︵ᠨᠢᠬᠡ︶ ᠴᠢᠬᠤᠯᠡ ᠶᠡᠭᠡ ᠴᠠᠬ ᠬᠤᠭᠤᠴᠠᠭᠠᠨ ᠤ ᠭᠤᠬᠴᠤᠭ᠎ᠠ ᠪᠦᠷᠢ ᠨᠢ ᠦᠩᠬᠡᠷᠡᠭᠰᠡᠨ ᠢ ᠵᠠᠯᠭᠠᠵᠦ | ᠪᠠᠶᠢᠳᠠᠭ ᠪᠦᠭᠡᠳ ᠪᠠᠰᠠ ᠢᠷᠡᠬᠡᠳᠦᠢ ᠶᠢᠨ ᠴᠢᠭᠯᠡᠯ ᠢ ᠵᠢᠭᠠᠨ ᠦᠭᠳᠡᠭ ᠪᠢᠯᠡ᠃ | 1947 ᠤᠨ ᠳᠤ᠂ ᠮᠠᠤ ᠽᠧ ᠳ᠋ᠦᠩ᠂ ᠵᠦ ᠳ᠋ᠧ ᠱᠠᠨᠪᠧᠢ ᠠᠴᠠ ᠪᠠᠶᠠᠷ ᠤᠨ ᠴᠠᠬᠢᠯᠭᠠᠨ ᠢᠯᠡᠬᠡᠵᠦ᠄ ︽ | ᠬᠦᠴᠢᠷ ᠵᠤᠪᠠᠯᠠᠩ ᠢ ᠬᠠᠰᠢᠷᠠᠳᠠᠯ᠎ᠠ ᠠᠮᠰᠠᠬᠰᠠᠨ ᠦᠪᠦᠷ ᠮᠤᠩᠭᠤᠯ ᠤᠨ ᠠᠬ᠎ᠠ ᠲᠡᠬᠦᠦᠨᠠᠷ᠂ ᠲᠠ ᠨᠠᠷ ᠤᠨ | ᠤᠳᠤᠷᠢᠳᠤᠯᠭ᠎ᠠ ᠲᠤᠤᠷ᠎ᠠ᠂ ᠡᠷᠬᠡ ᠴᠢᠯᠦᠬᠡᠳᠤ ᠬᠡᠷᠡᠯ ᠰᠠᠴᠤᠷᠠᠩᠭᠤᠢ ᠰᠢᠨ᠎ᠠ ᠲᠡᠤᠬᠡ ᠶᠢ ᠶᠠᠬ ᠰᠠᠶᠢᠬᠠᠨ ᠡᠬᠢᠯᠡᠨ | ᠴᠤᠭᠴᠠᠯᠠᠵᠤ ᠪᠠᠶᠢᠨ᠎ᠠ︾ ᠬᠡᠪᠡ᠃ | ᠨᠠᠮ ᠤᠨ ᠲᠤᠬ ᠤᠨ ᠲᠤᠤᠷ᠎ᠠ ᠨᠢᠬᠳᠠᠷᠠᠵᠦ᠂ 70 ᠵᠢᠯ ᠳᠤ ᠬᠦᠴᠢᠷ ᠪᠡᠷᠭᠡ ᠶᠢ ᠲᠠᠪᠠᠨ ᠤᠷᠤᠬᠰᠢᠯᠠᠪᠠ᠃ | ᠪᠤᠰᠤᠳ ᠤᠨ ᠲᠤᠷᠤᠮᠵᠢᠯᠠᠯ ᠲᠠᠷᠤᠯᠠᠯ ᠲᠤᠤᠷ᠎ᠠ ᠪᠠᠶᠢᠭᠰᠠᠨ ᠠᠴᠠ ᠡᠷᠬᠡ ᠮᠡᠳᠡᠨ ᠡᠵᠡᠨ ᠰᠠᠭᠤᠬᠤ ᠪᠤᠯᠳᠠᠯ᠎ᠠ᠂ ᠶᠠᠳᠠᠭᠤ | ᠬᠤᠭᠤᠰᠤᠨ ᠪᠠᠶᠢᠭᠰᠠᠨ ᠠᠴᠠ ᠪᠠᠳᠠᠷᠠᠨ ᠬᠦᠭᠵᠢᠬᠦ ᠪᠤᠯᠳᠠᠯ᠎ᠠ᠂ ᠮᠦᠷᠦ ᠨᠢᠴᠦᠬᠦᠨ ᠭᠡᠳᠡᠰᠦ ᠦᠯᠦᠰᠬᠦᠯᠡᠩ | ᠪᠠᠶᠢᠭᠰᠠᠨ ᠠᠴᠠ ᠪᠦᠬᠦ ᠲᠠᠯ᠎ᠠ ᠪᠠᠷ ᠴᠢᠨᠡᠬᠡᠯᠢᠭ ᠢ ᠴᠢᠭᠯᠡᠬᠦ ᠪᠤᠯᠳᠠᠯ᠎ᠠ᠂ ᠦᠨᠦᠳᠦᠷ ᠤᠨ ᠦᠪᠦᠷ ᠮᠤᠩᠭᠤᠯ ᠤᠨ ᠡᠬᠡ | ᠭᠠᠵᠠᠷ ᠲᠡᠭᠡᠷ᠎ᠠ᠂ ︽ᠪᠠᠶᠠᠰᠤᠯᠳᠤ ᠲᠠᠭᠤᠤ ᠭᠤᠨᠢᠬᠳᠤ ᠰᠡᠬᠦᠷᠡᠰᠤ ᠶᠢ ᠤᠷᠤᠯᠠᠵᠤ᠂ ᠪᠠᠶᠠᠨ ᠴᠢᠨᠡᠬᠡᠯᠢᠭ ᠶᠠᠳᠠᠭᠤ | ᠬᠤᠭᠤᠰᠤᠨ ᠢ ᠤᠷᠤᠯᠠᠵᠦ᠂ ᠡᠷᠡᠬᠦᠯ ᠮᠡᠨᠳᠤ ᠡᠪᠡᠳᠴᠢᠨ ᠵᠤᠪᠠᠯᠠᠩ ᠢ ᠤᠷᠤᠯᠠᠪᠠ︾᠃ ᠪᠠᠳᠠᠷᠠᠨ ᠬᠦᠭᠵᠢᠭᠰᠡᠨ ᠪᠠᠶᠠᠨ | ᠴᠢᠨᠡᠬᠡᠯᠢᠭ᠂ ᠡᠶ᠎ᠡ ᠵᠤᠬᠢᠴᠠᠩᠭᠤᠢ ᠦᠵᠡᠰᠭᠦᠯᠡᠩᠲᠦ ᠰᠠᠶᠢᠬᠠᠨ ᠦᠪᠦᠷ ᠮᠤᠩᠭᠤᠯ ᠭᠠᠷ ᠳᠠᠯᠠᠯᠤᠨ ᠠᠶᠢᠰᠤᠢ᠃ | 2017 ᠤᠨ ᠳᠤ᠂ ᠦᠡᠭᠭᠡ ᠬᠡᠷᠡᠯ ᠬᠢᠬᠡᠳ ᠬᠡᠷᠡᠯ ᠰᠠᠴᠤᠷᠠᠩᠭᠤᠢ ᠲᠡᠦᠭᠡ ᠪᠠᠨ ᠲᠠᠬᠢᠨ ᠡᠷᠬᠢᠴᠡᠬᠦᠯᠬᠦ ᠳᠤ᠂ | ᠠᠰᠠᠭᠤᠯᠳᠠ ᠪᠠ ᠪᠤᠳᠤᠯᠬᠢᠯᠠᠯ ᠪᠠᠰᠠ ᠦᠯᠡᠳᠡᠵᠦ ᠪᠠᠶᠢᠨ᠎ᠠ᠄ ᠲᠡᠤᠬᠡ ᠶᠢᠨ ᠰᠢᠨ᠎ᠠ ᠭᠠᠷᠤᠭ᠎ᠠ ᠲᠡᠭᠡᠷ᠎ᠠ ᠵᠤᠬᠰᠤᠵᠦ᠂ | ᠦᠪᠦᠷ ᠮᠤᠩᠭᠤᠯ ᠬᠡᠬᠦ ᠡᠨᠡᠬᠦ ᠲᠤᠮᠤ ᠬᠦᠯᠬᠡ ᠤᠩᠭᠤᠴᠠ ᠬᠡᠷᠬᠢᠨ ᠨᠡᠩ ᠬᠦᠨ᠂ ᠨᠡᠩ ᠠᠯᠤᠰ᠂ ᠨᠡᠩ ᠠᠭᠤᠳᠠᠮ | ᠳᠠᠯᠠᠢ ᠳᠤ ᠠᠶᠠᠯᠠᠬᠤ ᠪᠤᠢ︖ | 70 ᠵᠢᠯ ᠤᠨ ᠬᠤᠪᠢᠷᠠᠰᠢ ᠦᠬᠡᠢ ᠪᠠᠷᠢᠮᠳᠠᠯᠠᠯ ᠪᠠ ᠲᠡᠪᠴᠢᠶᠡᠷᠢ ᠪᠠᠷ ᠦᠨᠳᠦᠰᠦᠳᠡᠨ ᠤ ᠤᠷᠤᠨ ᠤ | ᠦᠪᠡᠷᠳᠡᠬᠡᠨ ᠵᠠᠰᠠᠬᠤ ᠵᠦᠪ ᠤᠨᠤᠪᠴᠢᠳᠠᠢ ᠵᠠᠮ ᠢᠶᠠᠷ ᠦᠪᠦᠷ ᠮᠤᠩᠭᠤᠯ ᠰᠢᠨ᠎ᠡ ᠨᠢᠭᠡᠨ ᠠᠶᠠᠨ ᠳᠠᠭᠠᠨ ᠮᠤᠷᠳᠠᠵᠤ | ᠪᠠᠶᠢᠨ᠎ᠠ᠃ | ︵ᠬᠤᠶᠠᠷ︶ ᠬᠡᠷᠡᠭ ᠪᠤᠳᠠᠰ ᠢ ᠶᠡᠭᠡ ᠠᠷᠤ ᠦᠵᠡᠭᠳᠡᠯ ᠲᠤᠤᠷ᠎ᠠ ᠲᠠᠯᠪᠢᠵᠦ ᠪᠤᠳᠤᠯᠬᠢᠯᠠᠪᠠᠯ᠂ ᠨᠡᠩ ᠦᠨᠡᠨ | ᠪᠤᠳᠠᠳᠠᠢ ᠶᠢ ᠤᠯᠵᠦ ᠦᠵᠡᠳᠡᠭ᠃ | ᠬᠦᠨ ᠤᠬᠠᠭᠠᠨᠳᠠᠨ᠄ ︽ᠨᠢᠬᠡ ᠶᠠᠪᠤᠳᠠᠯ ᠢ ᠡᠬᠢᠯᠡᠨ ᠬᠢᠬᠦ ᠳᠡᠭᠡᠨ ᠠᠵᠠ ᠲᠤᠬᠢᠶᠠᠯ ᠢ ᠢᠯᠭᠠᠨ ᠲᠠᠨᠢᠬᠤ ᠳᠠᠭᠠᠨ | ᠴᠢᠳᠠᠮᠠᠭᠠᠢ ᠪᠠᠶᠢᠬᠤ ᠪᠤᠯ ᠨᠢᠬᠡ ᠵᠦᠢᠯ ᠶᠢ ᠮᠠᠰᠢ ᠤᠯᠳᠠᠰᠢ ᠦᠬᠡᠢ ᠤᠶᠤᠨ ᠤᠬᠠᠭᠠᠨ ᠮᠦᠨ︾ ᠬᠡᠵᠦ ᠶᠠᠷᠢᠵᠠᠢ᠃ | ᠬᠡᠷᠪᠡ ᠴᠠᠬ ᠮᠦᠴᠡ ᠶᠢᠨ ᠦᠷᠬᠡᠨ ᠬᠠᠷᠠᠭᠠᠰᠤ ᠪᠠᠷ ᠤᠳᠤᠬᠠᠨ ᠤ ᠦᠪᠦᠷ ᠮᠤᠩᠭᠤᠯ ᠢ ᠲᠤᠭᠳᠠᠭᠠᠬᠤ ᠳᠤ ᠬᠦᠷᠪᠡᠯ᠂ | ᠦᠷᠢᠰᠦᠯᠳᠦᠬᠡᠨ ᠪᠠ ᠠᠵᠠ ᠲᠤᠬᠢᠶᠠᠯ ᠪᠤᠯ ᠡᠨᠡᠬᠦ ᠵᠢᠷᠤᠬ ᠤᠨ ᠲᠤᠮᠳᠠᠬᠢ ᠬᠠᠮᠤᠬ ᠤᠨ ᠲᠤᠳᠤ᠂ ᠬᠠᠮᠤᠬ ᠤᠨ | ᠠᠮᠢᠳᠤᠯᠢᠬ ᠲᠦᠷᠰᠦ ᠪᠤᠯᠤᠨ᠎ᠠ᠃ | ᠦᠷᠢᠰᠦᠯᠳᠦᠬᠡᠨ ᠨᠢ ᠶᠠᠪᠤᠬᠤ ᠲᠤᠳᠤᠮ ᠬᠤᠷᠴᠠ ᠰᠢᠷᠦᠬᠦᠨ ᠪᠤᠯᠵᠦ ᠪᠠᠶᠢᠭ᠎ᠠ ᠨᠢ ︽ᠵᠠᠯᠠᠭᠤ ᠨᠠᠰᠤᠨ ᠤ | ᠪᠤᠬᠢᠨᠢᠳᠤᠯ︾ ᠠᠴᠠ ᠢᠷᠡᠯᠳᠡ ᠲᠠᠢ᠃ ᠠᠵᠦ ᠠᠬᠤᠢ ᠶᠢᠨ ᠬᠦᠭᠵᠢᠯᠳᠡ ᠶᠢᠨ ᠠᠷᠭ᠎ᠠ ᠬᠡᠯᠪᠡᠷᠢ ᠮᠦᠨᠬᠦ ᠪᠦᠳᠦᠬᠦᠯᠢᠭ | ᠪᠠᠶᠢᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠪᠠ ᠦᠨᠳᠦᠰᠦᠨ ᠤᠯᠠᠨ ᠨᠡᠶᠢᠲᠡ ᠶᠢᠨ | ᠦᠢᠯᠡᠴᠢᠯᠡᠭᠡ ᠨᠢ ᠪᠦᠬᠦ ᠤᠯᠤᠰ ᠤᠨ ᠲᠤᠮᠳᠠᠴᠢ ᠲᠦᠪᠰᠢᠨ ᠠᠴᠠ ᠲᠤᠤᠷ᠎ᠠ᠂ ᠠᠮᠢ ᠠᠬᠤᠢ ᠶᠢᠨ ᠤᠷᠴᠢᠨ ᠲᠤᠭᠤᠷᠢᠨ | ᠮᠦᠨᠬᠦ ᠮᠠᠰᠢ ᠬᠡᠪᠡᠷᠡᠭ᠂ ᠨᠡᠶᠢᠭᠡᠮ ᠤᠨ ᠵᠦᠷᠢᠴᠡᠯ ᠪᠠ ᠠᠰᠠᠭᠤᠳᠠᠯ ᠠᠮᠠᠷᠬᠠᠨ ᠡᠬᠦᠰᠬᠦ ᠪᠤᠯᠪᠠ᠃ | ᠦᠷᠢᠰᠦᠯᠳᠦᠬᠡᠨ ᠨᠢ ᠭᠠᠳᠠᠭᠠᠳᠤ ᠤᠷᠴᠢᠨ ᠤ ᠬᠤᠪᠢᠷᠠᠯᠲᠠ ᠪᠠ ᠳᠤᠲᠤᠭᠠᠲᠤ ᠲᠤᠬᠢᠷᠠᠭᠤᠯᠤᠯᠲᠠ ᠶᠢᠨ | ᠳᠠᠷᠤᠭᠠᠰᠤ ᠠᠴᠠ ᠢᠷᠡᠯᠲᠡ ᠲᠠᠢ᠃ ᠳᠡᠯᠡᠭᠡᠢ ᠶᠢᠨ ᠠᠵᠤ ᠠᠬᠤᠢ ᠦᠷᠬᠦᠯᠵᠢᠯᠡᠨ ᠮᠠᠭᠤᠲᠠᠵᠤ ᠪᠠᠶᠢᠬᠤ ᠪᠠ | ᠤᠯᠤᠰ ᠤᠨ ᠳᠤᠲᠤᠭᠠᠲᠤ ᠶᠢᠨ ︽ᠨᠡᠮᠡᠭᠳᠡᠯ ᠤᠨ ᠬᠤᠷᠳᠤᠴᠠ ᠰᠤᠯᠢᠬᠤ ᠬᠤᠭᠤᠴᠠᠭ᠎ᠠ᠂ ᠪᠦᠲᠦᠴᠡ ᠶᠢᠨ | ᠲᠤᠬᠢᠷᠠᠭᠤᠯᠤᠯᠳᠠ ᠶᠢᠨ ᠡᠮᠵᠡᠭᠯᠡᠯ ᠤᠨ ᠬᠤᠭᠤᠴᠠᠭ᠎ᠠ᠂ ᠡᠮᠦᠨᠡᠬᠢ ᠬᠤᠭᠤᠴᠠᠭᠠᠨ ᠤ ᠰᠡᠳᠡᠯᠳᠡ ᠦᠭᠬᠦ ᠲᠦᠷᠦ ᠶᠢᠨ | ᠪᠤᠳᠤᠯᠭ᠎ᠠ ᠶᠢ ᠰᠢᠩᠬᠡᠬᠡᠬᠦ ᠬᠤᠭᠤᠴᠠᠭ᠎ᠠ ᠲᠠᠪᠬᠤᠴᠠᠬᠰᠠᠨ︾ ᠶᠡᠭᠡ ᠤᠷᠴᠢᠨ ᠳᠤᠤᠷ᠎ᠠ᠂ ᠦᠪᠦᠷ ᠮᠤᠩᠭᠤᠯ ᠬᠡᠬᠦ ᠡᠨᠡᠬᠦ | ᠡᠬᠢ ᠪᠠᠶᠠᠯᠢᠬ ᠤᠨ ᠬᠡᠯᠪᠡᠷᠢ ᠶᠢᠨ ᠠᠵᠦ ᠦᠢᠯᠡᠰ ᠪᠠ ᠤᠯᠠᠮᠵᠢᠯᠠᠯᠲᠤ ᠠᠵᠦ ᠦᠢᠯᠡᠰ ᠤᠨ ᠬᠠᠷᠢᠴᠠᠯ ᠨᠡᠯᠢᠶᠡᠳ | ᠦᠨᠳᠦᠷ ᠭᠠᠵᠠᠷ ᠤᠷᠤᠨ ᠨᠢ ᠨᠡᠯᠢᠶᠡᠳ ᠶᠡᠭᠡ ᠠᠵᠦ ᠠᠬᠤᠢ ᠮᠠᠭᠤᠳᠠᠬᠤ ᠲᠠᠷᠤᠭᠠᠰᠤ ᠪᠠ ᠬᠡᠯᠪᠡᠷᠢ ᠶᠢ | ᠬᠤᠪᠢᠷᠠᠭᠤᠯᠬᠤ ᠡᠮᠵᠡᠭᠯᠡᠯ ᠳᠤ ᠵᠠᠶᠢᠯᠠᠰᠢ ᠦᠬᠡᠢ ᠲᠤᠯᠭᠠᠷᠠᠬᠤ ᠪᠤᠯᠤᠨ᠎ᠠ᠃ | ᠦᠷᠢᠰᠦᠯᠳᠦᠬᠡᠨ ᠨᠢ ᠲᠤᠳᠠᠭᠤᠳᠠᠯ ᠢᠶᠠᠨ ᠨᠦᠬᠦᠪᠦᠷᠢᠯᠡᠬᠦ᠂ ᠵᠦᠷᠢᠶ᠎ᠠ ᠪᠠᠨ ᠪᠠᠭᠠᠰᠬᠠᠬᠤ ᠬᠠᠳᠠᠭᠤ ᠪᠡᠷᠬᠡ | ᠡᠬᠦᠷᠬᠡ ᠠᠴᠠ ᠢᠷᠡᠯᠳᠡ ᠲᠠᠢ᠃ ᠤᠯᠠᠮᠵᠢᠯᠠᠯᠳᠤ ᠮᠠᠯ ᠠᠵᠦ ᠠᠬᠤᠢ ᠲᠠᠷᠢᠶᠠᠯᠠᠩ ᠤᠨ ᠲᠠᠯ᠎ᠠ ᠪᠠᠷ ᠤᠳᠤᠬᠢᠴᠢᠯᠠᠬᠰᠠᠨ | ᠪᠦᠲᠦᠬᠡᠨ ᠪᠠᠶᠢᠭᠤᠯᠤᠯᠲᠠ ᠶᠢ ᠡᠬᠢᠯᠡᠬᠦᠯᠦᠭᠰᠡᠨ ᠦᠪᠦᠷ ᠮᠤᠩᠭᠤᠯ ᠤᠨ ᠰᠠᠭᠤᠷᠢ ᠲᠦᠬᠦᠬᠡᠷᠦᠮᠵᠢ᠂ ᠤᠳᠤ ᠦᠶ᠎ᠠ ᠶᠢᠨ | ᠠᠵᠦ ᠦᠢᠯᠡᠰ᠂ ᠤᠯᠠᠨ ᠨᠡᠶᠢᠲᠡ ᠶᠢᠨ ᠦᠢᠯᠡᠴᠢᠯᠡᠭᠡ ᠴᠤ ᠲᠡᠷᠡ᠂ ᠠᠷᠠᠳ ᠤᠨ ᠠᠮᠢᠳᠤᠷᠠᠯ ᠪᠠ ᠨᠡᠶᠢᠭᠡᠮ ᠤᠨ ᠠᠵᠢᠯ | ᠦᠢᠯᠡᠰ ᠴᠤ ᠬᠡᠰᠡᠨ ᠦᠬᠡᠢ᠂ ᠡᠬᠢᠯᠡᠯᠳᠡ ᠨᠢ ᠪᠦᠷ ᠮᠠᠰᠢ ᠲᠤᠤᠷ᠎ᠠ ᠪᠦᠬᠡᠳ ᠮᠠᠰᠢ ᠬᠤᠵᠢᠭᠤ᠂ ᠳᠤᠲᠠᠭᠤᠳᠠᠴᠯ ᠪᠠ | ᠦᠷᠢ ᠦᠭᠴᠡᠭᠡ ᠨᠢ ᠪᠦᠷ ᠮᠠᠰᠢ ᠤᠯᠠᠨ ᠪᠠᠶᠢᠨ᠎ᠠ᠃ | ᠦᠷᠢᠰᠦᠯᠳᠦᠬᠡᠨ ᠪᠠ ᠠᠵᠠ ᠲᠤᠬᠢᠶᠠᠯ ᠨᠢ ᠲᠡᠮᠦᠷᠯᠢᠭ ᠵᠤᠭᠤᠰ ᠤᠨ ᠬᠤᠶᠠᠷ ᠲᠠᠯ᠎ᠠ ᠲᠠᠢ ᠠᠳᠠᠯᠢ ᠪᠠᠶᠢᠳᠠᠭ᠃ | ᠦᠷᠢᠰᠦᠯᠳᠦᠬᠡᠨ ᠤᠷᠢᠳᠠ ᠡᠮᠦᠨ᠎ᠠ ᠪᠠᠶᠢᠭ᠎ᠠ ᠦᠬᠡᠢ᠂ ᠠᠵᠠ ᠲᠤᠬᠢᠶᠠᠯ ᠪᠠᠰᠠ ᠤᠷᠢᠳᠠ ᠡᠮᠦᠨ᠎ᠠ ᠪᠠᠶᠢᠭ᠎ᠠ ᠦᠭᠡᠢ᠃ | ᠠᠵᠠ ᠲᠤᠬᠢᠶᠠᠯ ᠨᠢ ᠰᠢᠨᠵᠢᠯᠡᠬᠦ ᠤᠬᠠᠭᠠᠨᠴᠢ ᠤᠨᠤᠯ ᠤᠨ ᠵᠢᠯᠤᠭᠤᠳᠤᠯᠭ᠎ᠠ ᠠᠴᠠ ᠢᠷᠡᠯᠲᠡ ᠲᠠᠢ᠃ ᠨᠠᠮ ᠤᠨ | ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ | ᠬᠤᠷᠢᠶ᠎ᠠ ᠲᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠢ ᠭᠤᠶᠢᠪᠢᠰᠢ ᠦᠬᠡᠢ ᠪᠠᠷᠢᠮᠳᠠᠯᠠᠨ ᠬᠦᠭᠵᠢᠬᠦᠯᠵᠦ | ᠂ ᠲᠦᠷᠦ ᠶᠢ ᠵᠠᠰᠠᠵᠦ ᠵᠠᠰᠠᠬ ᠢ ᠡᠷᠬᠢᠯᠡᠬᠦ ᠰᠢᠨ᠎ᠡ ᠤᠨᠤᠯᠵᠢᠬᠤᠨ ᠰᠢᠨ᠎ᠠ ᠦᠵᠡᠯ ᠰᠠᠨᠠᠭ᠎ᠠ ᠰᠢᠨ᠎ᠠ ᠦᠷᠢᠰᠦᠯᠳᠦᠬᠡᠨ ᠢ | ᠪᠦᠷᠢᠯᠳᠦᠬᠦᠯᠵᠦ᠂ ᠪᠢᠳᠡᠨ ᠳᠤ ᠲᠡᠤᠬᠡ ᠶᠢᠨ ᠰᠢᠨ᠎ᠠ ᠨᠦᠬᠦᠴᠡᠯ ᠲᠤᠤᠷ᠎ᠠ ᠦᠬᠡᠷᠡᠴᠢᠯᠡᠯᠳᠡ ᠨᠡᠬᠡᠬᠡᠯᠳᠡ ᠶᠢ | ᠬᠦᠨᠵᠡᠭᠡᠶᠢᠷᠡᠬᠦᠯᠬᠦ᠂ ᠨᠡᠶᠢᠭᠡᠮ ᠵᠢᠷᠤᠮ ᠤᠨ ᠤᠳᠤᠬᠢᠴᠢᠯᠠᠯᠳᠠ ᠶᠢ ᠲᠦᠷᠬᠡᠳᠬᠡᠨ ᠠᠬᠢᠭᠤᠯᠬᠤ ᠳᠤ ᠠᠵᠢᠯᠯᠠᠭᠠᠨ ᠤ | ᠵᠦᠭᠯᠡᠬᠦᠷ ᠬᠠᠩᠭᠠᠪᠠ᠃ | ᠠᠵᠠ ᠲᠤᠬᠢᠶᠠᠯ ᠨᠢ ︽ᠡᠬᠡᠳᠡᠷᠡᠬᠡᠨ ᠪᠤᠳᠤᠯᠢᠶᠠᠨ ᠲᠠᠢ ᠪᠠᠶᠢᠳᠠᠯ ᠳᠤ ᠮᠦᠨᠬᠦ ᠠᠭᠤᠵᠢᠭᠤ ᠲᠠᠯᠪᠢᠭᠤ ᠪᠠᠶᠢᠳᠠᠭ︾ | ᠯᠠᠪᠳᠠᠭᠤᠨ ᠢᠳᠡᠭᠡᠯ ᠠᠴᠠ ᠨᠢ ᠢᠷᠡᠯᠳᠡ ᠲᠠᠢ᠃ ᠰᠢᠨ᠎ᠠ ᠨᠢᠬᠡ ᠡᠬᠡᠯᠵᠢ ᠶᠢᠨ ᠰᠢᠨᠵᠢᠯᠡᠬᠦ ᠤᠬᠠᠭᠠᠨ ᠮᠡᠷᠬᠡᠵᠢᠯ ᠤᠨ | ᠬᠤᠪᠢᠰᠬᠠᠯ ᠪᠠ ᠠᠵᠦ ᠦᠢᠯᠡᠰ ᠤᠨ ᠬᠤᠪᠢᠰᠤᠯᠳᠠ ᠨᠢ ᠴᠠᠬ ᠢᠮᠠᠬᠳᠠ ᠪᠡᠯᠡᠬᠡᠨ ᠪᠤᠯᠵᠦ᠂ ︽ᠨᠢᠬᠡ ᠪᠦᠰᠡ ᠨᠢᠬᠡ | ᠵᠠᠮ︾ ᠤᠨ ᠰᠠᠨᠠᠭᠠᠴᠢᠯᠠᠭ᠎ᠠ ᠨᠢ ᠦᠷᠭᠡᠨ ᠲᠡᠯᠬᠡᠷ ᠴᠤᠤᠷᠢᠶᠠᠳᠤᠯᠭ᠎ᠠ ᠤᠯᠵᠦ᠂ ᠪᠢᠳᠡᠨ ᠤ ᠤᠯᠠᠨ ᠤᠯᠤᠰ ᠤᠨ | ᠬᠠᠮᠲᠤᠷᠠᠯᠴᠠᠭ᠎ᠠ ᠪᠠᠨ ᠴᠢᠩᠭᠠᠳᠬᠠᠬᠤ ᠳᠤ ᠤᠯᠳᠠᠰᠢ ᠦᠬᠡᠢ ᠠᠵᠠ ᠲᠤᠬᠢᠶᠠᠯ ᠬᠠᠩᠭᠠᠪᠠ᠃ ᠠᠵᠦ ᠠᠬᠤᠢ ᠤᠷᠳᠤ | ᠬᠤᠭᠤᠴᠠᠭ᠎ᠠ ᠰᠠᠶᠢᠵᠢᠷᠠᠯᠲᠠ ᠲᠠᠢ ᠦᠨᠳᠦᠰᠦᠨ ᠪᠠᠶᠢᠳᠠᠯ ᠬᠤᠪᠢᠷᠠᠬᠰᠠᠨ ᠦᠬᠡᠢ᠂ ᠤᠨᠴᠠᠭᠠᠶᠢᠯᠠᠨ ᠰᠢᠨ᠎ᠠ | ᠬᠦᠭᠵᠢᠯᠳᠡ ᠶᠢᠨ ᠤᠨᠤᠯᠵᠢᠬᠤᠨ ᠢ ᠬᠦᠨᠵᠡᠬᠡᠢ ᠲᠤᠤᠱᠯᠠᠭᠤᠯᠵᠦ᠂ ᠠᠵᠦ ᠠᠬᠤᠢ ᠶᠢᠨ ᠪᠦᠲᠦᠴᠡ ᠲᠠᠰᠤᠷᠠᠯᠳᠠ ᠦᠬᠡᠢ | ᠰᠢᠯᠢᠳᠡᠭᠵᠢᠵᠦ᠂ ᠬᠦᠭᠵᠢᠯᠳᠡ ᠶᠢᠨ ᠬᠦᠳᠡᠯᠬᠡᠬᠦ ᠬᠦᠴᠦᠨ ᠦᠷᠬᠦᠯᠵᠢᠯᠡᠨ ᠬᠤᠪᠢᠷᠠᠵᠦ᠂ ᠦᠬᠡᠷᠡᠴᠢᠯᠡᠯᠳᠡ ᠨᠡᠬᠡᠬᠡᠯᠳᠡ | ᠰᠢᠨ᠎ᠠ ᠬᠦᠭᠵᠢᠯᠳᠡ ᠶᠢᠨ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠵᠦ᠂ ᠪᠢᠳᠡᠨ ᠤ ᠰᠢᠨ᠎ᠠ ᠨᠡᠩ ᠶᠡᠭᠡ | ᠬᠦᠭᠵᠢᠯᠲᠡ ᠶᠢ ᠪᠡᠶᠡᠯᠡᠬᠦᠯᠬᠦ ᠳᠤ ᠰᠠᠶᠢᠨ ᠨᠦᠬᠦᠴᠡᠯ ᠡᠬᠦᠳᠡᠨ ᠦᠭᠴᠦ ᠪᠠᠶᠢᠨ᠎ᠠ᠃ | ᠠᠵᠠ ᠲᠤᠬᠢᠶᠠᠯ ᠨᠢ ᠤᠯᠠᠨ ᠲᠠᠪᠬᠤᠴᠠᠬᠰᠠᠨ ᠲᠦᠷᠦ ᠶᠢᠨ ᠪᠤᠳᠤᠯᠭ᠎ᠠ ᠶᠢᠨ ᠠᠰᠢᠬ ᠠᠴᠠ ᠢᠷᠡᠯᠳᠡ ᠲᠠᠢ᠃ | ᠤᠯᠤᠰ ᠤᠨ ︽ᠨᠢᠬᠡ ᠪᠦᠰᠡ ᠨᠢᠬᠡ ᠵᠠᠮ︾ ᠤᠨ ᠪᠦᠲᠦᠬᠡᠨ ᠪᠠᠶᠢᠭᠤᠯᠤᠯᠲᠠ᠂ ᠪᠡᠬᠡᠵᠢᠩ ᠲᠢᠶᠠᠨᠵᠢᠨ ᠾᠧᠪᠧᠢ ᠶᠢᠨ | ᠵᠤᠬᠢᠴᠠᠩᠭᠤᠢ ᠬᠦᠭᠵᠢᠯᠳᠡ᠂ ᠬᠦᠬᠡᠮᠦ᠋ᠷᠡᠨ ᠤ ᠠᠵᠦ ᠠᠬᠤᠢ ᠶᠢᠨ ᠪᠦᠰᠡ ᠶᠢᠨ ᠪᠦᠲᠦᠬᠡᠨ ᠪᠠᠶᠢᠭᠤᠯᠤᠯᠲᠠ ᠪᠠ | ᠪᠠᠷᠠᠭᠤᠨ ᠤᠷᠤᠨ ᠢ ᠶᠡᠬᠡᠪᠡᠷ ᠨᠡᠭᠡᠭᠡᠨ ᠬᠦᠭᠵᠢᠬᠦᠯᠬᠦ᠂ ᠰᠢᠨ᠎ᠠ ᠨᠢᠬᠡ ᠡᠬᠡᠯᠵᠢ ᠶᠢᠨ ᠵᠡᠬᠦᠨ ᠬᠤᠶᠢᠲᠤ ᠶᠢᠨ ᠭᠠᠵᠠᠷ | ᠤᠷᠤᠨ ᠢ ᠮᠠᠨᠳᠤᠭᠤᠯᠬᠤ ᠵᠡᠷᠬᠡ ᠪᠠᠶᠢᠯᠳᠤᠬᠤ ᠪᠤᠳᠤᠯᠭ᠎ᠠ ᠶᠢᠨ ᠬᠦᠨᠵᠡᠬᠡᠢ ᠬᠡᠷᠡᠭᠵᠢᠬᠦᠯᠦᠭᠳᠡᠬᠦ ᠶᠢ ᠲᠠᠭᠠᠯᠳᠤᠵᠦ᠂ | ᠤᠯᠤᠰ ᠤᠨ ᠦᠪᠦᠷ ᠮᠤᠩᠭᠤᠯ ᠤᠨ ᠠᠵᠦ ᠠᠬᠤᠢ ᠨᠡᠶᠢᠭᠡᠮ ᠤᠨ ᠴᠢᠨᠠᠷᠯᠢᠭ ᠪᠦᠬᠡᠳ ᠲᠦᠷᠬᠡᠨ ᠬᠦᠭᠵᠢᠯᠳᠡ ᠶᠢ | ᠠᠬᠢᠭᠤᠯᠬᠤ ᠰᠠᠨᠠᠯ ᠤᠳ ᠪᠠ ᠦᠨᠳᠦᠰᠦᠳᠡᠨ ᠤ ᠭᠠᠵᠠᠷ ᠤᠷᠤᠨ ᠤ ᠬᠦᠭᠵᠢᠯᠳᠡ ᠶᠢ ᠲᠡᠮᠵᠢᠬᠦ ᠲᠦᠷᠦ ᠶᠢᠨ | ᠪᠤᠳᠤᠯᠭ᠎ᠠ ᠶᠢᠨ ᠬᠦᠨᠵᠡᠬᠡᠢ ᠨᠠᠶᠢᠳᠠᠪᠤᠷᠢᠵᠢᠭᠤᠯᠤᠭᠳᠠᠬᠤ ᠶᠢ ᠲᠠᠭᠠᠯᠳᠤᠵᠦ᠂ ᠮᠠᠨ ᠤ ᠤᠷᠤᠨ ᠤ ᠬᠤᠵᠢᠭᠤ | ᠬᠦᠭᠵᠢᠭᠰᠡᠨ ᠲᠠᠪᠠᠭᠤᠯᠢᠭ ᠢᠯᠡᠷᠭᠡᠶᠢᠰᠢᠵᠤ᠂ ᠬᠦᠭᠵᠢᠯᠳᠡ ᠶᠢᠨ ᠲᠠᠯᠳᠠ ᠬᠦᠴᠦᠨ ᠨᠢ ᠯᠤᠳᠤ ᠶᠡᠭᠡ | ᠪᠤᠯᠪᠠ᠃ | ᠰᠢᠷᠦᠬᠦᠨ ᠤᠷᠤᠰᠬᠠᠯ ᠳᠤ ᠠᠶᠠᠯᠠᠬᠤ ᠳᠤ᠂ ᠬᠦᠴᠦᠯᠡᠨ ᠰᠡᠯᠪᠢᠬᠦᠷᠳᠡᠭᠰᠡᠳ ᠰᠠᠶ᠋ᠢ ᠤᠷᠤᠬᠰᠢᠯᠠᠵᠦ ᠴᠢᠳᠠᠨ᠎ᠠ᠃ | ᠲᠡᠤᠬᠡᠳᠤ ᠡᠬᠦᠷᠬᠡ ᠪᠠᠨ ᠡᠬᠦᠷᠬᠡᠯᠡᠨ ᠠᠪᠴᠤ᠂ ᠬᠦᠷᠦᠯᠴᠡᠬᠦ ᠦᠬᠡᠢ ᠲᠠᠯ᠎ᠠ ᠪᠠᠨ ᠰᠡᠷᠭᠡᠭ ᠢᠶᠠᠷ ᠲᠠᠨᠢᠵᠦ᠂ ᠠᠵᠠ | ᠲᠤᠬᠢᠶᠠᠯ ᠢ ᠴᠢᠩᠭ᠎ᠠ ᠠᠳᠬᠤᠨ᠂ ᠡᠯ᠎ᠠ ᠵᠦᠢᠯ ᠤᠨ ᠠᠰᠢᠬ ᠦᠬᠡᠢ ᠨᠦᠬᠦᠴᠡᠯ ᠪᠠ ᠡᠯᠧᠮᠧᠨ᠋ᠲ ᠢ ᠬᠦᠭᠵᠢᠯᠳᠡ ᠶᠢᠨ | ᠬᠦᠳᠡᠯᠬᠡᠬᠦ ᠬᠦᠴᠦᠨ ᠪᠤᠯᠭᠠᠪᠠᠯ᠂ ᠦᠪᠦᠷ ᠮᠤᠩᠭᠤᠯ ᠤᠨ ᠡᠨᠡᠬᠦ ᠬᠦᠯᠬᠡ ᠤᠩᠭᠤᠴᠠ ᠤᠳᠤᠬᠢᠴᠢᠯᠠᠬᠰᠠᠨ ᠠᠬᠢᠴᠠ | ᠲᠤᠮᠳᠠ ᠤᠷᠤᠰᠬᠠᠯ ᠢ ᠵᠦᠰᠦᠨ ᠤᠷᠤᠬᠰᠢᠯᠠᠵᠦ | ᠴᠢᠳᠠᠨ᠎ᠠ᠃ | ︵ᠭᠤᠷᠪᠠ︶ ᠡᠨᠡ ᠪᠤᠯ ᠴᠤ᠋ ᠰᠢᠨ᠎ᠠ ᠡᠬᠢᠯᠡᠯᠳᠡ ᠶᠢᠨ ᠴᠡᠭ᠂ ᠴᠤ᠋ ᠰᠢᠨ᠎ᠠ ᠱᠠᠭᠠᠷᠳᠠᠯᠭ᠎ᠠ᠂ ᠴᠤ᠋ ᠰᠢᠨ᠎ᠠ | ᠠᠶᠠᠨ᠃ | ᠠᠭᠤᠯᠠ ᠠᠪᠠᠷᠢᠭᠴᠢᠳ ᠦᠷᠭᠦᠯᠵᠢ᠄ ︽ᠶᠠᠭᠤᠨ ᠳᠤ ᠠᠭᠤᠯᠠ ᠠᠪᠠᠷᠢᠬᠤ ᠪᠤᠢ︖ ᠤᠴᠢᠷ ᠨᠢ ᠠᠭᠤᠯᠠ | ᠲᠡᠨᠳᠡ ᠪᠤᠢ︔ ᠶᠠᠭᠤᠨ ᠳᠤ ᠵᠠᠮ ᠳᠤ ᠭᠠᠷᠬᠤ ᠪᠤᠢ᠂ ᠤᠴᠢᠷ ᠨᠢ ᠵᠠᠮ ᠬᠦᠯ ᠤᠨ ᠲᠤᠤᠷ᠎ᠠ ᠪᠤᠢ︾ ᠭᠡᠳᠡᠭ᠃ | ᠬᠦᠭᠵᠢᠯᠳᠡ ᠨᠢ ᠶᠠᠭ ᠯᠡ ᠡᠷᠡᠯᠭᠡᠭ ᠪᠠᠭᠠᠳᠤᠷᠯᠢᠭ ᠢᠶᠠᠷ ᠤᠷᠤᠭᠰᠢᠯᠠᠨ᠂ ᠡᠷᠡᠭᠡᠯᠵᠡᠯ ᠴᠤᠴᠠᠯᠳᠠ ᠦᠭᠡᠢ ᠲᠡᠮᠡᠴᠡᠬᠦ | ᠠᠭᠤᠯᠠ ᠠᠪᠠᠷᠢᠬᠤ ᠲᠠᠢ ᠠᠳᠠᠯᠢ᠂ ᠴᠢᠭᠯᠡᠯ ᠲᠤᠳᠤᠷᠬᠠᠢ ᠪᠤᠯᠪᠠᠯ ᠰᠠᠶ᠋ᠢ ᠲᠡᠮᠡᠴᠡᠯ ᠤᠨ ᠵᠠᠮ ᠢᠶᠠᠨ ᠡᠵᠡᠮᠰᠢᠵᠦ | ᠳᠡᠶᠢᠯᠦᠨ᠎ᠡ︔ ᠪᠠᠶᠢᠳᠠᠯ ᠢ ᠲᠤᠳᠤᠷᠬᠠᠢ ᠲᠠᠨᠢᠪᠠᠯ ᠰᠠᠶ᠋ᠢ ᠬᠦᠯ ᠲᠤᠤᠷᠠᠬᠢ ᠠᠯᠬᠤᠮ ᠪᠦᠷᠢ ᠪᠠᠨ ᠰᠠᠶᠢᠲᠤᠷ ᠠᠯᠬᠤᠵᠤ | ᠴᠢᠳᠠᠨ᠎ᠠ᠃ | ᠤᠳᠤ ᠶᠢ ᠬᠠᠷᠠᠬᠤᠶ᠎ᠠ᠂ ᠲᠡᠯᠡᠭᠡᠢ ᠶᠢᠷᠳᠢᠨᠴᠤ ᠬᠤᠵᠢᠭᠤ ᠤᠯᠠᠨ ᠤᠯᠤᠰ ᠤᠨ ᠮᠦᠩᠭᠦᠨ ᠬᠦᠢᠯᠭᠡᠭᠡᠨ ᠤ | ᠬᠢᠮᠤᠷᠠᠯ ᠤᠨ ᠴᠠᠭ ᠦᠶ᠎ᠠ ᠳᠤ ᠤᠷᠤᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠰᠬᠠᠯ ᠶᠠᠭ ᠰᠠᠶᠢᠬᠠᠨ ᠦᠷᠨᠢᠨ | ᠬᠦᠭᠵᠢᠵᠦ ᠪᠤᠢ︔ ᠲᠤᠮᠳᠠᠳᠤ ᠤᠯᠤᠰ ᠤᠨ ᠠᠵᠤ ᠠᠬᠤᠢ ︽ᠦᠰᠦᠯᠳᠡ ᠶᠢᠨ ᠪᠤᠬᠢᠨᠢᠳᠤᠯ︾ ᠢ ᠦᠩᠭᠡᠷᠡᠭᠡᠵᠦ᠂ | ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠭᠦᠯᠵᠦ ᠲᠠᠪᠠᠯᠳᠠ ᠲᠠᠢ ᠬᠦᠭᠵᠢᠬᠦᠯᠦᠭᠰᠡᠨ ᠠᠭᠤᠷ ᠠᠮᠢᠰᠬᠤᠯ ᠡᠳᠦᠷ | ᠢᠷᠡᠬᠦᠶ᠎ᠡ ᠰᠢᠨᠡᠳᠴᠦ ᠪᠤᠢ︔ ᠤᠯᠤᠰ ᠤᠨ ᠳᠤᠲᠤᠭᠠᠲᠤ ᠶᠢᠨ ᠤᠷᠤᠨ ᠪᠦᠰᠡ ᠶᠢᠨ ᠦᠷᠢᠰᠦᠯᠳᠦᠭᠡᠨ | ᠰᠢᠷᠦᠭᠦᠰᠦᠭᠰᠡᠨ ᠪᠠᠶᠢᠳᠠᠯ ᠢᠯᠡᠷᠡᠵᠡᠢ᠃ ᠡᠶᠢᠮᠦᠷᠬᠦ ᠤᠯᠠᠨ ᠤᠯᠤᠰ ᠤᠨ ᠤᠯᠤᠰ ᠤᠨ ᠲᠤᠳᠤᠭᠠᠳᠤ ᠶᠢᠨ ᠠᠷᠤ | ᠦᠵᠡᠭᠳᠡᠯ ᠲᠤᠤᠷ᠎ᠠ᠂ ᠡᠶᠢᠮᠦᠷᠬᠦ ᠴᠠᠭ ᠵᠠᠢ ᠶᠢᠨ ᠬᠤᠪᠢᠷᠠᠭᠤᠯᠤᠯᠲᠠ ᠳᠤᠤᠷ᠎ᠠ᠂ ᠦᠪᠦᠷ ᠮᠤᠩᠭᠤᠯ ᠴᠤᠬᠤᠮ | ᠶᠠᠭᠠᠬᠢᠯᠲᠠᠢ ᠪᠤᠢ︖ | 2014 ᠤᠨ ᠤ ᠴᠠᠭᠠᠨ ᠰᠠᠷ᠎ᠠ ᠠᠴᠠ ᠡᠮᠦᠨᠡᠭᠡᠨ᠂ ᠶᠡᠷᠦᠩᠬᠡᠢ ᠱᠦᠵᠢ ᠰᠢ ᠶᠢᠨ ᠫᠢᠡᠭ ᠦᠪᠦᠷ ᠮᠤᠩᠭᠤᠯ ᠳᠤ | ᠰᠢᠨᠵᠢᠯᠡᠨ ᠪᠠᠶᠢᠴᠠᠭᠠᠵᠤ ᠵᠢᠯᠤᠭᠤᠳᠬᠤ ᠶᠢᠨ ᠬᠠᠮᠳᠤ ᠴᠢᠬᠤᠯᠠ ᠶᠠᠷᠢᠶ᠎ᠠ ᠲᠠᠯᠪᠢᠵᠠᠢ᠂ ᠡᠨᠡ ᠪᠤᠯ ᠦᠪᠦᠷ | ᠮᠤᠩᠭᠤᠯ ᠤᠨ ᠬᠦᠭᠵᠢᠯᠳᠡ ᠶᠢᠨ ᠲᠡᠦᠭᠡᠨ ᠲᠡᠭᠡᠷᠡᠬᠢ ᠴᠢᠬᠤᠯᠠ ᠬᠦᠰᠢᠶ᠎ᠠ ᠲᠤᠷᠠᠰᠬᠠᠯ ᠪᠤᠯᠤᠨ᠎ᠠ᠃ ᠶᠡᠷᠦᠩᠬᠡᠢ | ᠱᠦᠵᠢ ᠶᠢᠨ ᠴᠢᠬᠤᠯᠠ ᠶᠠᠷᠢᠶ᠎ᠠ ᠨᠢ ᠦᠪᠦᠷ ᠮᠤᠩᠭᠤᠯ ᠤᠨ ᠪᠦᠬᠦ ᠤᠯᠤᠰ ᠤᠨ ᠬᠦᠭᠵᠢᠯᠳᠡ ᠶᠢᠨ ᠶᠡᠭᠡ ᠲᠠᠯ᠎ᠠ | ᠲᠤᠮᠳᠠᠬᠢ ᠪᠠᠶᠢᠯᠳᠤᠬᠤ ᠪᠤᠳᠤᠯᠭ᠎ᠠ ᠶᠢᠨ ᠪᠠᠶᠢᠷᠢ ᠰᠠᠭᠤᠷᠢ ᠶᠢ ᠭᠦᠨᠵᠡᠭᠡᠢ ᠲᠤᠲᠤᠷᠬᠠᠶᠢᠯᠠᠵᠤ᠂ ᠰᠠᠬᠢᠨ ᠪᠠᠷᠠᠯᠠᠵᠤ | ᠬᠠᠷᠢᠯᠴᠠᠨ ᠬᠠᠪᠰᠤᠷᠤᠯᠴᠠᠬᠤ ᠴᠢᠬᠤᠯᠠ ᠱᠠᠭᠠᠷᠳᠠᠯᠭ᠎ᠠ᠂ ︽ᠲᠦᠷᠪᠡᠨ ᠬᠦᠴᠦᠯᠡᠬᠦ︾ ᠶᠢᠨ ᠭᠤᠤᠯᠳᠠᠯᠭ᠎ᠠ ᠲᠠᠢ | ᠡᠭᠦᠷᠭᠡ ᠶᠢ ᠲᠤᠳᠤᠷᠬᠠᠢ ᠲᠤᠷᠠᠳᠴᠤ᠂ ᠡᠭᠡ ᠤᠯᠤᠰ ᠤᠨ ᠤᠮᠠᠷᠠᠳᠤ ᠬᠢᠯᠢ ᠶᠢᠨ ᠡᠨᠡᠬᠦ ᠦᠵᠡᠮᠵᠢ ᠶᠢᠨ ᠤᠷᠤᠨ ᠢᠶᠠᠨ | ᠨᠡᠩ ᠦᠵᠡᠰᠭᠦᠯᠡᠩᠳᠤ ᠰᠠᠶᠢᠬᠠᠨ ᠪᠤᠯᠭᠠᠨ ᠪᠦᠳᠦᠭᠡᠨ ᠪᠠᠶᠢᠭᠤᠯᠬᠤ ᠲᠡᠮᠡᠴᠡᠯ ᠤᠨ ᠬᠠᠷᠠᠯᠳᠠ ᠶᠢ ᠲᠤᠷᠠᠳᠴᠤ᠂ ᠮᠠᠨ ᠤ | ᠤᠷᠤᠨ ᠤ ᠬᠦᠭᠵᠢᠯᠳᠡ ᠳᠤ ᠰᠢᠨ᠎ᠠ ᠪᠠᠶᠢᠷᠢ ᠲᠤᠭᠳᠠᠭᠠᠯᠳᠠ ᠲᠤᠭᠳᠠᠭᠠᠵᠤ᠂ ᠰᠢᠨ᠎ᠠ ᠡᠭᠦᠷᠭᠡ ᠤᠯᠭᠤᠵᠤ᠂ | ᠦᠪᠡᠷᠳᠡᠭᠡᠨ ᠵᠠᠰᠠᠬᠤ ᠤᠷᠤᠨ ᠤ ᠦᠭᠡᠷᠡᠴᠢᠯᠡᠯᠳᠡ ᠨᠡᠭᠡᠭᠡᠯᠳᠡ ᠪᠤᠯᠤᠨ ᠤᠳᠤᠬᠢᠴᠢᠯᠠᠯᠳᠠ ᠶᠢᠨ ᠪᠦᠳᠦᠭᠡᠨ | ᠪᠠᠶᠢᠭᠤᠯᠤᠯᠲᠠ ᠶᠢᠨ ᠦᠨᠳᠦᠰᠦᠨ ᠵᠦᠭᠯᠡᠭᠦᠷ ᠪᠤᠯᠵᠠᠢ᠃ | ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠪᠤᠯᠤᠨ ᠦᠪᠦᠷ ᠮᠤᠩᠭᠤᠯ ᠳᠤ ᠰᠢᠨᠵᠢᠯᠡᠨ | ᠪᠠᠶᠢᠴᠠᠭᠠᠬᠤ ᠦᠶ᠎ᠠ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠴᠢᠬᠤᠯᠠ ᠶᠡᠭᠡ | ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯᠳᠤ ᠬᠤᠭᠤᠴᠠᠭ᠎ᠠ ᠶᠢᠨ ᠰᠤᠳᠠᠯ ᠢ ᠤᠨᠤᠪᠴᠢᠳᠠᠢ ᠤᠨᠤᠰᠢᠯᠠᠵᠤ᠂ | ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠬᠤᠷᠠᠯ ᠠᠴᠠ | ᠵᠢᠷᠤᠭᠯᠠᠵᠤ ᠭᠠᠷᠭᠠᠭᠰᠠᠨ ᠢᠷᠡᠬᠦ 5 ᠵᠢᠯ ᠤᠨ ᠬᠦᠭᠵᠢᠯᠲᠡ ᠶᠢᠨ ᠦᠵᠡᠮᠵᠢ ᠵᠢᠷᠤᠭ ᠪᠤᠯ᠄ | ᠰᠢᠨ᠎ᠠ ᠬᠡᠯᠪᠡᠷᠢ ᠶᠢᠨ ᠠᠵᠤ ᠦᠢᠯᠡᠳᠪᠦᠷᠢᠵᠢᠯᠳᠡ᠂ ᠮᠡᠳᠡᠭᠡ ᠵᠠᠩᠭᠢᠵᠢᠯᠳᠠ᠂ ᠬᠤᠳᠠ ᠪᠠᠯᠭᠠᠰᠤᠵᠢᠯᠳᠠ᠂ ᠮᠠᠯ | ᠠᠵᠤ ᠠᠬᠤᠢ ᠲᠠᠷᠢᠶᠠᠯᠠᠩ ᠤᠨ ᠤᠳᠤᠬᠢᠴᠢᠯᠠᠯᠳᠠ ᠪᠤᠯᠤᠨ ᠪᠤᠬᠢᠷᠳᠤᠯ ᠦᠭᠡᠢ ᠬᠦᠭᠵᠢᠯᠳᠡ ᠶᠢᠨ ᠬᠠᠮᠵᠢᠯᠴᠠᠨ | ᠬᠦᠭᠵᠢᠬᠦ ᠶᠢ ᠠᠬᠢᠭᠤᠯᠤᠨ᠎ᠠ︔ | ᠤᠯᠤᠰ ᠤᠨ ᠡᠨᠧᠷᠬᠢ ᠶᠢᠨ ᠴᠢᠬᠤᠯᠠ ᠰᠠᠭᠤᠷᠢᠨ᠂ ᠰᠢᠨ᠎ᠠ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠶᠢᠨ | ᠰᠠᠭᠤᠷᠢᠨ᠂ ᠦᠩᠭᠡᠳᠦ ᠲᠡᠮᠦᠷᠯᠢᠭ ᠦᠢᠯᠡᠳᠪᠦᠷᠢᠯᠡᠬᠦ ᠡᠳ᠋ᠰᠢᠭᠦᠯᠦᠨ ᠪᠤᠯᠪᠠᠰᠤᠷᠠᠭᠤᠯᠬᠤ ᠰᠠᠭᠤᠷᠢᠨ᠂ ᠪᠤᠬᠢᠷᠳᠤᠯ | ᠦᠭᠡᠢ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠢ ᠦᠢᠯᠡᠳᠪᠦᠷᠢᠯᠡᠬᠦ ᠡᠳ᠋ᠰᠢᠭᠦᠯᠦᠨ | ᠪᠤᠯᠪᠠᠰᠤᠷᠠᠭᠤᠯᠬᠤ ᠰᠠᠭᠤᠷᠢᠨ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠵᠤ ᠪᠠᠶᠢᠭ᠎ᠠ ᠠᠵᠤ | ᠦᠢᠯᠡᠰ ᠤᠨ ᠰᠠᠭᠤᠷᠢᠨ ᠪᠤᠯᠤᠨ ᠤᠯᠤᠰ ᠤᠨ ᠳᠤᠲᠤᠭᠠᠲᠤ ᠭᠠᠳᠠᠭᠠᠲᠤ ᠶᠢᠨ ᠨᠡᠷᠡᠲᠦ ᠵᠢᠭᠤᠯᠠᠴᠢᠯᠠᠯ ᠤᠨ ᠬᠠᠷᠠᠯᠲᠠᠲᠤ | ᠤᠷᠤᠨ ᠢ ᠪᠦᠲᠦᠭᠡᠨ ᠪᠠᠶᠢᠭᠤᠯᠤᠨ᠎ᠠ᠃ | ᠲᠡᠮᠦᠷ ᠵᠠᠮ ᠤᠨ ᠲᠤᠤᠷ᠂ ᠵᠠᠰᠠᠮᠠᠯ ᠵᠠᠮ ᠤᠨ ᠲᠤᠤᠷ᠂ ᠠᠭᠠᠷ ᠤᠨ ᠠᠶᠠᠯᠠᠯ ᠤᠨ ᠲᠤᠤᠷ᠂ ᠬᠤᠳᠠ ᠶᠢᠨ | ᠶᠠᠪᠤᠳᠠᠯ ᠤᠨ ᠲᠤᠤᠷ᠂ ᠤᠰᠤᠨ ᠠᠰᠢᠠᠠᠯᠠᠯᠳᠠ ᠶᠢᠨ ᠲᠤᠤᠷ᠂ ᠡᠨᠧᠷᠬᠢ ᠶᠢᠨ ᠲᠤᠤᠷ᠂ ᠮᠡᠳᠡᠭᠡ ᠵᠠᠩᠭᠢ ᠴᠢᠮᠡᠭᠡ | ᠬᠤᠯᠪᠤᠭ᠎ᠠ ᠶᠢᠨ ᠲᠤᠤᠷ ᠤᠨ ᠰᠠᠭᠤᠷᠢ ᠲᠦᠭᠦᠭᠡᠷᠦᠮᠵᠢ ᠶᠢᠨ ︽ᠲᠤᠯᠤᠭᠠᠨ ᠲᠤᠤᠷ︾ ᠢ ᠵᠡᠷᠭᠡᠪᠡᠷ ᠪᠠᠶᠢᠭᠤᠯᠬᠤ ᠶᠢ | ᠲᠦᠷᠭᠡᠳᠭᠡᠨ ᠠᠬᠢᠭᠤᠯᠵᠤ᠂ ᠰᠢᠨ᠎ᠠ ᠡᠨᠧᠷᠬᠢ᠂ ᠰᠢᠨ᠎ᠠ ᠮᠠᠲ᠋ᠧᠷᠢᠶᠠᠯ᠂ ᠡᠨᠧᠷᠬᠢ ᠠᠷᠪᠢᠯᠠᠵᠤ ᠤᠷᠴᠢᠨ ᠲᠤᠭᠤᠷᠢᠨ ᠢ | ᠬᠠᠮᠠᠭᠠᠯᠠᠬᠤ᠂ ᠲᠡᠭᠡᠳᠦ ᠲᠡᠰ ᠤᠨ ᠮᠠᠰᠢᠨ ᠲᠤᠨᠤᠭᠯᠠᠯ ᠦᠢᠯᠡᠳᠬᠦ᠂ ᠲᠤᠮᠤ ᠳ᠋ᠠᠶᠢᠲ᠋ᠠ ᠡᠭᠦᠯᠡᠨ ᠪᠤᠳᠤᠯᠳᠠ᠂ ᠠᠮᠢᠳᠤ | ᠪᠤᠳᠠᠰ ᠤᠨ ᠰᠢᠨᠵᠢᠯᠡᠬᠦ ᠤᠬᠠᠭᠠᠨ ᠮᠡᠷᠭᠡᠵᠢᠯ᠂ ᠮᠤᠩᠭᠤᠯ ᠬᠢᠳᠠᠳ ᠡᠮ ᠡᠮᠨᠡᠯᠭᠡ ᠵᠡᠷᠭᠡ ᠪᠠᠶᠢᠯᠳᠤᠬᠤ ᠪᠤᠳᠤᠯᠭ᠎ᠠ ᠶᠢᠨ | ᠴᠢᠨᠠᠷᠳᠠᠢ ᠰᠢᠨ᠎ᠠ ᠪᠠᠷ ᠮᠠᠨᠳᠤᠵᠤ ᠪᠠᠶᠢᠭ᠎ᠠ ︽ᠳᠤᠯᠤᠭᠠᠨ ᠦᠢᠯᠡᠰ︾ ᠢ ᠵᠡᠷᠭᠡᠪᠡᠷ ᠮᠠᠨᠳᠤᠭᠤᠯᠤᠨ᠎ᠠ︔ | ᠤᠮᠠᠷᠠᠰᠢ ᠮᠤᠷᠳᠠᠨ ᠡᠮᠦᠨᠡᠰᠢ ᠪᠠᠭᠤᠬᠤ᠂ ᠵᠡᠭᠦᠨᠰᠢ ᠤᠷᠤᠭᠰᠢᠯᠠᠨ ᠪᠠᠷᠠᠭᠤᠨᠰᠢ ᠵᠤᠷᠴᠢᠬᠤ᠂ ᠲᠤᠳᠤᠨ᠎ᠠ | ᠭᠠᠳᠠᠨ᠎ᠠ ᠬᠤᠯᠪᠤᠭᠠᠯᠠᠬᠤ᠂ ᠭᠠᠳᠠᠭᠠᠳᠤ ᠨᠡᠭᠡᠭᠡᠯᠳᠡ ᠶᠢᠨ ᠤᠯᠠᠨ ᠲᠠᠯᠠᠳᠤ ᠰᠢᠨ᠎ᠠ ᠪᠠᠶᠢᠷᠢᠰᠢᠯ ᠢ ᠪᠦᠷᠢᠯᠳᠦᠬᠦᠯᠦᠨ᠎ᠡ︔ | ᠁ ᠁ | ᠡᠳᠡᠭᠡᠷ ᠲᠤᠮᠤ ᠲᠦᠰᠦᠪᠯᠡᠯ ᠨᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠭᠤᠶᠢᠳᠠ ᠰᠠᠶᠢᠬᠠᠨ | ᠵᠢᠷᠤᠭ ᠢ ᠵᠢᠷᠤᠭᠯᠠᠬᠤ ᠪᠤᠯᠤᠨ᠎ᠠ᠃ ᠲᠡᠷᠡ ᠦᠶᠡᠰ ᠮᠠᠨ ᠤ ᠦᠪᠦᠷ ᠮᠤᠩᠭᠤᠯ ᠡᠶᠢᠮᠦ ᠪᠤᠯᠤᠨ᠎ᠠ — | ᠠᠵᠤ ᠠᠬᠤᠢ ᠶᠢᠨ ᠶᠡᠷᠦᠩᠭᠡᠶᠢᠯᠡᠭᠰᠡᠨ ᠪᠤᠳᠠᠳᠤ ᠬᠦᠴᠦᠨ ᠰᠢᠨ᠎ᠠ ᠲᠠᠪᠠᠯᠳᠠ ᠶᠢ ᠪᠡᠶᠡᠯᠡᠭᠦᠯᠦᠭᠰᠡᠨ ᠦᠪᠦᠷ | ᠮᠤᠩᠭᠤᠯ᠃ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ᠂ ᠲᠤᠭᠳᠠᠮᠠᠯ ᠬᠦᠷᠦᠩᠭᠡ ᠶᠢᠨ ᠪᠡᠯᠡ | ᠤᠷᠤᠭᠤᠯᠤᠯᠳᠠ᠂ ᠡᠩ ᠤᠨ ᠤᠯᠠᠨ ᠨᠡᠶᠢᠲᠡ ᠶᠢᠨ ᠲᠦᠰᠦᠪ ᠤᠨ ᠤᠷᠤᠯᠭ᠎ᠠ ᠪᠤᠯᠤᠨ ᠬᠤᠳᠠ ᠬᠦᠳᠡᠭᠡ ᠶᠢᠨ | ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠪᠦᠬᠦ ᠤᠯᠤᠰ ᠤᠨ ᠲᠤᠮᠳᠠᠴᠢ ᠬᠢᠷᠢ ᠲᠦᠪᠰᠢᠨ ᠠᠴᠠ ᠦᠨᠳᠦᠷ | ᠪᠤᠯᠵᠤ᠂ ᠭᠤᠤᠯ ᠪᠤᠯᠬᠤ ᠠᠵᠤ ᠠᠬᠤᠢ ᠶᠢᠨ ᠵᠢᠭᠠᠯᠳᠠ ᠲᠤᠭ᠎ᠠ ᠪᠠᠷᠠᠭᠤᠨ ᠤᠷᠤᠨ ᠤ ᠡᠮᠦᠨᠡᠬᠦᠷ ᠵᠢᠭᠰᠠᠨ᠎ᠠ᠃ | ᠦᠭᠡᠷᠡᠴᠢᠯᠡᠯᠳᠡ ᠨᠡᠭᠡᠭᠡᠯᠳᠡ ᠶᠢ ᠬᠦᠨᠵᠡᠭᠡᠶᠢᠷᠡᠬᠦᠯᠵᠤ ᠰᠢᠨ᠎ᠠ ᠰᠢᠪᠳᠤᠯᠤᠯᠳᠠ ᠶᠢ ᠪᠡᠶᠡᠯᠡᠭᠦᠯᠦᠭᠰᠡᠨ ᠦᠪᠦᠷ | ᠮᠤᠩᠭᠤᠯ᠃ ᠭᠤᠤᠯᠳᠠᠯᠭ᠎ᠠ ᠲᠠᠢ ᠬᠦᠷᠢᠶ᠎ᠠ ᠴᠠᠷᠠᠭ᠎ᠠ ᠪᠤᠯᠤᠨ ᠵᠠᠩᠭᠢᠯᠠᠭ᠎ᠠ ᠶᠢᠨ ᠭᠤᠭᠴᠤᠭ᠎ᠠ ᠶᠢᠨ ᠦᠭᠡᠷᠡᠴᠢᠯᠡᠯᠳᠡ | ᠰᠢᠢᠳᠪᠦᠷᠢᠯᠡᠭᠴᠢ ᠴᠢᠨᠠᠷᠳᠠᠢ ᠦᠷ᠎ᠠ ᠪᠦᠳᠦᠮᠵᠢ ᠤᠯᠵᠤ᠂ ᠡᠯ᠎ᠠ ᠲᠠᠯ᠎ᠠ ᠶᠢᠨ ᠪᠠᠶᠢᠭᠤᠯᠤᠮᠵᠢ ᠲᠤᠭᠳᠠᠴᠠ ᠤᠯᠠᠮ | ᠪᠦᠷᠢᠨᠰᠢᠨ ᠲᠡᠭᠦᠯᠳᠡᠷᠵᠢᠨᠠ᠃ ᠤᠮᠠᠷᠠᠰᠢ ᠨᠡᠭᠡᠭᠡᠯᠳᠡ ᠬᠢᠬᠦ ᠪᠠᠬᠢᠯᠡᠯᠳᠡ ᠶᠢᠨ ᠪᠠᠶᠢᠭᠤᠯᠤᠯᠲᠠ ᠰᠢᠪᠳᠤᠯᠤᠯᠳᠠ ᠶᠢᠨ | ᠴᠢᠨᠠᠷᠳᠠᠢ ᠠᠬᠢᠴᠠ ᠲᠠᠢ ᠪᠤᠯᠵᠤ᠂ ᠨᠡᠩ ᠦᠷᠭᠡᠨ ᠬᠦᠷᠢᠶ᠎ᠡ ᠬᠡᠪᠴᠢᠶ᠎ᠠ ᠪᠤᠯᠤᠨ ᠨᠡᠩ ᠠᠭᠤᠳᠠᠮ ᠬᠦᠷᠢᠶ᠎ᠡ ᠴᠠᠷᠠᠭ᠎ᠠ ᠳᠤ | ᠪᠦᠬᠦ ᠤᠯᠤᠰ ᠲᠤ ᠠᠭᠤᠰᠤᠯᠴᠠᠨ᠂ ᠲᠡᠯᠡᠭᠡᠢ ᠶᠢ ᠵᠤᠷᠢᠨ᠎ᠠ᠃ | ᠠᠵᠤ ᠠᠬᠤᠢ ᠶᠢᠨ ᠬᠦᠭᠵᠢᠯᠳᠡ ᠶᠢᠨ ᠬᠡᠯᠪᠡᠷᠢ ᠶᠢᠨ ᠰᠢᠨ᠎ᠠ ᠬᠤᠪᠢᠷᠠᠯᠳᠠ ᠶᠢ ᠪᠡᠶᠡᠯᠡᠭᠦᠯᠦᠭᠰᠡᠨ ᠦᠪᠦᠷ | ᠮᠤᠩᠭᠤᠯ᠃ ᠤᠳᠤ ᠦᠶ᠎ᠠ ᠶᠢᠨ ᠠᠵᠤ ᠦᠢᠯᠡᠰ ᠤᠨ ᠰᠢᠰᠲ᠋ᠧᠮᠵᠢ᠂ ᠰᠢᠨ᠎ᠠ ᠬᠡᠯᠪᠡᠷᠢ ᠶᠢᠨ ᠬᠤᠳᠠ | ᠪᠠᠯᠭᠠᠰᠤᠵᠢᠯᠳᠠ ᠶᠢᠨ ᠰᠢᠰᠲ᠋ᠧᠮᠵᠢ᠂ ᠤᠷᠤᠨ ᠪᠦᠰᠡ ᠶᠢᠨ ᠰᠢᠨ᠎ᠠ ᠶᠢ ᠡᠭᠦᠳᠬᠦ ᠰᠢᠰᠲ᠋ᠧᠮᠵᠢ᠂ ᠰᠠᠭᠤᠷᠢ | ᠲᠦᠭᠦᠭᠡᠷᠦᠮᠵᠢ ᠶᠢᠨ ᠲᠤᠤᠷ ᠰᠢᠰᠲ᠋ᠧᠮᠵᠢ ᠶᠢ ᠪᠠᠶᠢᠭᠤᠯᠵᠤ᠂ ᠲᠠᠪᠠᠭᠤᠯᠢᠭ ᠳᠤᠪᠤᠶᠢᠮ᠎ᠠ᠂ ᠪᠦᠳᠦᠴᠡ ᠵᠤᠬᠢᠰᠳᠠᠢ᠂ | ᠰᠢᠨ᠎ᠠ ᠶᠢ ᠡᠭᠦᠳᠬᠦ ᠪᠠᠷ ᠬᠦᠳᠡᠯᠭᠡᠭᠦᠷ ᠪᠤᠯᠭᠠᠭᠰᠠᠨ᠂ ᠤᠷᠤᠨ ᠪᠦᠰᠡ ᠵᠤᠬᠢᠴᠠᠩᠭᠤᠢ᠂ ᠬᠤᠳᠠ ᠬᠦᠳᠡᠭᠡ ᠨᠢᠭᠡ | ᠴᠤᠭᠴᠠᠵᠢᠭᠰᠠᠨ ᠬᠦᠭᠵᠢᠯᠳᠡ ᠶᠢᠨ ᠰᠢᠨ᠎ᠠ ᠪᠠᠶᠢᠷᠢᠰᠢᠯ ᠢ ᠪᠦᠷᠢᠯᠳᠦᠭᠦᠯᠦᠨ᠎ᠠ᠃ | ᠠᠷᠠᠳᠴᠢᠯᠠᠯ ᠬᠠᠤᠯᠢᠵᠢᠯ ᠤᠨ ᠪᠠᠶᠢᠭᠤᠯᠤᠯᠲᠠ ᠰᠢᠨ᠎ᠠ ᠲᠠᠪᠰᠢᠯᠳᠠ ᠶᠢ ᠪᠡᠶᠡᠯᠡᠭᠦᠯᠦᠭᠰᠡᠨ ᠦᠪᠦᠷ ᠮᠤᠩᠭᠤᠯ᠃ | ᠦᠨᠳᠦᠰᠦᠳᠡᠨ ᠨᠦᠭᠦᠳ ᠤᠨ ᠠᠷᠠᠳ ᠲᠦᠮᠡᠨ ᠤ ᠠᠷᠠᠳᠴᠢᠯᠠᠭᠰᠠᠨ ᠡᠷᠭᠡ ᠭᠦᠢᠴᠡᠳ ᠪᠠᠳᠤᠯᠠᠭ᠎ᠠ ᠲᠠᠢ ᠪᠤᠯᠵᠤ᠂ | ᠨᠡᠶᠢᠭᠡᠮ ᠨᠡᠩ ᠡᠷᠭᠡ ᠲᠡᠭᠰᠢ ᠲᠦᠪ ᠭᠤᠤᠯᠴᠢ ᠪᠤᠯᠤᠨ᠎ᠠ᠃ | ᠪᠤᠯᠪᠠᠰᠤᠨ ᠡᠶ᠎ᠡ ᠵᠤᠬᠢᠴᠠᠩᠭᠤᠢ ᠶᠢᠨ ᠬᠢᠷᠢ ᠲᠦᠪᠰᠢᠨ ᠰᠢᠨ᠎ᠠ ᠰᠠᠶᠢᠵᠢᠷᠠᠯᠲᠠ ᠶᠢ ᠪᠡᠶᠡᠯᠡᠭᠦᠯᠦᠭᠰᠡᠨ ᠦᠪᠦᠷ | ᠮᠤᠩᠭᠤᠯ᠃ ᠠᠷᠠᠳ ᠢᠷᠭᠡᠨ ᠤ ᠬᠡᠪ ᠴᠢᠨᠠᠷ ᠪᠤᠯᠤᠨ ᠨᠡᠶᠢᠭᠡᠮ ᠤᠨ ᠪᠤᠯᠪᠠᠰᠤᠨ ᠤ ᠬᠡᠮᠵᠢᠶ᠎ᠠ ᠢᠯᠡᠷᠭᠡᠢ ᠲᠡᠭᠡᠭᠰᠢᠯᠡᠵᠦ᠂ | ᠡᠭᠡ ᠤᠯᠤᠰ ᠤᠨ ᠤᠮᠠᠷᠠᠳᠤ ᠶᠢᠨ ᠠᠮᠤᠷ ᠲᠦᠪᠰᠢᠨ ᠲᠤᠭᠲᠠᠬᠤᠨ ᠤ ᠬᠠᠯᠬᠠᠪᠴᠢ ᠨᠡᠩ ᠪᠠᠲᠤᠵᠢᠨ᠎ᠠ᠃ | ᠠᠷᠠᠳ ᠲᠦᠮᠡᠨ ᠤ ᠠᠮᠢᠳᠤᠷᠠᠯ ᠤᠨ ᠲᠦᠪᠰᠢᠨ ᠰᠢᠨ᠎ᠠ ᠲᠡᠭᠡᠭᠰᠢᠯᠡᠯᠳᠡ ᠶᠢ ᠪᠡᠶᠡᠯᠡᠭᠦᠯᠦᠭᠰᠡᠨ ᠦᠪᠦᠷ ᠮᠤᠩᠭᠤᠯ | ᠃ ᠬᠤᠳᠠ ᠬᠦᠳᠡᠭᠡ ᠶᠢ ᠪᠦᠷᠬᠦᠭᠰᠡᠨ᠂ ᠨᠡᠩ ᠲᠡᠩᠴᠡᠭᠦᠷᠢᠰᠢᠭᠰᠡᠨ ᠤᠯᠠᠨ ᠨᠡᠶᠢᠲᠡ ᠶᠢᠨ ᠦᠢᠯᠡᠴᠢᠯᠡᠭᠡᠨ ᠤ | ᠰᠢᠰᠲ᠋ᠧᠮᠵᠢ ᠪᠦᠷᠢᠨᠰᠢᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠪᠠ ᠦᠨᠳᠦᠰᠦᠨ ᠤᠯᠠᠨ | ᠨᠡᠶᠢᠲᠡ ᠶᠢᠨ ᠦᠢᠯᠡᠴᠢᠯᠡᠭᠡ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠳᠤ ᠬᠦᠷᠦᠨ᠎ᠡ᠃ | ᠠᠮᠢ ᠠᠬᠤᠢ ᠶᠢᠨ ᠤᠷᠴᠢᠨ ᠲᠤᠭᠤᠷᠢᠨ ᠤ ᠶᠠᠰᠤ ᠴᠢᠨᠠᠷ ᠰᠢᠨ᠎ᠠ ᠰᠠᠶᠢᠵᠢᠷᠠᠯᠲᠠ ᠶᠢ ᠪᠡᠶᠡᠯᠡᠭᠦᠯᠦᠭᠰᠡᠨ ᠦᠪᠦᠷ | ᠮᠤᠩᠭᠤᠯ᠃ ᠦᠢᠯᠡᠳᠪᠦᠷᠢᠯᠡᠯ ᠤᠨ ᠠᠷᠭ᠎ᠠ ᠬᠡᠯᠪᠡᠷᠢ᠂ ᠠᠮᠢᠳᠤᠷᠠᠯ ᠤᠨ ᠠᠷᠭ᠎ᠠ ᠬᠡᠯᠪᠡᠷᠢ ᠨᠡᠩ ᠢᠯᠡᠭᠦᠦ ᠪᠤᠬᠢᠷᠳᠤᠯ | ᠦᠭᠡᠢ ᠲᠤᠤᠷ᠎ᠠ ᠨᠡᠬᠦᠷᠡᠰᠦᠳᠦ᠋ᠷᠦᠭᠴᠢᠲᠦ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠪᠦᠬᠦ ᠤᠯᠤᠰ ᠤᠨ | ᠡᠮᠦᠨ᠎ᠠ ᠡᠩᠨᠡᠭᠡᠨ ᠳᠤ ᠤᠷᠤᠵᠤ᠂ ᠮᠠᠨ ᠤ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠨᠡᠩ ᠪᠠᠳᠤᠵᠢᠨᠠ᠃ | ᠡᠷᠡᠰ ᠴᠢᠩᠭ᠎ᠠ ᠪᠠᠳᠤᠳᠠᠢ ᠠᠮᠠᠯᠳᠠᠯᠭ᠎ᠠ ᠨᠢᠬᠡᠪᠦᠷᠢ ᠨᠢ ᠦᠨᠳᠦᠰᠦᠳᠡᠨ ᠨᠦᠭᠦᠳ ᠤᠨ ᠠᠷᠠᠳ ᠲᠦᠮᠡᠨ ᠤ ᠨᠡᠩ | ᠵᠢᠷᠭᠠᠯᠳᠠᠢ ᠠᠮᠢᠳᠤᠷᠠᠬᠤ ᠶᠢᠨ ᠬᠦᠰᠡᠯ ᠲᠠᠢ ᠵᠤᠬᠢᠴᠠᠯᠳᠤᠵᠦ ᠪᠠᠶᠢᠳᠠᠭ ᠪᠢᠯᠡ᠃ ᠡᠨᠡᠭᠦ ᠰᠦᠷᠯᠢᠭ ᠦᠵᠡᠮᠵᠢᠳᠤ ᠠᠵᠢᠯ | ᠦᠢᠯᠡᠰ ᠨᠢ ᠦᠨᠳᠦᠰᠦᠳᠡᠨ ᠨᠦᠭᠦᠳ ᠤᠨ ᠠᠷᠠᠳ ᠲᠦᠮᠡᠨ ᠤ ᠰᠢᠨ᠎ᠠ ᠠᠮᠢᠳᠤᠷᠠᠯ ᠢ ᠬᠦᠭᠡᠭᠡᠴᠡᠯᠳᠦᠭᠦ ᠬᠠᠯᠠᠭᠤᠨ | ᠵᠤᠷᠢᠭ ᠢ ᠪᠠᠳᠠᠷᠠᠭᠠᠬᠤ ᠨᠢ ᠯᠠᠪᠳᠠᠢ ᠶᠤᠮ᠃ ᠡᠨᠡᠭᠦ ᠭᠤᠶᠢᠳᠠ ᠰᠠᠶᠢᠬᠠᠨ ᠵᠢᠷᠤᠭᠯᠠᠯ ᠨᠢ ᠪᠢᠳᠠᠨᠠᠷ ᠤᠨ ᠠᠵᠢᠯᠴᠢ | ᠬᠦᠳᠡᠯᠮᠦᠷᠢᠴᠢ ᠬᠤᠶᠠᠷ ᠭᠠᠷ ᠢᠶᠠᠷ ᠢᠶᠠᠨ ᠪᠤᠳᠠᠲᠠᠶᠢᠵᠢᠭᠤᠯᠬᠤ ᠶᠢ ᠬᠦᠯᠢᠶᠡᠵᠤ ᠪᠠᠶᠢᠨᠠᠮ᠃ | ᠡᠨᠡᠭᠦ ᠬᠠᠷᠠᠯᠳᠠ ᠶᠢ ᠪᠡᠶᠡᠯᠡᠭᠦᠯᠤᠨ᠂ ᠤᠳᠤᠬᠢᠴᠢᠯᠠᠭᠰᠠᠨ ᠦᠪᠦᠷ ᠮᠤᠩᠭᠤᠯ ᠢ ᠪᠠᠶᠢᠭᠤᠯᠬᠤ ᠳᠤ ᠬᠦᠭᠵᠢᠯᠳᠡ᠂ | ᠠᠮᠢ ᠠᠬᠤᠢ᠂ ᠠᠷᠠᠳ ᠤᠨ ᠠᠮᠢᠳᠤᠷᠠᠯ ᠤᠨ ᠭᠤᠷᠪᠠᠨ ᠬᠤᠷᠢᠭ᠎ᠠ ᠱᠤᠭᠤᠮ ᠢ ᠪᠠᠳᠤ ᠰᠠᠬᠢᠬᠤ ᠪᠤᠯ ᠦᠨᠳᠤᠰᠤᠨ | ᠱᠠᠭᠠᠷᠳᠠᠯᠭ᠎ᠠ ᠮᠦᠨ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠭᠦ ᠶᠢ ᠲᠦᠷᠭᠡᠳᠭᠡᠭᠦ ᠪᠤᠯ ᠭᠤᠤᠯ | ᠰᠢᠪᠳᠤᠯᠤᠯᠳᠠ ᠶᠢᠨ ᠴᠢᠭᠯᠡᠯ ᠮᠦᠨ᠂ ︽ᠳᠠᠪᠤᠨ ᠳᠠᠯ᠎ᠠ︾ ᠶᠢ ᠵᠤᠬᠢᠴᠠᠭᠤᠯᠤᠨ ᠬᠦᠭᠵᠢᠭᠦᠯᠬᠦ ᠶᠢ ᠠᠬᠢᠭᠤᠯᠬᠤ ᠪᠤᠯ | ᠵᠠᠶᠢᠯᠠᠰᠢ ᠦᠭᠡᠢ ᠰᠤᠩᠭᠤᠯᠳᠠ ᠮᠦᠨ᠂ ᠦᠭᠡᠷᠡᠴᠢᠯᠡᠯᠳᠡ ᠨᠡᠭᠡᠭᠡᠯᠳᠡ ᠶᠢ ᠬᠦᠨᠵᠡᠭᠡᠶᠢᠷᠡᠬᠦᠯᠬᠦ ᠪᠤᠯ ᠦᠨᠳᠦᠰᠦ ᠠᠴᠠ | ᠨᠢ ᠵᠠᠰᠠᠬᠤ ᠠᠷᠭ᠎ᠠ ᠪᠤᠳᠤᠯᠭ᠎ᠠ ᠮᠦᠨ᠂ ᠬᠠᠤᠯᠢ ᠪᠠᠷ ᠤᠷᠤᠨ ᠢᠶᠠᠨ ᠵᠠᠰᠠᠬᠤ ᠶᠢ ᠪᠠᠷᠢᠮᠳᠠᠯᠠᠬᠤ ᠪᠤᠯ ᠴᠢᠬᠤᠯᠠ | ᠪᠠᠳᠤᠯᠠᠭ᠎ᠠ ᠮᠦᠨ᠂ ᠨᠠᠮ ᠢ ᠴᠢᠩᠭ᠎ᠠ ᠬᠠᠮᠢᠶᠠᠷᠬᠤ ᠨᠠᠮ ᠢ ᠴᠢᠩᠭ᠎ᠠ ᠵᠠᠰᠠᠬᠤ ᠪᠤᠯ ᠦᠨᠳᠦᠰᠦᠨ ᠪᠠᠲᠤᠯᠠᠭ᠎ᠠ ᠮᠦᠨ᠃ | ︵ᠲᠦᠷᠪᠡ︶ ︽ᠳᠡᠭᠷᠢ ᠳᠡᠭᠡᠷ᠎ᠠ ᠠᠴᠠ ᠱᠠᠯᠪᠢᠩ ᠤᠨᠠᠵᠤ ᠢᠷᠡᠳᠡᠭ ᠦᠭᠡᠢ ᠶᠢᠨ ᠤᠴᠢᠷ᠂ ᠵᠦᠪᠭᠡᠨ | ᠴᠢᠷᠮᠠᠶᠢᠨ ᠳᠡᠮᠡᠴᠡᠪᠡᠯ ᠰᠠᠶ᠋ᠢ ᠬᠦᠰᠡᠯ ᠵᠡᠭᠦᠳᠤ ᠨᠢ ᠪᠤᠳᠠᠳᠤ ᠠᠬᠤᠢ ᠪᠤᠯᠵᠤ ᠬᠤᠪᠢᠷᠠᠳᠠᠬ ᠶᠤᠮ︾᠃ | ᠹᠷᠠᠨᠼᠢ ᠶᠢᠨ ᠠᠵᠤ ᠠᠬᠤᠢ ᠶᠢᠨ ᠤᠬᠠᠭᠠᠨᠳᠠᠨ ᠫᠧᠷᠧᠰ ᠬᠡᠯᠡᠭᠰᠡᠨᠴᠢᠯᠡᠨ᠂ ᠵᠤᠷᠢᠭ ᠰᠠᠨᠠᠭ᠎ᠠ ᠰᠦᠷ ᠰᠦᠯᠳᠡ | ᠪᠤᠯ ᠨᠢᠭᠡᠨ ᠭᠠᠵᠠᠷ ᠤᠷᠤᠨ ᠤ ᠬᠦᠭᠵᠢᠯᠳᠡ ᠳᠤ ᠵᠠᠩᠬᠢᠯᠠᠭ᠎ᠠ ᠶᠢᠨ ᠴᠢᠨᠠᠷᠳᠠᠢ ᠦᠢᠯᠡᠳᠦᠯ ᠦᠵᠡᠬᠦᠯᠳᠡᠭ ᠶᠤᠮ᠃ | ᠦᠪᠦᠷ ᠮᠤᠩᠭᠤᠯ ᠳᠡᠭᠷᠢ ᠭᠠᠵᠠᠷ ᠢ ᠳᠤᠩᠰᠤᠯᠭᠠᠮ᠎ᠠ ᠳᠡᠦᠭᠡᠳᠤ ᠴᠢᠨᠠᠷᠳᠠᠢ ᠬᠤᠪᠢᠷᠠᠯᠳᠠ ᠭᠠᠷᠴᠦ᠂ ᠪᠠᠳᠠᠷᠠᠨ | ᠬᠦᠭᠵᠢᠭᠡ ᠬᠦᠭᠵᠢᠯᠲᠡ ᠶᠢᠨ ᠲᠦᠷᠢ ᠲᠦᠷᠭᠦ ᠢᠯᠡᠷᠡᠭᠰᠡᠨ ᠨᠢ ᠦᠶ᠎ᠠ ᠦᠶ᠎ᠠ ᠶᠢᠨ ᠬᠢᠨ ᠤ ᠰᠢᠷᠭᠠᠭᠤ ᠬᠠᠳᠠᠭᠤᠵᠢᠯᠳᠠᠢ | ᠳᠡᠮᠡᠴᠡᠯ ᠳᠤ ᠰᠠᠭᠤᠷᠢᠯᠠᠭᠰᠠᠨ ᠶᠤᠮ᠃ ᠰᠠᠯᠬᠢ ᠬᠦᠯᠦᠭᠯᠡᠨ ᠳᠠᠪᠠᠯᠭᠠᠨ ᠢ ᠵᠦᠰᠦᠭᠰᠡᠨ 70 ᠵᠢᠯ ᠤᠨ ᠳᠠᠷᠠᠭᠠᠬᠢ | ᠦᠨᠤᠳᠦᠷ᠂ ᠳᠠᠷᠪᠠᠭᠤᠯ ᠬᠡᠶᠢᠰᠬᠡᠨ ᠬᠦᠴᠦᠨ ᠢᠶᠠᠨ ᠬᠠᠮᠳᠤᠳᠬᠠᠨ ᠳᠠᠬᠢᠨᠳᠠ ᠮᠤᠷᠳᠠᠨ᠎ᠠ᠃ ᠬᠦᠭᠵᠢᠯᠳᠠ ᠶᠢ | ᠳᠠᠭᠠᠯᠳᠤᠨ ᠢᠯᠡᠷᠡᠭᠰᠡᠨ ᠠᠰᠠᠭᠤᠳᠠᠯ ᠤᠨ ᠦᠷᠢᠰᠦᠯᠳᠦᠭᠡᠨ ᠢ ᠠᠷᠭᠠᠴᠠᠵᠤ᠂ ᠤᠷᠤᠭᠰᠢᠯᠠᠯᠳᠠ ᠶᠢᠨ ᠵᠠᠮ ᠳᠡᠭᠡᠷᠡᠬᠢ | ᠵᠦᠢᠯ ᠵᠦᠢᠯ ᠤᠨ ᠬᠠᠷᠰᠢ ᠰᠠᠭᠠᠳ ᠢ ᠳᠠᠪᠠᠭ᠋ᠤ ᠳᠤ 2500 ᠭᠠᠷᠤᠢ ᠲᠦᠮᠡᠨ ᠠᠷᠠᠳ ᠲᠦᠮᠡᠨ ᠤ ᠴᠤᠴᠠᠯᠳᠠ ᠦᠭᠡᠢ | ᠰᠢᠷᠭᠠᠭᠤ ᠬᠠᠲᠠᠭᠤᠵᠢᠯᠲᠠᠢ ᠠᠵᠢᠯᠯᠠᠬᠤ ᠶᠢ ᠱᠠᠭᠠᠷᠳᠠᠵᠤ ᠪᠠᠶᠢᠨ᠎ᠠ᠃ | ᠳᠠᠬᠢᠨᠳᠠ ᠮᠤᠷᠳᠠᠬᠤ ᠳᠤ᠂ ᠦᠵᠡᠯ ᠰᠠᠨᠠᠭ᠎ᠠ ᠪᠠᠨ ᠴᠢᠯᠦᠭᠡᠯᠡᠭᠦ ︽ᠶᠡᠷᠦᠩᠬᠡᠢ ᠨᠡᠭᠡᠭᠡᠯᠭᠡ︾ ᠶᠢ ᠨᠡᠭᠡᠭᠡᠬᠦ | ᠬᠡᠷᠡᠭᠳᠠᠢ᠃ ᠦᠵᠠᠯ ᠰᠠᠨᠠᠭ᠎ᠠ ᠪᠠᠨ ᠶᠡᠭᠡᠪᠡᠷ ᠴᠢᠯᠦᠭᠡᠯᠡᠭᠦ ᠦᠭᠡᠢ᠂ ᠦᠵᠡᠯᠳᠡ ᠳᠠᠨᠢᠯᠳᠠ ᠪᠠᠨ ᠬᠤᠪᠢᠷᠠᠭᠤᠯᠬᠤ ᠦᠭᠡᠢ | ᠂ ᠪᠤᠰᠤᠳ ᠠᠴᠠ ᠢᠯᠡᠭᠦᠦ ᠪᠠᠳᠤ ᠵᠤᠭᠰᠤᠯᠳᠠ ᠪᠠᠶᠢᠬᠤ ᠦᠭᠡᠢ ᠪᠤᠯ ᠦᠭᠡᠷᠡᠴᠢᠯᠡᠯᠳᠡ ᠬᠦᠭᠵᠢᠯᠳᠡ ᠶᠢᠨ ᠶᠡᠭᠡ | ᠰᠢᠪᠳᠤᠯᠤᠯᠳᠠ᠂ ᠶᠡᠭᠡ ᠳᠠᠪᠠᠯᠳᠠ ᠬᠡᠳᠡᠭ ᠨᠢ ᠪᠡᠶᠡᠯᠡᠭᠳᠡᠰᠢ ᠦᠭᠡᠢ ᠶᠤᠮ᠃ ᠵᠤᠷᠢᠭᠳᠠᠢ ᠪᠠᠷ ᠤᠷᠢᠳᠠᠪᠡᠷ ᠳᠤᠷᠰᠢᠵᠤ᠂ | ᠵᠤᠷᠢᠭᠳᠠᠢ ᠪᠠᠷ ᠬᠤᠴᠤᠷᠤᠩᠭᠤᠢ ᠦᠵᠡᠯᠳᠡ ᠶᠢ ᠠᠷᠢᠯᠭᠠᠨ᠂ ᠳᠤᠭᠳᠠᠴᠠ ᠶᠢᠨ ᠬᠦᠯᠢᠶᠡᠰᠦᠯᠡᠯ ᠢ ᠰᠢᠪᠳᠤᠯᠵᠤ᠂ | ᠠᠷᠠᠳ ᠲᠦᠮᠡᠨ ᠠᠴᠠ ᠤᠶᠤᠨ ᠤᠬᠠᠭᠠᠨ ᠰᠤᠷᠴᠤ᠂ ᠦᠢᠯᠡᠳᠦᠯᠭᠡ ᠠᠴᠠ ᠠᠷᠭ᠎ᠠ ᠬᠡᠯᠪᠡᠷᠢ ᠠᠪᠴᠤ᠂ | ᠠᠰᠠᠭᠤᠳᠠᠯ ᠠᠴᠠ ᠬᠠᠷᠢᠭᠤᠯᠳᠠ ᠤᠯᠵᠤ᠂ ᠰᠢᠨ᠎ᠠ ᠨᠢᠭᠡ ᠡᠭᠡᠯᠵᠢ ᠶᠢᠨ ᠦᠵᠡᠯ ᠰᠠᠨᠠᠭ᠎ᠠ ᠶᠢᠨ ᠶᠡᠭᠡ | ᠴᠢᠯᠦᠭᠡᠯᠡᠯᠳᠡ ᠪᠠᠷ ᠰᠢᠨ᠎ᠠ ᠨᠢᠭᠡ ᠡᠭᠡᠯᠵᠢ ᠶᠢᠨ ᠠᠤᠭ᠎ᠠ ᠬᠦᠭᠵᠢᠯᠲᠡ ᠶᠢ ᠠᠬᠢᠭᠤᠯᠬᠤ ᠬᠡᠷᠡᠭᠲᠠᠢ᠃ | ᠳᠠᠬᠢᠨᠳᠠ ᠮᠤᠷᠳᠠᠬᠤ ᠳᠤ᠂ ᠬᠠᠨᠴᠤᠢ ᠰᠢᠮᠡᠯᠡᠨ ᠴᠢᠷᠮᠠᠶᠢᠨ ᠠᠵᠢᠯᠯᠠᠬᠤ ᠬᠡᠷᠡᠭᠳᠠᠢ᠃ ︽ᠳᠡᠯᠡᠭᠡᠢ ᠳᠡᠭᠡᠷᠡᠬᠢ | ᠬᠠᠮᠤᠭ ᠶᠠᠪᠤᠳᠠᠯ ᠢ ᠬᠢᠵᠤ ᠪᠠᠶᠢᠭᠠᠳ ᠪᠦᠳᠦᠭᠡᠭᠰᠡᠨ ᠶᠤᠮ᠂ ᠬᠢᠭᠦ ᠦᠭᠡᠢ ᠪᠤᠯ ᠮᠠᠷᠺᠰ ᠤᠨ ᠦᠵᠡᠯᠳᠡ ᠦᠴᠦᠬᠡᠨ | ᠴᠤ ᠦᠭᠡᠢ︾᠃ ᠵᠤᠪᠠᠭᠤᠷᠢ ᠶᠢ ᠡᠳ᠋ᠯᠡᠵᠤ ᠵᠦᠳᠡᠭᠦᠷᠢ ᠶᠢ ᠳᠡᠰᠪᠦᠷᠢᠯᠡᠨ᠂ ᠴᠤᠴᠠᠯᠳᠠ ᠦᠭᠡᠢ ᠤᠷᠤᠭᠰᠢᠯᠠᠬᠤ | ᠮᠤᠩᠭᠤᠯ ᠮᠤᠷᠢᠨ ᠤ ᠵᠤᠷᠢᠭ ᠰᠠᠨᠠᠭ᠎ᠠ ᠶᠢ ᠪᠠᠳᠠᠷᠠᠭᠤᠯᠵᠤ᠂ ᠯᠠᠪᠳᠠᠭᠤᠨ ᠪᠠᠳᠤᠳᠠᠢ ᠪᠠᠷ ᠴᠦᠭᠦᠷᠡᠯ ᠦᠭᠡᠢ ᠴᠢᠷᠮᠠᠶᠢᠵᠤ᠂ | ᠡᠳᠦᠷ ᠪᠦᠷᠢ ᠰᠠᠶᠢᠨ ᠠᠵᠢᠯᠯᠠᠵᠤ᠂ ᠰᠠᠷ᠎ᠠ ᠪᠦᠷᠢ ᠰᠠᠶᠢᠨ ᠠᠵᠢᠯᠯᠠᠵᠤ᠂ ᠵᠢᠯ ᠪᠦᠷᠢ ᠰᠠᠶᠢᠨ ᠠᠵᠢᠯᠯᠠᠵᠤ᠂ ᠪᠠᠭ᠎ᠠ | ᠪᠠᠭ᠎ᠠ ᠪᠠᠷ ᠶᠡᠭᠡ ᠶᠢ ᠬᠤᠷᠠᠮᠳᠤᠭᠤᠯᠵᠤ᠂ ᠦᠢᠯᠡᠳᠦᠯᠭᠡ᠂ ᠳᠡᠦᠭᠡ ᠪᠤᠯᠤᠨ ᠠᠷᠠᠳ ᠲᠦᠮᠡᠨ ᠤ ᠰᠢᠯᠭᠠᠯᠳᠠ ᠶᠢ | ᠦᠡᠭᠭᠡᠷᠡᠭᠡᠵᠤ ᠴᠢᠳᠠᠬᠤᠶᠢᠴᠠ ᠠᠮᠵᠢᠯᠲᠠ ᠶᠢ ᠡᠬᠦᠳᠦᠨ ᠪᠦᠲᠦᠭᠡᠬᠦ ᠬᠡᠷᠡᠭᠲᠠᠢ᠃ | ᠳᠠᠬᠢᠨᠳᠠ ᠮᠤᠷᠳᠠᠬᠤ ᠳᠤ᠂ ᠵᠤᠷᠢᠭᠳᠠᠢ ᠪᠠᠷ ᠡᠬᠦᠷᠭᠡᠯᠡᠭᠦ ᠬᠡᠷᠡᠭᠳᠠᠢ᠃ ᠬᠡᠳᠦᠢ ᠶᠡᠭᠡ ᠶᠢ ᠡᠭᠦᠷᠭᠡᠯᠡᠵᠤ | ᠴᠢᠳᠠᠪᠠᠰᠤ ᠳᠡᠳᠤᠢ ᠶᠡᠭᠡ ᠠᠵᠢᠯ ᠦᠢᠯᠡᠰ ᠢ ᠪᠦᠳᠦᠭᠡᠵᠤ ᠴᠢᠳᠠᠨ᠎ᠠ᠂ ᠬᠡᠳᠤᠢ ᠶᠡᠭᠡ ᠡᠬᠦᠷᠭᠡ ᠬᠠᠷᠢᠭᠤᠴᠠᠯᠭ᠎ᠠ ᠪᠠᠨ | ᠬᠦᠢᠴᠡᠳᠭᠡᠪᠡᠰᠤ ᠳᠡᠳᠤᠢ ᠶᠡᠭᠡ ᠠᠮᠵᠢᠯᠳᠠ ᠪᠦᠳᠦᠮᠵᠢ ᠭᠠᠷᠭᠠᠵᠤ ᠴᠢᠳᠠᠨ᠎ᠠ᠃ ᠤᠬᠠᠮᠰᠠᠷ ᠠᠴᠠ ᠪᠠᠨ ᠬᠦᠨᠳᠤ | ᠡᠬᠦᠷᠬᠡ ᠶᠢ ᠡᠭᠦᠷᠭᠡᠯᠡᠵᠤ᠂ ᠬᠠᠷᠢᠭᠤᠴᠠᠯᠭ᠎ᠠ ᠶᠢ ᠡᠭᠦᠷᠭᠡᠯᠡᠵᠤ᠂ ᠠᠵᠢᠯ ᠦᠢᠯᠡᠰ ᠤᠨ ᠵᠠᠮ ᠨᠡᠭᠡᠭᠡᠭᠴᠢ ᠪᠤᠯᠬᠤ | ᠬᠡᠷᠡᠭᠳᠠᠢ︔ ᠲᠦᠮᠡᠨ ᠬᠦᠴᠢᠷᠳᠠᠯ ᠳᠤᠯᠭᠠᠷᠠᠭᠰᠠᠨ ᠴᠦ ᠵᠠᠪᠠᠯ ᠡᠷᠡᠮᠡᠬᠡᠶᠢᠯᠡᠨ ᠤᠷᠤᠭᠰᠢᠯᠠᠵᠤ᠂ ᠵᠠᠪᠠᠯ ᠢᠯᠠᠨ | ᠳᠠᠪᠠᠭ᠋ᠤ ᠶᠢᠨ ᠡᠷᠴᠢ ᠵᠤᠷᠢᠭ ᠢᠶᠠᠷ ᠠᠯᠢᠪᠠ ᠬᠠᠳᠠᠭᠤ ᠪᠡᠷᠭᠡ ᠶᠢ ᠳᠤᠭᠤᠯᠤᠨ ᠳᠠᠪᠠᠭ᠋ᠤ ᠬᠡᠷᠡᠭᠳᠠᠢ︔ ᠠᠰᠠᠭᠤᠳᠠᠯ ᠤᠨ | ᠡᠮᠤᠨ᠎ᠠ ᠵᠠᠶᠢᠯᠠᠨ ᠭᠠᠷᠬᠤ ᠦᠭᠡᠢ᠂ ᠬᠦᠴᠢᠷᠳᠡᠯ ᠤᠨ ᠡᠮᠤᠨ᠎ᠠ ᠨᠤᠭᠤᠷᠠᠰᠢ ᠦᠭᠡᠢ᠂ ᠠᠵᠢᠯ ᠬᠢᠭᠦ ᠳᠡᠭᠡᠨ ᠪᠤᠰᠤᠳ ᠲᠤ | ᠦᠵᠡᠭᠦᠯᠬᠦ ᠶᠢᠨ ᠲᠦᠯᠦᠭᠡ ᠪᠢᠰᠢ᠂ ᠡᠷᠡᠮᠡᠬᠡᠶᠢᠯᠡᠨ ᠲᠡᠮᠡᠴᠡᠨ ᠤᠷᠤᠭᠰᠢᠯᠠᠬᠤ ᠬᠡᠷᠡᠭᠲᠠᠢ᠃ | ︵ᠳᠠᠪᠤ︶ ᠪᠡᠷᠭᠡ ᠬᠠᠳᠠᠭᠤᠵᠢᠯᠳᠠᠢ ᠦᠴᠦᠭᠡᠳᠦᠷ ᠢ ᠳᠤᠭᠤᠯᠤᠨ᠂ ᠤᠯᠠᠷᠢᠯ ᠬᠤᠪᠢᠷᠠᠯ ᠶᠡᠭᠡᠳᠠᠢ ᠦᠨᠦᠳᠦᠷ ᠢ | ᠦᠩᠭᠡᠷᠡᠭᠡᠵᠤ᠂ ᠬᠦᠰᠡᠯ ᠵᠡᠭᠦᠳᠦ ᠪᠠᠨ ᠳᠡᠷᠭᠡᠯᠰᠢᠭᠦᠯᠬᠦ ᠮᠠᠷᠭᠠᠰᠢ ᠪᠠᠨ ᠤᠭᠳᠤᠵᠤ᠂ ᠦᠪᠦᠷ ᠮᠤᠩᠭᠤᠯ ᠤᠷᠢᠳᠠ | ᠡᠮᠤᠨ᠎ᠠ ᠭᠠᠷᠤᠭ᠎ᠠ ᠦᠭᠡᠢ ᠦᠷᠭᠡᠨ ᠠᠭᠤᠳᠠᠮ ᠤᠷᠤᠨ ᠵᠠᠢ ᠲᠠᠢ ᠪᠤᠯᠤᠭᠰᠠᠨ ᠶᠤᠮ᠃ | ︽ᠨᠠᠮ ᠪᠠᠶᠢᠭᠤᠯᠤᠭᠳᠠᠭᠰᠠᠨ 100 ᠵᠢᠯ ᠤᠨ ᠤᠢ ᠪᠤᠯᠬᠤ ᠦᠶ᠎ᠠ ᠳᠤ᠂ ᠡᠭᠡ ᠤᠯᠤᠰ ᠤᠨ ᠤᠮᠠᠷᠠᠳᠤ ᠶᠢᠨ | ᠠᠵᠤ ᠠᠬᠤᠢ ᠬᠦᠭᠵᠢᠭᠰᠡᠨ᠂ ᠦᠨᠳᠦᠰᠦᠳᠡᠨ ᠪᠦᠯᠬᠦᠮᠳᠡᠭᠰᠡᠨ᠂ ᠰᠤᠶᠤᠯ ᠴᠡᠴᠡᠭᠯᠡᠭᠰᠨᠨ᠂ ᠬᠢᠯᠢ ᠬᠢᠵᠠᠭᠠᠷ ᠠᠮᠤᠷ | ᠳᠤᠭᠳᠠᠭᠤᠨ᠂ ᠠᠮᠢ ᠠᠬᠤᠢ ᠪᠤᠯᠪᠠᠰᠤᠨ᠂ ᠦᠨᠳᠦᠰᠦᠳᠡᠨ ᠨᠦᠭᠦᠳ ᠤᠨ ᠠᠷᠠᠳ ᠲᠦᠮᠡᠨ ᠵᠤᠯ ᠵᠢᠷᠭᠠᠯᠳᠠᠢ | ᠠᠮᠢᠳᠤᠷᠠᠭᠰᠠᠨ ᠡᠨᠡᠭᠦ ᠦᠵᠡᠮᠵᠢ ᠶᠢᠨ ᠤᠷᠤᠨ ᠨᠡᠩ ᠦᠵᠡᠰᠭᠦᠯᠡᠩᠳᠤ ᠰᠠᠶᠢᠬᠠᠨ ᠪᠤᠯᠬᠤ ᠨᠢ ᠯᠠᠪᠲᠠᠢ︕︾ | 70 ᠵᠢᠯ ᠤᠨ ᠳᠤᠷᠰᠢ ᠡᠬᠦᠳᠦᠨ ᠪᠦᠲᠦᠭᠡᠭᠰᠡᠨ ᠬᠡᠷᠡᠯ ᠰᠠᠴᠤᠷᠠᠩᠭᠤᠢ ᠵᠠᠮ ᠢ ᠲᠠᠭᠠᠨ᠂ ᠪᠢᠳᠡ ᠰᠢ ᠶᠢᠨ ᠫᠢᠩ | ᠨᠦᠭᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠳᠤᠭᠤᠷᠢᠨ ᠳᠤ ᠤᠯᠠᠮ ᠪᠦᠯᠬᠦᠮᠳᠡᠨ ᠨᠢᠭᠳᠠᠷᠠᠵᠤ᠂ | ᠳᠡᠦᠭᠡᠳᠦ ᠬᠠᠷᠢᠭᠤᠴᠠᠯᠭ᠎ᠠ ᠶᠢ ᠡᠭᠦᠷᠭᠡᠯᠡᠨ᠂ ᠦᠩᠬᠡ ᠬᠡᠷᠡᠯ ᠬᠢᠭᠡᠳ ᠭᠦᠰᠡᠯ ᠵᠡᠭᠦᠳᠦ ᠪᠠᠨ ᠠᠪᠴᠤ᠂ ᠰᠠᠬᠢᠨ | ᠪᠠᠷᠠᠯᠠᠵᠦ ᠬᠠᠷᠢᠯᠴᠠᠨ ᠬᠠᠪᠰᠤᠷᠠᠯᠴᠠᠵᠤ᠂ ᠪᠦᠯᠬᠦᠮᠳᠡᠨ ᠳᠡᠮᠡᠴᠡᠵᠤ᠂ ᠴᠤᠴᠠᠯᠳᠠ ᠦᠭᠡᠢ ᠤᠷᠤᠬᠰᠢᠯᠠᠨ᠂ ᠦᠪᠦᠷ | ᠮᠤᠩᠭᠤᠯ ᠤᠨ ᠨᠡᠩ ᠰᠠᠶᠢᠨ ᠰᠠᠶᠢᠬᠠᠨ ᠢᠷᠡᠭᠡᠳᠦᠢ ᠶᠢ ᠡᠬᠦᠳᠦᠨ ᠨᠡᠭᠡᠭᠡᠰᠦᠬᠡᠢ᠃ | ᠲᠡᠤᠭᠡ ᠪᠢᠳᠡᠨ ᠤ ᠰᠢᠨ᠎ᠡ ᠠᠮᠵᠢᠯᠲᠠ ᠪᠦᠲᠦᠮᠵᠢ ᠡᠭᠦᠳᠬᠦ ᠶᠢ ᠬᠦᠰᠡᠨ ᠪᠠᠷᠠᠯᠠᠵᠤ ᠪᠠᠶᠢᠨᠠᠮ︕ |