ᠮᠠᠨ ᠤ ᠣᠷᠣᠨ ᠤ ᠨᠢᠭᠡᠳᠦᠭᠡᠷ᠂ ᠬᠤᠶᠠᠳᠤᠭᠠᠷ ᠪᠦᠯᠦᠭ ᠤᠨ ᠤᠯᠤᠰ ᠤᠨ ᠳᠡᠰ ᠤᠨ ᠡᠯᠧᠺᠲᠷᠣᠨ | ᠬᠤᠳᠠᠯᠳᠤᠭ᠎ᠠ ᠶᠢ ᠮᠠᠯᠵᠢᠬᠤ ᠲᠠᠷᠢᠶᠠᠯᠠᠬᠤ ᠣᠷᠣᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ | ︵ᠬᠤᠰᠢᠭᠤ︶ ᠤ ᠣᠳᠣᠬᠠᠨ ᠤ ᠠᠷᠠᠯᠵᠢᠶᠠᠨ ᠤ ᠪᠠᠶᠢᠳᠠᠯ ᠰᠠᠶᠢᠨ ᠪᠠᠶᠢᠵᠤ᠂ ᠭᠦᠢᠴᠡᠳᠬᠡᠭᠰᠡᠨ ᠲᠤᠭ᠎ᠠ ᠪᠠᠷᠢᠮᠲᠠ | ᠨᠢ ᠢᠯᠡᠷᠬᠡᠢ ᠪᠠᠶᠢᠨ᠎ᠠ᠃ | 2017 ᠣᠨ ᠤ 6 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ 28 ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ | ᠬᠤᠰᠢᠭᠤ ᠰᠢᠶᠠᠨ ᠤ ᠱᠠᠲᠤᠨ ᠳᠤ ᠣᠷᠣᠭᠤᠯᠤᠨ ᠬᠡᠷᠡᠭᠯᠡᠭᠰᠡᠨ ᠰᠢᠶᠠᠨ ᠤ ᠱᠠᠲᠤᠨ ᠤ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠦᠢᠯᠡᠴᠢᠯᠡᠭᠡᠨ ᠤ ᠲᠥᠪ 24᠂ ᠰᠢᠶᠠᠨ ᠤ ᠱᠠᠲᠤᠨ ᠤ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ | ᠬᠦᠷᠭᠡᠬᠦ ᠲᠥᠪ ᠲᠠᠢ ᠬᠠᠮᠲᠤ ᠪᠠᠷ ᠡᠳ᠋ᠯᠡᠵᠦ ᠪᠠᠶᠢᠭ᠎ᠠ ᠲᠠᠯᠠᠪᠤᠷ ᠪᠣᠯᠤᠨ ᠦᠷᠳᠡᠭᠡ 13᠂ ᠠᠰᠢᠭᠯᠠᠯᠲᠠ ᠳᠤ | ᠣᠷᠣᠭᠤᠯᠤᠨ ᠬᠡᠷᠡᠭᠯᠡᠭᠰᠡᠨ ᠰᠢᠶᠠᠩ ᠪᠠᠯᠭᠠᠰᠤ ᠶᠢᠨ ᠱᠠᠲᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠦᠢᠯᠡᠴᠢᠯᠡᠭᠡᠨ ᠤ ᠦᠷᠲᠡᠭᠡ 88 ᠪᠠᠶᠢᠨ᠎ᠠ᠂ ᠡᠭᠦᠨ ᠳᠤ ᠰᠢᠶᠠᠩ ᠪᠠᠯᠭᠠᠰᠤ ᠶᠢᠨ ᠱᠠᠲᠤᠨ ᠤ ᠪᠠᠷᠠᠭᠠᠠ ᠤ ᠭᠦᠢᠯᠭᠡᠭᠡᠨ | ᠤ ᠦᠢᠯᠡᠴᠢᠯᠡᠬᠦ ᠴᠢᠭ᠋ ᠤᠨ ᠴᠢᠳᠠᠪᠤᠷᠢ ᠶᠢ ᠡᠭᠦᠷᠭᠡᠯᠡᠵᠦ ᠪᠠᠶᠢᠭ᠎ᠠ ᠲᠣᠣᠷ ᠴᠢᠭ᠋ 60᠂ ᠠᠰᠢᠭᠯᠠᠯᠲᠠ ᠳᠤ | ᠣᠷᠣᠭᠤᠯᠤᠨ ᠬᠡᠷᠡᠭᠯᠡᠭᠰᠡᠨ ᠭᠠᠴᠠᠭᠠᠨ ᠤ ᠱᠠᠲᠤᠨ ᠤ ᠦᠢᠯᠡᠴᠢᠯᠡᠭᠡᠨ ᠤ ᠲᠣᠣᠷ ᠴᠢᠭ᠋ 982 ᠪᠠᠶᠢᠵᠤ᠂ ᠡᠭᠦᠨ ᠤ | ᠲᠣᠲᠣᠷ᠎ᠠ ᠭᠠᠴᠠᠭᠠᠨ ᠤ ᠱᠠᠲᠤᠨ ᠤ ᠪᠠᠷᠠᠭᠠᠠ ᠤ ᠭᠦᠢᠯᠭᠡᠭᠡᠨ ᠤ ᠦᠢᠯᠡᠴᠢᠯᠡᠬᠦ ᠴᠢᠭ᠋ ᠤᠨ ᠴᠢᠳᠠᠪᠤᠷᠢ ᠶᠢ ᠡᠭᠦᠷᠭᠡᠯᠡᠵᠦ | ᠪᠠᠶᠢᠭ᠎ᠠ ᠲᠣᠣᠷ ᠴᠢᠭ᠋ 827 ᠪᠠᠶᠢᠨ᠎ᠠ᠃ | ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭ᠎ᠠ ᠶᠢᠨ ᠦᠢᠯᠡᠴᠢᠯᠡᠭᠡᠨ ᠤ ᠥᠷᠲᠡᠭᠡ ᠴᠢᠭ᠋ ᠨᠢ ᠲᠠᠩᠰᠨ | ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯ ᠲᠠᠢ ᠲᠣᠰᠬᠤᠨ 293᠂ ᠲᠠᠩᠰᠨ ᠪᠠᠶᠢᠭᠤᠯᠤᠨ ᠺᠠᠷᠲ | ᠠᠪᠤᠭᠰᠠᠨ ᠶᠠᠳᠠᠭᠤ ᠬᠦᠴᠢᠷᠳᠡᠯ ᠲᠠᠢ ᠡᠷᠦᠬᠡ ᠶᠢᠨ 23702 ᠬᠥᠮᠦᠨ ᠢ ᠪᠦᠷᠬᠦᠭᠦᠯᠵᠦ᠂ ᠲᠠᠩᠰᠨ ᠪᠠᠶᠢᠭᠤᠯᠤᠨ | ᠺᠠᠷᠲ ᠠᠪᠤᠭᠰᠠᠨ ᠶᠠᠳᠠᠭᠤ ᠬᠦᠴᠢᠷᠳᠡᠯ ᠲᠠᠢ ᠡᠷᠦᠬᠡ ᠳᠤ 16762 ᠬᠥᠮᠦᠨ ᠤᠳᠠᠭ᠎ᠠ ᠦᠢᠯᠡᠴᠢᠯᠡᠵᠦ᠂ ᠲᠠᠩᠰᠨ | ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯ ᠲᠠᠢ ᠡᠷᠦᠬᠡ ᠶᠢ ᠬᠠᠪᠰᠤᠷᠤᠨ ᠳᠡᠮᠵᠢᠭᠰᠡᠨ | ᠪᠣᠷᠣᠯᠠᠭᠤᠯᠭ᠎ᠠ ᠪᠠᠷᠤᠭ 221.8 ᠲᠦᠮᠡᠨ ᠲᠥᠭᠦᠷᠢᠭ ᠲᠤ ᠬᠦᠷᠴᠦ᠂ ᠲᠠᠩᠰᠨ ᠪᠠᠶᠢᠭᠤᠯᠤᠨ ᠺᠠᠷᠲ ᠠᠪᠤᠭᠰᠠᠨ | ᠶᠠᠳᠠᠭᠤ ᠬᠦᠴᠢᠷᠳᠡᠯ ᠲᠠᠢ ᠡᠷᠦᠬᠡ ᠳᠤ ᠨᠡᠶᠢᠲᠡ 6723 ᠬᠥᠮᠦᠨ ᠤᠳᠠᠭ᠎ᠠ ᠪᠣᠯᠪᠠᠰᠤᠷᠠᠭᠤᠯᠤᠯ ᠬᠦᠷᠲᠡᠭᠡᠵᠦ᠂ | ᠲᠠᠩᠰᠨ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯ ᠲᠠᠢ ᠡᠷᠦᠬᠡ ᠶᠢᠨ 3805 ᠬᠥᠮᠦᠨ ᠳᠤ ᠠᠵᠢᠯ | ᠣᠯᠭᠤᠵᠠᠢ᠃ | ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠰᠦᠯᠵᠢᠶᠡᠨ ᠳᠡᠭᠡᠷ᠎ᠡ ᠵᠢᠵᠢᠭᠯᠡᠨ | ᠬᠤᠳᠠᠯᠳᠤᠭᠰᠠᠨ ᠲᠤᠭ᠎ᠠ 27.4 ᠳ᠋ᠦᠩᠰᠢᠭᠤᠷ ᠲᠥᠭᠦᠷᠢᠭ ᠲᠤ ᠬᠦᠷᠴᠦ᠂ ᠰᠢᠨ᠎ᠡ ᠪᠠᠷ ᠨᠡᠮᠡᠭᠳᠡᠭᠰᠡᠨ | ᠲᠠᠷᠢᠶᠠᠯᠠᠩ ᠤᠨ ᠪᠦᠲᠦᠭᠡᠭᠳᠡᠬᠦᠨ ᠤ ᠰᠦᠯᠵᠢᠶᠡᠨ ᠤ ᠪᠣᠷᠣᠯᠠᠭᠤᠯᠭ᠎ᠠ 6505 ᠪᠣᠯᠵᠤ᠂ ᠰᠦᠯᠵᠢᠶᠡᠨ ᠳᠡᠭᠡᠷ᠎ᠡ | ᠬᠤᠳᠠᠯᠳᠤᠨ ᠠᠪᠤᠭᠰᠠᠨ ᠵᠣᠭᠤᠰ ᠤᠨ ᠲᠤᠭ᠎ᠠ ᠨᠢ ᠪᠠᠷᠤᠭ 17.4 ᠳ᠋ᠦᠩᠰᠢᠭᠤᠷ ᠲᠥᠭᠦᠷᠢᠭ ᠪᠣᠯᠵᠠᠢ᠃ | ᠪᠠᠷᠠᠭ᠎ᠠ ᠶᠢᠨ ᠭᠦᠢᠯᠭᠡᠭᠡ ᠶᠢ ᠲᠣᠬᠢᠷᠠᠭᠤᠯᠤᠨ ᠬᠦᠷᠭᠡᠬᠦ ᠳᠤ ᠪᠠᠷᠤᠭ 3403.5 ᠲᠦᠮᠡᠨ ᠬᠤᠪᠢ ᠬᠤᠷᠢᠶᠠᠵᠤ᠂ | 922.7 ᠲᠦᠮᠡᠨ ᠬᠤᠪᠢ ᠢᠯᠡᠭᠡᠵᠡᠢ᠃ ᠰᠢᠶᠠᠨ ᠤ ᠬᠤᠲᠠ ᠠᠴᠠ ᠭᠠᠴᠠᠭ᠎ᠠ ᠲᠣᠰᠬᠤᠨ ᠬᠦᠷᠲᠡᠯᠡᠬᠢ ᠪᠠᠷᠠᠭᠠᠨ ᠤ | ᠭᠦᠢᠯᠭᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠦᠭᠰᠡᠨ ᠵᠢᠱᠢᠶ᠎ᠡ ᠦᠵᠡᠭᠦᠯᠬᠦ ᠰᠢᠶᠠᠨ 21᠂ ᠰᠢᠶᠠᠨ ᠤ | ᠱᠠᠲᠤᠨ ᠤ ᠪᠠᠷᠠᠭᠠᠠ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠥᠪ 19᠂ ᠰᠢᠶᠠᠩ ᠪᠠᠯᠭᠠᠰᠤᠨ ᠤ ᠲᠦᠷᠭᠡᠨ | ᠢᠯᠡᠭᠡᠮᠵᠢ ᠶᠢᠨ ᠲᠣᠣᠷ ᠴᠢᠭ᠋ 140 ᠪᠣᠯᠪᠠ᠃ | ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭ᠎ᠠ ᠨᠢ 215321 ᠬᠥᠮᠦᠨ ᠤᠳᠠᠭ᠎ᠠ ᠶᠢ | ᠪᠣᠯᠪᠠᠰᠤᠷᠠᠭᠤᠯᠵᠤ᠂ ᠡᠭᠦᠨ ᠳᠤ ᠵᠠᠰᠠᠭ ᠤᠨ ᠣᠷᠳᠣᠨ ᠤ ᠠᠵᠢᠯᠲᠠᠨ ᠢ 23871 ᠬᠥᠮᠦᠨ ᠤᠳᠠᠭ᠎ᠠ᠂ ᠬᠥᠳᠡᠭᠡ | ᠲᠣᠰᠬᠤᠨ ᠤ ᠵᠠᠯᠠᠭᠤᠴᠤᠳ᠂ ᠨᠤᠲᠤᠭ ᠲᠠᠭᠠᠨ ᠪᠤᠴᠠᠭᠰᠠᠨ ᠬᠦᠴᠦ ᠶᠠᠪᠤᠭᠴᠢ ᠵᠡᠷᠭᠡ ᠶᠢ 191450 ᠬᠥᠮᠦᠨ | ᠤᠳᠠᠭ᠎ᠠ ᠪᠣᠯᠪᠠᠰᠤᠷᠠᠭᠤᠯᠵᠤ᠂ ᠰᠦᠯᠵᠢᠶᠡᠨ ᠳᠡᠭᠡᠷᠡᠬᠢ ᠬᠤᠳᠠᠯᠳᠤᠭᠠᠨ ᠤ ᠶᠡᠷᠦᠩᠬᠡᠶ ᠲᠤᠭ᠎ᠠ 12546 ᠪᠣᠯᠪᠠ᠃ |