8 ᠳ᠋ᠤᠭᠠᠷ ᠰᠠᠷ᠎ᠠ ᠶᠢᠨ 3 ᠤ ᠡᠳᠦᠷ᠂ ᠦᠪᠡᠷᠳᠡᠭᠡᠨ ᠵᠠᠰᠬᠠᠤ ᠤᠷᠤᠨ ᠤ ᠵᠠᠰᠠᠭ ᠤᠨ ᠤᠷᠳᠤᠨ ᠤ ᠰᠤᠨᠢᠨ | ᠮᠡᠳᠡᠭᠡᠨ ᠤ ᠠᠯᠪᠠᠨ ᠬᠡᠷ ᠰᠤᠨᠢᠨ ᠮᠡᠳᠡᠭᠡ ᠨᠡᠶᠢᠳᠡᠯᠡᠭᠦ ᠬᠤᠷᠠᠯ ᠬᠢᠵᠤ᠂ 2017 ᠤᠨ ᠤ ᠪᠦᠬᠦ ᠤᠷᠤᠨ ᠤ | ᠳᠠᠷᠢᠶᠠᠯᠠᠩ ᠢ ᠬᠠᠮᠠᠭᠠᠯᠠᠬᠤ ︽ᠤᠯᠠᠭᠠᠨ ᠪᠠᠮᠪᠠᠢ︾ ᠠᠵᠢᠯᠯᠠᠭ᠎ᠠ ᠪᠤᠯᠤᠨ ᠳᠠᠷᠢᠶᠠᠯᠠᠩ ᠤᠨ ᠪᠠᠭᠠᠵᠢ ᠬᠡᠷᠡᠭᠰᠡᠯ ᠤᠨ | ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠳᠠ ᠶᠢ ᠴᠢᠩᠭᠠᠳᠬᠠᠬᠰᠠᠨ ᠦᠷ᠎ᠠ ᠪᠦᠳᠦᠮᠵᠢ ᠶᠢᠨ ᠪᠠᠶᠢᠳᠠᠯ ᠢ ᠮᠡᠳᠡᠭᠳᠡᠬᠦ | ᠵᠢᠴᠢ 2017 ᠤᠨ ᠤ ᠳᠡᠭᠡᠷ᠎ᠠ ᠬᠠᠭᠠᠰ ᠵᠢᠯ ᠤᠨ ᠪᠦᠬᠦ ᠤᠷᠤᠨ ᠤ ᠳᠠᠷᠢᠶᠠᠯᠠᠩ ᠤᠨ ᠪᠠᠭᠠᠵᠢ ᠬᠡᠷᠡᠭᠰᠡᠯ ᠤᠨ ᠵᠠᠬ᠎ᠠ | ᠳᠡᠯᠭᠡᠭᠦᠷ ᠤᠨ ᠬᠢᠨᠠᠨ ᠬᠠᠮᠢᠶᠠᠷᠤᠯᠳᠠ ᠲᠤᠮᠳᠠᠬᠢ ᠨᠡᠶᠢᠳᠡᠯᠢᠭ ᠬᠡᠷᠡᠭ ᠢ ᠨᠡᠶᠢᠳᠡᠯᠡᠭᠦ ᠶᠢᠨ ᠬᠠᠮᠳᠤ᠂ | ᠰᠤᠷᠪᠤᠯᠵᠢᠯᠠᠭᠴᠢ ᠶᠢᠨ ᠬᠠᠮᠢᠶ᠎ᠠ ᠪᠦᠬᠦᠢ ᠠᠰᠠᠭᠤᠯᠳᠠ ᠶᠢ ᠬᠠᠷᠢᠭᠤᠯᠪᠠ᠃ | ᠤᠢᠢᠷ᠎ᠠ ᠶᠢᠨ ᠵᠢᠯ ᠳᠤ᠂ ᠪᠦᠬᠦ ᠤᠷᠤᠨ ᠤ ᠡᠯ᠎ᠠ ᠱᠠᠳᠤᠨ ᠤ ᠦᠢᠯᠡᠳᠪᠦᠷᠢ ᠬᠤᠳᠠᠯᠳᠤᠭᠠᠨ ᠤ ᠵᠠᠰᠠᠭ | ᠵᠠᠬᠢᠷᠭᠠᠨ ᠤ ᠬᠠᠮᠢᠶᠠᠷᠤᠯᠳᠠ ᠪᠤᠯᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠰᠠᠯᠠᠭ᠎ᠠ ᠮᠦᠴᠢᠷ᠂ | ᠳᠠᠷᠢᠶᠠᠯᠠᠩ ᠤᠨ ᠰᠠᠯᠠᠭ᠎ᠠ ᠮᠦᠴᠢᠷ ᠵᠡᠷᠭᠡ ᠬᠤᠯᠪᠤᠬᠳᠠᠯ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠵᠤ᠂ ᠬᠡᠷᠡᠭ ᠤᠨ | ᠳᠤᠮᠳᠠᠬᠢ ᠬᠡᠷᠡᠭ ᠤᠨ ᠳᠠᠷᠠᠭᠠᠬᠢ ᠬᠢᠨᠠᠨ ᠬᠠᠮᠢᠶᠠᠷᠤᠯᠳᠠ ᠪᠠᠨ ᠴᠢᠩᠭᠠᠳᠬᠠᠵᠤ᠂ ︽ᠤᠯᠠᠭᠠᠨ ᠪᠠᠮᠪᠠᠢ︾ ᠳᠠᠷᠢᠶᠠᠯᠠᠩ | ᠢ ᠬᠠᠮᠠᠭᠠᠯᠠᠬᠤ ᠠᠵᠢᠯᠯᠠᠭ᠎ᠠ ᠦᠷᠨᠢᠭᠦᠯᠦᠭᠡᠳ ᠢᠯᠡᠳᠳᠡ ᠠᠮᠵᠢᠯᠳᠠ ᠤᠯᠵᠤ᠂ ᠲᠤᠰ ᠠᠵᠢᠯᠯᠠᠭ᠎ᠠ ᠨᠢ ᠳᠠᠷᠢᠶᠠᠯᠠᠩ ᠤᠨ | ᠪᠠᠭᠠᠵᠢ ᠬᠡᠷᠡᠭᠰᠡᠯ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠨᠢᠭᠡᠨ ᠬᠢᠯᠠᠰ ᠴᠢᠭ᠋ ᠪᠤᠯᠤᠭᠰᠠᠨ ᠪᠠᠶᠢᠨ᠎ᠠ᠃ | ᠤᠢᠢᠯᠠᠭᠠᠭᠰᠠᠨ ᠢᠶᠠᠷ᠂ 2017 ᠤᠨ ᠤ ᠳᠡᠭᠡᠷ᠎ᠠ ᠬᠠᠭᠠᠰ ᠵᠢᠯ ᠳᠤ᠂ ᠪᠦᠬᠦ ᠤᠷᠤᠨ ᠤ ᠦᠢᠯᠡᠳᠪᠦᠷᠢ | ᠬᠤᠳᠠᠯᠳᠤᠭᠠᠨ ᠤ ᠵᠠᠰᠠᠭ ᠵᠠᠬᠢᠷᠭᠠᠨ ᠤ ᠬᠢᠨᠡᠨ ᠬᠠᠮᠢᠶᠠᠷᠤᠯᠳᠠ ᠪᠤᠯᠤᠨ ᠵᠠᠬ᠎ᠠ ᠳᠡᠯᠭᠡᠭᠦᠷ ᠤᠨ ᠬᠢᠨᠠᠨ | ᠬᠠᠮᠢᠶᠠᠷᠤᠯᠳᠠ ᠶᠢᠨ ᠰᠠᠯᠠᠭ᠎ᠠ ᠮᠦᠴᠢᠷ ᠡᠯ᠎ᠠ ᠲᠦᠷᠦᠯ ᠤᠨ ᠳᠠᠷᠢᠶᠠᠯᠠᠩ ᠤᠨ ᠪᠠᠭᠠᠵᠢ ᠬᠡᠷᠡᠭᠰᠡᠯ ᠤᠨ ᠡᠵᠡᠩᠨᠡᠯᠳᠡ ᠶᠢᠨ | ᠭᠤᠤᠯ ᠴᠤᠭᠴᠠ ᠪᠤᠯᠬᠤ 3486 ᠡᠷᠦᠭᠡ ︵ᠤᠳᠠᠭ᠎ᠠ︶ ᠳᠤ ᠪᠠᠶᠢᠴᠠᠭᠠᠯᠳᠠ ᠬᠢᠵᠤ᠂ ᠵᠠᠬ᠎ᠠ ᠳᠡᠯᠭᠡᠭᠦᠷ ᠲᠤ 162 | ᠤᠳᠠᠭ᠎ᠠ ᠴᠡᠭᠴᠡᠯᠡᠯᠳᠡ ᠬᠢᠵᠤ᠂ ᠡᠵᠡᠩᠨᠡᠯᠳᠡ ᠶᠢᠨ ᠬᠡᠷᠡᠴᠢ ᠪᠠᠶᠢᠬᠤ ᠦᠭᠡᠢ 21 ᠡᠷᠦᠭᠡ ᠶᠢ ᠪᠠᠶᠢᠴᠠᠭᠠᠨ ᠰᠢᠳᠭᠡᠵᠤ᠂ | ᠳᠠᠷᠢᠶᠠᠯᠠᠩ ᠤᠨ ᠪᠠᠭᠠᠵᠢ ᠬᠡᠷᠡᠭᠰᠡᠯ ᠤᠨ 259 ᠬᠡᠷᠡᠭ ᠢ ᠪᠠᠶᠢᠴᠠᠭᠠᠨ ᠰᠢᠢᠳᠪᠦᠷᠢᠯᠡᠵᠤ᠂ ᠭᠡᠷᠡᠭ ᠲᠤ | ᠬᠤᠯᠪᠤᠬᠳᠠᠬᠰᠠᠨ ᠦᠷᠳᠡᠭ ᠨᠢ 140.04 ᠲᠦᠮᠡᠨ ᠲᠦᠭᠦᠷᠢᠭ ᠲᠤ ᠬᠦᠷᠦᠭᠰᠡᠨ ᠪᠠᠶᠢᠨ᠎ᠠ᠃ |