎ᠠ ᠪᠠᠨ | ᠳᠣᠪᠤᠶᠢᠯᠭᠠᠬᠤ᠂ ᠳᠥᠷᠢᠮ ᠢᠶᠠᠨ ᠲᠡᠭᠦᠯᠳᠡᠷᠵᠢᠭᠦᠯᠬᠦ᠂ ᠶᠠᠷᠢᠶ᠎ᠠ ᠬᠡᠯᠡᠯᠴᠡᠭᠡ ᠶᠢ ᠬᠦᠲᠦᠯᠦᠨ ᠵᠢᠯᠣᠭᠤᠳᠬᠤ ᠠᠷᠠᠳ ᠤᠨ | ᠠᠮᠢᠳᠤᠷᠠᠯ ᠤᠨ ᠠᠵᠢᠯ ᠤᠨ ᠰᠡᠳᠭᠢᠮᠵᠢ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠦᠴᠢᠷᠳᠡᠯᠲᠡᠢ ᠣᠯᠠᠨ ᠲᠦᠮᠡᠨ ᠤ | ᠦᠨᠳᠦᠰᠦᠨ ᠠᠮᠢᠳᠤᠷᠠᠯ ᠢ ᠪᠠᠲᠤᠯᠠᠬᠤ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ | ᠠᠷᠠᠳ ᠤᠨ ᠠᠮᠢᠳᠤᠷᠠᠯ ᠤᠨ ᠰᠠᠭᠤᠷᠢ ᠶᠢ ᠳᠠᠭᠠᠭᠠᠨ ᠪᠠᠲᠤᠯᠠᠬᠤ ᠠᠮᠦᠷ ᠲᠦᠪᠰᠢᠨ ᠤ ᠲᠣᠣᠷ ᠢ ᠨᠢᠭᠲᠠ ᠪᠦᠭᠡᠳ | ᠪᠠᠲᠤ ᠪᠠᠶᠢᠭᠤᠯᠬᠤ ᠬᠡᠷᠡᠭᠲᠡᠢ᠃ | ᠬᠤᠶᠠᠷ᠂ ᠭᠤᠣᠯᠳᠠᠯᠭ᠎ᠠ ᠲᠠᠢ ᠬᠦᠮᠦᠰ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠤᠯᠠᠮ ᠨᠢᠭᠡ | ᠠᠯᠬᠤᠮ ᠴᠢᠩᠭᠠᠳᠬᠠᠨ᠎ᠠ | ︵ᠨᠢᠭᠡ︶ ᠪᠠᠶᠢᠭᠠᠯᠢ ᠶᠢᠨ ᠭᠠᠢ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠠᠪᠤᠷᠠᠵᠤ ᠲᠤᠰᠠᠯᠠᠬᠤ ᠠᠵᠢᠯ ᠢ | ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ ᠡᠯ᠎ᠡ ᠭᠠᠵᠠᠷ ᠣᠷᠣᠨ ᠨᠤᠭᠤᠳ ᠭᠠᠮᠰᠢᠭᠳᠠᠭᠰᠠᠨ ᠣᠯᠠᠨ ᠲᠦᠮᠡᠨ ᠤ | ᠬᠦᠴᠢᠷᠳᠡᠯ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠪᠠᠶᠢᠭᠠᠯᠢ ᠶᠢᠨ ᠭᠠᠢ ᠭᠠᠮᠰᠢᠭ ᠲᠤ | ᠳᠠᠭᠠᠷᠢᠭᠳᠠᠭᠰᠠᠨ ᠠᠮᠢᠳᠤᠷᠠᠯ ᠳᠤ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ | ᠲᠡᠭᠦᠯᠳᠡᠷᠵᠢᠭᠦᠯᠵᠦ᠂ ︽ᠪᠠᠶᠢᠭᠠᠯᠢ ᠶᠢᠨ ᠭᠠᠢ ᠭᠠᠮᠰᠢᠭ ᠠᠴᠠ ᠠᠪᠤᠷᠠᠨ ᠲᠣᠰᠠᠯᠠᠬᠤ ᠪᠠᠴᠢᠮ ᠪᠠᠶᠢᠳᠠᠯ ᠢ ᠠᠷᠭᠠᠴᠠᠬᠤ | ᠲᠥᠰᠥᠯ︾ ᠪᠠ ︽ᠡᠪᠣᠯ ᠬᠠᠪᠤᠷ ᠤᠨ ᠤᠯᠠᠷᠢᠯ ᠳᠤ ᠭᠠᠮᠰᠢᠭᠳᠠᠭᠰᠠᠨ ᠬᠦᠮᠦᠰ ᠤᠨ ᠠᠮᠢᠳᠤᠷᠠᠯ ᠢ ᠠᠪᠤᠷᠠᠨ | ᠲᠤᠰᠠᠯᠠᠬᠤ ᠠᠵᠢᠯ ᠤᠨ ᠳᠦᠷᠢᠮᠯᠠᠯ︾ ᠵᠡᠷᠭᠡ ᠲᠥᠷᠥ ᠶᠢᠨ ᠪᠣᠳᠣᠯᠭ᠎ᠠ ᠶᠢᠨ ᠳᠦᠷᠢᠮ ᠳᠤ ᠵᠠᠰᠠᠪᠤᠷᠢ ᠣᠷᠤᠭᠤᠯᠤᠨ | ᠲᠡᠭᠦᠯᠳᠡᠷᠵᠢᠭᠦᠯᠦᠨ᠂ ᠭᠠᠮᠰᠢᠭ ᠤᠨ ᠪᠠᠶᠢᠳᠠᠯ ᠤᠨ ᠬᠠᠮᠢᠶᠠᠷᠤᠯᠲᠠ ᠪᠠ ᠭᠠᠮᠰᠢᠭ ᠠᠴᠠ ᠪᠣᠯᠣᠭᠰᠠᠨ ᠬᠤᠬᠢᠷᠠᠯ ᠢ | ᠦᠨᠡᠯᠡᠨ ᠵᠢᠱᠢᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠬᠡᠷᠡᠭᠲᠡᠢ᠃ ᠡᠯ᠎ᠡ ᠲᠥᠷᠥᠯ ᠤᠨ ᠪᠠᠶᠢᠭᠠᠯᠢ ᠶᠢᠨ | ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠢᠳᠡᠪᠬᠢᠲᠡᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ | ᠤᠷᠢᠶᠠᠯᠠᠨ ᠳᠠᠭᠠᠬᠤ ᠵᠡᠷᠭᠡ ᠳᠡᠰ ᠢ ᠡᠬᠢᠯᠡᠭᠦᠯᠬᠦ ᠳᠤ ᠬᠦᠷᠦᠭᠰᠡᠨ ᠪᠠᠶᠢᠭᠠᠯᠢ ᠶᠢᠨ ᠭᠠᠮᠰᠢᠭ ᠲᠤ ᠳᠠᠷᠦ᠋ᠢᠬᠠᠨ | ᠤᠷᠢᠶᠠᠯᠠᠨ ᠳᠠᠭᠠᠬᠤ ᠶᠢ ᠡᠬᠢᠯᠡᠭᠦᠯᠦᠨ᠂ ᠬᠠᠮᠤᠭ ᠤᠨ ᠲᠡᠷᠢᠭᠦᠨ ᠳᠤ ᠭᠠᠮᠰᠢᠭ ᠠᠴᠠ ᠠᠪᠤᠷᠠᠬᠤ ᠵᠣᠭᠤᠰ ᠮᠦᠩᠬᠦ ᠡᠳ᠋ | ᠪᠣᠳᠠᠰ ᠢ ᠰᠠᠯᠭᠠᠨ ᠥᠭᠴᠦ ᠪᠣᠳᠠᠲᠠᠶᠢᠵᠢᠭᠤᠯᠵᠤ᠂ ᠭᠠᠮᠰᠢᠭᠳᠠᠭᠰᠠᠨ ᠠᠷᠠᠳ ᠲᠤ ᠭᠠᠷᠳᠠᠭᠤᠯᠬᠤ ᠬᠡᠷᠡᠭᠲᠡᠢ᠃ | ᠭᠠᠮᠰᠢᠭ ᠤᠨ ᠳᠠᠷᠠᠭ᠎ᠠ ᠰᠡᠷᠭᠦᠭᠡᠨ ᠳᠠᠬᠢᠨ ᠪᠠᠶᠢᠭᠤᠯᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ | ᠭᠠᠮᠰᠢᠭ ᠠᠴᠠ ᠪᠣᠯᠵᠤ ᠨᠤᠷᠠᠵᠤ ᠡᠪᠳᠡᠷᠡᠭᠰᠡᠨ ᠭᠡᠷ ᠪᠠᠶᠢᠰᠢᠩ ᠢ ᠳᠠᠬᠢᠨ ᠰᠡᠷᠭᠦᠭᠡᠨ ᠪᠠᠶᠢᠭᠤᠯᠬᠤ ᠠᠵᠢᠯ ᠢ | ᠥᠪᠡᠷᠲᠡᠭᠡᠨ ᠵᠠᠰᠠᠬᠤ ᠣᠷᠣᠨ ᠤ ᠰᠢᠨ᠎ᠡ ᠮᠠᠯᠵᠢᠬᠤ ᠲᠠᠷᠢᠶᠠᠯᠠᠬᠤ ᠣᠷᠣᠨ ᠪᠠ ᠨᠤᠷᠠᠬᠤ ᠠᠶᠤᠯᠲᠠᠢ ᠭᠡᠷ ᠪᠠᠶᠢᠰᠢᠩ ᠢ | ᠰᠢᠨᠡᠳᠭᠡᠨ ᠪᠠᠶᠢᠭᠤᠯᠬᠤ ᠲᠥᠯᠦᠪᠵᠢᠭᠦᠯᠭᠡ ᠳᠤ ᠣᠷᠤᠭᠤᠯᠵᠤ᠂ ᠨᠤᠷᠠᠵᠤ ᠡᠪᠳᠡᠷᠡᠭᠰᠡᠨ ᠭᠡᠷ ᠪᠠᠶᠢᠰᠢᠩ ᠳᠤ | ᠨᠦᠬᠦᠪᠦᠷᠢ ᠥᠭᠬᠦ ᠪᠠᠷᠢᠮᠵᠢᠶ᠎ᠠ ᠪᠠ ᠭᠠᠮᠰᠢᠭᠳᠠᠭᠰᠠᠨ ᠣᠯᠠᠨ ᠲᠦᠮᠡᠨ ᠤ ᠢᠳᠡᠬᠦ ᠪᠤᠳᠠᠭ᠎ᠠ ᠶᠢᠨ ᠨᠦᠬᠦᠪᠦᠷᠢ ᠶᠢᠨ | ᠪᠠᠷᠢᠮᠵᠢᠶ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠬᠦ ᠬᠡᠷᠡᠭᠲᠡᠢ᠃ ᠭᠠᠮᠰᠢᠭ ᠠᠴᠠ ᠠᠪᠤᠷᠠᠬᠤ ᠡᠳ᠋ ᠪᠠᠷᠠᠭ᠎ᠠ ᠪᠠ | ᠲᠣᠨᠤᠭ ᠲᠥᠬᠦᠭᠡᠷᠦᠮᠵᠢ ᠶᠢᠨ ᠪᠠᠲᠤᠯᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠭᠠᠮᠰᠢᠭ ᠠᠴᠠ | ᠠᠪᠤᠷᠠᠬᠤ ᠡᠳ᠋ ᠪᠠᠷᠠᠭ᠎ᠠ ᠶᠢᠨ ᠨᠥᠬᠡᠴᠡᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠭᠡᠵᠦ᠂ ᠭᠠᠮᠰᠢᠭ ᠠᠴᠠ | ᠠᠪᠤᠷᠠᠬᠤ ᠡᠳ᠋ ᠪᠠᠷᠠᠭ᠎ᠠ ᠶᠢ ᠨᠥᠬᠡᠴᠡᠯᠡᠬᠦ ᠶᠢ ᠪᠦᠷᠢᠨ ᠭᠦᠢᠴᠡᠳ ᠪᠣᠯᠭᠠᠵᠤ᠂ ᠭᠠᠮᠰᠢᠭᠳᠠᠭᠰᠠᠨ ᠣᠯᠠᠨ ᠲᠦᠮᠡᠨ ᠳᠤ | ᠳᠠᠷᠤᠢ ᠲᠦᠷᠭᠡᠨ ᠪᠦᠲᠦᠮᠵᠢᠲᠡᠢ ᠠᠪᠤᠷᠠᠨ ᠲᠤᠰᠠᠯᠠᠯᠲᠠ ᠤᠯᠭᠤᠬᠤ ᠶᠢ ᠦᠨᠡᠨᠬᠦ ᠪᠠᠲᠤᠯᠠᠬᠤ ᠬᠡᠷᠡᠭᠲᠡᠢ᠃ | ︵ᠬᠤᠶᠠᠷ︶ ᠭᠤᠣᠯᠳᠠᠯᠭ᠎ᠠ ᠪᠣᠯᠬᠤ ᠬᠦᠴᠢᠷᠲᠡᠯᠲᠡᠢ ᠬᠦᠮᠦᠰ ᠤᠨ ᠦᠨᠳᠦᠰᠦᠨ ᠠᠮᠢᠳᠤᠷᠠᠯ ᠤᠨ | ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ᠲᠦᠷ ᠴᠠᠭ ᠤᠨ ᠲᠡᠩᠬᠡᠷᠡᠭᠦᠯᠦᠨ | ᠲᠤᠰᠠᠯᠠᠬᠤ ᠳᠥᠷᠢᠮ ᠢ ᠤᠯᠠᠮ ᠨᠢᠭᠡ ᠠᠯᠬᠤᠮ ᠪᠦᠷᠢᠨᠰᠢᠭᠦᠯᠬᠦ ᠪᠠ ᠨᠠᠶᠢᠳᠠᠪᠤᠷᠢᠵᠢᠭᠤᠯᠵᠤ᠂ ᠪᠠᠴᠢᠮ ᠪᠠ | ᠬᠦᠴᠢᠷᠲᠡᠯ ᠠᠴᠠ ᠠᠪᠤᠷᠠᠬᠤ ᠳᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠪᠡᠯᠡ ᠮᠦᠩᠬᠦ ᠪᠠᠷ ᠪᠠᠲᠤᠯᠠᠬᠤ | ᠡᠷᠴᠢᠮ ᠢᠶᠠᠨ ᠴᠢᠩᠭᠠᠷᠠᠭᠤᠯᠤᠨ᠂ ᠬᠦᠴᠢᠷᠲᠡᠯᠲᠡᠢ ᠣᠯᠠᠨ ᠲᠦᠮᠡᠨ ᠳᠤ ᠲᠤᠯᠭᠠᠷᠠᠭᠰᠠᠨ ᠭᠡᠨᠡᠳᠲᠡ ᠶᠢᠨ ᠴᠢᠨᠠᠷᠲᠠᠢ᠂ | ᠲᠤᠯᠭᠠᠮ᠎ᠠ ᠴᠢᠨᠠᠷᠲᠠᠢ ᠪᠣᠯᠣᠨ ᠲᠦᠷ ᠴᠠᠭ ᠤᠨ ᠴᠢᠨᠠᠷᠲᠠᠢ ᠦᠨᠳᠦᠰᠦᠨ ᠠᠮᠢᠳᠤᠷᠠᠯ ᠤᠨ ᠬᠦᠴᠢᠷ ᠢ ᠨᠢ ᠳᠠᠷᠦ᠋ᠢᠬᠠᠨ | ᠰᠢᠢᠳᠪᠦᠷᠢᠯᠡᠬᠦ ᠬᠡᠷᠡᠭᠲᠡᠢ᠃ ︽ᠲᠥᠷᠥ ᠠᠯᠪᠠᠨ ᠲᠠᠷᠬᠠᠭᠠᠭᠰᠠᠨ ﹇2015﹈ 30 ᠳ᠋ᠤᠭᠠᠷ ᠲᠣᠭᠠᠲᠤ ᠪᠢᠴᠢᠭ | ᠮᠠᠲ᠋ᠧᠷᠢᠶᠠᠯ ᠢ ᠤᠯᠠᠮᠵᠢᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇ | 2015﹈ 73 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠤᠭᠠᠷ᠂ ᠣᠨᠴᠠ ᠬᠦᠴᠢᠷᠲᠡᠯᠲᠡᠢ ᠠᠰᠠᠷᠠᠨ ᠲᠡᠵᠢᠭᠡᠯᠭᠡᠬᠦ | ᠬᠦᠮᠦᠨ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠴᠢ᠂ ᠮᠠᠯᠵᠢᠬᠤ ᠲᠠᠷᠢᠶᠠᠯᠠᠬᠤ ᠣᠷᠣᠨ ᠤ ᠳᠠᠩᠰᠠ | ᠪᠠ ᠺᠡᠷᠲ ᠲᠠᠢ ᠶᠠᠳᠠᠭᠤ ᠬᠦᠴᠢᠷᠲᠡᠯᠲᠡᠢ ᠬᠦᠮᠦᠨ ᠠᠮᠠ᠂ ᠡᠪᠡᠳᠴᠢᠨ ᠠᠴᠠ ᠪᠣᠯᠵᠤ ᠶᠠᠳᠠᠭᠤᠷᠠᠭᠰᠠᠨ ᠬᠦᠮᠦᠰ ᠵᠡᠷᠭᠡ | ᠬᠦᠴᠢᠷᠲᠡᠯᠲᠡᠢ ᠬᠦᠮᠦᠰ ᠢ ᠡᠮᠴᠢᠯᠡᠵᠦ ᠠᠪᠤᠷᠠᠨ ᠲᠤᠰᠠᠯᠠᠬᠤ ᠡᠷᠴᠢᠮ ᠢᠶᠠᠨ ᠴᠢᠩᠭᠠᠷᠠᠭᠤᠯᠵᠤ᠂ ᠮᠠᠯᠵᠢᠬᠤ ᠲᠠᠷᠢᠶᠠᠯᠠᠬᠤ | ᠣᠷᠣᠨ ᠤ ᠶᠠᠳᠠᠭᠤ ᠬᠦᠴᠢᠷᠲᠡᠯᠲᠡᠢ ᠬᠦᠮᠦᠨ ᠠᠮᠠ ᠶᠢᠨ ᠬᠦᠨᠳᠦ ᠡᠪᠡᠳᠴᠢᠨ ᠢ ᠡᠮᠨᠡᠨ ᠵᠠᠰᠠᠬᠤ ᠲᠤᠰᠬᠠᠢ ᠵᠦᠢᠯ ᠤᠨ | ᠠᠪᠤᠷᠠᠨ ᠲᠤᠰᠠᠯᠠᠬᠤ ᠠᠵᠢᠯᠯᠠᠭ᠎ᠠ ᠶᠢ ᠦᠷᠨᠢᠭᠦᠯᠬᠦ ᠬᠡᠷᠡᠭᠲᠡᠢ᠃ ︽ᠣᠨᠴᠠ ᠬᠦᠴᠢᠷᠲᠡᠯᠲᠡᠢ ᠬᠦᠮᠦᠰ ᠢ ᠲᠡᠩᠬᠡᠷᠡᠭᠦᠯᠦᠨ | ᠲᠤᠰᠠᠯᠠᠵᠤ ᠠᠰᠠᠷᠠᠨ ᠲᠡᠵᠢᠭᠡᠬᠦ ᠳᠥᠷᠢᠮ ᠢ ᠤᠯᠠᠮ ᠨᠢᠭᠡ ᠠᠯᠬᠤᠮ ᠪᠦᠷᠢᠨᠰᠢᠭᠦᠯᠬᠦ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ | ᠲᠠᠷᠬᠠᠭᠠᠭᠰᠠᠨ ﹇2016﹈ 106 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ | ᠣᠨᠴᠠ ᠬᠦᠴᠢᠷᠲᠡᠯᠲᠡᠢ ᠬᠦᠮᠦᠰ ᠤᠨ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠨᠦᠬᠦᠴᠡᠯ ᠳᠤ ᠨᠡᠶᠢᠴᠡᠭᠰᠡᠨ | ᠵᠡᠮᠳᠡᠭᠴᠦᠳ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠬᠦᠷᠢᠶ᠎ᠡ ᠬᠡᠪᠴᠢᠶᠡᠨ ᠳᠤ ᠣᠷᠤᠭᠤᠯᠬᠤ ᠬᠡᠷᠡᠭᠲᠡᠢ᠃ | ᠵᠦᠢ ᠵᠣᠬᠢᠰᠲᠠᠢ ᠲᠥᠯᠥᠪᠵᠢᠭᠦᠯᠦᠨ ᠪᠠᠶᠢᠷᠢᠰᠢᠭᠤᠯᠵᠤ᠂ ᠣᠳᠣ ᠶᠢᠨ ᠪᠠᠶᠢᠭ᠎ᠠ ᠠᠰᠠᠷᠠᠨ ᠲᠡᠵᠢᠭᠡᠬᠦ ᠪᠠᠶᠢᠭᠤᠯᠤᠮᠵᠢ ᠶᠢ | ᠡᠮᠬᠢᠯᠡᠨ ᠨᠡᠶᠢᠯᠡᠭᠦᠯᠵᠦ᠂ ᠦᠢᠯᠡᠴᠢᠯᠡᠭᠡᠨ ᠤ ᠳᠠᠭᠠᠭᠠᠨ ᠠᠪᠬᠤ ᠴᠢᠳᠠᠪᠤᠷᠢ ᠪᠠᠨ ᠳᠡᠭᠡᠭᠰᠢᠯᠡᠭᠦᠯᠵᠦ᠂ ᠠᠮᠢᠳᠤᠷᠠᠯ ᠢᠶᠠᠨ | ᠦᠪᠡᠰᠦᠪᠡᠨ ᠠᠷᠭᠠᠴᠠᠵᠤ ᠴᠢᠳᠠᠬᠤ ᠦᠭᠡᠢ ᠣᠨᠴᠠ ᠬᠦᠴᠢᠷᠲᠡᠯᠲᠡᠢ ᠬᠦᠮᠦᠰ ᠤᠨ ᠲᠥᠪᠯᠡᠷᠡᠭᠦᠯᠦᠨ ᠠᠰᠠᠷᠠᠨ | ᠲᠡᠵᠢᠭᠡᠬᠦ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠢ᠃ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠ ᠪᠠᠲᠤᠯᠠᠬᠤ | ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠦᠰᠦᠯᠲᠡ ᠯᠦᠭᠡ ᠬᠤᠯᠪᠣᠭᠳᠠᠭᠤᠯᠵᠤ ᠬᠠᠮᠲᠤᠷᠠᠨ ᠬᠦᠳᠡᠯᠦᠯᠴᠡᠬᠦ | ᠲᠣᠭᠲᠠᠴᠠ ᠶᠢ ᠨᠠᠶᠢᠳᠠᠪᠤᠷᠢᠵᠢᠭᠤᠯᠵᠤ᠂ ᠤᠯᠤᠰ ᠤᠨ ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠨᠦᠬᠦᠪᠦᠷᠢ | ᠬᠦᠷᠲᠡᠬᠦ ᠬᠠᠷᠠᠭᠠᠯᠵᠠᠯ ᠬᠦᠷᠲᠡᠭᠴᠢ᠂ ᠬᠤᠲᠠ ᠬᠦᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ | ᠬᠦᠷᠲᠡᠭᠴᠢ᠂ ᠣᠨᠴᠠ ᠬᠦᠴᠢᠷᠲᠡᠯᠲᠡᠢ ᠬᠦᠮᠦᠰ᠂ ᠠᠵᠢᠯ ᠠᠯᠳᠠᠭᠰᠠᠨ ᠳᠠᠭᠠᠳᠬᠠᠯ ᠤᠨ ᠮᠦᠩᠬᠦ ᠣᠯᠣᠭᠰᠠᠳ᠂ | ᠨᠡᠶᠢᠭᠡᠮ ᠤᠨ ᠲᠠᠷᠠᠬᠠᠢ ᠰᠠᠭᠤᠵᠤ ᠪᠠᠶᠢᠭ᠎ᠠ ᠪᠠ ᠠᠰᠠᠷᠠᠮᠵᠢ ᠶᠢᠨ ᠪᠠᠶᠢᠭᠤᠯᠤᠮᠵᠢ ᠳᠤ ᠲᠦᠪᠯᠡᠷᠡᠭᠦᠯᠵᠦ ᠠᠰᠠᠷᠠᠨ | ᠲᠡᠵᠢᠭᠡᠭᠰᠡᠨ ᠦᠨᠦᠴᠢᠨ ᠬᠡᠤᠬᠡᠳ᠂ ᠳᠡᠭᠡᠲᠥ ᠰᠤᠷᠭᠠᠭᠤᠯᠢ ᠳᠤ ᠰᠤᠷᠤᠯᠴᠠᠵᠤ ᠪᠠᠶᠢᠭ᠎ᠠ ᠭᠡᠷ ᠪᠦᠯᠢ ᠶᠢᠨ ᠠᠵᠤ | ᠠᠬᠤᠢ ᠨᠢ ᠬᠦᠴᠢᠷᠲᠡᠯᠲᠡᠢ ᠰᠤᠷᠤᠭᠴᠢᠳ ᠲᠤ ᠨᠡᠮᠡᠭᠦᠷᠢ ᠥᠭᠴᠦ᠂ ᠪᠠᠷᠠᠭᠠᠨ ᠤ ᠦᠨ᠎ᠡ ᠶᠢᠨ ᠲᠣᠭᠲᠠᠪᠤᠷᠢ | ᠦᠭᠡᠢ ᠠᠴᠠ ᠬᠦᠴᠢᠷᠲᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠨᠢ ᠨᠦᠯᠦᠭᠡᠯᠡᠭᠳᠡᠬᠦ ᠶᠢ ᠰᠡᠷᠭᠡᠶᠢᠯᠡᠬᠦ | ᠬᠡᠷᠡᠭᠲᠡᠢ᠃ ᠣᠷᠣᠨ ᠨᠣᠲᠤᠭ ᠤᠨ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠬᠢᠷᠢ ᠲᠦᠪᠰᠢᠨ ᠪᠠ ᠪᠠᠷᠠᠭᠠᠨ ᠤ | ᠦᠨ᠎ᠡ ᠶᠢᠨ ᠬᠤᠪᠢᠷᠠᠯᠲᠠ ᠶᠢᠨ ᠪᠠᠶᠢᠳᠠᠯ ᠢ ᠦᠨᠳᠦᠰᠦᠯᠡᠨ᠂ ᠬᠤᠲᠠ ᠬᠦᠳᠡᠭᠡ ᠶᠢᠨ ᠠᠮᠢᠳᠤᠷᠠᠯ ᠤᠨ ᠨᠠᠭᠠᠲᠤ | ᠵᠠᠬ᠎ᠠ ᠶᠢᠨ ᠪᠠᠲᠤᠯᠠᠭ᠎ᠠ ᠬᠦᠷᠲᠡᠭᠴᠢ᠂ ᠣᠨᠴᠠ ᠬᠦᠴᠢᠷᠲᠡᠯᠲᠡᠢ ᠬᠦᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ | ᠲᠡᠵᠢᠭᠡᠬᠦ᠂ ᠥᠨᠦᠴᠢᠨ ᠬᠡᠦᠬᠡᠳ ᠤᠳ ᠢ ᠲᠥᠪᠯᠡᠷᠡᠭᠦᠯᠬᠦ ᠪᠠ ᠰᠠᠯᠭᠠᠵᠤ ᠠᠰᠠᠷᠠᠨ ᠲᠡᠵᠢᠭᠡᠬᠦ ᠵᠡᠷᠭᠡ ᠪᠠᠲᠤᠯᠠᠭ᠎ᠠ ᠶᠢᠨ | ᠪᠠᠷᠢᠮᠵᠢᠶ᠎ᠠ ᠶᠢ ᠴᠠᠭ ᠲᠤᠨᠢ ᠲᠣᠬᠢᠷᠠᠭᠤᠯᠤᠨ ᠵᠣᠬᠢᠴᠠᠭᠤᠯᠬᠤ ᠬᠡᠷᠡᠭᠲᠡᠢ᠃ | ︵ᠭᠤᠷᠪᠠ︶ ᠬᠦᠴᠢᠷᠳᠡᠯ ᠳᠤ ᠲᠤᠯᠭᠠᠷᠠᠭᠰᠠᠨ ᠬᠡᠤᠬᠡᠳ ᠪᠣᠯᠣᠨ ᠶᠠᠳᠠᠭᠤ ᠬᠦᠴᠢᠷᠲᠡᠯᠲᠡᠢ ᠦᠨᠦᠴᠢᠨ ᠵᠡᠮᠳᠡᠭ | ᠬᠡᠦᠬᠡᠳ ᠤᠳ ᠢ ᠬᠠᠷᠠᠭᠠᠯᠵᠠᠨ ᠬᠠᠶᠢᠷᠠᠯᠠᠵᠤ ᠬᠠᠮᠠᠭᠠᠯᠠᠬᠤ ᠠᠵᠢᠯ ᠢ ᠴᠢᠩᠭᠠᠳᠬᠠᠬᠤ ᠬᠡᠷᠡᠭᠲᠡᠢ᠃ ᠬᠦᠴᠢᠷᠳᠡᠯ ᠳᠤ | ᠲᠤᠯᠭᠠᠷᠠᠭᠰᠠᠨ ᠬᠡᠦᠬᠡᠳ ᠢ ᠠᠩᠭᠢᠯᠠᠵᠤ ᠪᠠᠳᠤᠯᠠᠬᠤ ᠳᠥᠷᠢᠮ ᠢ ᠪᠠᠶᠢᠭᠤᠯᠤᠨ ᠪᠦᠷᠢᠨᠰᠢᠭᠦᠯᠵᠦ᠂ ᠣᠳᠣ ᠶᠢᠨ ᠪᠠᠶᠢᠭ᠎ᠠ | ᠬᠦᠴᠢᠷᠳᠡᠯ ᠳᠤ ᠲᠤᠯᠭᠠᠷᠠᠭᠰᠠᠨ ᠬᠡᠦᠬᠡᠳ ᠤᠳ ᠢ ᠨᠠᠷᠢᠨ ᠬᠢᠨᠠᠮᠠᠭᠠᠢ ᠵᠢᠭ᠌ᠰᠡᠭᠠᠨ ᠪᠠᠶᠢᠴᠠᠭᠠᠵᠤ ᠳᠠᠩᠰᠠ ᠡᠪᠬᠡᠮᠡᠯ | ᠪᠠᠶᠢᠭᠤᠯᠵᠤ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ︵ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ ᠤᠨ ᠰᠠᠭᠤᠭᠠᠯᠢ | ᠠᠷᠠᠳ ᠤᠨ ᠵᠦᠪᠯᠡᠯ︶ ᠳᠥᠷᠪᠡᠨ ᠱᠠᠲᠤᠨ ᠤ ᠬᠠᠮᠲᠤᠷᠠᠨ ᠬᠦᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠬᠦᠨᠳᠡᠯᠡᠨ ᠢᠶᠠᠷ ᠵᠠᠬ᠎ᠠ ᠬᠢᠵᠠᠭᠠᠷ ᠲᠤ ᠬᠦᠷᠲᠡᠯᠡᠬᠦ᠂ ᠭᠤᠯᠳᠤ ᠪᠠᠷ ᠦᠨᠳᠦᠰᠦᠨ ᠱᠠᠲᠤᠨ ᠳᠤ | ᠬᠦᠷᠲᠡᠯᠡᠬᠦ᠂ ᠬᠤᠲᠠ ᠬᠦᠳᠡᠭᠡ ᠶᠢ ᠬᠠᠮᠤᠷᠤᠭᠰᠠᠨ ᠬᠦᠴᠢᠷᠲᠡᠯ ᠳᠤ ᠲᠤᠯᠭᠠᠷᠠᠭᠰᠠᠨ ᠬᠡᠦᠬᠡᠳ ᠤᠨ ᠦᠢᠯᠡᠴᠢᠯᠡᠭᠡᠡ ᠤ | ᠲᠣᠣᠷ ᠢ ᠪᠦᠷᠢᠯᠳᠦᠬᠦᠯᠬᠦ ᠬᠡᠷᠡᠭᠲᠡᠢ᠃ ᠣᠳᠣ ᠶᠢᠨ ᠪᠠᠶᠢᠭ᠎ᠠ ᠡᠮᠴᠢᠯᠡᠭᠡ ᠶᠢᠨ ᠲᠥᠷᠥ ᠶᠢᠨ ᠪᠣᠳᠣᠯᠭ᠎ᠠ ᠶᠢᠨ ᠡᠬᠢ | ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠦᠴᠢᠷᠲᠡᠯ ᠳᠤ ᠲᠤᠯᠭᠠᠷᠠᠭᠰᠠᠨ ᠬᠡᠦᠬᠡᠳ ᠤᠨ ᠡᠮᠴᠢᠯᠡᠵᠦ ᠡᠷᠡᠭᠦᠯᠵᠢᠭᠦᠯᠬᠦ | ᠪᠠᠲᠤᠯᠠᠭ᠎ᠠ ᠶᠢᠨ ᠨᠡᠶᠢᠯᠡᠮᠡᠯ ᠬᠦᠴᠦᠨ ᠢ ᠤᠯᠠᠮ ᠨᠢᠭᠡ ᠠᠯᠬᠤᠮ ᠪᠣᠢ ᠪᠣᠯᠭᠠᠬᠤ ᠬᠡᠷᠡᠭᠲᠡᠢ᠃ ᠨᠦᠬᠦᠴᠡᠯ ᠳᠤ | ᠨᠡᠶᠢᠴᠡᠭᠰᠡᠨ ᠬᠦᠴᠢᠷᠲᠡᠯ ᠳᠤ ᠲᠤᠯᠭᠠᠷᠠᠭᠰᠠᠨ ᠬᠡᠦᠬᠡᠳ ᠤᠳ ᠢ ᠬᠤᠲᠠ ᠬᠦᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠤᠭᠤᠯᠬᠤ ᠬᠡᠷᠡᠭᠲᠡᠢ︔ ᠲᠤᠬᠠᠢ ᠶᠢᠨ ᠭᠠᠵᠠᠷ ᠤᠨ ᠬᠤᠲᠠ | ᠬᠦᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠨᠦᠬᠦᠴᠡᠯ ᠳᠤ ᠨᠡᠶᠢᠴᠡᠭᠰᠡᠨ ᠪᠣᠯ᠂ | ᠬᠠᠮᠢᠶ᠎ᠠ ᠪᠦᠬᠦᠢ ᠲᠣᠭᠲᠠᠭᠠᠯ ᠶᠣᠰᠤᠭᠠᠷ ᠡᠮ ᠡᠮᠨᠡᠯᠭᠡ ᠶᠢᠨ ᠵᠠᠷᠤᠳᠠᠯ ᠢ ᠨᠢ ᠳᠠᠷᠦ᠋ᠢᠬᠠᠨ ᠭᠦᠢᠴᠡᠳ ᠳ᠋ᠦ᠋ᠶᠢᠩᠨᠡᠨ | ᠪᠣᠳᠣᠵᠤ ᠳᠠᠩᠰᠠ ᠲᠠᠶᠢᠯᠬᠤ ᠬᠡᠷᠡᠭᠲᠡᠢ︔ ᠡᠮᠴᠢᠯᠡᠭᠡ ᠪᠠᠷ ᠠᠪᠤᠷᠠᠨ ᠲᠤᠰᠠᠯᠠᠬᠤ ᠨᠦᠬᠦᠴᠡᠯ ᠳᠤ ᠨᠡᠶᠢᠴᠡᠭᠰᠡᠨ | ᠬᠡᠦᠬᠡᠳ ᠤᠳ ᠢ ᠠᠪᠤᠷᠠᠨ ᠲᠤᠰᠠᠯᠠᠬᠤ ᠬᠦᠷᠢᠶ᠎ᠡ ᠬᠡᠪᠴᠢᠶᠡᠨ ᠳᠤ ᠣᠷᠤᠭᠤᠯᠵᠤ᠂ ᠲᠤᠬᠠᠢ ᠶᠢᠨ ᠭᠠᠵᠠᠷ ᠤᠨ | ᠡᠮᠴᠢᠯᠡᠭᠡ ᠶᠢᠨ ᠠᠪᠤᠷᠠᠨ ᠲᠤᠰᠠᠯᠠᠬᠤ ᠬᠠᠷᠢᠴᠠᠯ ᠪᠠ ᠳᠡᠭᠡᠲᠥ ᠲᠠᠯ᠎ᠠ ᠶᠢᠨ ᠬᠢᠵᠠᠭᠠᠷᠯᠠᠬᠤ ᠱᠣᠭᠤᠮ ᠶᠣᠰᠤᠭᠠᠷ | ᠲᠥᠷᠥ ᠶᠢᠨ ᠪᠣᠳᠣᠯᠭ᠎ᠠ ᠶᠢ ᠭᠦᠢᠴᠡᠳ ᠬᠡᠷᠡᠭᠯᠡᠬᠦ ᠬᠡᠷᠡᠭᠲᠡᠢ᠃ ︽ᠵᠡᠮᠳᠡᠭ ᠬᠡᠦᠬᠡᠳ ᠢ ᠮᠡᠰᠡ ᠵᠠᠰᠠᠯ ᠢᠶᠠᠷ | ᠡᠷᠡᠭᠦᠯᠵᠢᠭᠦᠯᠬᠦ ᠢᠷᠡᠭᠡᠳᠦᠢ ᠶᠢᠨ ᠲᠥᠯᠥᠪᠯᠡᠭᠡ︾ ᠶᠢ ᠦᠷᠭᠦᠯᠵᠢᠯᠡᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠭᠤᠯᠣᠭᠳᠠᠭᠰᠠᠨ ᠨᠢᠯᠬ᠎ᠠ ᠪᠣᠯᠣᠨ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠨᠠᠰᠤᠨ ᠳᠤ ᠦᠯᠦ ᠬᠦᠷᠦᠭᠰᠡᠨ | ᠡᠪᠡᠳᠴᠢᠲᠡᠨ ᠢ ᠣᠯᠵᠤ ᠮᠡᠳᠡᠬᠦ᠂ ᠬᠠᠮᠠᠭᠠᠯᠠᠨ ᠬᠦᠷᠭᠡᠬᠦ ᠪᠠ ᠡᠮᠨᠡᠨ ᠠᠪᠤᠷᠠᠬᠤ ᠲᠣᠭᠲᠠᠴᠠ ᠶᠢ ᠨᠠᠶᠢᠳᠠᠪᠤᠷᠢᠵᠢᠭᠤᠯᠵᠤ᠂ | ᠤᠷᠢᠳᠠᠪᠠᠷ ᠣᠨᠣᠰᠢᠯᠠᠬᠤ ᠬᠠᠷᠢᠭᠤᠴᠠᠯᠭ᠎ᠠ ᠶᠢᠨ ᠳᠥᠷᠢᠮ ᠪᠠ ᠤᠷᠢᠳᠤᠪᠠᠷ ᠡᠮᠨᠡᠨ ᠵᠠᠰᠠᠵᠤ ᠳᠠᠷᠠᠭ᠎ᠠ ᠳᠤᠨᠢ | ᠳ᠋ᠦ᠋ᠶᠢᠩᠨᠡᠨ ᠪᠣᠳᠣᠬᠤ ᠬᠠᠮᠢᠶᠠᠷᠤᠯᠲᠠ ᠶᠢᠨ ᠲᠥᠷᠢᠮ ᠢ ᠬᠡᠷᠡᠭᠵᠢᠭᠦᠯᠬᠦ ᠬᠡᠷᠡᠭᠲᠡᠢ᠃ ᠨᠡᠶᠢᠭᠡᠮ ᠤᠨ ᠬᠦᠴᠦᠨ ᠢ | ᠵᠣᠷᠢᠬᠵᠢᠭᠤᠯᠵᠤ ᠪᠠᠶᠢᠭᠠᠳ ᠬᠡᠦᠬᠡᠳ ᠤᠨ ᠠᠰᠠᠷᠠᠮᠵᠢ ᠶᠢᠨ ᠦᠢᠯᠡᠰ ᠤᠨ ᠬᠦᠭᠵᠢᠯᠲᠡ ᠶᠢ ᠳᠡᠮᠵᠢᠭᠦᠯᠬᠦ ᠬᠡᠷᠡᠭᠲᠡᠢ᠃ | ᠬᠦᠴᠢᠷᠲᠡᠯ ᠳᠤ ᠲᠤᠯᠭᠠᠷᠠᠭᠰᠠᠨ ᠬᠡᠦᠬᠡᠳ ᠤᠨ ᠰᠤᠷᠭᠠᠭᠤᠯᠢ ᠳᠤ ᠰᠤᠷᠤᠯᠴᠠᠬᠤ ᠶᠢ ᠵᠣᠭᠤᠰ ᠢᠶᠠᠷ ᠲᠤᠰᠠᠯᠠᠬᠤ ᠪᠠ | ᠰᠤᠷᠭᠠᠨ ᠬᠦᠮᠦᠵᠢᠯ ᠢᠶᠠᠷ ᠬᠠᠪᠰᠤᠷᠤᠨ ᠳᠡᠳᠬᠦᠬᠦ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ | ᠦᠨᠦᠴᠢᠨ᠂ ᠵᠡᠮᠳᠡᠭ᠂ ᠶᠠᠳᠠᠭᠤ ᠬᠦᠴᠢᠷᠳᠡᠯᠲᠡᠢ ᠬᠡᠦᠬᠡᠳ ᠤᠨ ᠰᠤᠷᠭᠠᠭᠤᠯᠢ ᠳᠤ ᠰᠤᠷᠤᠯᠴᠠᠬᠤ ᠳᠤ ᠵᠣᠭᠤᠰ ᠢᠶᠠᠷ | ᠲᠤᠰᠠᠯᠠᠬᠤ ᠲᠥᠯᠥᠪᠯᠡᠭᠡ ᠶᠢ ᠬᠡᠷᠡᠭᠵᠢᠭᠦᠯᠵᠦ᠂ ᠬᠦᠴᠢᠷᠲᠡᠯ ᠳᠤ ᠲᠤᠯᠭᠠᠷᠠᠭᠰᠠᠨ ᠬᠡᠦᠬᠡᠳ ᠤᠳ ᠢ ᠡᠩ ᠲᠡᠷᠢᠭᠦᠨ ᠳᠤ | ᠰᠤᠷᠭᠠᠨ ᠬᠦᠮᠦᠵᠢᠯ ᠤᠨ ᠵᠣᠭᠤᠰ ᠢᠶᠠᠷ ᠲᠤᠰᠠᠯᠠᠬᠤ ᠰᠢᠰᠲ᠋ᠧᠮᠵᠢ ᠳᠤ ᠣᠷᠤᠭᠤᠯᠵᠤ᠂ ᠰᠤᠷᠤᠯᠭ᠎ᠠ ᠶᠢᠨ ᠳᠡᠳᠭᠦᠮᠵᠢ | ᠮᠦᠩᠬᠦ ᠶᠢᠨ ᠳᠥᠷᠢᠮ ᠢ ᠲᠡᠭᠦᠯᠳᠡᠷᠵᠢᠭᠦᠯᠵᠦ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠤ ᠦᠶ᠎ᠡ ᠶᠢᠨ ︽ | ᠬᠤᠶᠠᠷ ᠢ ᠬᠡᠯᠲᠦᠷᠢᠭᠦᠯᠵᠦ ᠬᠤᠶᠠᠷ ᠢ ᠨᠦᠬᠦᠪᠦᠷᠢᠯᠡᠬᠦ︾ ᠲᠥᠷᠥ ᠶᠢᠨ ᠪᠣᠳᠣᠯᠭ᠎ᠠ ᠪᠠ ᠦᠨᠦᠴᠢᠨ ᠬᠡᠦᠬᠡᠳ᠂ ᠭᠡᠷ | ᠪᠦᠯᠢ ᠶᠢᠨ ᠠᠵᠤ ᠠᠬᠤᠢ ᠨᠢ ᠬᠦᠴᠢᠷᠲᠡᠢ ᠰᠤᠷᠤᠭᠴᠢᠳ ᠲᠤ ᠡᠩ ᠤᠨ ᠳᠡᠭᠡᠲᠦ ᠰᠤᠷᠭᠠᠭᠤᠯᠢ ᠶᠢᠨ ᠰᠢᠨ᠎ᠡ | ᠰᠤᠷᠤᠭᠴᠢ ᠶᠢ ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠦᠴᠢᠷᠲᠡᠯ ᠳᠤ | ᠲᠤᠯᠭᠠᠷᠠᠭᠰᠠᠨ ᠬᠡᠦᠬᠡᠳ ᠤᠨ ᠰᠤᠷᠭᠠᠨ ᠬᠦᠮᠦᠵᠢᠯ ᠬᠦᠷᠲᠡᠬᠦ ᠡᠷᠬᠡ ᠠᠰᠢᠭ ᠢ ᠨᠢ ᠦᠨᠡᠨᠬᠦ ᠪᠠᠲᠤᠯᠠᠬᠤ ᠬᠡᠷᠡᠭᠲᠡᠢ᠃ | ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠣᠨᠴᠠ ᠰᠤᠷᠭᠠᠨ ᠬᠦᠮᠦᠵᠢᠯ ᠤᠨ ᠠᠩᠭᠢ ᠪᠠ ᠣᠨᠴᠠ ᠰᠤᠷᠭᠠᠨ | ᠬᠦᠮᠦᠵᠢᠯ ᠤᠨ ᠰᠤᠷᠭᠠᠭᠤᠯᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠯᠪᠠᠨ ᠵᠢᠷᠤᠮ ᠤᠨ ᠰᠤᠷᠭᠠᠨ | ᠬᠦᠮᠦᠵᠢᠯ ᠤᠨ ᠱᠠᠲᠤ ᠦᠶ᠎ᠡ ᠶᠢᠨ ᠰᠤᠷᠤᠭᠴᠢ ᠶᠢᠨ ᠰᠤᠷᠤᠯᠭ᠎ᠠ ᠪᠠᠨ ᠲᠣᠷᠭᠤᠨ ᠵᠣᠭᠰᠣᠬᠤ ᠶᠢ ᠬᠠᠮᠢᠶᠠᠷᠬᠤ | ᠳᠥᠷᠢᠮ ᠢ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ᠃ | ︵ᠳᠥᠷᠪᠡ︶ ᠮᠠᠯᠵᠢᠬᠤ ᠲᠠᠷᠢᠶᠠᠯᠠᠬᠤ ᠣᠷᠣᠨ ᠤ ᠭᠡᠷ ᠢᠶᠠᠨ ᠰᠠᠬᠢᠭᠰᠠᠨ ᠬᠡᠤᠬᠡᠳ ᠤᠳ ᠢ ᠬᠠᠷᠠᠭᠠᠯᠵᠠᠨ | ᠬᠠᠶᠢᠷᠠᠯᠠᠵᠤ ᠬᠠᠮᠠᠭᠠᠯᠠᠬᠤ ᠠᠵᠢᠯ ᠢ ᠢᠳᠡᠪᠬᠢᠲᠡᠢ ᠰᠠᠶᠢᠲᠤᠷ ᠬᠢᠬᠦ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ | ᠭᠡᠷ ᠢᠶᠠᠨ ᠰᠠᠬᠢᠭᠰᠠᠨ ᠬᠡᠦᠬᠡᠳ ᠢ ︽ᠬᠦᠴᠦ ᠪᠠᠨ ᠬᠠᠮᠲᠤᠳᠬᠠᠨ ᠬᠢᠨᠠᠨ ᠬᠠᠮᠠᠭᠠᠯᠠᠵᠤ᠂ ᠬᠠᠨᠢ ᠲᠠᠢ ᠦᠰᠦᠨ | ᠪᠤᠶᠢᠵᠢᠭᠤᠯᠬᠤ︾ ᠬᠠᠷᠠᠭᠠᠯᠵᠠᠨ ᠬᠠᠶᠢᠷᠠᠯᠠᠵᠤ ᠬᠠᠮᠠᠭᠠᠯᠠᠬᠤ ᠲᠤᠰᠬᠠᠢ ᠠᠵᠢᠯᠯᠠᠭ᠎ᠠ ᠶᠢ ᠭᠦᠨᠵᠡᠭᠡᠢ ᠦᠷᠨᠢᠭᠦᠯᠵᠦ᠂ | ᠬᠠᠷᠠᠭᠠᠯᠵᠠᠨ ᠬᠠᠮᠠᠭᠠᠯᠠᠬᠤ ᠬᠦᠮᠦᠨ ᠦᠭᠡᠢ᠂ ᠬᠠᠷᠠᠭᠠᠯᠵᠠᠨ ᠬᠠᠮᠠᠭᠠᠯᠠᠬᠤ ᠴᠢᠳᠠᠯ ᠦᠭᠡᠢ᠂ ᠰᠤᠷᠤᠯᠭ᠎ᠠ ᠪᠠᠨ ᠲᠣᠷᠭᠤᠨ | ᠵᠣᠭᠰᠣᠭᠠᠭᠰᠠᠨ ᠵᠢᠴᠢ ᠡᠷᠦᠬᠡ ᠠᠮᠠ ᠨᠢ ᠳᠤᠲᠠᠭᠤ ᠪᠠᠶᠢᠬᠤ ᠪᠠ ᠡᠷᠦᠬᠡ ᠠᠮᠠ ᠦᠭᠡᠢ ᠮᠠᠯᠵᠢᠬᠤ ᠲᠠᠶᠢᠷᠶᠠᠯᠠᠬᠤ | ᠣᠷᠣᠨ ᠤ ᠭᠡᠷ ᠢᠶᠠᠨ ᠰᠠᠬᠢᠭᠰᠠᠨ ᠬᠡᠦᠬᠡᠳ ᠤᠨ ᠠᠮᠢᠳᠤᠷᠠᠯ ᠢ ᠪᠠᠲᠤᠯᠠᠬᠤ ᠠᠰᠠᠭᠤᠳᠠᠯ ᠤᠳ ᠢ ᠭᠤᠣᠯᠳᠠᠯᠭ᠎ᠠ ᠲᠠᠢ | ᠰᠢᠢᠳᠪᠦᠷᠢᠯᠡᠵᠦ᠂ 2017 ᠣᠨ ᠤ ᠰᠠᠭᠦᠯᠴᠢ ᠠᠴᠠ ᠡᠮᠦᠨ᠎ᠡ ᠮᠠᠯᠵᠢᠬᠤ ᠲᠠᠷᠢᠶᠠᠯᠠᠬᠤ ᠣᠷᠣᠨ ᠤ ᠭᠡᠷ ᠢᠶᠠᠨ | ᠰᠠᠬᠢᠭᠰᠠᠨ ᠬᠡᠦᠬᠡᠳ ᠪᠦᠬᠦᠨ ᠢ ᠬᠠᠷᠠᠭᠠᠯᠵᠠᠨ ᠬᠠᠮᠠᠭᠠᠯᠠᠬᠤ ᠬᠦᠷᠢᠶ᠎ᠡ ᠬᠡᠪᠴᠢᠶᠡᠨ ᠳᠤ ᠪᠦᠲᠦᠮᠵᠢᠲᠡᠢ ᠣᠷᠤᠭᠤᠯᠵᠤ᠂ | ᠮᠠᠯᠵᠢᠬᠤ ᠲᠠᠷᠢᠶᠠᠯᠠᠬᠤ ᠣᠷᠣᠨ ᠤ ᠭᠡᠷ ᠢᠶᠠᠨ ᠰᠠᠬᠢᠭᠰᠠᠨ ᠬᠡᠦᠬᠡᠳ ᠢ ᠬᠠᠷᠠᠭᠠᠯᠵᠠᠨ ᠬᠠᠮᠠᠭᠠᠯᠠᠬᠤ ᠬᠦᠮᠦᠨ ᠦᠭᠡᠢ | ᠪᠠᠶᠢᠬᠤ ᠦᠵᠡᠭᠳᠡᠯ ᠢ ᠦᠨᠳᠤᠰᠦ ᠠᠴᠠ ᠨᠢ ᠲᠠᠰᠤ ᠰᠢᠢᠳᠪᠦᠷᠢᠯᠡᠨ᠂ ᠬᠠᠷᠠᠭᠠᠯᠵᠠᠨ ᠬᠠᠮᠠᠭᠠᠯᠠᠭᠴᠢ ᠨᠢ ᠮᠠᠯᠵᠢᠬᠤ | ᠲᠠᠷᠢᠶᠠᠯᠠᠬᠤ ᠣᠷᠣᠨ ᠤ ᠭᠡᠷ ᠢᠶᠠᠨ ᠰᠠᠬᠢᠭᠰᠠᠨ ᠬᠡᠦᠬᠡᠳ ᠤᠨ ᠡᠷᠬᠡ ᠠᠰᠢᠭ ᠲᠤ ᠬᠠᠯᠳᠠᠬᠤ ᠦᠢᠯᠡ ᠠᠵᠢᠯᠯᠠᠭ᠎ᠠ ᠶᠢ | ᠪᠦᠲᠦᠮᠵᠢᠲᠡᠢ ᠬᠤᠷᠢᠭᠯᠠᠵᠤ᠂ ᠮᠠᠯᠵᠢᠬᠤ ᠲᠠᠷᠢᠶᠠᠯᠠᠬᠤ ᠣᠷᠣᠨ ᠤ ᠭᠡᠷ ᠢᠶᠠᠨ ᠰᠠᠬᠢᠭᠰᠠᠨ ᠬᠡᠦᠬᠡᠳ ᠤᠨ ᠲᠤᠰ | ᠪᠡᠶ᠎ᠡ ᠶᠢᠨ ᠠᠮᠤᠷ ᠲᠦᠪᠰᠢᠨ ᠤ ᠬᠢᠵᠠᠭᠠᠷ ᠱᠣᠭᠤᠮ ᠢ ᠦᠨᠡᠨᠬᠦ ᠪᠠᠲᠤᠯᠠᠨ ᠳᠠᠭᠠᠭᠠᠬᠤ ᠪᠠᠷ ᠴᠢᠷᠮᠠᠶᠢᠬᠤ ᠬᠡᠷᠡᠭᠲᠡᠢ᠃ | ᠡᠯ᠎ᠡ ᠭᠠᠵᠠᠷ ᠤᠨ ᠬᠢᠨ ᠭᠡᠷ ᠪᠦᠯᠢ ᠶᠢᠨ ᠬᠠᠷᠢᠭᠤᠴᠠᠯᠭ᠎ᠠ ᠬᠢᠭᠡᠳ ᠵᠠᠰᠠᠭ ᠤᠨ ᠣᠷᠳᠣᠨ ᠤ ᠬᠠᠷᠢᠭᠤᠴᠠᠯᠭ᠎ᠠ᠂ ᠡᠳ᠋ | ᠪᠣᠳᠠᠰ ᠢᠶᠠᠷ ᠬᠠᠷᠠᠭᠠᠯᠵᠠᠨ ᠬᠠᠶᠢᠷᠠᠯᠠᠬᠤ ᠬᠢᠭᠡᠳ ᠤᠶᠤᠨ ᠰᠠᠨᠠᠭ᠎ᠠ ᠪᠠᠷ ᠬᠠᠷᠠᠭᠠᠯᠵᠠᠨ ᠬᠠᠶᠢᠷᠠᠯᠠᠬᠤ᠂ ᠬᠠᠷᠠᠭᠠᠯᠵᠠᠨ | ᠬᠠᠶᠢᠷᠠᠯᠠᠬᠤ ᠦᠢᠯᠡᠴᠢᠯᠡᠭᠡ ᠪᠣᠯᠣᠨ ᠠᠪᠤᠷᠠᠨ ᠲᠤᠰᠠᠯᠠᠵᠤ ᠬᠠᠮᠠᠭᠠᠯᠠᠬᠤ ᠬᠠᠷᠢᠴᠠᠭ᠎ᠠ ᠬᠤᠯᠪᠣᠭ᠎ᠠ ᠶᠢ ᠵᠠᠰᠠᠵᠤ | ᠲᠢᠭᠯᠡᠭᠰᠡᠨ ᠰᠠᠭᠤᠷᠢᠨ ᠳᠡᠭᠡᠷ᠎ᠡ᠂ ᠭᠡᠷ ᠢᠶᠠᠨ ᠰᠠᠬᠢᠭᠰᠠᠨ ᠬᠡᠦᠬᠡᠳ ᠵᠢᠴᠢ ᠭᠡᠷ ᠪᠦᠯᠢ ᠶᠢᠨ ᠬᠢᠨᠢ ᠠᠳᠠᠯᠢ ᠪᠣᠰᠤ | ᠬᠡᠷᠡᠭᠴᠡᠭᠡ ᠱᠠᠭᠠᠷᠳᠠᠯᠭ᠎ᠠ ᠶᠢ ᠨᠢ ᠦᠨᠳᠦᠰᠦᠯᠡᠨ᠂ ᠠᠩᠭᠢᠯᠠᠵᠤ ᠬᠠᠪᠰᠤᠷᠤᠨ ᠳᠡᠳᠭᠦᠭᠦ᠂ ᠬᠤᠲᠠ ᠬᠦᠳᠡᠭᠡ ᠶᠢᠨ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠪᠣᠯᠣᠨ ᠦᠨᠦᠴᠢᠨ ᠬᠡᠦᠬᠡᠳ ᠤᠨ ᠪᠠᠲᠤᠯᠠᠭ᠎ᠠ ᠶᠢᠨ ᠬᠦᠷᠢᠶ᠎ᠡ | ᠬᠡᠪᠴᠢᠶ᠎ᠡ ᠳᠤ ᠣᠷᠤᠭᠤᠯᠬᠤ ᠪᠣᠶᠤ ᠲᠦᠷ ᠴᠠᠭ ᠤᠨ ᠠᠪᠤᠷᠠᠨ ᠲᠤᠰᠠᠯᠠᠬᠤ ᠪᠠ ᠡᠮᠴᠢᠯᠡᠭᠡ ᠪᠠᠷ ᠠᠪᠤᠷᠠᠨ ᠲᠤᠰᠠᠯᠠᠬᠤ | ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠲᠦᠷ ᠴᠠᠭ ᠤᠨ ᠵᠢᠯᠣᠭᠤᠳᠤᠯᠭ᠎ᠠ ᠬᠢᠬᠦ | ᠴᠢᠬᠤᠯᠠ ᠲᠠᠢ ᠪᠣᠯ᠂ ᠬᠠᠮᠢᠶ᠎ᠠ ᠪᠦᠬᠦᠢ ᠰᠠᠯᠠᠭ᠎ᠠ ᠮᠦᠴᠢᠷ ᠪᠣᠶᠤ ᠲᠤᠰᠬᠠᠢ ᠬᠦᠴᠦᠨ ᠢᠶᠠᠷ ᠳᠠᠮᠵᠢᠨ ᠰᠤᠷᠭᠠᠨ | ᠬᠦᠮᠦᠵᠢᠯ ᠤᠨ ᠬᠠᠪᠰᠤᠷᠤᠨ ᠵᠢᠯᠣᠭᠤᠳᠬᠤ᠂ ᠰᠡᠳᠭᠢᠴᠡ ᠶᠢᠨ ᠯᠠᠪᠯᠠᠯᠭ᠎ᠠ ᠵᠡᠷᠭᠡ ᠦᠢᠯᠡᠴᠢᠯᠡᠭᠡ ᠦᠭᠴᠦ᠂ ᠭᠡᠷ | ᠪᠦᠯᠢ ᠶᠢᠨ ᠬᠠᠷᠠᠭᠠᠯᠵᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ︔ ᠣᠷᠣᠯᠠᠨ ᠬᠠᠷᠠᠭᠠᠯᠵᠠᠬᠤ | ᠴᠢᠬᠤᠯᠠ ᠲᠠᠢ ᠪᠣᠯ᠂ ᠪᠣᠰᠣᠳ ᠬᠠᠷᠠᠭᠠᠯᠵᠠᠨ ᠬᠠᠮᠠᠭᠠᠯᠠᠭᠴᠢ ᠶᠢ ᠳᠠᠷᠦ᠋ᠢᠬᠠᠨ ᠵᠣᠬᠢᠴᠠᠭᠤᠯᠵᠤ ᠪᠠᠶᠢᠭᠠᠳ | ᠠᠮᠢᠳᠤᠷᠠᠯ ᠢ ᠨᠢ ᠬᠠᠷᠠᠭᠠᠯᠵᠠᠬᠤ ᠬᠡᠷᠡᠭᠲᠡᠢ︔ ᠪᠣᠰᠣᠳ ᠬᠠᠷᠠᠭᠠᠯᠵᠠᠨ ᠬᠠᠮᠠᠭᠠᠯᠠᠭᠴᠢ ᠪᠠᠶᠢᠬᠤ ᠦᠭᠡᠢ ᠪᠣᠯ᠂ | ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ ᠲᠦᠷ ᠴᠠᠭ ᠬᠠᠷᠠᠭᠠᠯᠵᠠᠬᠤ ᠬᠡᠷᠡᠭᠲᠡᠢ᠃ ᠬᠠᠷᠠᠭᠠᠯᠵᠠᠨ | ᠬᠠᠮᠠᠭᠠᠯᠠᠭᠴᠢ ᠶᠢᠨ ᠬᠠᠯᠳᠠᠭᠰᠠᠨ ᠶᠠᠪᠤᠳᠠᠯ ᠳᠤ ᠬᠠᠷᠢᠶᠠᠯᠠᠭᠳᠠᠭᠪᠠᠯ ᠰᠢᠭᠤᠳ ᠬᠠᠤᠯᠢ ᠴᠠᠭᠠᠵᠠ ᠶᠢᠨ | ᠬᠠᠷᠢᠭᠤᠴᠠᠯᠭ᠎ᠠ ᠶᠢ ᠨᠢ ᠨᠡᠬᠡᠮᠵᠢᠯᠡᠵᠦ᠂ ᠬᠠᠷᠠᠭᠠᠯᠵᠠᠨ ᠬᠠᠮᠠᠭᠠᠯᠠᠭᠴᠢ ᠶᠢᠨ ᠬᠢᠷᠢ ᠬᠡᠮ ᠢ ᠨᠢ ᠬᠦᠴᠦᠨ ᠦᠭᠡᠢ | ᠪᠣᠯᠭᠠᠬᠤ ᠪᠠᠷ ᠭᠤᠶᠤᠴᠢᠯᠠᠬᠤ ᠬᠡᠷᠡᠭᠲᠡᠢ᠃ ᠭᠡᠷ ᠢᠶᠠᠨ ᠰᠠᠬᠢᠭᠰᠠᠨ ᠬᠡᠦᠬᠡᠳ ᠤᠨ ᠲᠥᠪᠯᠡᠷᠡᠭᠰᠡᠨ ᠭᠠᠵᠠᠷ ᠣᠷᠣᠨ ᠤ | ᠬᠦᠮᠦᠵᠢᠭᠦᠯᠦᠨ ᠪᠤᠶᠢᠵᠢᠭᠤᠯᠬᠤ ᠲᠤᠷᠰᠢᠯᠲᠠ ᠶᠢᠨ ᠴᠢᠬ ᠲᠤ᠂ ᠵᠠᠰᠠᠭ ᠤᠨ ᠣᠷᠳᠣᠨ ᠠᠴᠠ ᠦᠢᠯᠡᠴᠢᠯᠡᠭᠡ | ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠵᠤ ᠭᠡᠷ ᠢᠶᠠᠨ ᠰᠠᠬᠢᠭᠰᠠᠨ ᠬᠡᠦᠬᠡᠳ ᠤᠨ ᠠᠵᠢᠯᠯᠠᠬᠤ | ᠬᠦᠴᠦᠨ ᠢ ᠲᠡᠭᠦᠯᠳᠡᠷᠵᠢᠭᠦᠯᠬᠦ ᠶᠢ ᠰᠦᠪᠡᠭᠴᠢᠯᠡᠵᠦ᠂ ᠠᠵᠢᠯᠲᠡᠨ ᠤ ᠲᠣᠬᠢᠷᠠᠭᠤᠯᠤᠯᠲᠠ ᠪᠠᠷ ᠬᠦᠷᠦᠯᠴᠡᠬᠦ ᠦᠭᠡᠢ | ᠠᠰᠠᠭᠤᠳᠠᠯ ᠢ ᠰᠢᠢᠳᠪᠦᠷᠢᠯᠡᠵᠦ᠂ ᠭᠡᠷ ᠢᠶᠠᠨ ᠰᠠᠬᠢᠭᠰᠠᠨ ᠬᠡᠦᠬᠡᠳ ᠢ ᠬᠠᠷᠠᠭᠠᠯᠵᠠᠨ ᠬᠠᠶᠢᠷᠠᠯᠠᠵᠤ ᠬᠠᠮᠠᠭᠠᠯᠠᠬᠤ ᠣᠷᠳᠣ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ ᠬᠦᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠬᠦ ᠳᠤ | ᠪᠠᠲᠤᠯᠠᠭ᠎ᠠ ᠬᠠᠩᠭᠠᠬᠤ ᠬᠡᠷᠡᠭᠲᠡᠢ᠃ ᠣᠯᠠᠨ ᠵᠦᠢᠯ ᠤᠨ ᠠᠷᠭ᠎ᠠ ᠵᠠᠮ᠂ ᠣᠯᠠᠨ ᠵᠦᠢᠯ ᠤᠨ ᠠᠷᠭ᠎ᠠ ᠮᠠᠶ᠋ᠢᠭ ᠢᠶᠠᠷ | ᠳᠠᠮᠵᠢᠨ ᠮᠠᠯᠵᠢᠬᠤ ᠲᠠᠷᠢᠶᠠᠯᠠᠬᠤ ᠣᠷᠣᠨ ᠤ ᠭᠡᠷ ᠢᠶᠠᠨ ᠰᠠᠬᠢᠭᠰᠠᠨ ᠬᠡᠦᠬᠡᠳ ᠢ ᠬᠠᠷᠠᠭᠠᠯᠵᠠᠨ ᠬᠠᠶᠢᠷᠠᠯᠠᠵᠤ | ᠬᠠᠮᠠᠭᠠᠯᠠᠬᠤ ᠠᠵᠢᠯ ᠤᠨ ᠬᠠᠮᠢᠶ᠎ᠠ ᠪᠦᠬᠦᠢ ᠬᠠᠤᠯᠢ ᠴᠠᠭᠠᠵᠠ᠂ ᠲᠥᠷᠥ ᠶᠢᠨ ᠪᠣᠳᠣᠯᠭ᠎ᠠ᠂ ᠲᠣᠭᠲᠠᠭᠠᠯ ᠤᠳ ᠢ ᠶᠡᠬᠡᠪᠡᠷ | ᠤᠬᠠᠭᠤᠯᠵᠤ᠂ ᠵᠠᠰᠠᠭ ᠤᠨ ᠣᠷᠳᠣᠨ ᠢᠶᠠᠷ ᠲᠦᠷᠦᠭᠦᠯᠡᠵᠦ᠂ ᠰᠠᠯᠠᠭ᠎ᠠ ᠮᠦᠴᠢᠷ ᠤᠳ ᠬᠠᠮᠵᠢᠯᠴᠠᠬᠤ᠂ | ᠨᠡᠶᠢᠭᠡᠮ ᠢᠶᠠᠷ ᠢᠶᠠᠨ ᠣᠷᠣᠯᠴᠠᠬᠤ᠂ ᠪᠦᠬᠦ ᠨᠡᠶᠢᠭᠡᠮ ᠢᠶᠠᠷ ᠢᠶᠠᠨ ᠭᠡᠷ ᠢᠶᠠᠨ ᠰᠠᠬᠢᠭᠰᠠᠨ ᠬᠡᠦᠬᠡᠳ ᠤᠳ ᠢ ᠬᠠᠷᠠᠭᠠᠯᠵᠠᠨ | ᠬᠠᠶᠢᠷᠠᠯᠠᠵᠤ ᠬᠠᠮᠠᠭᠠᠯᠠᠭᠰᠠᠨ ᠰᠠᠶᠢᠨ ᠰᠠᠶᠢᠬᠠᠨ ᠣᠷᠴᠢᠨ ᠠᠬᠤᠢ ᠶᠢ ᠪᠣᠢ ᠪᠣᠯᠭᠠᠬᠤ ᠬᠡᠷᠡᠭᠲᠡᠢ᠃ | ︵ᠲᠠᠪᠤ︶ ᠠᠮᠢᠳᠤᠷᠠᠯ ᠨᠢ ᠠᠷᠭᠠᠴᠠᠭ᠎ᠠ ᠦᠭᠡᠢ ᠲᠡᠨᠦᠭᠦᠯ ᠭᠤᠶᠢᠷᠠᠨᠴᠢᠳ ᠢ ᠠᠪᠤᠷᠠᠨ ᠲᠤᠰᠠᠯᠠᠬᠤ | ᠬᠠᠮᠢᠶᠠᠷᠤᠯᠲᠠ ᠶᠢ ᠦᠨᠡᠨᠬᠦ ᠴᠢᠩᠭᠠᠳᠬᠠᠬᠤ ᠬᠡᠷᠡᠭᠲᠡᠢ᠃ ︽ᠵᠠᠰᠠᠭ ᠤᠨ ᠣᠷᠳᠣᠨ ᠢᠶᠠᠷ ᠭᠤᠣᠯᠯᠠᠵᠤ᠂ ᠠᠷᠠᠳ ᠤᠨ | ᠶᠠᠪᠤᠳᠠᠯ ᠢᠶᠠᠷ ᠲᠦᠷᠦᠭᠦᠯᠡᠭᠦᠯᠦᠨ᠂ ᠰᠠᠯᠠᠭ᠎ᠠ ᠮᠦᠴᠢᠷ ᠤᠳ ᠬᠠᠮᠵᠢᠯᠴᠠᠵᠤ᠂ ᠨᠡᠶᠢᠭᠡᠮ ᠢᠶᠠᠷ ᠢᠶᠠᠨ ᠣᠷᠣᠯᠴᠠᠬᠤ︾ | ᠰᠡᠳᠭᠢᠮᠵᠢ ᠶᠣᠰᠤᠭᠠᠷ᠂ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠪᠠᠶᠢᠭᠤᠯᠤᠮᠵᠢ ᠪᠠᠷ ᠭᠤᠣᠯᠯᠠᠭᠴᠢ ᠪᠣᠯᠭᠠᠵᠤ᠂ | ᠨᠡᠶᠢᠭᠡᠮ ᠲᠣᠭᠤᠷᠢᠭ ᠢᠶᠠᠷ ᠦᠵᠦᠭᠦᠷᠯᠡᠭᠰᠡᠨ᠂ ᠠᠷᠠᠳ ᠤᠨ ᠶᠠᠪᠤᠳᠠᠯ᠂ ᠰᠤᠷᠭᠠᠨ ᠬᠦᠮᠦᠵᠢᠯ᠂ ᠳᠣᠲᠣᠭᠠᠳᠤ ᠶᠢ | ᠬᠠᠮᠠᠭᠠᠯᠠᠬᠤ᠂ ᠡᠷᠡᠭᠦᠯ ᠬᠠᠮᠠᠭᠠᠯᠠᠯ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠡᠪ ᠬᠠᠮᠲᠤ ᠵᠠᠯᠠᠭᠤᠴᠤᠳ ᠤᠨ | ᠡᠪᠯᠡᠯ ᠵᠡᠷᠭᠡ ᠰᠠᠯᠠᠭ᠎ᠠ ᠮᠦᠴᠢᠷ ᠤᠳ ᠵᠣᠬᠢᠴᠠᠯᠳᠤᠨ ᠬᠠᠮᠵᠢᠯᠴᠠᠭᠰᠠᠨ᠂ ᠬᠦᠨᠳᠡᠯᠡᠨ ᠢᠶᠠᠷ ᠵᠠᠬ᠎ᠠ ᠬᠢᠵᠠᠭᠠᠷ | ᠬᠦᠷᠦᠭᠦᠯᠦᠭᠰᠡᠨ᠂ ᠭᠤᠯᠳᠤ ᠪᠠᠷ ᠦᠨᠳᠦᠰᠦᠨ ᠱᠠᠲᠤᠨ ᠳᠤ ᠬᠦᠷᠦᠭᠦᠯᠦᠭᠰᠡᠨ ᠠᠪᠤᠷᠠᠨ ᠲᠤᠰᠠᠯᠠᠬᠤ ᠦᠢᠯᠡᠴᠢᠯᠡᠭᠡᠨ ᠤ | ᠲᠣᠣᠷ ᠰᠦᠯᠵᠢᠶ᠎ᠡ ᠶᠢ ᠪᠣᠢ ᠪᠣᠯᠭᠠᠬᠤ ᠬᠡᠷᠡᠭᠲᠡᠢ᠃ ᠡᠯ᠎ᠡ ᠱᠠᠲᠤᠨ ᠤ ᠠᠪᠤᠷᠠᠨ ᠲᠤᠰᠠᠯᠠᠬᠤ ᠬᠠᠮᠢᠶᠠᠷᠤᠯᠲᠠ ᠶᠢᠨ | ᠪᠠᠶᠢᠭᠤᠯᠤᠮᠵᠢ ᠶᠢᠨ ᠡᠳᠦᠷ ᠳᠣᠲᠣᠮ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠪᠤᠷᠠᠨ ᠲᠤᠰᠠᠯᠠᠬᠤ | ᠬᠠᠮᠢᠶᠠᠷᠤᠯᠲᠠ ᠶᠢᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠬᠠᠮᠢᠶᠠᠷᠤᠯᠲᠠ ᠶᠢᠨ ᠦᠵᠡᠯ ᠤᠬᠠᠮᠰᠠᠷ | ᠪᠠ ᠠᠮᠤᠷ ᠲᠦᠪᠰᠢᠨ ᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠪᠦᠬᠦ ᠣᠷᠣᠨ ᠤ ᠠᠪᠤᠷᠠᠨ | ᠲᠤᠰᠠᠯᠠᠬᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠡᠳᠦᠷ ᠳᠣᠲᠣᠮ ᠤᠨ ᠠᠵᠢᠯ ᠤᠨ ᠴᠣᠪᠣᠷᠠᠯ ᠢ ᠭᠤᠣᠯᠳᠠᠯᠭ᠎ᠠ ᠲᠠᠢ | ᠨᠠᠷᠢᠯᠢᠬᠵᠢᠭᠤᠯᠵᠤ᠂ ᠰᠠᠭᠤᠷᠢ ᠠᠴᠠ ᠨᠢ ᠳᠠᠭᠠᠭᠠᠨ ᠪᠠᠲᠤᠯᠠᠬᠤ ᠦᠢᠯᠡᠳᠦᠯ ᠢ ᠨᠢ ᠪᠠᠳᠠᠷᠠᠭᠤᠯᠵᠤ᠂ | ᠰᠠᠨᠠᠭᠠᠴᠢᠯᠠᠭ᠎ᠠ ᠠᠴᠠ ᠪᠠᠨ ᠠᠪᠤᠷᠠᠨ ᠲᠤᠰᠠᠯᠠᠬᠤ᠂ ᠮᠦᠷᠳᠡᠨ ᠳᠠᠭᠠᠵᠤ ᠳᠠᠬᠢᠨ ᠰᠤᠷᠪᠤᠯᠵᠢᠯᠠᠬᠤ ᠵᠡᠷᠭᠡ ᠭᠠᠳᠠᠭᠰᠢ | ᠲᠡᠯᠡᠭᠰᠡᠨ ᠠᠪᠤᠷᠠᠵᠤ ᠲᠤᠰᠠᠯᠠᠬᠤ ᠦᠢᠯᠡᠴᠢᠯᠡᠭᠡ ᠳᠤ ᠵᠢᠯᠣᠭᠤᠳᠤᠯᠭ᠎ᠠ ᠬᠢᠬᠦ ᠬᠡᠷᠡᠭᠲᠡᠢ︔ ᠡᠮᠴᠢᠯᠡᠵᠦ ᠠᠪᠤᠷᠠᠨ | ᠵᠠᠰᠠᠬᠤ᠂ ᠰᠤᠷᠭᠠᠨ ᠬᠦᠮᠦᠵᠢᠯ ᠢᠶᠠᠷ ᠵᠠᠰᠠᠨ ᠵᠠᠯᠠᠷᠠᠭᠤᠯᠬᠤ᠂ ᠲᠥᠪᠬᠢᠨᠡᠭᠦᠯᠦᠨ ᠬᠠᠷᠠᠭᠠᠯᠵᠠᠬᠤ ᠵᠡᠷᠭᠡ ᠲᠤᠰᠬᠠᠢ | ᠮᠡᠷᠭᠡᠵᠢᠯ ᠤᠨ ᠴᠢᠨᠠᠷᠲᠠᠢ ᠠᠪᠤᠷᠠᠨ ᠲᠤᠰᠠᠯᠠᠬᠤ ᠦᠢᠯᠡᠴᠢᠯᠡᠭᠡ ᠳᠤ ᠳᠡᠮᠵᠢᠯᠭᠡ ᠬᠠᠩᠭᠠᠬᠤ ᠬᠡᠷᠡᠭᠲᠡᠢ︔ ᠲᠦᠷ ᠴᠠᠭ | ᠦᠮᠦᠭᠯᠡᠨ ᠬᠠᠮᠠᠭᠠᠯᠠᠬᠤ᠂ ᠨᠤᠲᠤᠭ ᠲᠤᠨᠢ ᠪᠣᠴᠠᠭᠠᠵᠤ ᠠᠪᠤᠷᠠᠨ ᠲᠤᠰᠠᠯᠠᠬᠤ ᠵᠡᠷᠭᠡ ᠬᠠᠪᠰᠤᠷᠤᠮᠵᠢ ᠶᠢᠨ ᠴᠢᠨᠠᠷᠲᠠᠢ | ᠠᠪᠤᠷᠠᠨ ᠲᠤᠰᠠᠯᠠᠬᠤ ᠦᠢᠯᠡᠴᠢᠯᠡᠭᠡ ᠳᠤ ᠪᠠᠲᠤᠯᠠᠭ᠎ᠠ ᠬᠠᠩᠭᠠᠬᠤ ᠬᠡᠷᠡᠭᠲᠡᠢ︔ ᠨᠠᠰᠤᠨ ᠳᠤ ᠦᠯᠦ ᠬᠦᠷᠦᠭᠰᠡᠳ ᠢ | ᠠᠪᠤᠷᠠᠨ ᠲᠤᠰᠠᠯᠠᠵᠤ ᠬᠠᠮᠠᠭᠠᠯᠠᠬᠤ ᠦᠢᠯᠡᠴᠢᠯᠡᠭᠡ ᠶᠢ ᠡᠬᠢ ᠢᠷᠡᠯᠲᠡ ᠠᠴᠠ ᠨᠢ ᠰᠡᠷᠡᠮᠵᠢᠯᠡᠨ ᠰᠡᠷᠭᠡᠶᠢᠯᠡᠬᠦ ᠶᠢ | ᠴᠢᠩᠭᠠᠷᠠᠭᠤᠯᠵᠤ᠂ ᠬᠢᠨᠠᠨ ᠬᠠᠮᠠᠭᠠᠯᠠᠨ ᠬᠠᠮᠢᠶᠠᠷᠬᠤ ᠳᠤ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠬᠠᠩᠭᠠᠬᠤ ᠬᠡᠷᠡᠭᠲᠡᠢ | ᠃ ︽ᠬᠠᠬᠢᠷ ᠡᠪᠣᠯ ᠳᠤ ᠬᠠᠶᠢᠷ᠎ᠠ ᠬᠠᠯᠠᠮᠵᠢ ᠬᠦᠷᠭᠡᠬᠦ︾ ᠲᠤᠰᠬᠠᠢ ᠠᠵᠢᠯᠯᠠᠭ᠎ᠠ ᠶᠢ ᠬᠢᠨᠠᠮᠠᠭᠠᠢ ᠦᠷᠨᠢᠭᠦᠯᠵᠦ᠂ | ᠠᠮᠢᠳᠤᠷᠠᠯ ᠨᠢ ᠠᠷᠭᠠᠴᠠᠭ᠎ᠠ ᠦᠭᠡᠢ ᠲᠡᠨᠦᠭᠦᠯ ᠭᠤᠶᠢᠷᠠᠨᠴᠢᠳ ᠵᠢᠴᠢ ᠲᠦᠷ ᠵᠠᠭᠤᠷ᠎ᠠ ᠬᠦᠴᠢᠷᠳᠡᠯ ᠳᠤ ᠤᠴᠠᠷᠠᠭᠰᠠᠨ | ᠣᠯᠠᠨ ᠲᠦᠮᠡᠨ ᠳᠤ ᠳᠠᠷᠦ᠋ᠢᠬᠠᠨ ᠠᠪᠤᠷᠠᠯᠲᠠ ᠲᠤᠰᠠᠯᠠᠯᠲᠠ ᠬᠠᠩᠭᠠᠵᠤ᠂ ᠪᠠᠴᠢᠮ ᠪᠠᠶᠢᠳᠠᠯ ᠢ ᠨᠢ ᠠᠷᠭᠠᠴᠠᠵᠤ | ᠬᠦᠴᠢᠷᠳᠡᠯ ᠢ ᠨᠢ ᠠᠷᠢᠯᠭᠠᠨ ᠦᠭᠴᠦ᠂ ᠠᠮᠤᠷ ᠲᠦᠪᠰᠢᠨ ᠪᠦᠭᠡᠳ ᠬᠠᠶᠢᠷ᠎ᠠ ᠬᠠᠯᠠᠮᠵᠢ ᠲᠠᠢ ᠪᠠᠷ ᠡᠪᠣᠯ ᠢ | ᠦᠩᠭᠡᠷᠡᠭᠦᠯᠬᠦ ᠶᠢ ᠨᠢ ᠪᠠᠲᠤᠯᠠᠬᠤ ᠬᠡᠷᠡᠭᠲᠡᠢ᠃ | ᠭᠤᠷᠪᠠ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠪᠡᠯᠡ | ᠮᠦᠩᠭᠦ ᠶᠢᠨ ᠣᠷᠤᠭᠤᠯᠤᠯᠲᠠ ᠶᠢ ᠤᠯᠠᠮ ᠨᠢᠭᠡ ᠠᠯᠬᠤᠮ ᠴᠢᠩᠭᠠᠷᠠᠭᠤᠯᠤᠨ᠎ᠠ | ᠣᠳᠣᠬᠠᠨ ᠤ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠨᠡᠯᠢᠶᠡᠳ ᠶᠡᠭᠡ᠂ ᠡᠳ᠋ ᠤᠨ ᠵᠠᠰᠠᠭ ᠤᠨ | ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ ᠤᠳᠠᠭᠠᠰᠢᠷᠠᠭᠰᠠᠨ ᠪᠠᠶᠢᠳᠠᠯ ᠳᠣᠣᠷ᠎ᠠ᠂ ᠡᠷᠬᠡᠪᠰᠢ ᠠᠷᠠᠳ ᠤᠨ | ᠠᠮᠢᠳᠤᠷᠠᠯ ᠤᠨ ᠲᠥᠷᠥ ᠶᠢᠨ ᠪᠣᠳᠣᠯᠭ᠎ᠠ ᠬᠢᠭᠡᠳ ᠠᠵᠤ ᠠᠬᠤᠢ ᠶᠢᠨ ᠬᠦᠭᠵᠢᠯᠲᠡ ᠶᠢ ᠨᠡᠩ ᠰᠠᠶᠢᠨ ᠢᠶᠠᠷ ᠨᠢᠭᠡᠳᠦᠯᠲᠡᠢ | ᠲᠥᠯᠦᠪᠵᠢᠭᠦᠯᠵᠦ᠂ ᠠᠷᠠᠳ ᠤᠨ ᠠᠮᠢᠳᠤᠷᠠᠯ ᠤᠨ ᠲᠠᠯ᠎ᠠ ᠪᠠᠷ ᠬᠢ ᠣᠷᠣᠭᠤᠯᠤᠯᠲᠠ ᠶᠢ ᠡᠩ ᠲᠡᠷᠢᠭᠦᠨ ᠳᠤ ᠪᠠᠲᠤᠯᠠᠵᠤ | ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ ᠬᠡᠷᠡᠭᠲᠡᠢ᠃ | ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ ᠵᠠᠷᠤᠯᠭ᠎ᠠ ᠶᠢ ᠦᠨᠡᠨᠬᠦ | ᠪᠠᠲᠤᠯᠠᠬᠤ ᠳᠤ᠂ ᠳᠣᠣᠷᠠᠬᠢ ᠬᠡᠳᠦᠨ ᠵᠦᠢᠯ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠄ ᠨᠢᠭᠡ ᠳᠤ | ᠡᠩ ᠤᠨ ᠰᠢᠯᠵᠢᠭᠦᠯᠦᠨ ᠥᠭᠬᠦ ᠵᠠᠷᠤᠯᠭ᠎ᠠ ᠳᠤ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ | ᠵᠠᠷᠤᠯᠭ᠎ᠠ ᠶᠢ ᠡᠩ ᠲᠡᠷᠢᠭᠦᠨ ᠳᠤ ᠪᠠᠲᠤᠯᠠᠬᠤ ᠬᠡᠷᠡᠭᠲᠡᠢ᠃ ᠬᠦᠴᠢᠷᠳᠡᠯᠲᠡᠢ ᠣᠯᠠᠨ ᠲᠦᠮᠡᠨ ᠤ ᠦᠨᠳᠦᠰᠦᠨ | ᠠᠮᠢᠳᠤᠷᠠᠯ ᠢ ᠪᠠᠲᠤᠯᠠᠬᠤ ᠵᠠᠷᠤᠯᠭ᠎ᠠ ᠶᠢ ᠡᠩ ᠲᠡᠷᠢᠭᠦᠨ ᠳᠤ ᠪᠠᠲᠤᠯᠠᠬᠤ ᠴᠢᠬᠤᠯᠠ ᠪᠠᠶᠢᠷᠢᠨ ᠳᠤ ᠲᠠᠯᠪᠢᠵᠦ᠂ | ᠵᠠᠰᠠᠭ ᠤᠨ ᠣᠷᠳᠣᠨ ᠤ ᠣᠷᠤᠭᠤᠯᠤᠯᠲᠠ ᠶᠢ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠭᠡᠢ ᠪᠠᠶᠢᠬᠤ ᠶᠢ | ᠪᠠᠲᠤᠯᠠᠵᠤ᠂ ᠡᠯ᠎ᠡ ᠱᠠᠲᠤᠨ ᠤ ᠡᠳ᠋ ᠤᠨ ᠵᠠᠰᠠᠭ ᠤᠨ ᠨᠦᠬᠦᠪᠦᠷᠢ ᠶᠢᠨ ᠪᠡᠯᠡ ᠮᠦᠩᠬᠦ ᠶᠢ ᠴᠠᠭ ᠲᠤᠬᠠᠢ ᠳᠤᠨᠢ ᠰᠠᠯᠭᠠᠨ | ᠥᠭᠴᠦ ᠪᠣᠳᠠᠲᠠᠶᠢᠵᠢᠭᠤᠯᠬᠤ ᠬᠡᠷᠡᠭᠲᠡᠢ᠃ ᠬᠤᠰᠢᠭᠤ ᠰᠢᠶᠠᠨ ᠤ ᠱᠠᠲᠤᠨ ᠤ ᠡᠳ᠋ ᠤᠨ ᠵᠠᠰᠠᠭ ᠤᠨ ᠰᠠᠯᠠᠭ᠎ᠠ | ᠮᠦᠴᠢᠷ ᠤᠳ ᠳᠡᠭᠡᠷ᠎ᠡ ᠱᠠᠲᠤᠨ ᠤ ᠰᠢᠯᠵᠢᠭᠦᠯᠦᠨ ᠥᠭᠬᠦ ᠪᠠ ᠥᠪᠡᠷ ᠤᠨ ᠡᠳ᠋ ᠤᠨ ᠬᠦᠴᠦᠨ ᠢ ᠨᠢᠭᠡᠳᠦᠯᠲᠡᠢ | ᠲᠥᠯᠥᠪᠵᠢᠭᠦᠯᠵᠦ᠂ ᠠᠷᠠᠳ ᠤᠨ ᠦᠨᠳᠦᠰᠦᠨ ᠠᠮᠢᠳᠤᠷᠠᠯ ᠤᠨ ᠵᠠᠷᠤᠯᠭ᠎ᠠ ᠶᠢᠨ ᠵᠠᠷᠤᠳᠠᠯ ᠢ ᠰᠠᠶᠢᠲᠤᠷ ᠲᠣᠬᠢᠷᠠᠭᠤᠯᠬᠤ | ᠬᠡᠷᠡᠭᠲᠡᠢ᠃ ᠬᠤᠶᠠᠷ ᠲᠤ ᠡᠯ᠎ᠡ ᠲᠥᠷᠥᠯ ᠤᠨ ᠲᠤᠰᠬᠠᠢ ᠵᠦᠢᠯ ᠤᠨ ᠪᠡᠯᠡ ᠮᠦᠩᠬᠦ ᠶᠢ ᠵᠦᠢ ᠵᠣᠬᠢᠰᠲᠠᠢ ᠪᠠᠷ | ᠬᠤᠪᠢᠶᠠᠷᠢᠯᠠᠨ ᠲᠣᠬᠢᠷᠠᠭᠤᠯᠬᠤ ᠪᠠ ᠬᠡᠷᠡᠭᠯᠡᠬᠦ ᠬᠡᠷᠡᠭᠲᠡᠢ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ | ᠮᠦᠴᠢᠷ ᠤᠳ ᠲᠤᠰᠬᠠᠢ ᠵᠦᠢᠯ ᠤᠨ ᠰᠢᠯᠵᠢᠭᠦᠯᠦᠨ ᠥᠭᠬᠦ ᠲᠥᠰᠥᠪ ᠢ ᠨᠠᠶᠢᠷᠠᠭᠤᠯᠤᠨ ᠵᠣᠬᠢᠶᠠᠬᠤ ᠳᠤ᠂ | ᠬᠦᠴᠢᠷᠲᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠵᠠᠷᠤᠯᠭ᠎ᠠ ᠶᠢ ᠡᠩ ᠲᠡᠷᠢᠭᠦᠨ ᠳᠤ ᠪᠠᠲᠤᠯᠠᠵᠤ᠂ | ᠳᠤᠲᠠᠭᠳᠠᠭᠤᠯᠵᠤ ᠪᠣᠯᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠪᠡᠯᠡ ᠮᠦᠩᠬᠦ ᠶᠢ ᠬᠤᠪᠢᠶᠠᠷᠢᠯᠠᠨ | ᠲᠣᠬᠢᠷᠠᠭᠤᠯᠬᠤ ᠳᠤ᠂ ︽ᠭᠠᠴᠢᠭᠳᠠᠭᠰᠠᠨ ᠢ ᠲᠤᠰᠠᠯᠠᠬᠤ︾ ᠶᠢ ᠪᠠᠷᠢᠮᠲᠠᠯᠠᠵᠤ᠂ ᠪᠡᠯᠡ ᠮᠦᠩᠬᠦ ᠶᠢ ᠬᠤᠪᠢᠶᠠᠷᠢᠯᠠᠨ | ᠲᠣᠬᠢᠷᠠᠭᠤᠯᠬᠤ ᠶᠢ ᠡᠩ ᠲᠡᠷᠢᠭᠦᠨ ᠳᠤ ᠪᠠᠶᠢᠯᠭᠠᠬᠤ ᠳᠡᠰ ᠳᠠᠷᠠᠭᠠᠯᠠᠯ ᠢ ᠰᠠᠶᠢᠲᠤᠷ ᠡᠵᠡᠮᠰᠢᠵᠦ᠂ ᠡᠳ᠋ ᠤᠨ | ᠬᠦᠴᠦᠨ ᠢᠶᠠᠷ ᠠᠨᠠᠢ᠂ ᠬᠦᠴᠢᠷᠳᠡᠯᠲᠡᠢ ᠭᠠᠵᠠᠷ ᠣᠷᠣᠨ ᠢ ᠳᠡᠮᠵᠢᠬᠦ ᠡᠷᠴᠢᠮ ᠢᠶᠠᠨ ᠵᠣᠬᠢᠰᠲᠠᠢ ᠴᠢᠩᠭᠠᠷᠠᠭᠤᠯᠵᠤ᠂ | ᠬᠦᠴᠢᠷᠳᠡᠯᠲᠡᠢ ᠬᠦᠮᠦᠨ ᠠᠮᠠ ᠪᠠᠷ ᠣᠯᠠᠨ᠂ ᠪᠠᠲᠤᠯᠠᠬᠤ ᠵᠠᠷᠤᠯᠭ᠎ᠠ ᠶᠢᠨ ᠳᠠᠷᠤᠯᠲᠠ ᠪᠠᠷ ᠶᠡᠭᠡ ᠪᠠᠶᠢᠭ᠎ᠠ ᠭᠠᠵᠠᠷ | ᠣᠷᠣᠨ ᠲᠡᠰᠢ ᠭᠤᠣᠯᠳᠠᠯᠭ᠎ᠠ ᠲᠠᠢ ᠬᠡᠯᠪᠠᠶᠢᠯᠭᠡᠬᠦ ᠬᠡᠷᠡᠭᠲᠡᠢ᠃ ᠬᠦᠴᠢᠷᠳᠡᠯᠲᠡᠢ ᠣᠯᠠᠨ ᠲᠦᠮᠡᠨ ᠤ ᠠᠮᠢᠳᠤᠷᠠᠯ ᠢ | ᠪᠠᠲᠤᠯᠠᠬᠤ ᠵᠠᠷᠤᠯᠭ᠎ᠠ ᠳᠤ ᠡᠳ᠋ ᠤᠨ ᠬᠦᠴᠦᠨ ᠢᠶᠠᠷ ᠳᠤᠲᠠᠭᠳᠠᠵᠤ ᠪᠠᠶᠢᠭ᠎ᠠ ᠪᠠᠶᠢᠳᠠᠯ ᠣᠷᠣᠰᠢᠵᠤ ᠪᠠᠶᠢᠬᠤ ᠭᠠᠵᠠᠷ | ᠣᠷᠣᠨ ᠳᠤ᠂ ᠵᠠᠷᠴᠢᠮ ᠳᠡᠭᠡᠷ᠎ᠡ ᠪᠠᠨ ᠪᠦᠲᠦᠭᠡᠨ ᠪᠠᠶᠢᠭᠤᠯᠤᠯᠲᠠ ᠶᠢᠨ ᠴᠢᠨᠠᠷᠲᠠᠢ ᠵᠠᠷᠤᠯᠭ᠎ᠠ ᠲᠣᠬᠢᠷᠠᠭᠤᠯᠵᠤ ᠪᠣᠯᠬᠤ | ᠦᠭᠡᠢ᠂ ᠨᠢᠭᠡᠨᠲᠡ ᠲᠣᠬᠢᠷᠠᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠴᠢᠨᠠᠷᠲᠠᠢ ᠵᠠᠷᠤᠯᠭ᠎ᠠ ᠶᠢ ᠨᠢ ᠲᠣᠬᠢᠷᠠᠭᠤᠯᠤᠨ | ᠪᠠᠭᠠᠰᠬᠠᠵᠤ ᠪᠠᠶᠢᠭᠠᠳ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠵᠠᠷᠤᠯᠭ᠎ᠠ ᠶᠢᠨ ᠳᠤᠲᠠᠭᠳᠠᠵᠤ | ᠪᠠᠶᠢᠭ᠎ᠠ ᠬᠡᠰᠡᠭ ᠢ ᠨᠦᠬᠦᠪᠦᠷᠢᠯᠡᠬᠦ ᠳᠤ ᠬᠡᠷᠡᠭᠯᠡᠬᠦ ᠬᠡᠷᠡᠭᠲᠡᠢ᠃ ᠭᠤᠷᠪᠠ ᠳᠤ ᠡᠬᠢ ᠪᠠᠶᠠᠯᠢᠭ ᠤᠨ ᠡᠨᠤᠷᠭᠢᠲᠦ | ᠬᠡᠯᠪᠡᠷᠢ ᠶᠢᠨ ᠬᠦᠴᠢᠷᠳᠡᠯᠲᠡᠢ ᠭᠠᠵᠠᠷ ᠣᠷᠣᠨ ᠢ ᠡᠳ᠋ ᠤᠨ ᠵᠠᠰᠠᠭ ᠢᠶᠠᠷ ᠳᠡᠮᠵᠢᠬᠦ ᠡᠷᠴᠢᠮ ᠢᠶᠠᠨ ᠴᠢᠩᠭᠠᠷᠠᠭᠤᠯᠬᠤ | ᠬᠡᠷᠡᠭᠲᠡᠢ᠃ ᠳᠥᠷᠪᠡ ᠳᠤ ᠡᠯ᠎ᠡ ᠲᠥᠷᠥᠯ ᠤᠨ ᠡᠳ᠋ ᠤᠨ ᠵᠠᠰᠠᠭ ᠤᠨ ᠪᠡᠯᠡ ᠮᠦᠩᠬᠦ ᠶᠢ ᠨᠢᠭᠡᠳᠦᠯᠲᠡᠢ | ᠲᠥᠯᠦᠪᠵᠢᠭᠦᠯᠦᠨ ᠭᠦᠢᠯᠭᠡᠭᠡᠵᠦ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ | ᠴᠢᠩᠭᠠᠷᠠᠭᠤᠯᠬᠤ ᠬᠡᠷᠡᠭᠲᠡᠢ᠃ ᠤᠷᠲᠤ ᠬᠤᠭᠤᠴᠠᠭ᠎ᠠ ᠪᠠᠷ ᠳᠠᠷᠤᠭᠳᠠᠵᠤ ᠰᠤᠯᠠ ᠪᠠᠶᠢᠭ᠎ᠠ ᠵᠢᠴᠢ ᠣᠬᠤᠷᠬᠠᠨ | ᠬᠤᠭᠤᠴᠠᠭᠠᠨ ᠳᠤ ᠬᠡᠷᠡᠭᠯᠡᠬᠦ ᠴᠢᠬᠤᠯᠠ ᠦᠭᠡᠢ ᠪᠠᠶᠢᠬᠤ ᠡᠳ᠋ ᠤᠨ ᠵᠠᠰᠠᠭ ᠤᠨ ᠪᠡᠯᠡ ᠮᠦᠩᠬᠦ ᠶᠢ ᠴᠠᠭ ᠲᠤᠬᠠᠢ ᠳᠤᠨᠢ | ᠲᠣᠬᠢᠷᠠᠭᠤᠯᠵᠤ ᠪᠠᠶᠢᠭᠠᠳ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ ᠳᠤ ᠬᠡᠷᠡᠭᠯᠡᠬᠦ | ᠬᠡᠷᠡᠭᠲᠡᠢ᠃ ᠲᠠᠪᠤ ᠳᠤ ᠡᠩ ᠤᠨ ᠴᠢᠨᠠᠷᠲᠠᠢ ᠵᠠᠷᠤᠯᠭ᠎ᠠ ᠶᠢ ᠬᠠᠰᠤᠵᠤ ᠬᠦᠴᠢᠷᠳᠡᠯᠲᠡᠢ ᠣᠯᠠᠨ ᠲᠦᠮᠡᠨ ᠤ ᠦᠨᠳᠦᠰᠦᠨ | ᠠᠮᠢᠳᠤᠷᠠᠯ ᠢ ᠪᠠᠲᠤᠯᠠᠬᠤ ᠳᠤ ᠬᠡᠷᠡᠭᠯᠡᠬᠦ ᠬᠡᠷᠡᠭᠲᠡᠢ᠃ ︽ᠠᠷᠪᠢᠲᠠᠢ ᠭᠠᠮᠲᠠᠢ ᠠᠮᠢᠳᠤᠷᠠᠬᠤ︾ ᠦᠵᠡᠯᠲᠡ ᠶᠢ ᠪᠠᠲᠤ | ᠪᠠᠬᠢ ᠪᠣᠢ ᠪᠣᠯᠭᠠᠵᠤ᠂ ᠰᠠᠶᠢᠲᠤᠷ ᠠᠷᠪᠢᠯᠠᠨ ᠭᠠᠮᠨᠠᠬᠤ ᠶᠢ ᠪᠠᠷᠢᠮᠲᠠᠯᠠᠵᠤ᠂ ︽ᠠᠯᠪᠠᠨ ᠤ ᠭᠤᠷᠪᠠᠨ︾ ᠵᠠᠷᠤᠳᠠᠯ ᠢ | ᠴᠢᠩᠭ᠎ᠠ ᠬᠢᠵᠠᠭᠠᠷᠯᠠᠵᠤ᠂ ᠭᠠᠮᠨᠠᠨ ᠠᠷᠪᠢᠯᠠᠭᠰᠠᠨ ᠪᠡᠯᠡ ᠮᠦᠩᠬᠦ ᠶᠢ ᠬᠦᠴᠢᠷᠳᠡᠯᠲᠡᠢ ᠣᠯᠠᠨ ᠲᠦᠮᠡᠨ ᠤ ᠦᠨᠳᠦᠰᠦᠨ | ᠠᠮᠢᠳᠤᠷᠠᠯ ᠤᠨ ᠬᠦᠷᠢᠶᠡᠨ ᠳᠠᠬᠢ ᠵᠠᠷᠤᠯᠭ᠎ᠠ ᠳᠤ ᠬᠡᠷᠡᠭᠯᠡᠬᠦ ᠪᠠᠷ ᠲᠣᠬᠢᠷᠠᠭᠤᠯᠬᠤ ᠬᠡᠷᠡᠭᠲᠡᠢ᠃ ᠵᠢᠷᠭᠤᠭ᠎ᠠ ᠳᠤ | ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨᠬᠦ ᠪᠠᠲᠤᠯᠠᠬᠤ ᠬᠡᠷᠡᠭᠲᠡᠢ᠃ ᠬᠤᠲᠠ | ᠬᠦᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠷᠤᠬᠡ᠂ ᠨᠡᠶᠢᠭᠡᠮ ᠤᠨ ᠠᠪᠤᠷᠠᠨ ᠲᠤᠰᠠᠯᠠᠬᠤ | ᠬᠦᠮᠦᠰ᠂ ᠭᠠᠮᠰᠢᠭᠳᠠᠭᠰᠠᠨ ᠣᠯᠠᠨ ᠲᠦᠮᠡᠨ᠂ ᠣᠨᠴᠠ ᠬᠦᠴᠢᠷᠳᠡᠯᠲᠡᠢ ᠬᠦᠮᠦᠰ᠂ ᠠᠵᠢᠯ ᠠᠯᠳᠠᠭᠰᠠᠳ ᠵᠢᠴᠢ | ᠬᠠᠷᠠᠭᠠᠯᠵᠠᠯ ᠬᠦᠷᠲᠡᠭᠴᠢ ᠪᠠᠷ ᠭᠤᠣᠯᠳᠠᠯᠭ᠎ᠠ ᠪᠣᠯᠭᠠᠵᠤ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ | ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠢᠳᠡᠪᠬᠢᠲᠡᠢ ᠰᠠᠶᠢᠲᠤᠷ ᠬᠢᠬᠦ ᠬᠡᠷᠡᠭᠲᠡᠢ᠃ ᠡᠭᠦᠨ ᠤ ᠬᠠᠮᠲᠤ᠂ | ᠬᠦᠴᠢᠷᠳᠡᠯᠲᠡᠢ ᠣᠯᠠᠨ ᠲᠦᠮᠡᠨ ᠤ ᠲᠤᠭ᠎ᠠ᠂ ᠬᠦᠴᠢᠷᠳᠡᠯᠲᠡᠢ ᠲᠠᠯ᠎ᠠ ᠵᠢᠴᠢ ᠬᠦᠴᠢᠷᠳᠡᠭᠰᠡᠨ ᠬᠡᠮᠵᠢᠶ᠎ᠡ ᠶᠢᠨ | ᠬᠤᠪᠢᠷᠠᠯᠲᠠ ᠶᠢ ᠨᠢᠭᠲᠠ ᠠᠩᠬᠠᠷᠤᠨ᠂ ᠬᠠᠮᠢᠶ᠎ᠠ ᠪᠦᠬᠦᠢ ᠵᠠᠷᠤᠳᠠᠯ ᠤᠨ ᠲᠥᠰᠥᠪ ᠢ ᠴᠠᠭ ᠲᠤᠬᠠᠢ ᠳᠤᠨᠢ ᠨᠡᠮᠡᠵᠦ᠂ | ᠠᠷᠠᠳ ᠤᠨ ᠠᠮᠢᠳᠤᠷᠠᠯ ᠤᠨ ᠬᠢᠵᠠᠭᠠᠷ ᠱᠣᠭᠤᠮ ᠢ ᠨᠢ ᠦᠨᠡᠨᠬᠦ ᠳᠠᠭᠠᠭᠠᠨ ᠪᠠᠲᠤᠯᠠᠵᠤ᠂ ᠪᠠᠲᠤᠯᠠᠪᠠᠰᠤ ᠵᠣᠬᠢᠬᠤ ᠶᠢ ᠨᠢ | ᠴᠢᠳᠠᠬᠤ ᠶᠢᠨ ᠬᠢᠷᠢ ᠪᠠᠷ ᠪᠠᠲᠤᠯᠠᠬᠤ ᠬᠡᠷᠡᠭᠲᠡᠢ᠃ ᠳᠣᠯᠤᠭ᠎ᠠ ᠳᠤ ᠠᠷᠠᠳ ᠤᠨ ᠦᠨᠳᠦᠰᠦᠨ ᠠᠮᠢᠳᠤᠷᠠᠯ ᠤᠨ | ᠬᠦᠷᠢᠶᠡᠨ ᠳᠠᠬᠢ ᠡᠳ᠋ ᠤᠨ ᠵᠠᠰᠠᠭ ᠤᠨ ᠪᠡᠯᠡ ᠮᠦᠩᠬᠦ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ | ᠠᠷᠠᠳ ᠤᠨ ᠦᠨᠳᠦᠰᠦᠨ ᠠᠮᠢᠳᠤᠷᠠᠯ ᠤᠨ ᠪᠡᠯᠡ ᠮᠦᠩᠬᠦ ᠶᠢᠨ ᠬᠠᠮᠢᠶᠠᠷᠤᠯᠲᠠ ᠶᠢᠨ ᠳᠥᠷᠢᠮ ᠢ ᠪᠠᠶᠢᠭᠤᠯᠤᠨ | ᠪᠦᠷᠢᠨᠰᠢᠭᠦᠯᠵᠦ᠂ ᠬᠠᠮᠢᠶᠠᠷᠤᠯᠲᠠ ᠳᠠᠬᠢ ᠠᠯᠳᠠᠰᠢ ᠭᠠᠷᠬᠤ ᠶᠢ ᠬᠤᠷᠢᠭᠯᠠᠵᠤ᠂ ᠭᠤᠭᠤᠵᠢᠵᠤ ᠭᠡᠭᠡᠭᠳᠡᠬᠦ ᠠᠴᠠ | ᠰᠡᠷᠭᠡᠶᠢᠯᠡᠬᠦ ᠬᠡᠷᠡᠭᠲᠡᠢ᠃ ᠪᠡᠯᠡ ᠮᠦᠩᠬᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠶᠢᠴᠠᠭᠠᠬᠤ | ᠡᠷᠴᠢᠮ ᠢᠶᠠᠨ ᠴᠢᠩᠭᠠᠷᠠᠭᠤᠯᠵᠤ᠂ ᠬᠠᠤᠯᠢ ᠲᠣᠭᠲᠠᠭᠠᠯ ᠠᠴᠠ ᠵᠦᠷᠢᠴᠡᠭᠰᠡᠨ ᠠᠰᠠᠭᠤᠳᠠᠯ ᠤᠳ ᠢ ᠴᠢᠩᠭ᠎ᠠ ᠪᠠᠶᠢᠴᠠᠭᠠᠨ | ᠰᠢᠳᠪᠦᠷᠢᠯᠡᠬᠦ ᠬᠡᠷᠡᠭᠲᠡᠢ᠃ ᠨᠠᠢᠮᠠ ᠳᠤ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ | ᠪᠠᠲᠤᠯᠠᠭ᠎ᠠ ᠶᠢᠨ ᠠᠵᠢᠯ ᠤᠨ ᠲᠣᠭᠲᠠᠴᠠ ᠶᠢᠨ ᠲᠡᠭᠦᠯᠳᠡᠷᠵᠢᠬᠦ ᠶᠢ ᠳᠡᠮᠵᠢᠬᠦ ᠬᠡᠷᠡᠭᠲᠡᠢ᠃ ᠡᠳ᠋ ᠤᠨ ᠵᠠᠰᠠᠭ ᠤᠨ ᠰᠠᠯᠠᠭ᠎ᠠ | ᠮᠦᠴᠢᠷ ᠤᠳ ᠠᠷᠠᠳ ᠤᠨ ᠶᠠᠪᠤᠳᠠᠯ ᠤᠨ ᠰᠠᠯᠭ᠎ᠠ ᠮᠦᠴᠢᠷ ᠲᠠᠢ ᠬᠠᠮᠲᠤᠷᠠᠵᠤ᠂ ᠬᠦᠴᠢᠷᠳᠡᠯᠲᠡᠢ ᠣᠯᠠᠨ ᠲᠦᠮᠡᠨ ᠤ | ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠳᠤ ᠴᠠᠭ ᠲᠤᠬᠠᠢ ᠳᠤᠨᠢ ᠮᠦᠷᠳᠡᠨ | ᠲᠣᠬᠢᠷᠠᠭᠤᠯᠤᠯᠲᠠ ᠬᠢᠵᠦ᠂ ᠡᠳ᠋ ᠤᠨ ᠵᠠᠰᠠᠭ ᠤᠨ ᠨᠦᠬᠦᠪᠦᠷᠢ ᠶᠢᠨ ᠪᠠᠷᠢᠮᠵᠢᠶ᠎ᠠ ᠶᠢ ᠵᠦᠢ ᠵᠣᠬᠢᠰᠲᠠᠢ ᠪᠠᠷ ᠲᠣᠭᠲᠠᠭᠠᠵᠤ | ᠂ ᠵᠠᠷᠤᠳᠠᠯ ᠤᠨ ᠬᠠᠮᠢᠶᠠᠷᠤᠯᠲᠠ ᠶᠢᠨ ᠴᠣᠪᠣᠷᠠᠯ ᠢ ᠰᠣᠳᠣᠯᠵᠤ᠂ ᠬᠢᠨᠠᠨ ᠵᠦᠪᠰᠢᠶᠡᠷᠡᠬᠦ ᠳᠡᠰ ᠳᠠᠷᠠᠭᠠᠯᠠᠯ ᠢ | ᠳᠦᠭᠦᠮᠴᠢᠯᠡᠵᠦ᠂ ᠪᠡᠯᠡ ᠮᠦᠩᠬᠦ ᠭᠤᠶᠤᠴᠢᠯᠠᠬᠤ ᠳᠤ ᠳᠦᠭᠦᠮ ᠲᠥᠳᠡ ᠴᠢᠨᠠᠷ ᠪᠠ ᠣᠯᠭᠤᠬᠤ ᠶᠢᠨ ᠴᠠᠭ | ᠲᠤᠬᠠᠶᠢᠳᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠶᠢᠰᠦ ᠳᠤ ᠴᠢᠳᠠᠪᠤᠷᠢ᠂ ᠡᠳ᠋ ᠤᠨ ᠬᠦᠴᠦᠨ᠂ ᠬᠢᠷᠢ | ᠲᠦᠪᠰᠢᠨ ᠠᠴᠠ ᠳᠠᠪᠠᠭᠤᠯᠬᠤ ︽ᠪᠠᠷᠢᠮᠵᠢᠶ᠎ᠠ ᠶᠢ ᠳᠡᠭᠡᠭᠰᠢᠯᠡᠭᠦᠯᠵᠦ ᠬᠠᠮᠤᠷᠬᠤ ᠲᠠᠯ᠎ᠠ ᠪᠠᠨ ᠦᠷᠭᠡᠳᠭᠡᠬᠦ︾ ᠪᠣᠶᠤ | ᠴᠢᠳᠠᠪᠤᠷᠢ᠂ ᠡᠳ᠋ ᠤᠨ ᠬᠦᠴᠦᠨ᠂ ᠬᠢᠷᠢ ᠲᠦᠪᠰᠢᠨ ᠠᠴᠠ ᠳᠠᠪᠠᠭᠰᠠᠨ ᠠᠷᠠᠳ ᠤᠨ ᠶᠠᠪᠤᠳᠠᠯ ᠤᠨ ᠪᠠᠲᠤᠯᠠᠭ᠎ᠠ ᠶᠢᠨ | ᠲᠥᠷᠥ ᠶᠢᠨ ᠪᠣᠳᠣᠯᠭ᠎ᠠ ᠶᠢ ᠦᠪᠡᠰᠦᠪᠡᠨ ᠭᠠᠷᠭᠠᠬᠤ ᠶᠢ ᠴᠢᠩᠭ᠎ᠠ ᠡᠵᠡᠮᠳᠡᠵᠦ᠂ ᠡᠳ᠋ ᠤᠨ ᠵᠠᠰᠠᠭ ᠤᠨ ᠪᠠᠲᠤᠯᠠᠭ᠎ᠠ ᠶᠢᠨ | ᠦᠷᠭᠦᠯᠵᠢᠯᠡᠬᠦ᠋ᠢᠴᠡ ᠴᠢᠳᠠᠪᠤᠷᠢ ᠶᠢ ᠴᠢᠩᠭᠠᠷᠠᠭᠤᠯᠬᠤ ᠬᠡᠷᠡᠭᠲᠡᠢ᠃ | ᠳᠥᠷᠪᠡ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠤᠨ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠎ᠠ | ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠨᠢᠭᠲᠠ ᠬᠠᠮᠵᠢᠯᠴᠠᠨ᠂ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠥᠷᠢᠮ ᠤᠨ ᠵᠣᠯᠭᠠᠭᠤᠯᠲᠠ ᠪᠠ ᠠᠵᠢᠯ ᠤᠨ | ᠵᠣᠯᠭᠠᠭᠤᠯᠲᠠ ᠶᠢ ᠴᠢᠩᠭᠠᠳᠬᠠᠵᠤ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ | ᠪᠠᠲᠤᠯᠠᠭ᠎ᠠ ᠶᠢᠨ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠢ᠃ ᠡᠯ᠎ᠡ ᠱᠠᠲᠤᠨ ᠤ ᠨᠡᠶᠢᠭᠡᠮ ᠤᠨ ᠠᠪᠤᠷᠠᠨ | ᠲᠤᠰᠠᠯᠠᠬᠤ ᠠᠵᠢᠯ ᠤᠨ ᠬᠠᠮᠲᠤᠷᠠᠭᠰᠠᠨ ᠬᠤᠷᠠᠯ ᠵᠡᠷᠭᠡ ᠲᠣᠭᠲᠠᠴᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ | ᠡᠬᠢ ᠪᠠᠶᠠᠯᠢᠭ ᠢ ᠨᠢᠭᠡᠳᠦᠯᠲᠡᠢ ᠲᠦᠯᠦᠪᠵᠢᠭᠦᠯᠬᠦ ᠪᠠ ᠰᠠᠯᠠᠭ᠎ᠠ ᠮᠦᠴᠢᠷ ᠤᠨ ᠬᠤᠯᠪᠣᠭᠠᠯᠠᠨ ᠠᠵᠢᠯᠯᠠᠬᠤ ᠶᠢ | ᠴᠢᠩᠭᠠᠷᠠᠭᠤᠯᠬᠤ ᠬᠡᠷᠡᠭᠲᠡᠢ᠃ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠨᠤᠭᠤᠳ 2017 ᠣᠨ ᠤ 3 | ᠳ᠋ᠤᠭᠠᠷ ᠰᠠᠷ᠎ᠠ ᠶᠢᠨ ᠰᠠᠭᠦᠯᠴᠢ ᠠᠴᠠ ᠡᠮᠦᠨ᠎ᠡ ᠵᠠᠰᠠᠭ ᠤᠨ ᠣᠷᠳᠣᠨ ᠤ ᠬᠠᠷᠢᠭᠤᠴᠠᠯᠭᠠᠲᠠᠨ ᠲᠦᠷᠦᠭᠦᠯᠦᠨ᠂ | ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠬᠠᠷᠢᠭᠤᠴᠠᠭᠰᠠᠨ᠂ ᠬᠦᠭᠵᠢᠭᠦᠯᠦᠯᠲᠡ ᠥᠭᠡᠷᠡᠴᠢᠯᠡᠯᠲᠡ᠂ ᠰᠤᠷᠭᠠᠨ | ᠬᠦᠮᠦᠵᠢᠯ᠂ ᠡᠳ᠋ ᠤᠨ ᠵᠠᠰᠠᠭ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠣᠷᠣᠨ | ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ᠂ | ᠶᠠᠳᠠᠭᠤ ᠶᠢ ᠳᠡᠳᠭᠦᠭᠦ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠦᠴᠢᠷ ᠤᠳ ᠣᠷᠣᠯᠴᠠᠭᠰᠠᠨ | ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠤᠨ ᠵᠣᠬᠢᠴᠠᠭᠤᠯᠬᠤ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠯ᠎ᠡ ᠰᠤᠮᠤ ᠰᠢᠶᠠᠩ ᠪᠠᠯᠭᠠᠰᠤ ᠨᠤᠭᠤᠳ 2017 ᠣᠨ ᠤ 3 | ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠰᠤᠮᠤ ᠰᠢᠶᠠᠩ ᠪᠠᠯᠭᠠᠰᠤ ᠪᠠᠷ ᠭᠤᠣᠯ ᠤᠳᠤᠷᠢᠳᠤᠯᠭ᠎ᠠ ᠤᠳᠤᠷᠢᠳᠤᠨ | ᠳᠠᠭᠠᠭᠤᠯᠤᠭᠰᠠᠨ᠂ ᠠᠷᠠᠳ ᠤᠨ ᠶᠠᠪᠤᠳᠠᠯ ᠤᠨ ᠺᠠᠳ᠋ᠷ ᠬᠠᠷᠢᠭᠤᠴᠠᠭᠰᠠᠨ᠂ ᠪᠣᠰᠣᠳ ᠬᠤᠯᠪᠣᠭᠳᠠᠯ ᠪᠦᠬᠦᠢ ᠬᠦᠮᠦᠰ | ᠣᠷᠣᠯᠴᠠᠭᠰᠠᠨ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠤᠨ | ᠵᠣᠬᠢᠴᠠᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠡᠯ᠎ᠡ ᠱᠠᠲᠤᠨ ᠤ ᠠᠵᠢᠯ ᠤᠨ ᠵᠣᠬᠢᠴᠠᠭᠤᠯᠬᠤ ᠲᠣᠭᠲᠠᠴᠠ | ᠪᠠᠶᠢᠭᠤᠯᠬᠤ ᠪᠠᠷ ᠳᠡᠮᠵᠢᠵᠦ᠂ ᠲᠤᠰ ᠭᠠᠵᠠᠷ ᠣᠷᠣᠨ ᠤ ᠡᠯ᠎ᠡ ᠲᠥᠷᠥᠯ ᠤᠨ ᠬᠦᠴᠢᠷᠳᠡᠯᠲᠡᠢ ᠣᠯᠠᠨ ᠲᠦᠮᠡᠨ ᠤ | ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠰᠠᠭᠤᠳᠠᠯ ᠢ ᠲᠤᠭᠲᠠᠮᠠᠯ ᠬᠤᠭᠤᠴᠠᠭ᠎ᠠ ᠲᠠᠢ ᠰᠣᠳᠤᠯᠤᠨ | ᠰᠢᠳᠪᠦᠷᠢᠯᠡᠵᠦ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠢᠢᠳᠪᠤᠷᠢᠲᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠢ᠃ ︽ᠨᠢᠭᠡ ᠰᠠᠯᠠᠭ᠎ᠠ | ᠮᠦᠴᠢᠷ ᠨᠢ ᠬᠦᠯᠢᠶᠡᠨ ᠠᠪᠴᠤ ᠰᠢᠢᠳᠪᠦᠷᠢᠯᠡᠨ᠂ ᠬᠠᠮᠲᠤᠪᠠᠷ ᠬᠠᠮᠵᠢᠯᠴᠠᠨ ᠭᠦᠢᠴᠡᠳᠭᠡᠬᠦ︾ ᠲᠣᠭᠲᠠᠴᠠ ᠶᠢ | ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠡᠷᠬᠢᠯᠡᠨ ᠭᠦᠢᠴᠡᠳᠭᠡᠬᠦ | ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠦᠴᠢᠷᠳᠡᠯᠲᠡᠢ ᠣᠯᠠᠨ ᠲᠦᠮᠡᠨ ᠤ | ᠲᠤᠰᠠᠯᠠᠮᠵᠢ ᠭᠤᠶᠤᠴᠢᠯᠠᠬᠤ ᠭᠠᠵᠠᠷ ᠲᠠᠢ᠂ ᠳᠠᠷᠦ᠋ᠢᠬᠠᠨ ᠲᠤᠰᠠᠯᠠᠮᠵᠢ ᠬᠦᠷᠲᠡᠵᠦ ᠪᠣᠯᠬᠤ ᠶᠢ ᠪᠠᠲᠤᠯᠠᠬᠤ ᠬᠡᠷᠡᠭᠲᠡᠢ᠃ | ᠵᠠᠰᠠᠭ ᠤᠨ ᠣᠷᠳᠣᠨ ᠠᠴᠠ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡ ᠬᠤᠳᠠᠯᠳᠤᠨ ᠠᠪᠬᠤ ᠳᠥᠷᠢᠮ ᠢ | ᠪᠠᠶᠢᠭᠤᠯᠬᠤ ᠪᠠ ᠬᠡᠷᠡᠭᠵᠢᠭᠦᠯᠬᠦ᠂ ᠨᠡᠶᠢᠭᠡᠮ ᠤᠨ ᠠᠪᠤᠷᠠᠨ ᠲᠤᠰᠠᠯᠠᠬᠤ ᠠᠵᠢᠯ ᠳᠠᠬᠢ ᠨᠡᠶᠢᠭᠡᠮ ᠤᠨ ᠬᠦᠴᠦᠨ ᠤ | ᠴᠢᠬᠤᠯᠠ ᠦᠢᠯᠡᠳᠦᠯ ᠢ ᠨᠢ ᠭᠦᠢᠴᠡᠳ ᠪᠠᠳᠠᠷᠠᠭᠤᠯᠬᠤ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠢ ᠴᠠᠭ ᠲᠤᠬᠠᠢ ᠳᠤᠨᠢ ᠵᠣᠬᠢᠶᠠᠨ ᠪᠠᠶᠢᠭᠤᠯᠵᠤ ᠪᠠᠶᠢᠭᠠᠳ ᠲᠤᠰ | ᠠᠵᠢᠯ ᠤᠨ ᠲᠣᠬᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠨ᠎ᠠ᠃ ᠠᠵᠢᠯ ᠤᠨ | ᠪᠠᠶᠢᠷᠢᠯᠠᠭᠤᠯᠤᠯᠲᠠ ᠶᠢ ᠪᠣᠳᠠᠲᠠᠶᠢᠵᠢᠭᠤᠯᠤᠭᠰᠠᠨ ᠦᠭᠡᠢ᠂ ᠲᠣᠬᠢᠷᠠᠭᠤᠯᠤᠯᠲᠠ ᠨᠢ ᠬᠦᠴᠦᠨ ᠦᠭᠡᠢ ᠪᠠᠶᠢᠪᠠᠯ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠮᠡᠳᠡᠭᠡᠯᠡᠨ ᠰᠢᠭᠦᠮᠵᠢᠯᠡᠬᠦ ᠶᠢᠨ ᠬᠠᠮᠲᠤ | ᠬᠠᠷᠢᠭᠤᠴᠠᠯᠭ᠎ᠠ ᠬᠡᠯᠡᠯᠴᠡᠨ᠎ᠡ᠃ | |