70 ᠵᠢᠯ ᠤᠨ ᠬᠥᠭᠵᠢᠯᠲᠡ ᠪᠠᠷ ᠳᠠᠮᠵᠢᠭᠠᠳ᠂ ᠥᠪᠥᠷ ᠮᠣᠩᠭᠤᠯ ᠤᠨ ᠦᠨᠳᠦᠰᠦᠲᠡᠨ ᠤ ᠰᠤᠷᠭᠠᠨ ᠬᠥᠮᠥᠵᠢᠯ | ᠭᠢᠯᠠᠯᠵᠠᠭᠰᠠᠨ ᠠᠮᠵᠢᠯᠲᠠ ᠲᠠᠢ ᠪᠣᠯᠪᠠ᠃ ᠣᠳᠣᠬᠠᠨ ᠳᠤ᠂ ᠮᠣᠩᠭᠤᠯ ᠦᠨᠳᠦᠰᠦᠲᠡᠨ ᠤ ᠲᠥᠪᠯᠡᠷᠡᠨ ᠰᠠᠭᠤᠷᠢᠰᠢᠵᠤ | ᠪᠠᠶᠢᠭ᠎ᠠ ᠭᠠᠵᠠᠷ ᠣᠷᠣᠨ ᠳᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠮᠣᠩᠭᠤᠯ ᠬᠢᠲᠠᠳ ᠬᠤᠣᠰ ᠬᠡᠯᠡᠨ ᠤ | ᠰᠤᠷᠭᠠᠨ ᠬᠥᠮᠥᠵᠢᠯ ᠦᠨᠳᠦᠰᠦᠨ ᠳᠡᠭᠡᠨ ᠲᠦᠭᠡᠮᠡᠯᠵᠢᠵᠦ᠂ ᠪᠡᠶ᠎ᠡ ᠪᠠᠨ ᠳᠠᠭᠠᠭᠠᠭᠰᠠᠨ ᠦᠨᠳᠦᠰᠦᠲᠡᠨ ᠤ ᠳᠤᠮᠳᠠᠳᠤ | ᠪᠠᠭ᠎ᠠ ᠰᠤᠷᠭᠠᠭᠤᠯᠢ ᠨᠢ ᠪᠦᠬᠦ ᠣᠷᠣᠨ ᠤ ᠪᠦᠬᠦ ᠲᠣᠭᠠᠨ ᠤ 17.51% ᠶᠢ ᠡᠵᠡᠯᠡᠵᠦ ᠪᠠᠶᠢᠨ᠎ᠠ᠃ ᠪᠦᠬᠦ ᠣᠷᠣᠨ ᠤ | 24 ᠡᠩ ᠤᠨ ᠶᠡᠭᠡ ᠳᠡᠭᠡᠳᠦ ᠰᠤᠷᠭᠠᠭᠤᠯᠢ ᠳᠤ ᠮᠣᠩᠭᠤᠯ ᠬᠢᠲᠠᠳ ᠬᠤᠣᠰ ᠬᠡᠯᠡ ᠪᠠᠷ ᠬᠢᠴᠢᠶᠡᠯᠯᠡᠬᠦ ᠲᠤᠰᠬᠠᠢ | ᠮᠡᠷᠭᠡᠵᠢᠯ ᠪᠣᠯᠣᠨ ᠦᠨᠳᠦᠰᠦᠲᠡᠨ ᠤ ᠪᠡᠯᠡᠳᠬᠡᠯ ᠠᠩᠭᠢ 104 ᠪᠠᠶᠢᠵᠤ᠂ ᠰᠤᠷᠤᠯᠴᠠᠵᠤ ᠪᠠᠶᠢᠭ᠎ᠠ ᠬᠥᠮᠥᠨ ᠤ ᠲᠤᠭ᠎ᠠ | ᠨᠢ ᠪᠦᠬᠦ ᠣᠷᠣᠨ ᠤ ᠰᠤᠷᠭᠠᠭᠤᠯᠢ ᠳᠤ ᠪᠠᠶᠢᠭ᠎ᠠ ᠣᠶᠤᠲᠠᠨ ᠤ ᠪᠦᠬᠦ ᠲᠣᠭᠠᠨ ᠤ 9.65% ᠶᠢ ᠡᠵᠡᠯᠡᠵᠦ ᠪᠠᠶᠢᠨ᠎ᠠ᠃ | 2016 ᠣᠨ ᠤ 11 ᠳ᠋ᠦ᠋ᠭᠡᠷ ᠰᠠᠷ᠎ᠠ ᠳᠤ᠂ ᠥᠪᠥᠷ ᠮᠣᠩᠭᠤᠯ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠦᠨᠳᠦᠰᠦᠲᠡᠨ ᠤ ᠰᠤᠷᠭᠠᠨ ᠬᠥᠮᠥᠵᠢᠯ ᠤᠨ ᠳᠦᠷᠢᠮ︾ ᠢ ᠠᠯᠪᠠᠨ ᠶᠣᠰᠣᠭᠠᠷ ᠨᠡᠶᠢᠲᠡᠯᠡᠨ | ᠬᠡᠷᠡᠭᠵᠢᠭᠦᠯᠵᠦ᠂ ᠦᠨᠳᠦᠰᠦᠲᠡᠨ ᠤ ᠰᠤᠷᠭᠠᠨ ᠬᠥᠮᠥᠵᠢᠯ ᠤᠨ ᠬᠥᠭᠵᠢᠯᠲᠡ ᠳᠤ ᠬᠠᠤᠯᠢ ᠲᠣᠭᠲᠠᠭᠠᠯ ᠤᠨ ᠪᠠᠲᠤᠯᠠᠭ᠎ᠠ | ᠲᠠᠢ ᠪᠣᠯᠪᠠ᠃ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠥᠭᠡᠯᠡᠭᠴᠢᠳ ᠤᠨ ᠶᠡᠭᠡ | ᠬᠤᠷᠠᠯ ᠠᠴᠠ ᠳᠤᠷᠠᠳᠤᠭᠰᠠᠨ ᠨᠢ᠂ ᠦᠨᠳᠦᠰᠦᠲᠡᠨ ᠤ ᠰᠤᠷᠭᠠᠨ ᠬᠥᠮᠥᠵᠢᠯ ᠢ ᠡᠩ ᠲᠡᠷᠢᠭᠦᠨ ᠳᠤ ᠭᠤᠣᠯᠳᠠᠯᠭ᠎ᠠ | ᠲᠠᠢ ᠪᠠᠷ ᠬᠥᠭᠵᠢᠭᠦᠯᠵᠦ᠂ ᠦᠨᠳᠦᠰᠦᠲᠡᠨ ᠤ ᠰᠤᠷᠭᠠᠨ ᠬᠥᠮᠥᠵᠢᠯ ᠢ ᠤᠯᠤᠰ ᠤᠨ ᠲᠣᠲᠣᠭᠠᠲᠤ ᠳᠤ ᠲᠡᠷᠢᠭᠦᠨ ᠤ | ᠬᠢᠷᠢ ᠲᠦᠪᠰᠢᠨ ᠳᠤ ᠪᠠᠶᠢᠯᠭᠠᠬᠤ ᠬᠡᠷᠡᠭᠲᠡᠢ ᠭᠡᠪᠡ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ | ᠲᠢᠩᠬᠢᠮ ᠤᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠣᠳᠣᠬᠠᠨ ᠳᠤ ᠪᠦᠬᠦ ᠣᠷᠣᠨ ᠤ ᠡᠯ᠎ᠡ | ᠰᠤᠷᠤᠯᠭ᠎ᠠ ᠶᠢᠨ ᠱᠠᠲᠤ ᠶᠢᠨ ᠴᠥᠬᠡᠨ ᠲᠣᠭᠠᠲᠤ ᠦᠨᠳᠦᠰᠦᠲᠡᠨ ᠤ ᠰᠤᠷᠭᠠᠭᠤᠯᠢ ᠳᠤ ᠪᠠᠶᠢᠭ᠎ᠠ ᠰᠤᠷᠤᠭᠴᠢ ᠶᠢᠨ | ᠡᠵᠡᠯᠡᠬᠦ ᠬᠠᠷᠢᠴᠠᠯ ᠨᠢ ᠴᠥᠮ ᠲᠡᠭᠦᠨ ᠤ ᠬᠥᠮᠥᠨ ᠠᠮᠠ ᠶᠢᠨ ᠡᠵᠡᠯᠡᠬᠦ ᠬᠠᠷᠢᠴᠠᠯ ᠠᠴᠠ ᠳᠠᠪᠠᠵᠤ᠂ ᠭᠤᠣᠯ ᠪᠣᠯᠬᠤ | ᠰᠤᠷᠭᠠᠨ ᠬᠥᠮᠥᠵᠢᠯ ᠤᠨ ᠭᠦᠢᠴᠡᠳᠬᠡᠯ ᠲᠤᠭ᠎ᠠ ᠨᠢ ᠴᠥᠮ ᠪᠦᠬᠦ ᠣᠷᠣᠨ ᠤ ᠳᠤᠮᠳᠠᠴᠢ ᠬᠢᠷᠢ ᠲᠦᠪᠰᠢᠨ ᠠᠴᠠ | ᠥᠨᠳᠥᠷ ᠪᠠᠶᠢᠵᠤ᠂ ᠴᠥᠬᠡᠨ ᠲᠣᠭᠠᠲᠤ ᠦᠨᠳᠦᠰᠦᠲᠡᠨ ᠤ ᠰᠤᠷᠭᠠᠨ ᠬᠥᠮᠥᠵᠢᠯ ᠬᠦᠷᠲᠡᠬᠦ ᠬᠡᠪᠴᠢᠶᠡᠵᠢᠯ ᠪᠣᠯᠣᠨ | ᠬᠢᠷᠢ ᠬᠡᠮᠵᠢᠶ᠎ᠡ ᠨᠢ ᠲᠡᠦᠬᠡᠨ ᠰᠢᠨ᠎ᠡ ᠲᠡᠮᠳᠡᠭᠯᠡᠯ ᠢ ᠡᠭᠦᠳᠴᠡᠢ᠃ |