ᠢᠳᠡᠭᠡᠯ᠂ ᠪᠠᠷᠢᠮᠳᠠᠯᠠᠯ ᠲᠤᠮᠳᠠ ᠬᠦᠪᠴᠢᠯᠡᠭᠳᠡᠨ᠎ᠠ — ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠠᠶᠠᠷᠯᠠᠨ ᠪᠡᠯᠭᠡᠯᠡᠶ᠎ᠠ ︵ᠳᠡᠭᠡᠳᠦ︶
ᠨᠡᠶᠢᠲᠡᠯᠡᠭᠰᠡᠨ ᠴᠠᠭ᠄
2017/8/7
     ︵ᠨᠢᠭᠡ︶ ︽ᠬᠦᠬᠡ ᠤᠬᠳᠠᠷᠭᠤᠢ ᠳᠤ ᠬᠦᠪᠤᠩ ᠡᠬᠦᠯᠡ ᠴᠠᠶᠢᠷᠠᠭᠠᠳ᠂ ᠬᠦᠳᠡᠭᠡ ᠲᠠᠯ᠎ᠠ ᠳᠤ ᠬᠦᠯᠦᠭ ᠮᠤᠷᠢ ᠲᠤᠪᠳᠤᠯᠤᠨ᠎ᠠ᠂ ᠤᠷᠭ᠎ᠠ ᠶᠢᠨ ᠦᠵᠦᠬᠦᠷ ᠤᠷᠤᠬᠰᠢ ᠪᠠᠨ ᠨᠠᠬᠢᠯᠵᠠᠭᠠᠳ᠂ ᠤᠶᠠᠩᠭᠠᠳᠦ ᠳᠠᠭᠤᠤ ᠬᠠᠩᠬᠢᠨᠠᠨ ᠴᠤᠤᠷᠢᠶᠠᠳᠤᠨ᠎ᠠ ᠁︾      ᠡᠨᠡᠬᠦ ︽ᠬᠦᠳᠡᠭᠡ ᠲᠠᠯ᠎ᠠ ᠳᠤ ᠮᠦᠩᠭᠡ ᠶᠢᠨ ᠨᠠᠷᠠᠨ ᠰᠠᠴᠤᠷᠠᠨ ᠮᠠᠨᠳᠤᠯ᠎ᠠ︾ ᠭᠡᠬᠦ ᠳᠠᠭᠤᠤ ᠨᠢ ᠴᠠᠭ ᠬᠤᠭᠤᠴᠠᠭ᠎ᠠ ᠤᠷᠤᠨ ᠵᠠᠢ ᠶᠢ ᠰᠤᠨᠳᠠᠯᠠᠨ ᠮᠦᠨᠬᠦ ᠳᠠᠮᠵᠢᠬᠳᠠᠨ ᠳᠠᠭᠤᠯᠠᠬᠳᠠᠭᠰᠠᠭᠠᠷ ᠪᠠᠶᠢᠵᠦ᠂ ᠭᠡᠳᠦᠨ ᠠᠷᠪᠡᠨ ᠵᠢᠯ ᠎ ᠤᠨ ᠡᠮᠦᠨᠡᠬᠢ ᠲᠠᠯ᠎ᠠ ᠨᠤᠳᠤᠭ ᠤᠨ ᠬᠦᠪᠡᠬᠦᠳ ᠦᠬᠢᠳ ᠤᠨ ᠰᠢᠨ᠎ᠠ ᠠᠮᠢᠳᠤᠷᠠᠯ ᠢᠶᠠᠨ ᠮᠠᠭᠳᠠᠨ ᠳᠠᠭᠤᠯᠠᠵᠦ᠂ ᠥᠨᠦᠳᠦᠷ ᠤᠨ ᠥᠪᠦᠷ ᠮᠤᠩᠭᠤᠯ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠳᠤᠮᠳᠠᠳᠤ ᠤᠯᠤᠰ ᠤᠨ ᠡᠪ ᠬᠠᠮᠳᠦ ᠨᠠᠮ ᠤᠨ ᠤᠳᠤᠷᠢᠳᠤᠯᠭ᠎ᠠ ᠳᠤᠤᠷ᠎ᠠ᠂ ᠨᠡᠶᠢᠭᠡᠮ ᠵᠢᠷᠤᠮᠳᠦ ᠡᠭᠡ ᠤᠯᠤᠰ ᠤᠨ ᠶᠡᠭᠡ ᠭᠡᠷ ᠪᠦᠯᠢ ᠳᠤ ᠡᠷᠭᠡ ᠮᠡᠳᠡᠨ ᠡᠵᠡᠨ ᠰᠠᠭᠤᠬᠰᠠᠨ ᠴᠣ ᠰᠢᠨ᠎ᠠ ᠵᠤᠷᠢᠭ ᠰᠠᠨᠠᠭᠠᠨ ᠤ ᠬᠡᠪ ᠨᠠᠮᠪᠠ ᠶᠢ ᠮᠠᠭᠲᠠᠨ ᠳᠠᠭᠤᠯᠠᠵᠠᠢ᠃      ᠴᠠᠭ ᠤᠨ ᠬᠦᠷᠲᠦ 70 ᠵᠢᠯ ᠤᠨ ᠡᠮᠦᠨ᠎ᠡ ᠪᠤᠴᠠᠯ᠎ᠠ᠃      1947 ᠣᠨ ᠤ 5 ᠳ᠋ᠤᠭᠠᠷ ᠰᠠᠷ᠎ᠠ ᠶᠢᠨ 1᠎ ᠤ ᠡᠳᠦᠷ᠂ ᠳᠤᠮᠳᠠᠳᠤ ᠤᠯᠤᠰ ᠤᠨ ᠡᠪ ᠬᠠᠮᠳᠦ ᠨᠠᠮ ᠤᠨ ᠤᠳᠤᠷᠢᠳᠤᠯᠭ᠎ᠠ ᠲᠤᠤᠷ᠎ᠠ᠂ ᠬᠢᠩᠭᠠᠨ ᠠᠶᠢᠮᠠᠬ ᠤᠨ ᠸᠠᠩ ᠤᠨ ᠰᠦᠮ᠎ᠠ ᠶᠢᠨ ᠨᠢᠭᠡᠨ ᠲᠦᠬᠦᠮ ᠠᠪᠰᠠᠷᠬᠠᠨ ᠤᠯᠠᠭᠠᠨ ᠠᠰᠠᠷ ᠲᠤ᠂ ᠮᠠᠨ ᠤ ᠤᠯᠤᠰ ᠤᠨ ᠠᠩᠬᠠᠳᠠᠭᠴᠢ ᠮᠤᠵᠢ ᠶᠢᠨ ᠲᠡᠰ ᠤᠨ ᠴᠦᠭᠡᠨ ᠲᠤᠭᠠᠳᠦ ᠦᠨᠳᠦᠰᠦᠳᠡᠨ ᠤ ᠦᠪᠡᠷᠲᠡᠭᠡᠨ ᠵᠠᠰᠠᠬᠤ ᠤᠷᠤᠨ — ᠥᠪᠦᠷ ᠮᠤᠩᠭᠤᠯ ᠤᠨ  ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠵᠠᠢ᠃      ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ ᠨᠢ ᠮᠠᠨ ᠤ ᠤᠯᠤᠰ ᠤᠨ ᠪᠤᠳᠠᠳᠠᠢ ᠳᠤ ᠨᠡᠶᠢᠴᠡᠭᠰᠡᠨ ᠦᠨᠳᠦᠰᠦᠳᠡᠨ ᠤ ᠠᠰᠠᠭᠤᠳᠠᠯ ᠢ ᠰᠢᠢᠳᠪᠤᠷᠢᠯᠡᠭᠰᠡᠨ ᠴᠣ᠋ ᠰᠢᠨ᠎ᠠ ᠲᠦᠷᠢᠮ ᠮᠠᠨᠳᠤᠯᠡᠭᠰᠡᠨ ᠎ ᠢ ᠬᠠᠷᠠᠭᠤᠯᠵᠦ᠂ ᠰᠢᠨ᠎ᠠ ᠳᠤᠮᠳᠠᠳᠤ ᠤᠯᠤᠰ ᠤᠨ ᠦᠨᠳᠦᠰᠦᠳᠡᠨ ᠤ ᠠᠰᠠᠭᠤᠳᠠᠯ ᠢ ᠰᠢᠢᠳᠪᠤᠷᠢᠯᠡᠬᠦ ᠳᠤ ᠵᠦᠪ ᠵᠠᠮ ᠢ ᠨᠡᠭᠡᠭᠡᠭᠰᠡᠨ ᠪᠠᠶᠢᠨ᠎ᠠ᠃ ︽ᠡᠨᠡ ᠪᠤᠯ ᠳᠤᠮᠳᠠᠳᠤ ᠶᠢᠨ ᠦᠨᠳᠦᠰᠦᠳᠡᠨ ᠤ ᠭᠡᠳᠦᠨ ᠮᠢᠩᠭᠠᠨ ᠵᠢᠯ ᠤᠨ ᠬᠦᠭᠵᠢᠯᠳᠠ ᠶᠢᠨ ᠲᠡᠦᠭᠡ᠂ ᠪᠦᠯᠬᠦᠮᠳᠡᠯ ᠤᠨ ᠲᠡᠦᠭᠡ᠂ ᠲᠠᠪᠰᠢᠯᠳᠠ ᠶᠢᠨ ᠲᠡᠦᠭᠡᠨ ᠳᠡᠭᠡᠷᠡᠬᠢ ᠬᠦᠨ ᠬᠦᠨᠵᠡᠭᠡᠢ ᠠᠴᠢ ᠬᠤᠯᠪᠤᠭᠳᠠᠯ ᠲᠠᠢ ᠲᠤᠮᠤ ᠶᠠᠪᠤᠳᠠᠯ ᠮᠦᠨ︾ ᠭᠡᠵᠦ ︽ᠠᠷᠠᠳ ᠤᠨ ᠡᠳᠦᠷ ᠤᠨ ᠰᠤᠨᠢᠨ︾᠎ ᠤ ᠬᠤᠷᠢᠶᠠᠨ ᠤ ᠦᠬᠦᠯᠡᠯ ᠳᠤ ᠦᠨᠡᠯᠡᠭᠰᠡᠨ ᠪᠠᠶᠢᠳᠠᠭ᠃      ᠲᠡᠷᠡ ᠮᠦᠴᠡ ᠠᠴᠠ ᠡᠬᠢᠯᠡᠵᠦ᠂ ᠥᠪᠦᠷ ᠮᠤᠩᠭᠤᠯ ᠤᠨ ᠲᠡᠦᠭᠡ ᠰᠢᠨ᠎ᠠ ᠠᠶᠠᠨ ᠢᠶᠠᠨ ᠡᠬᠢᠯᠡᠭᠦᠯᠵᠡᠢ᠃ 1947 ᠣᠨ ᠢᠶᠠᠷ ᠵᠠᠩᠭᠢᠯᠭ᠎ᠠ ᠶᠢᠨ ᠴᠢᠭ᠋ ᠪᠣᠯᠭᠠᠵᠤ᠂ ᠡᠨᠡᠬᠦ ᠰᠢᠨ᠎ᠠ ᠡᠬᠢᠯᠡᠯᠳᠠ ᠨᠢ ᠶᠠᠳᠠᠭᠤ ᠬᠤᠴᠤᠷᠤᠩᠭᠤᠢ ᠪᠠᠶᠢᠭᠰᠠᠨ ᠬᠠᠭᠤᠴᠢᠨ ᠥᠪᠦᠷ ᠮᠤᠩᠭᠤᠯ ᠢ ᠠᠮᠢᠵᠢᠷᠠᠯ ᠤᠨ ᠬᠦᠴᠦ ᠪᠢᠯᠬᠠᠬᠰᠠᠨ᠂ ᠠᠯᠤᠰ ᠢᠷᠡᠭᠡᠳᠦᠢ ᠭᠡᠭᠡᠨ ᠰᠠᠷᠠᠭᠤᠯ ᠪᠦᠬᠦᠢ ᠰᠢᠨ᠎ᠡ ᠥᠪᠤᠷ ᠮᠣᠩᠭᠤᠯ ᠪᠣᠯᠭᠠᠵᠠᠢ᠃      ︵ᠬᠤᠶᠠᠷ︶ ︽ᠵᠠᠩᠭᠠᠷ ᠤᠨ ᠪᠤᠮᠪᠠ ᠶᠢᠨ ᠤᠷᠤᠨ ᠳᠤ᠂ ᠵᠤᠪᠠᠯ ᠵᠦᠳᠡᠬᠦᠷᠢ ᠪᠠᠶᠢᠬᠤ ᠦᠭᠡᠢ᠂ ᠦᠬᠦᠯ ᠮᠦᠬᠦᠯ ᠪᠠᠶᠢᠬᠤ ᠦᠭᠡᠢ᠂ ᠶᠠᠳᠠᠭᠤ ᠬᠤᠴᠤᠷᠤᠩᠭᠤᠢ ᠪᠠᠶᠢᠬᠤ ᠦᠭᠡᠢ᠂ ᠠᠮᠤ ᠪᠤᠳᠠᠭ᠎ᠠ ᠠᠭᠤᠯᠠ ᠰᠢᠬ ᠤᠪᠤᠭᠠᠷᠠᠵᠦ᠂ ᠦᠭᠡᠷ ᠬᠤᠨᠢᠳ ᠲᠠᠯ᠎ᠠ ᠲᠦᠬᠦᠷᠡᠩ ᠪᠡᠯᠴᠢᠨ᠎ᠠ︔ ᠠᠭᠠᠬᠢᠮ᠎ᠠ ᠬᠠᠯᠠᠭᠤᠨ ᠪᠠᠶᠢᠬᠤ ᠦᠭᠡᠢ᠂ ᠬᠠᠬᠢᠷ ᠬᠦᠢᠳᠡᠨ ᠪᠠᠶᠢᠬᠤ ᠦᠭᠡᠢ᠂ ᠵᠤᠨ ᠴᠠᠭ ᠨᠢ ᠨᠠᠮᠤᠷ ᠤᠨ ᠤᠯᠠᠷᠢᠯ ᠰᠢᠬ ᠰᠡᠷᠢᠬᠦᠨ ᠳᠠᠭᠠᠳᠠᠢ᠂ ᠡᠪᠤᠯ ᠴᠠᠭ ᠨᠢ ᠬᠠᠪᠤᠷ ᠤᠨ ᠤᠯᠠᠷᠢᠯ ᠰᠢᠬ ᠡᠶᠡᠪᠡᠷᠬᠦᠨ ᠲᠤᠯᠠᠭᠠᠬᠠᠨ︔ ᠰᠠᠯᠬᠢ ᠰᠡᠪᠡᠯᠵᠡᠨ ᠬᠤᠷ᠎ᠠ ᠨᠠᠮᠢᠷᠠᠵᠦ᠂ ᠦᠩᠭᠡ ᠶᠢᠨ ᠴᠡᠴᠡᠭ ᠪᠠᠳᠠᠷᠠᠨ ᠳᠡᠯᠭᠡᠷᠡᠨ᠎ᠠ︾᠃ ᠮᠤᠩᠭᠤᠯ ᠦᠨᠳᠦᠰᠦᠳᠡᠨ ᠤ ᠪᠠᠭᠠᠳᠤᠷᠯᠢᠭ ᠲᠤᠤᠯᠢ ︽ᠵᠠᠩᠭᠠᠷ︾᠎ ᠲᠤ ᠮᠤᠩᠭᠤᠯ ᠦᠨᠳᠦᠰᠦᠳᠡᠨ ᠎ ᠤ ᠠᠷᠠᠳ ᠲᠦᠮᠡᠨ ᠤ ᠪᠤᠮᠪᠠ ᠶᠢᠨ ᠤᠷᠤᠨ ᠭᠡᠬᠦ ᠡᠨᠡᠬᠦ ᠬᠦᠰᠡᠬᠦᠶᠢᠴᠢ ᠦᠵᠡᠯ ᠤᠨ ᠤᠷᠤᠨ ᠤ ᠲᠤᠬᠠᠢ ᠬᠦᠰᠡᠯ ᠲᠡᠮᠡᠦᠯᠤᠯ ᠢ ᠤᠯᠠᠮᠵᠢᠯᠠᠨ ᠳᠠᠭᠤᠯᠠᠭᠰᠠᠨ ᠪᠠᠶᠢᠳᠠᠭ᠃      ᠭᠡᠳᠡᠯ᠎ᠠ᠂ ᠬᠠᠭᠤᠴᠢᠨ ᠨᠡᠶᠢᠭᠡᠮ ᠳᠤ ᠠᠮᠢᠳᠤᠷᠠᠵᠦ ᠪᠠᠶᠢᠭᠰᠠᠨ ᠥᠪᠦᠷ ᠮᠤᠩᠭᠤᠯ ᠤᠨ ᠦᠨᠳᠦᠰᠦᠳᠡᠨ ᠨᠦᠭᠦᠳ ᠲᠤ ᠠᠪᠴᠦ ᠭᠡᠯᠡᠪᠡᠯ᠂ ︽ᠪᠤᠮᠪᠠ ᠶᠢᠨ ᠤᠷᠤᠨ︾᠎ ᠨᠢ ᠲᠡᠭᠷᠢ ᠶᠢᠨ ᠰᠤᠯᠤᠩᠭ᠎ᠠ ᠰᠢᠬ ᠬᠤᠯᠠ ᠪᠠᠶᠢᠪᠠ᠃ 1929 ᠣᠨ ᠤ ᠵᠤᠨ᠂ ᠠᠮᠧᠷᠢᠺᠠ ᠶᠢᠨ ᠰᠤᠷᠪᠤᠯᠵᠢᠯᠠᠬᠴᠢ ᠠᠶᠢᠳᠧᠺᠠ᠂ ᠰᠧᠨᠣ᠋ ᠥᠪᠦᠷ ᠮᠤᠩᠭᠤᠯ ᠢᠶᠠᠷ ᠬᠦᠷᠴᠦ ᠰᠢᠨᠵᠢᠯᠡᠨ ᠪᠠᠶᠢᠴᠠᠭᠠᠬᠤ ᠶᠢᠨ ᠬᠠᠮᠳᠦ ᠰᠤᠷᠪᠤᠯᠵᠢᠯᠠᠵᠦ᠂ ᠲᠦᠭ ᠲᠦᠮᠡᠨ ᠬᠦᠮᠦᠨ ᠦᠯᠪᠡᠷᠴᠤ ᠦᠭᠦᠭᠰᠡᠨ ᠬᠠᠷᠠᠰᠠᠯᠳᠦ ᠪᠠᠶᠢᠳᠠᠯ ᠢ ᠨᠢᠳᠤ ᠪᠠᠷ ᠦᠵᠡᠵᠡᠢ᠃ ᠲᠡᠷᠡ ᠭᠤᠨᠢᠬᠯᠠᠯᠳᠦ ᠰᠡᠳᠬᠢᠯᠭᠡ ᠪᠠᠷ ︽ᠬᠤᠷᠢᠨ ᠳᠠᠪᠤᠨ ᠲᠦᠮᠡᠨ ᠠᠮᠢ ᠶᠢ ᠠᠪᠤᠷᠠᠭᠠᠷᠠᠢ︾᠎ ᠶᠢ ᠪᠢᠴᠢᠪᠡ᠄ ︽ᠰᠦᠢᠶᠤᠸᠠᠨ ᠬᠤᠳᠠ ᠳᠤ ᠰᠤᠷᠪᠤᠯᠵᠢᠯᠠᠬᠤ ᠦᠶ᠎ᠠ ᠳᠤ᠂ ᠬᠦᠮᠦᠨ ᠤ ᠶᠢᠷᠳᠢᠨᠴᠦ ᠶᠢᠨ ᠭᠠᠰᠠᠯᠠᠩ ᠵᠣᠪᠠᠯᠠᠩ ᠪᠠ ᠲᠦᠭᠡᠷᠢᠭᠳᠡᠯ ᠨᠢ ᠰᠡᠳᠬᠢᠯ ᠤᠨ ᠬᠦᠨ ᠵᠠᠢ ᠶᠢ ᠰᠣᠴᠢᠭᠠᠨ ᠳᠠᠷᠤᠭᠰᠠᠨ ᠪᠠᠶᠢᠳᠠᠯ ᠤᠷᠢᠳᠠ ᠡᠮᠦᠨ᠎ᠡ ᠪᠠᠶᠢᠭ᠎ᠠ  ᠦᠭᠡᠢ ᠶᠤᠮ︾ ᠭᠡᠵᠡᠢ᠃      ᠬᠠᠭᠤᠴᠢᠨ ᠨᠡᠶᠢᠭᠡᠮ ᠳᠤ᠂ ᠨᠡᠯᠦᠭᠡᠷ ᠲᠠᠯ᠎ᠠ ᠶᠢ ᠲᠦᠨᠠᠷ ᠬᠠᠷᠠᠩᠭᠤᠢ ᠪᠦᠷᠬᠦᠵᠦ᠂ ᠤᠷᠳᠤ ᠬᠤᠭᠤᠴᠠᠭ᠎ᠠ ᠪᠠᠷ ᠬᠦᠳᠡᠯᠮᠦᠷᠢᠯᠡᠵᠦ᠂ ᠡᠩ ᠦᠷᠭᠡᠨ ᠨᠤᠳᠤᠭ ᠳᠡᠭᠡᠷ᠎ᠠ ᠪᠠᠨ ᠠᠮᠢᠳᠤᠷᠠᠵᠦ ᠪᠠᠶᠢᠬᠰᠠᠨ ᠮᠤᠩᠭᠤᠯ ᠦᠨᠳᠦᠰᠦᠳᠡᠨ ᠤ ᠠᠷᠠᠳ ᠲᠦᠮᠡᠨ ᠭᠤᠷᠪᠡᠨ ᠶᠡᠭᠡ ᠠᠭᠤᠯᠠ ᠪᠠ ᠦᠨᠳᠦᠰᠦᠳᠡᠨ ᠤ ᠳᠤᠳᠤᠭᠠᠳᠦ ᠶᠢᠨ ᠲᠡᠷᠰᠯᠡᠬᠦᠦ ᠬᠦᠴᠦᠨ ᠤ ᠬᠠᠷᠠᠰᠠᠯᠳᠦ ᠳᠠᠷᠤᠯᠠᠯ ᠪᠠ ᠮᠦᠯᠵᠢᠯ ᠢ ᠠᠮᠰᠠᠵᠦ᠂ ᠪᠦᠬᠦᠶᠢᠯᠡ ᠦᠨᠳᠦᠰᠦᠳᠡᠨ ᠮᠦᠬᠦᠵᠦ ᠰᠦᠨᠦᠬᠦ ᠠᠶᠤᠯᠳᠦ ᠪᠠᠶᠢᠳᠠᠯ ᠳᠤ ᠲᠤᠯᠭᠠᠷᠠᠪᠠ᠃ ᠲᠡᠦᠭᠡ ᠶᠢᠨ ᠤᠬᠠᠭᠠᠨᠳᠠᠨ ᠡᠨᠡᠬᠦ ᠪᠠᠶᠢᠳᠠᠯ ᠢ᠄ ᠮᠤᠩᠭᠤᠯ ᠦᠨᠳᠦᠰᠦᠳᠡᠨ ᠤ ᠠᠷᠠᠳ ᠲᠦᠮᠡᠨ ᠳᠠᠪᠬᠤᠷ ᠳᠠᠪᠬᠤᠷ ᠠᠭᠤᠯᠠ ᠳᠤ ᠳᠠᠷᠤᠬᠳᠠᠵᠦ ᠪᠠᠶᠢᠪᠠ︔ ᠠᠵᠤ ᠠᠬᠤᠢ ᠶᠢᠨ ᠲᠠᠯ᠎ᠠ ᠪᠠᠷ ᠹᠸᠤᠳᠠᠯ ᠤᠨ ᠮᠦᠯᠵᠢᠯ ᠪᠠ ᠺᠤᠯᠤᠨᠢᠴᠢᠯᠠᠬᠴᠢᠳ ᠤᠨ ᠦᠨᠳᠦᠷ ᠬᠦᠦ ᠲᠠᠢ ᠵᠢᠭᠡᠯᠡᠯᠭᠡ ᠶᠢᠨ ᠲᠤᠤᠷ ᠲᠤ ᠤᠶᠠᠭᠳᠠᠨ ᠬᠦᠳᠡᠯᠵᠦ ᠴᠢᠳᠠᠬᠤ ᠦᠭᠡᠢ ᠪᠣᠯᠵᠠᠢ ᠭᠡᠪᠡ᠃      ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠬᠤ ᠦᠶ᠎ᠠ ᠳᠤ᠂ ᠲᠡᠦᠭᠡ ᠠᠴᠠ ᠦᠯᠡᠳᠡᠭᠳᠡᠵᠦ ᠬᠤᠴᠤᠷᠤᠭᠰᠠᠨ ᠨᠢ ᠶᠠᠳᠠᠭᠤ ᠬᠦᠴᠢᠷᠳᠡᠯᠳᠠᠢ᠂ ᠭᠤᠨᠢᠬᠯᠠᠯᠳᠦ ᠬᠠᠷᠠᠰᠠᠯᠳᠠᠢ ᠵᠢᠷᠤᠭ ᠪᠠᠶᠢᠪᠠ᠃ ᠠᠵᠤ ᠠᠬᠤᠢ ᠮᠠᠭᠤᠳᠠᠵᠦ᠂ ᠰᠤᠶᠤᠯ ᠬᠤᠴᠤᠷᠴᠦ᠂ ᠡᠮ ᠡᠮᠨᠡᠯᠭᠡ ᠡᠷᠡᠬᠦᠯ ᠬᠠᠮᠠᠭᠠᠯᠠᠯ ᠤᠨ ᠨᠦᠬᠦᠴᠡᠯ ᠮᠠᠰᠢ ᠠᠨᠠᠢ᠂ ᠡᠯ᠎ᠠ ᠲᠦᠷᠦᠯ ᠤᠨ ᠬᠠᠯᠳᠠᠪᠤᠷᠢᠳᠦ ᠡᠪᠡᠳᠴᠢᠨ᠂ ᠤᠷᠤᠨ ᠨᠤᠳᠤᠭ ᠤᠨ ᠡᠪᠡᠳᠴᠢᠨ ᠤᠷᠳᠤ ᠬᠤᠭᠤᠴᠠᠭᠠᠨ᠎ᠠ ᠬᠦᠮᠦᠰ ᠢ ᠵᠤᠪᠠᠭᠠᠵᠦ᠂ ᠬᠦᠮᠦᠨ ᠠᠮᠠ ᠦᠳᠳᠡᠷ ᠲᠦᠷᠭᠡᠨ ᠪᠠᠭᠠᠰᠴᠦ᠂ ᠦᠨᠳᠦᠰᠦᠳᠠᠨ ᠤ ᠤᠯᠠᠮᠵᠢᠯᠠᠯ ᠵᠠᠯᠭᠠᠮᠵᠢᠯᠠᠯ ᠬᠦᠨᠳᠦ ᠨᠤᠴᠢᠳᠠᠢ ᠰᠦᠷᠳᠡᠭᠦᠯᠦᠯ ᠳᠤ ᠤᠴᠠᠷᠠᠪᠠ᠃      ︽ᠤᠷᠳᠤ ᠰᠦᠨᠢ ᠭᠡᠭᠡᠷᠡᠬᠦᠶ᠎ᠠ ᠪᠡᠷᠭᠡ ᠤᠯᠠᠭᠠᠨ ᠪᠤᠳᠢ ᠶᠢᠨ ᠤᠷᠤᠨ᠂ ᠵᠠᠭᠤᠨ ᠵᠢᠯ ᠪᠤᠬ ᠰᠢᠮᠨᠤᠰ ᠬᠦᠪᠪᠦᠨ ᠲᠡᠪᠢᠨ ᠪᠦᠵᠢᠭᠯᠡᠨ᠎ᠠ︾᠂ ᠥᠪᠦᠷ ᠮᠤᠩᠭᠤᠯ ᠤᠨ ᠠᠯᠤᠰ ᠢᠷᠡᠭᠡᠳᠦᠢ ᠬᠠᠮᠢᠶ᠎ᠠ ᠪᠠᠶᠢᠬᠤ ᠪᠤᠢ︖      ︵ᠭᠤᠷᠪᠡ︶ ᠮᠠᠷᠺᠰ᠂ ᠶᠠᠮᠠᠷᠪᠠ ᠦᠶ᠎ᠠ ᠶᠢᠨ ᠲᠡᠦᠭᠡ ᠶᠢ ᠦᠨᠡᠯᠡᠬᠦ ᠳᠤ᠂ ᠴᠦᠮ ᠲᠤᠬᠠᠢ ᠶᠢᠨ ᠦᠶ᠎ᠠ ᠶᠢᠨ ᠲᠡᠦᠭᠡ ᠶᠢᠨ ᠠᠬᠢᠴᠠ ᠠᠴᠠ ᠰᠠᠯᠵᠦ ᠴᠢᠳᠠᠬᠤ ᠦᠭᠡᠢ ᠶᠤᠮ ᠭᠡᠵᠦ ᠭᠡᠯᠡᠵᠦ ᠦᠩᠭᠡᠷᠡᠭᠰᠡᠨ ᠶᠤᠮ᠃ ᠪᠢᠳᠠ ᠶᠠᠭᠤᠨ ᠳᠤ ᠦᠨᠳᠦᠰᠦᠳᠡᠨ ᠤ ᠤᠷᠤᠨ ᠤ ᠦᠪᠡᠷᠲᠡᠭᠡᠨ ᠵᠠᠰᠠᠬᠤ ᠶᠢ ᠰᠤᠩᠭᠤᠭᠰᠠᠨ ᠪᠤᠢ︖      ᠵᠠᠮ ᠬᠤᠪᠢ ᠵᠠᠶᠠᠭ᠎ᠠ ᠶᠢ ᠲᠤᠭᠳᠠᠭᠠᠨ᠎ᠠ᠃ ᠤᠯᠠᠨ ᠦᠨᠳᠦᠰᠦᠲᠡᠨ ᠲᠠᠢ ᠳᠤᠮᠳᠠᠳᠤ ᠤᠯᠤᠰ ᠲᠤ ᠠᠪᠴᠤ ᠬᠡᠯᠡᠪᠡᠯ᠂ ᠤᠯᠤᠰ ᠤᠷᠤᠨ ᠤ ᠪᠠᠶᠠᠨ ᠬᠦᠴᠦᠷᠬᠡᠭ᠂ ᠠᠷᠠᠳ ᠲᠦᠮᠡᠨ ᠤ ᠵᠤᠯ ᠵᠢᠷᠭᠠᠯ ᠪᠤᠯᠤᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠦᠨᠳᠦᠰᠦᠲᠡᠨ ᠤ ᠠᠰᠠᠭᠤᠳᠠᠯ ᠢ ᠡᠷᠬᠡᠪᠰᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠮᠠᠨ ᠤ ᠨᠠᠮ ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯ ᠭᠡᠬᠦ ᠡᠨᠡᠬᠦ ᠵᠠᠮ ᠢ ᠡᠷᠢᠵᠤ ᠤᠯᠤᠭᠰᠠᠨ ᠨᠢ᠂ ᠰᠢᠷᠭᠠᠭᠤ ᠬᠠᠲᠠᠭᠤᠵᠢᠯᠲᠠᠢ ᠪᠠᠷ ᠰᠦᠪᠡᠭᠴᠢᠯᠡᠵᠤ᠂ ᠤᠷᠲᠦ ᠬᠤᠭᠤᠴᠠᠭᠠᠨ᠎ᠠ ᠦᠢᠯᠡᠳᠦᠯᠭᠡᠵᠢᠭᠦᠯᠵᠤ᠂ ᠳᠠᠬᠢᠨ ᠳᠠᠪᠲᠠᠨ ᠠᠳᠠᠯᠢᠳᠬᠠᠭᠰᠠᠨ ᠶᠠᠪᠤᠴᠠ ᠪᠤᠯᠤᠨ᠎ᠠ᠂ ᠮᠦᠨᠴᠤ ᠮᠠᠷᠺᠰ ᠤᠨ ᠦᠵᠡᠯ ᠤᠨ ᠦᠨᠳᠦᠰᠦᠨ ᠤᠭ ᠶᠤᠰᠤ ᠶᠢ ᠳᠤᠮᠳᠠᠳᠤ ᠤᠯᠤᠰ ᠤᠨ ᠦᠨᠳᠦᠰᠦᠲᠡᠨ ᠤ ᠤᠨᠤᠯ ᠲᠠᠢ ᠪᠤᠳᠠᠳᠠᠢ ᠤᠶᠠᠯᠳᠤᠭᠤᠯᠤᠭᠰᠠᠨ ᠶᠠᠪᠤᠴᠠ ᠪᠣᠯᠣᠨ᠎ᠠ᠃      ᠣᠨ ᠰᠠᠷ᠎ᠠ ᠶᠢᠨ ᠬᠦᠰᠢᠭᠡ ᠶᠢ ᠰᠡᠬᠦᠵᠤ᠂ ᠲᠡᠤᠬᠡ ᠶᠢᠨ ᠭᠦᠨ ᠲᠡᠰᠢ ᠪᠠᠷᠠᠯᠠᠬᠤ ᠳᠤ᠂ ᠮᠤᠩᠭᠤᠯ ᠦᠨᠳᠦᠰᠦᠲᠡᠨ ᠤ ᠴᠢᠯᠦᠭᠡᠯᠡᠯᠲᠡ ᠨᠢ ᠶᠠᠮᠠᠷ ᠵᠠᠮ ᠢᠶᠠᠷ ᠵᠠᠮᠨᠠᠬᠤ ᠲᠤᠬᠠᠢ ᠮᠤᠩᠭᠤᠯ ᠦᠨᠳᠦᠰᠦᠲᠡᠨ ᠤ ᠳᠤᠳᠤᠭᠠᠳᠦ ᠳᠠᠭᠠᠨ ᠠᠳᠠᠯᠢ ᠪᠤᠰᠤ ᠰᠠᠨᠠᠯ ᠲᠠᠢ ᠪᠠᠶᠢᠭᠰᠠᠨ ᠪᠦᠭᠡᠳ ᠲᠡᠷᠡᠴᠢᠯᠡᠨ ᠬᠤᠷᠴᠠ ᠰᠢᠷᠦᠭᠦᠨ ᠮᠠᠷᠭᠤᠭᠠᠨ ᠲᠡᠮᠡᠴᠡᠭᠡᠨ ᠲᠠᠢ ᠪᠠᠶᠢᠪᠠ᠃ ᠵᠠᠷᠢᠮ ᠬᠦᠮᠦᠰ ᠭᠤᠮᠢᠨᠳᠠᠩ ᠢ ᠳᠠᠭᠠᠵᠤ ᠶᠠᠪᠤᠬᠤ ᠶᠢ ᠰᠠᠨᠠᠭᠠᠴᠢᠯᠠᠨ᠎ᠠ᠂ ᠵᠠᠷᠢᠮ ᠨᠢ ᠶᠠᠫᠤᠨ ᠡᠵᠡᠷᠬᠡᠭ ᠳᠦᠷᠢᠮᠡᠬᠡᠶᠢᠳᠡᠨ ᠢ ᠲᠠᠭᠠᠬᠤ ᠭᠡᠨ᠎ᠠ᠂ ᠪᠠᠰᠠ ᠵᠠᠷᠢᠮ ᠬᠦᠮᠦᠰ ︽ᠲᠤᠰᠠᠭᠠᠷ ᠲᠤᠭᠳᠠᠨᠢᠭᠰᠠᠨ ᠤᠯᠤᠰ︾ ᠪᠠᠶᠢᠭᠤᠯᠤᠨ᠎ᠠ ᠭᠡᠵᠤ ᠪᠠᠶᠢᠪᠠ᠃      ᠡᠯ᠎ᠠ ᠵᠦᠢᠯ ᠤᠨ ᠰᠠᠨᠠᠭᠠᠴᠢᠯᠠᠭ᠎ᠠ ᠪᠤᠢ ᠪᠤᠯᠤᠭᠰᠠᠨ ᠴᠤ ᠰᠠᠷᠨᠢᠨ ᠪᠤᠳᠠᠷᠠᠵᠠᠢ︔ ᠡᠯ᠎ᠠ ᠵᠦᠢᠯ ᠤᠨ ᠵᠤᠬᠢᠶᠠᠨ ᠪᠠᠶᠢᠭᠤᠯᠤᠯᠲᠠ ᠲᠠᠶᠢᠰᠠᠨ ᠲᠤ ᠭᠠᠷᠤᠭᠰᠠᠨ ᠴᠤ ᠡᠷᠭᠢᠭᠡᠳ ᠪᠠᠭᠤᠵᠠᠢ︔ ᠡᠯ᠎ᠠ ᠵᠦᠢᠯ ᠤᠨ ᠵᠠᠮ ᠢ ᠰᠦᠪᠡᠭᠴᠢᠯᠡᠨ ᠲᠤᠷᠰᠢᠭᠰᠠᠨ ᠪᠤᠯᠪᠠᠴᠤ ᠮᠤᠬᠤᠷᠳᠠᠯ ᠳᠤ ᠤᠴᠠᠷᠠᠪᠠ᠃      ︽ᠭᠠᠭᠴᠠᠬᠦ ᠳᠤᠮᠳᠠᠳᠤ ᠤᠯᠤᠰ ᠤᠨ ᠡᠪ ᠬᠠᠮᠲᠦ ᠨᠠᠮ ᠤᠨ ᠵᠢᠯᠤᠭᠤᠳᠤᠭᠰᠠᠨ ᠬᠤᠪᠢᠰᠬᠠᠯ ᠤᠨ ᠵᠠᠮ ᠪᠤᠯ ᠭᠡᠭᠡᠨ ᠰᠠᠷᠠᠭᠤᠯ ᠬᠠᠷᠭᠤᠢ ᠪᠤᠯᠤᠨ᠎ᠠ᠂ ᠪᠤᠰᠤᠳ ᠨᠢ ᠪᠦᠷ ᠶᠠᠪᠤᠵᠤ ᠪᠤᠯᠬᠤ ᠦᠭᠡᠢ ᠮᠤᠬᠤᠷ ᠵᠠᠮ ᠶᠤᠮ︾ ᠭᠡᠵᠤ 1945 ᠣᠨ ᠤ 10 ᠳ᠋ᠤᠭᠠᠷ ᠰᠠᠷ᠎ᠠ ᠳᠤ᠂ ᠨᠠᠮ ᠠᠴᠠ ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠶᠢ ᠦᠪᠦᠷ ᠮᠤᠩᠭᠤᠯ ᠤᠨ ᠠᠰᠠᠭᠤᠳᠠᠯ ᠢ ᠰᠢᠢᠳᠪᠦᠷᠢᠯᠡᠬᠦ ᠦᠨᠳᠦᠰᠦᠨ ᠴᠢᠭᠯᠡᠯᠲᠡ ᠪᠤᠯᠭᠠᠪᠠ᠃ ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠶᠢ ᠬᠡᠷᠡᠭᠵᠢᠭᠦᠯᠬᠦ ᠪᠤᠯ ᠦᠪᠦᠷ ᠮᠤᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠳᠤᠮᠳᠠᠳᠤ ᠤᠯᠤᠰ ᠤᠨ ᠡᠪ ᠬᠠᠮᠲᠦ ᠨᠠᠮ ᠤᠨ ᠤᠳᠤᠷᠢᠳᠤᠯᠭ᠎ᠠ ᠳᠤᠤᠷ᠎ᠠ ᠭᠠᠷᠭᠠᠭᠰᠠᠨ ᠲᠡᠤᠬᠡ ᠶᠢᠨ ᠰᠤᠩᠭᠤᠯᠲᠠ ᠮᠦᠨ᠂ ᠪᠠᠰᠠᠴᠤ ᠦᠪᠦᠷ ᠮᠤᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠦᠨᠡᠨᠬᠦ ᠡᠷᠬᠡ ᠮᠡᠳᠡᠨ ᠡᠵᠡᠨ ᠰᠠᠭᠤᠬᠤ ᠪᠠᠶᠢᠭᠤᠯᠤᠯ ᠤᠨ ᠪᠠᠲᠤᠯᠠᠭ᠎ᠠ ᠮᠦᠨ᠃ ᠦᠨᠳᠦᠰᠦᠲᠡᠨ ᠨᠦᠭᠦᠳ ᠤᠨ ᠠᠷᠠᠳ ᠲᠦᠮᠡᠨ ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠲᠤᠭ ᠢ ᠦᠨᠳᠦᠷ ᠡᠷᠭᠦᠵᠤ᠂ ᠦᠪᠦᠷ ᠮᠤᠩᠭᠤᠯ ᠤᠨ ᠰᠢᠨ᠎ᠠ ᠲᠡᠦᠬᠡ ᠶᠢ ᠡᠭᠦᠳᠬᠦ ᠰᠠᠷᠠᠭᠤᠯ ᠵᠠᠮ ᠢᠶᠠᠷ ᠡᠷᠴᠢᠮᠲᠠᠢ ᠠᠯᠬᠤᠵᠤ ᠡᠬᠢᠯᠡᠵᠡᠢ᠃      ᠡᠨᠡᠬᠦ ᠵᠠᠮ ᠪᠤᠯ ᠦᠨᠳᠦᠰᠦᠲᠡᠨ ᠤ ᠡᠯᠧᠮᠧᠨ᠋ᠲ ᠪᠤᠯᠤᠨ ᠤᠷᠤᠨ ᠪᠦᠰᠡ ᠶᠢᠨ ᠡᠯᠧᠮᠧᠨ᠋ᠲ ᠤᠨ ᠤᠶᠠᠯᠳᠤᠯ᠂ ᠠᠵᠤ ᠠᠬᠤᠢ ᠶᠢᠨ ᠡᠯᠧᠮᠧᠨ᠋ᠲ ᠪᠤᠯᠤᠨ ᠤᠯᠤᠰ ᠲᠦᠷᠦ ᠶᠢᠨ ᠡᠯᠧᠮᠧᠨ᠋ᠲ ᠤᠨ ᠤᠶᠠᠯᠳᠤᠯ᠂ ᠲᠡᠤᠬᠡ ᠶᠢᠨ ᠡᠯᠧᠮᠧᠨ᠋ᠲ ᠪᠤᠯᠤᠨ ᠪᠤᠳᠠᠳᠤ ᠠᠬᠤᠢ ᠶᠢᠨ ᠡᠯᠧᠮᠧᠨ᠋ᠲ ᠤᠨ ᠤᠶᠠᠯᠳᠤᠯ᠂ ᠪᠠᠶᠢᠭᠤᠯᠤᠯ ᠤᠨ ᠡᠯᠧᠮᠧᠨ᠋ᠲ ᠪᠤᠯᠤᠨ ᠬᠠᠤᠯᠢ ᠴᠠᠭᠠᠵᠠ ᠶᠢᠨ ᠡᠯᠧᠮᠧᠨ᠋ᠲ ᠤᠨ ᠤᠶᠠᠯᠳᠤᠯ ᠪᠤᠯᠤᠨ᠎ᠠ᠂ ᠦᠨᠳᠦᠰᠦᠲᠡᠨ ᠨᠦᠭᠦᠳ ᠡᠷᠬᠡ ᠲᠡᠭᠰᠢ ᠪᠠᠶᠢᠬᠤ᠂ ᠦᠨᠳᠦᠰᠦᠲᠡᠨ ᠨᠦᠭᠦᠳ ᠪᠦᠯᠬᠦᠮᠳᠡᠯ ᠲᠠᠢ ᠪᠠᠶᠢᠬᠤ ᠪᠤᠯᠤᠨ ᠡᠯ᠎ᠠ ᠦᠨᠳᠦᠰᠦᠲᠡᠨ ᠬᠠᠮᠲᠦᠪᠡᠷ ᠴᠡᠴᠡᠭᠯᠡᠨ ᠬᠦᠭᠵᠢᠬᠦ ᠵᠠᠷᠴᠢᠮ ᠢ ᠬᠠᠷᠠᠭᠤᠯᠵᠤ᠂ ᠳᠤᠮᠳᠠᠳᠤ ᠤᠯᠤᠰ ᠤᠨ ᠡᠪ ᠬᠠᠮᠲᠦ ᠨᠠᠮ ᠪᠤᠯᠤᠨ ᠳᠤᠮᠳᠠᠳᠤ ᠤᠯᠤᠰ ᠤᠨ ᠠᠷᠠᠳ ᠲᠦᠮᠡᠨ ᠤ ᠦᠢᠯᠡᠳᠦᠯᠭᠡ ᠶᠢᠨ ᠲᠤᠷᠰᠢᠯᠭ᠎ᠠ ᠪᠤᠯᠤᠨ ᠤᠯᠤᠰ ᠲᠦᠷᠦ ᠶᠢᠨ ᠤᠢ ᠤᠬᠠᠭᠠᠨ ᠢ ᠨᠢᠭᠲᠠᠷᠠᠭᠤᠯᠵᠠᠢ᠃      ᠡᠨᠡᠬᠦ ᠵᠠᠮ ᠨᠢ ᠲᠡᠤᠬᠡ ᠶᠢᠨ ᠤᠯᠠᠮᠵᠢᠯᠠᠯ ᠢ ᠵᠠᠯᠭᠠᠮᠵᠢᠯᠠᠬᠤ ᠪᠤᠯᠤᠨ ᠦᠨᠳᠦᠰᠦᠲᠡᠨ ᠤ ᠪᠠᠶᠢᠳᠠᠯ ᠲᠠᠢ ᠨᠡᠶᠢᠴᠡᠭᠦᠯᠬᠦ ᠶᠢ ᠨᠢᠭᠡᠳᠭᠡᠵᠤ᠂ ᠤᠯᠤᠰ ᠤᠨ ᠲᠦᠪᠯᠡᠷᠡᠭᠰᠡᠨ ᠨᠢᠭᠡᠳᠦᠯ ᠢ ᠬᠠᠮᠠᠭᠠᠯᠠᠬᠤ ᠪᠤᠯᠤᠨ ᠦᠨᠳᠦᠰᠦᠲᠡᠨ ᠤ ᠭᠠᠵᠠᠷ ᠤᠷᠤᠨ ᠤ ᠵᠦᠷᠢᠶ᠎ᠠ ᠶᠢ ᠬᠠᠯᠠᠮᠵᠢᠯᠠᠬᠤ ᠶᠢ ᠨᠢᠭᠡᠳᠭᠡᠵᠤ᠂ ᠳᠤᠮᠳᠠᠳᠤ ᠶᠢᠨ ᠦᠨᠳᠦᠰᠦᠲᠡᠨ ᠤ ᠨᠢᠭᠡ ᠴᠤᠭᠴᠠᠳᠤ ᠴᠢᠨᠠᠷ ᠢ ᠢᠯᠡᠷᠡᠭᠦᠯᠬᠦ ᠪᠤᠯᠤᠨ ᠡᠯ᠎ᠠ ᠦᠨᠳᠦᠰᠦᠲᠡᠨ ᠤ ᠤᠯᠠᠨ ᠶᠠᠩᠵᠤᠳᠤ ᠴᠢᠨᠠᠷ ᠢ ᠬᠦᠨᠳᠦᠳᠭᠡᠬᠦ ᠶᠢ ᠨᠢᠭᠡᠳᠭᠡᠭᠰᠡᠨ ᠳᠤᠮᠳᠠᠳᠤ ᠤᠯᠤᠰ ᠤᠨ ᠪᠠᠶᠢᠳᠠᠯ ᠳᠤ ᠬᠠᠮᠤᠭ ᠠᠴᠠ ᠨᠡᠶᠢᠴᠡᠬᠦ ᠪᠠᠶᠢᠭᠤᠯᠤᠯ ᠤᠨ ᠲᠤᠬᠢᠷᠠᠭᠤᠯᠤᠯᠲᠠ ᠪᠤᠯᠤᠨ᠎ᠠ᠃ ᠡᠨᠡᠬᠦ ᠮᠠᠷᠺᠰ ᠤᠨ ᠦᠵᠡᠯ ᠢ ᠳᠤᠮᠳᠠᠳᠤ ᠤᠯᠤᠰᠴᠢᠯᠠᠭᠰᠠᠨ ᠠᠭᠤᠤ ᠶᠡᠭᠡ ᠡᠭᠦᠳᠦᠯᠲᠡ ᠨᠢ ᠮᠠᠨ ᠤ ᠡᠨᠡᠬᠦ ᠤᠯᠠᠨ ᠦᠨᠳᠦᠰᠦᠲᠡᠨ ᠲᠠᠢ ᠤᠯᠤᠰ ᠤᠨ ᠪᠦᠯᠬᠦᠮᠳᠡᠨ ᠳᠠᠪᠰᠢᠬᠤ ᠴᠣ᠋ ᠰᠢᠨ᠎ᠠ ᠬᠠᠭᠤᠳᠠᠰᠤ ᠶᠢ ᠨᠡᠬᠡᠬᠡᠵᠤ᠂ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢᠨ ᠰᠢᠨ᠎ᠠ ᠬᠠᠭᠤᠳᠠᠰᠤ ᠶᠢ ᠪᠢᠴᠢᠭᠯᠡᠪᠡ᠃      ︵ᠳᠦᠷᠪᠡ︶ 1947 — 2017᠃ 70 ᠵᠢᠯ ᠤᠨ ᠰᠠᠯᠬᠢ ᠰᠢᠭᠤᠷᠭᠠᠨᠲᠦ ᠦᠩᠭᠡᠷᠡᠯᠲᠡ ᠳᠤᠮᠳᠠ ᠪᠢᠳᠡ ᠶᠠᠭᠤ ᠤᠯᠵᠤ ᠬᠠᠷᠠᠭᠰᠠᠨ ᠪᠤᠢ︖      1961 ᠣᠨ ᠤ ᠵᠤᠨ᠂ ᠵᠢᠶᠠᠨ ᠪᠦᠸᠧ ᠽᠠᠨ ᠦᠪᠦᠷ ᠮᠤᠩᠭᠤᠯ ᠳᠤ ᠠᠶᠢᠯᠴᠢᠯᠠᠯᠲᠠ ᠬᠢᠪᠡ᠃ ᠲᠡᠷᠡ ︽ᠦᠪᠦᠷ ᠮᠤᠩᠭᠤᠯ ᠤᠨ ᠲᠡᠤᠬᠡ ᠶᠢᠨ ᠬᠠᠶᠢᠯᠲᠠ︾ ᠭᠡᠬᠦ ᠨᠤᠮ ᠳᠠᠭᠠᠨ᠄ ︽ᠤᠳᠤ᠂ ᠦᠪᠦᠷ ᠮᠤᠩᠭᠤᠯ ᠤᠷᠤᠨ ᠨᠢᠭᠡᠨᠲᠡ ᠲᠡᠤᠬᠡ ᠶᠢᠨ ᠰᠢᠨ᠎ᠠ ᠡᠷᠡᠨ ᠳᠤ ᠤᠷᠤᠵᠠᠢ᠃ ᠠᠳᠡ ᠤᠷᠤᠰᠢᠨ ᠠᠮᠢᠳᠤᠷᠠᠵᠤ ᠪᠠᠶᠢᠭ᠎ᠠ ᠦᠨᠳᠦᠰᠦᠲᠡᠨ ᠨᠦᠭᠦᠳ ᠤᠨ ᠠᠷᠠᠳ ᠲᠦᠮᠡᠨ᠂ ᠮᠤᠩᠭᠤᠯ ᠦᠨᠳᠦᠰᠦᠲᠡᠨ᠂ ᠳᠠᠭᠤᠷ ᠦᠨᠳᠦᠰᠦᠲᠡᠨ᠂ ᠤᠷᠴᠤᠨ ᠦᠨᠳᠦᠰᠦᠲᠡᠨ᠂ ᠡᠸᠡᠩᠭᠢ ᠦᠨᠳᠦᠰᠦᠲᠡᠨ ᠵᠡᠷᠭᠡ ᠦᠨᠳᠦᠰᠦᠲᠡᠨ ᠶᠠᠭ ᠤᠷᠢᠳᠠ ᠡᠮᠦᠨ᠎ᠠ ᠪᠠᠶᠢᠭ᠎ᠠ ᠦᠭᠡᠢ ᠠᠭᠤᠤ ᠶᠡᠭᠡ ᠲᠡᠤᠬᠡ ᠶᠢᠨ ᠬᠤᠪᠢᠷᠠᠯᠲᠠ ᠶᠢ ᠦᠩᠭᠡᠷᠡᠭᠡᠵᠤ ᠪᠠᠶᠢᠨ᠎ᠠ᠂ ᠲᠡᠳᠡ ᠠᠳᠠᠯᠢ ᠪᠤᠰᠤ ᠲᠡᠤᠬᠡᠵᠢᠨ ᠱᠠᠳᠤ ᠦᠶ᠎ᠠ ᠪᠤᠯᠤᠨ ᠠᠳᠠᠯᠢ ᠪᠤᠰᠤ ᠠᠮᠢᠳᠤᠷᠠᠯ ᠤᠨ ᠬᠡᠯᠪᠡᠷᠢ ᠠᠴᠠ ᠠᠳᠠᠯᠢ ᠪᠤᠰᠤ ᠵᠠᠮ ᠢᠶᠠᠷ ᠨᠡᠶᠢᠭᠡᠮ ᠵᠢᠷᠤᠮᠲᠦ ᠨᠡᠶᠢᠭᠡᠮ ᠳᠤ ᠠᠯᠬᠤᠨ ᠣᠷᠣᠵᠤ ᠪᠠᠶᠢᠨ᠎ᠠ︾ ᠭᠡᠵᠦ ᠪᠢᠴᠢᠭᠰᠡᠨ ᠪᠠᠶᠢᠪᠠ᠃      ᠡᠨᠡ ᠪᠤᠯ ᠦᠪᠤᠷ ᠮᠤᠩᠭᠤᠯ ᠤᠨ ᠦᠨᠳᠤᠰᠤᠳᠠᠨ ᠨᠦᠭᠦᠳ ᠤᠨ ᠠᠷᠠᠳ ᠲᠦᠮᠡᠨ ᠤ ᠲᠡᠤᠬᠡ ᠶᠢᠨ ᠰᠢᠨ᠎ᠠ ᠬᠠᠭᠤᠳᠠᠰᠤ ᠶᠢ ᠪᠢᠴᠢᠭᠯᠡᠭᠰᠡᠨ 70 ᠵᠢᠯ ᠪᠤᠯᠤᠨ᠎ᠠ᠃      ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠲᠤᠤᠷ᠎ᠠ᠂ ᠦᠪᠤᠷ ᠮᠤᠩᠭᠤᠯ ᠤᠨ ᠠᠵᠤ ᠠᠬᠤᠢ ᠶᠢᠨ ᠬᠦᠭᠵᠢᠯᠳᠠ ᠲᠡᠤᠬᠡᠳᠤ ᠴᠢᠨᠠᠷᠳᠠᠢ ᠲᠠᠪᠠᠯᠳᠠ ᠶᠢ ᠪᠡᠶᠡᠯᠡᠬᠦᠯᠵᠤ᠂ ᠨᠡᠶᠢᠬᠡᠮ ᠤᠨ ᠪᠠᠶᠢᠭᠤᠯᠤᠯᠳᠠ ᠲᠡᠤᠬᠡᠳᠤ ᠴᠢᠨᠠᠷᠳᠠᠢ ᠲᠠᠪᠰᠢᠯᠳᠠ ᠶᠢ ᠪᠡᠶᠡᠯᠡᠬᠦᠯᠵᠤ᠂ ᠲᠡᠯᠡᠬᠡᠢ ᠳᠡᠬᠢᠨ ᠤ ᠠᠩᠬᠠᠷᠤᠯ ᠢ ᠲᠠᠳᠠᠬᠰᠠᠨ ᠬᠦᠭᠵᠢᠯᠳᠠ ᠶᠢᠨ ᠠᠮᠵᠢᠯᠳᠠ ᠪᠦᠳᠤᠮᠵᠢ ᠤᠯᠤᠬᠰᠠᠨ ᠪᠠᠶᠢᠨ᠎ᠠ᠃ ᠮᠢᠩᠭᠠᠨ ᠭᠠᠵᠠᠷ ᠤᠨ ᠲᠠᠯ᠎ᠠ ᠨᠤᠳᠤᠬ ᠲᠤ ᠶᠠᠷᠤ ᠠᠴᠠ ᠪᠠᠶᠢᠭ᠎ᠠ ᠦᠬᠡᠢ ᠦᠪᠡᠳᠡᠭᠰᠢ ᠪᠠᠶᠢᠳᠠᠯ ᠢᠯᠡᠷᠡᠵᠠᠢ᠃ ᠦᠪᠤᠷ ᠮᠤᠩᠭᠤᠯ ᠤᠨ ᠬᠦᠭᠵᠢᠯᠳᠠ ᠬᠤᠪᠢᠷᠠᠯᠳᠠ ᠳᠤ ᠭᠠᠶᠢᠬᠠᠰᠢ ᠲᠦᠷᠤᠨ᠎ᠠ᠂ ᠰᠤᠯᠤᠩᠭᠤᠰ ᠤᠨ ︽ᠬᠦᠳᠡᠯᠮᠤᠷᠢ ᠰᠤᠨᠢᠨ ᠮᠡᠳᠡᠭᠡ︾᠎ ᠶᠢᠨ ᠵᠤᠬᠢᠶᠠᠯ ᠳᠤ᠄ ︽ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠳᠤ ᠤᠮᠤᠬᠰᠢᠮ᠎ᠠ ᠬᠤᠪᠢᠷᠠᠯᠳᠠ ᠭᠠᠷᠴᠤ᠂ ᠳᠤᠮᠳᠠᠳᠤ ᠤᠯᠤᠰ ᠤᠨ ᠡᠪ ᠬᠠᠮᠳᠤ ᠨᠠᠮ ᠎ ᠤᠨ ᠤᠳᠤᠷᠢᠳᠤᠯᠭ᠎ᠠ ᠲᠤᠤᠷ᠎ᠠ᠂ ᠤᠳᠤ ᠦᠶ᠎ᠠ ᠶᠢᠨ ᠪᠤᠯᠪᠠᠰᠤᠨ ᠠᠴᠠ ᠬᠤᠴᠤᠷᠤᠬᠰᠠᠨ ᠡᠨᠡᠬᠦ ᠨᠤᠳᠤᠬ ᠲᠡᠪᠢᠰᠬᠡᠷ ᠲᠤ ᠴᠤ᠋ ᠰᠢᠨ᠎ᠠ ᠴᠠᠬ ᠦᠶ᠎ᠠ ᠶᠢᠨ ᠪᠠᠶᠢᠳᠠᠯ ᠢᠯᠡᠷᠡᠵᠡᠢ︾ ᠭᠡᠵᠦ ᠬᠡᠯᠡᠪᠡ᠃      ᠡᠨᠡ ᠪᠤᠯ ᠦᠪᠤᠷ ᠮᠤᠩᠭᠤᠯ ᠤᠨ ᠦᠨᠳᠤᠰᠤᠳᠠᠨ ᠨᠦᠭᠦᠳ ᠤᠨ ᠠᠷᠠᠳ ᠲᠦᠮᠡᠨ ᠤ ᠦᠨᠳᠤᠰᠤᠳᠠᠨ ᠤ ᠤᠷᠤᠨ ᠤ ᠦᠪᠡᠷᠳᠡᠬᠡᠨ ᠵᠠᠰᠠᠬᠤ ᠡᠷᠬᠡ ᠪᠠᠨ ᠭᠡᠷᠡᠭᠵᠢᠬᠦᠯᠦᠭᠰᠡᠨ 70 ᠵᠢᠯ ᠪᠤᠯᠤᠨ᠎ᠠ᠃ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠪᠠᠶᠢᠭᠤᠯᠤᠬᠳᠠᠬᠤ ᠶᠢ ᠲᠠᠭᠠᠯᠳᠤᠨ᠂ ᠲᠠᠷᠤᠯᠠᠬᠳᠠᠨ ᠲᠤᠷᠤᠮᠵᠢᠯᠠᠬᠳᠠᠬᠰᠠᠨ ᠲᠡᠤᠬᠡ ᠡᠴᠤᠰᠯᠠᠵᠠᠢ᠃ ᠦᠨᠳᠤᠰᠤᠳᠠᠨ ᠨᠦᠭᠦᠳ ᠤᠨ ᠠᠷᠠᠳ ᠲᠦᠮᠡᠨ ᠨᠠᠮ ᠤᠨ ᠦᠨᠳᠤᠰᠤᠳᠠᠨ ᠤ ᠲᠦᠷᠤ ᠶᠢᠨ ᠪᠤᠳᠤᠯᠭ᠎ᠠ ᠎ ᠶᠢᠨ ᠲᠤᠶᠠᠭᠠᠯᠠᠯ ᠲᠤᠤᠷ᠎ᠠ᠂ ᠦᠨᠳᠤᠰᠤᠨ ᠬᠠᠤᠯᠢ ᠪᠤᠯᠤᠨ ᠬᠠᠤᠯᠢ ᠴᠠᠭᠠᠵᠠ ᠠᠴᠠ ᠤᠯᠭᠤᠬᠰᠠᠨ ᠦᠨᠳᠤᠰᠤᠳᠠᠨ ᠤ ᠤᠷᠤᠨ ᠤ ᠦᠪᠡᠷᠳᠡᠬᠡᠨ ᠵᠠᠰᠠᠬᠤ ᠡᠷᠬᠡ ᠪᠠᠨ ᠬᠦᠢᠴᠡᠳ ᠭᠡᠷᠡᠭᠵᠢᠬᠦᠯᠵᠤ᠂ ᠡᠵᠡᠨ ᠬᠦᠮᠤᠨ ᠤ ᠲᠦᠷᠢ ᠪᠠᠶᠢᠳᠠᠯ ᠢᠶᠠᠷ ᠤᠯᠤᠰ ᠤᠨ ᠶᠠᠪᠤᠳᠠᠯ ᠢ ᠬᠠᠮᠢᠶᠠᠷᠬᠤ ᠪᠠ ᠲᠤᠰ ᠭᠠᠵᠠᠷ ᠤᠷᠤᠨ ᠲᠤᠰ ᠦᠨᠳᠤᠰᠤᠳᠠᠨ ᠤ ᠪᠠᠨ ᠳᠤᠳᠤᠭᠠᠳᠤ ᠶᠠᠪᠤᠳᠠᠯ ᠎ ᠢ ᠬᠠᠮᠢᠶᠠᠷᠬᠤ ᠳᠤ ᠰᠠᠶᠢᠨ ᠲᠤᠷ᠎ᠠ ᠠᠴᠠ ᠪᠠᠨ ᠢᠳᠡᠪᠬᠢᠳᠠᠢ ᠤᠷᠤᠯᠴᠠᠵᠤ᠂ ᠬᠤᠪᠢᠰᠬᠠᠯ ᠦᠬᠡᠷᠡᠴᠢᠯᠠᠯᠳᠠ ᠪᠤᠯᠤᠨ ᠤᠳᠤᠬᠢᠴᠢᠯᠠᠯᠳᠠ ᠶᠢᠨ ᠪᠦᠳᠤᠬᠡᠨ ᠪᠠᠶᠢᠭᠤᠯᠤᠯᠳᠠ ᠲᠤ ᠤᠷᠤᠯᠴᠠᠵᠤ᠂ ᠦᠪᠤᠷ ᠮᠤᠩᠭᠤᠯ ᠤᠨ ᠲᠡᠤᠬᠡ ᠶᠢᠨ ᠬᠦᠭᠵᠢᠯᠳᠠ ᠶᠢᠨ ᠰᠢᠨ᠎ᠠ ᠬᠠᠭᠤᠳᠠᠰᠤ ᠶᠢ ᠪᠢᠴᠢᠭᠯᠡᠪᠡ᠃      ᠦᠨᠳᠤᠰᠤᠳᠠᠨ ᠤ ᠤᠷᠤᠨ ᠤ ᠦᠪᠡᠷᠳᠡᠬᠡᠨ ᠵᠠᠰᠠᠬᠤ ᠪᠠᠶᠢᠭᠤᠯᠤᠯ ᠨᠢ ᠦᠪᠤᠷ ᠮᠤᠩᠭᠤᠯ ᠤᠨ ᠦᠨᠳᠤᠰᠤᠳᠠᠨ ᠨᠦᠭᠦᠳ ᠤᠨ ᠠᠷᠠᠳ ᠲᠦᠮᠡᠨ ᠤ ᠦᠪᠡᠷ ᠢ ᠪᠠᠨ ᠬᠦᠨᠳᠤᠳᠬᠡᠬᠦ ᠰᠡᠳᠬᠢᠯ᠂ ᠢᠳᠡᠬᠡᠯ ᠵᠤᠷᠢᠬ ᠪᠤᠯᠤᠨ ᠤᠮᠤᠬᠰᠢᠯᠳᠤ ᠰᠡᠳᠬᠢᠯᠭᠡ ᠶᠢ ᠶᠡᠬᠡᠪᠡᠷ ᠬᠦᠭᠵᠢᠬᠡᠵᠤ᠂ ᠦᠨᠳᠤᠰᠤᠳᠠᠨ ᠨᠦᠭᠦᠳ ᠤᠨ ᠠᠷᠠᠳ ᠲᠦᠮᠡᠨ ᠤ ᠴᠢᠩ ᠰᠡᠳᠬᠢᠯ ᠤᠨ ᠬᠦᠷᠢᠶᠠᠯᠠᠯ ᠢ ᠣᠯᠣᠭᠰᠠᠨ ᠪᠠᠶᠢᠨ᠎ᠠ᠃      ︽ᠦᠪᠤᠷ ᠮᠤᠩᠭᠤᠯ ᠲᠠᠯᠠᠨ ᠵᠢᠯ ᠢᠶᠠᠨ ᠤᠬᠳᠤᠵᠤ᠂ ᠠᠷᠤ ᠭᠠᠵᠠᠷ ᠮᠢᠩᠭᠠᠨ ᠣᠨ ᠢ ᠲᠤᠭᠤᠯᠪᠠ︾᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠯᠤᠳᠤ ᠶᠡᠭᠡ ᠬᠤᠪᠢᠷᠠᠯᠳᠠ ᠳᠤ᠂ ᠮᠠᠨ ᠤ ᠨᠠᠮ ᠦᠪᠤᠷ ᠮᠤᠩᠭᠤᠯ ᠳᠤ ᠶᠠᠭᠤᠨ ᠤ ᠤᠷᠢᠳᠠ ᠦᠨᠳᠤᠰᠤᠳᠠᠨ ᠤ ᠤᠷᠤᠨ ᠤ ᠦᠪᠡᠷᠳᠡᠬᠡᠨ ᠵᠠᠰᠠᠬᠤ ᠪᠠᠶᠢᠭᠤᠯᠤᠯ ᠢ ᠭᠡᠷᠡᠭᠵᠢᠬᠦᠯᠵᠤ᠂ ᠦᠪᠤᠷ ᠮᠤᠩᠭᠤᠯ ᠤᠨ ᠪᠤᠳᠠᠳᠤ ᠪᠠᠶᠢᠳᠠᠯ  ᠳᠤ ᠪᠦᠷᠢᠮᠤᠰᠤᠨ ᠨᠡᠶᠢᠴᠠᠵᠤ᠂ ᠮᠠᠨ ᠤ ᠤᠯᠤᠰ ᠤᠨ ᠪᠠᠶᠢᠳᠠᠯ ᠳᠤ ᠪᠦᠷᠢᠮᠤᠰᠤᠨ ᠨᠡᠶᠢᠴᠠᠵᠤ᠂ ᠦᠨᠳᠤᠰᠤᠳᠠᠨ ᠨᠦᠭᠦᠳ ᠤᠨ ᠦᠨᠳᠤᠰᠤᠨ ᠠᠰᠢᠬ ᠲᠤᠰᠠ ᠳᠤ ᠪᠦᠷᠢᠮᠤᠰᠤᠨ ᠨᠡᠶᠢᠴᠠᠵᠤ᠂ ᠯᠤᠳᠤ ᠶᠡᠭᠡ ᠲᠠᠪᠠᠭᠤᠯᠢᠬ ᠴᠢᠨᠠᠷ ᠪᠤᠯᠤᠨ ᠬᠦᠴᠦᠷᠭᠡᠭ ᠶᠡᠭᠡ ᠠᠮᠢᠵᠢᠷᠠᠯ ᠤᠨ ᠬᠦᠴᠤᠨ ᠲᠠᠢ ᠶᠤᠮ — ᠲᠡᠷᠡ ᠨᠢ ᠮᠠᠨ ᠤ ᠤᠯᠤᠰ ᠤᠨ ᠨᠢᠬᠡᠳᠤᠯ ᠠᠮᠤᠷ ᠠᠮᠤᠭᠤᠯᠠᠩ ᠢ ᠬᠠᠮᠠᠭᠠᠯᠠᠬᠤ ᠴᠢᠬᠤᠯᠠ ᠰᠠᠭᠤᠷᠢ᠂ ᠴᠦᠬᠡᠨ ᠲᠤᠭᠠᠳᠤ ᠦᠨᠳᠤᠰᠤᠳᠠᠨ ᠤ ᠬᠠᠤᠯᠢ ᠶᠤᠰᠤᠨ ᠤ ᠡᠷᠬᠡ ᠠᠰᠢᠬ ᠢ ᠪᠠᠳᠤᠯᠠᠬᠤ ᠴᠢᠬᠤᠯᠠ ᠬᠡᠯᠪᠡᠷᠢ᠂ ᠴᠦᠬᠡᠨ ᠲᠤᠭᠠᠳᠤ ᠦᠨᠳᠤᠰᠤᠳᠠᠨ ᠪᠤᠯᠤᠨ ᠦᠨᠳᠤᠰᠤᠳᠠᠨ ᠤ ᠤᠷᠤᠨ ᠤ ᠬᠦᠭᠵᠢᠯᠳᠠ ᠶᠢ ᠲᠦᠷᠬᠡᠳᠬᠡᠬᠦ ᠴᠢᠬᠤᠯᠠ ᠪᠠᠳᠤᠯᠠᠭ᠎ᠠ᠂  ᠡᠯ᠎ᠡ ᠦᠨᠳᠤᠰᠤᠳᠠᠨ ᠤ ᠬᠠᠮᠳᠤ ᠶᠢᠨ ᠴᠡᠴᠡᠭᠯᠠᠯ ᠬᠦᠭᠵᠢᠯ ᠢ ᠪᠡᠶᠡᠯᠡᠬᠦᠯᠬᠦ ᠴᠢᠬᠤᠯᠠ ᠤᠷᠢᠳᠠᠯ᠂ ᠡᠯ᠎ᠠ ᠦᠨᠳᠤᠰᠤᠳᠠᠨ ᠤ ᠠᠷᠠᠳ ᠲᠦᠮᠡᠨ ᠤ ᠬᠦᠴᠤᠨ ᠢ ᠨᠢᠬᠳᠠᠷᠠᠭᠤᠯᠬᠤ ᠴᠢᠬᠤᠯᠠ ᠠᠷᠭ᠎ᠠ ᠵᠠᠮ ᠪᠣᠯᠣᠨ᠎ᠠ᠃      ︵ᠲᠠᠪᠤ︶ ︽ᠦᠨᠳᠤᠷ ᠠᠭᠤᠯᠠᠰ ᠢ ᠪᠠᠷᠠᠳᠠᠯ᠎ᠠ ᠶᠠᠪᠤᠬᠰᠠᠨ ᠴᠤ ᠬᠦᠮᠤᠨ ᠡᠰᠡ ᠦᠳᠡᠯᠪᠡᠢ᠂ ᠦᠩᠬᠡ ᠦᠵᠡᠮᠵᠢ ᠡᠨᠡᠳᠡᠭᠡ ᠪᠠᠶ᠎ᠠ ᠳᠤᠷ ᠡᠳᠡᠬᠡᠳ ᠰᠠᠶᠢᠬᠠᠨ︾᠃ ᠦᠨᠤ ᠶᠢᠨ ᠲᠡᠯᠡᠬᠡᠢ ᠶᠢᠷᠳᠢᠨᠴᠤ ᠳᠤ᠂ ᠤᠯᠠᠮ ᠠᠴᠠ ᠠᠷᠪᠢᠨ ᠮᠡᠳᠡᠯᠬᠡ ᠲᠠᠢ ᠬᠦᠮᠤᠰ᠄ ᠦᠨᠳᠤᠰᠤᠳᠠᠨ᠂ ᠡᠨᠡᠬᠦ ᠪᠦᠬᠦ ᠪᠦᠮᠪᠦᠷᠴᠡᠭ ᠤᠨ ᠬᠠᠮᠤᠬ ᠤᠨ ᠪᠤᠳᠤᠯᠢᠶᠠᠨᠳᠠᠢ᠂ ᠬᠠᠮᠤᠬ ᠤᠨ ᠰᠢᠢᠳᠪᠤᠷᠢᠯᠡᠬᠦ ᠳᠤ ᠪᠡᠷᠬᠡ ᠠᠰᠠᠭᠤᠳᠠᠯ᠂ ᠮᠠᠰᠢ ᠤᠯᠠᠨ ᠤᠯᠤᠰ ᠴᠦᠮ ᠲᠤᠯᠤᠭᠠᠢ ᠡᠪᠡᠳᠬᠦ ᠠᠰᠠᠭᠤᠳᠠᠯ ᠬᠡᠵᠤ ᠲᠠᠨᠢᠬᠰᠠᠨ ᠳᠤ᠂ ᠳᠤᠮᠳᠠᠳᠤ ᠤᠯᠤᠰ ᠬᠠᠷᠢᠨ ᠡᠶᠢᠮᠤ ᠲᠦᠬᠦᠮ ᠢᠶᠠᠷ ᠰᠢᠢᠳᠪᠤᠷᠢᠯᠡᠭᠰᠡᠨ ᠨᠢ ᠲᠤᠶᠢᠯ ᠤᠨ ᠬᠤᠪᠤᠷ ᠶᠤᠮ᠃ ᠦᠪᠤᠷ ᠮᠤᠩᠭᠤᠯ ᠪᠠᠶᠢᠭᠤᠯᠤᠬᠳᠠᠬᠰᠠᠨ 70 ᠵᠢᠯ ᠤᠨ ᠤᠶᠢᠯᠡᠳᠤᠯᠬᠡ ᠳᠤ᠄ ᠳᠤᠮᠳᠠᠳᠤ ᠤᠯᠤᠰ ᠤᠨ ᠡᠪ ᠬᠠᠮᠳᠤᠴᠤᠳ ᠦᠨᠳᠤᠰᠤᠳᠠᠨ ᠨᠦᠭᠦᠳ ᠤᠨ ᠡᠶ᠎ᠡ ᠨᠠᠶᠢᠷᠰᠠᠬ ᠢᠶᠠᠷ ᠬᠠᠮᠳᠤ ᠤᠷᠤᠰᠢᠬᠤ᠂ ᠰᠡᠳᠬᠢᠯ ᠨᠢᠬᠡᠳᠴᠤ ᠬᠦᠴᠤ ᠪᠠᠨ ᠬᠠᠮᠳᠤᠳᠬᠠᠬᠤ᠂ ᠡᠶ᠎ᠡ ᠵᠤᠬᠢᠴᠠᠩᠭᠤᠢ ᠬᠦᠭᠵᠢᠬᠦ ᠵᠦᠪ ᠵᠠᠮ ᠢ ᠡᠷᠢᠵᠤ ᠤᠯᠤᠬᠰᠠᠨ ᠢ ᠭᠡᠷᠡᠴᠢᠯᠠᠪᠠ᠃      ︽ᠳᠤᠮᠳᠠᠳᠤ ᠤᠯᠤᠰ ᠤᠨ ᠡᠶᠢᠮᠦᠷᠬᠦ‍ ᠨᠢᠬᠡ ᠲᠤᠮᠤ ᠤᠯᠤᠰ ᠲᠤ᠂ ᠡᠪ ᠬᠠᠮᠳᠤ ᠨᠠᠮ ᠤᠨ ᠤᠳᠤᠷᠢᠳᠤᠯᠭ᠎ᠠ ᠪᠠᠶᠢᠬᠤ ᠦᠭᠡᠢ ᠪᠣᠯ ᠯᠠᠪᠲᠠᠶ᠎ᠠ ᠰᠠᠷᠨᠢᠨ ᠪᠤᠲᠠᠷᠠᠵᠤ᠂ ᠶᠠᠭᠤ ᠴᠤ ᠪᠦᠳᠤᠬᠡᠵᠤ ᠴᠢᠳᠠᠬᠤ ᠦᠬᠡᠢ ᠪᠤᠯᠤᠨ᠎ᠠ︾᠃ ᠦᠪᠡᠷᠳᠡᠬᠡᠨ ᠵᠠᠰᠠᠬᠤ ᠤᠷᠤᠨ ᠤ ᠬᠤᠪᠢᠰᠬᠠᠯ᠂ ᠪᠦᠳᠤᠬᠡᠨ ᠪᠠᠶᠢᠭᠤᠯᠤᠯᠳᠠ ᠪᠤᠯᠤᠨ ᠦᠬᠡᠷᠡᠴᠢᠯᠠᠯᠳᠠ ᠶᠢᠨ ᠤᠶᠢᠯᠡᠳᠤᠯᠬᠡ ᠳᠤ ᠡᠨᠡᠬᠦ ᠨᠢᠴᠤᠭᠠᠬᠳᠠᠰᠢ ᠦᠬᠡᠢ ᠦᠨᠡᠨ ᠶᠤᠰᠤ ᠶᠢ ᠬᠡᠷᠡᠴᠢᠯᠠᠪᠠ᠃ ᠦᠪᠤᠷ ᠮᠤᠩᠭᠤᠯ ᠡᠨᠡᠬᠦ ᠦᠷᠬᠡᠨ ᠲᠡᠯᠬᠡᠷ ᠨᠤᠳᠤᠬ ᠲᠡᠪᠢᠰᠬᠡᠷ ᠨᠢ ᠡᠶᠢᠮᠤ ᠠᠮᠢᠵᠢᠷᠠᠯ ᠤᠨ ᠬᠦᠴᠤᠨ ᠲᠠᠢ ᠪᠤᠯᠤᠬᠰᠠᠨ ᠦᠨᠳᠤᠰᠤᠨ ᠰᠢᠯᠳᠠᠭᠠᠨ ᠨᠢ ︽ᠨᠠᠮ ᠤᠨ ᠤᠳᠤᠷᠢᠳᠤᠯᠭ᠎ᠠ ᠶᠢᠨ ᠰᠢᠢᠳᠪᠦᠷᠢᠲᠦ ᠴᠢᠨᠠᠷᠲᠠᠢ ᠦᠢᠯᠡᠳᠦᠯ ᠳᠤ ᠪᠠᠶᠢᠨ᠎ᠠ︾᠃      70 ᠵᠢᠯ ᠤᠨ ᠲᠡᠤᠬᠡ ᠶᠢ ᠳᠠᠪᠠᠭᠰᠠᠨ ᠶᠠᠪᠤᠴᠠ ᠶᠢ ᠡᠷᠬᠢᠴᠡᠭᠦᠯᠪᠡᠯ᠂ ᠦᠪᠦᠷ ᠮᠤᠩᠭᠤᠯ ᠤᠨ ᠬᠦᠭᠵᠢᠯᠲᠡ ᠶᠢᠨ ᠵᠠᠩᠭᠢᠯᠠᠭ᠎ᠠ ᠶᠢᠨ ᠴᠠᠬ ᠮᠦᠴᠡ ᠪᠤᠯᠭᠠᠨ ᠨᠢ ᠴᠦᠮ ᠨᠠᠮ ᠤᠨ ᠲᠦᠪ ᠬᠤᠷᠢᠶ᠎ᠠ ᠶᠢᠨ ᠪᠠᠲᠤ ᠤᠳᠤᠷᠢᠳᠤᠯᠭ᠎ᠠ ᠪᠠ ᠬᠦᠨ᠎ᠡ ᠬᠠᠯᠠᠮᠵᠢᠯᠠᠯ ᠠᠴᠠ ᠰᠠᠯᠵᠤ ᠪᠣᠯᠣᠰᠢ ᠦᠭᠡᠢ᠃      ᠮᠠᠤ ᠽᠧ ᠳ᠋ᠦᠩ᠂ ᠳ᠋ᠧᠩ ᠰᠢᠶᠤᠤ ᠫᠢᠩ᠂ ᠵᠢᠶᠠᠩ ᠽᠧ ᠮᠢᠨ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠭᠤᠷᠪᠠᠨ ᠦᠶ᠎ᠡ ᠶᠢᠨ ᠲᠦᠪ ᠤᠨ ᠤᠳᠤᠷᠢᠳᠬᠤ ᠬᠠᠮᠲᠤ ᠪᠠ ᠬᠤ᠋ ᠶᠢᠨ ᠲᠤᠤ ᠨᠦᠬᠦᠷ ᠢᠶᠠᠷ ᠶᠡᠷᠦᠩᠬᠡᠢ ᠱᠦᠵᠢ ᠪᠤᠯᠭᠠᠬᠰᠠᠨ ᠨᠠᠮ ᠤᠨ ᠲᠦᠪ ᠬᠤᠷᠢᠶ᠎ᠠ ᠢᠮᠠᠬᠲᠠ ᠦᠪᠦᠷ ᠮᠤᠩᠭᠤᠯ ᠤᠨ ᠡᠯ᠎ᠡ ᠦᠨᠳᠦᠰᠦᠲᠡᠨ ᠤ ᠠᠷᠠᠳ ᠲᠦᠮᠡᠨ ᠢ ᠬᠠᠯᠠᠭᠤᠮᠰᠤᠬ ᠬᠠᠯᠠᠮᠵᠢᠯᠠᠵᠦ᠂ ᠦᠪᠦᠷ ᠮᠤᠩᠭᠤᠯ ᠤᠨ ᠬᠦᠭᠵᠢᠯᠲᠡ ᠳᠤ ᠨᠠᠨᠳᠢᠨ ᠬᠦᠰᠡᠯ ᠲᠠᠯᠪᠢᠵᠠᠢ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠦᠪᠦᠷ ᠮᠤᠩᠭᠤᠯ ᠤᠨ ᠬᠦᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠ᠃ 2014 ᠣᠨ ᠳᠤ᠂ ᠶᠡᠷᠦᠩᠬᠡᠢ ᠱᠦᠵᠢ ᠰᠢ ᠶᠢᠨ ᠫᠢᠩ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠂ ᠡᠯ᠎ᠡ ᠦᠨᠳᠦᠰᠦᠲᠡᠨ ᠤ ᠺᠠᠳ᠋ᠷ ᠤᠯᠠᠨ ᠲᠦᠮᠡᠨ ᠳᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠰᠠᠨ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠤᠷᠤᠨ ᠢ ᠨᠡᠩ ᠦᠵᠡᠰᠬᠦᠯᠡᠩᠲᠤ ᠰᠠᠶᠢᠬᠠᠨ ᠪᠤᠯᠭᠠᠨ ᠪᠦᠲᠦᠭᠡᠨ ᠪᠠᠶᠢᠭᠤᠯᠬᠤ ᠬᠦᠰᠡᠯ ᠨᠠᠶᠢᠳᠠᠯᠭ᠎ᠠ ᠲᠠᠯᠪᠢᠵᠠᠢ᠃      ᠳᠤᠷᠤᠨ᠎ᠠ ᠶᠢᠨ ᠰᠠᠯᠬᠢᠨ ᠰᠦᠷ ᠳᠠᠯᠠᠶᠢᠴᠢᠲᠠᠢ ᠪᠠᠶᠢᠵᠤ ᠲᠦᠮᠡᠨ ᠮᠤᠳᠤ ᠬᠦᠬᠡᠷᠡᠮᠦᠢ᠃ ᠨᠠᠮ ᠤᠨ ᠲᠦᠪ ᠬᠤᠷᠢᠶ᠎ᠠ ᠶᠢᠨ ᠬᠠᠶᠢᠷ᠎ᠠ ᠬᠠᠯᠠᠮᠵᠢ ᠪᠠᠷ᠂ ᠦᠪᠦᠷ ᠮᠤᠩᠭᠤᠯ ᠤᠨ ᠡᠯ᠎ᠡ ᠦᠨᠳᠦᠰᠦᠲᠡᠨ ᠤ ᠺᠠᠳ᠋ᠷ ᠤᠯᠠᠨ ᠲᠦᠮᠡᠨ ᠰᠢᠷᠭᠠᠭᠤ ᠬᠠᠲᠠᠭᠤᠵᠢᠯᠲᠠᠢ ᠴᠢᠷᠮᠠᠶᠢᠵᠤ᠂ ᠢᠲᠡ ᠬᠦᠴᠦᠲᠡᠢ ᠠᠯᠬᠤᠴᠠ ᠪᠠᠷ ᠦᠩᠭᠡ ᠭᠡᠷᠡᠯᠲᠡᠢ ᠪᠦᠭᠡᠳ ᠬᠡᠪ ᠤᠨ ᠪᠤᠰᠤ ᠦᠩᠭᠡᠷᠡᠯᠲᠡ ᠶᠢ ᠦᠩᠭᠡᠷᠡᠭᠦᠯᠵᠦ᠂ ᠦᠨᠳᠦᠰᠦᠲᠡᠨ ᠤ ᠳᠠᠷᠤᠯᠠᠯ ᠢ ᠠᠷᠤ ᠳᠠᠭᠠᠨ ᠬᠠᠶᠠᠵᠤ᠂ ᠭᠠᠰᠠᠯᠠᠩ ᠵᠤᠪᠠᠯᠠᠩ ᠬᠤᠴᠤᠷᠤᠩᠭᠤᠢ ᠶᠢ ᠠᠷᠤ ᠳᠠᠭᠠᠨ ᠬᠠᠶᠠᠵᠠᠢ᠃ ᠤᠳᠤ᠂ ᠨᠢᠭᠡᠨ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠦᠪᠦᠷ ᠮᠣᠩᠭᠤᠯ ᠶᠠᠭ ᠡᠬᠡ ᠤᠯᠤᠰ ᠤᠨ ᠤᠮᠠᠷᠠᠲᠤ ᠬᠢᠯᠢ ᠳᠤ ᠰᠡᠬᠦᠶᠢᠨ ᠰᠦᠨᠳᠡᠷᠯᠡᠵᠦ ᠪᠤᠢ᠃      70 ᠵᠢᠯ ᠤᠨ ᠬᠠᠲᠠᠭᠤ ᠪᠡᠷᠬᠡᠰᠢᠶᠡᠯ ᠲᠠᠢ ᠰᠦᠪᠡᠭᠴᠢᠯᠡᠯ ᠪᠠ ᠠᠭᠤᠤ ᠶᠡᠭᠡ ᠪᠤᠲᠠᠲᠤ ᠦᠢᠯᠡᠳᠦᠯᠭᠡ ᠭᠦᠢᠴᠡᠳ ᠬᠡᠷᠡᠴᠢᠯᠡᠭᠰᠡᠨ ᠨᠢ᠄ ᠳᠤᠮᠳᠠᠳᠤ ᠶᠢᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠭᠤᠶᠢᠪᠢᠰᠢ ᠦᠭᠡᠢ ᠪᠠᠷ ᠪᠠᠷᠢᠮᠲᠠᠯᠠᠵᠤ᠂ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯ ᠢ ᠭᠤᠶᠢᠪᠢᠰᠢ ᠦᠭᠡᠢ ᠪᠠᠷᠢᠮᠲᠠᠯᠠᠵᠦ︔ ᠵᠦᠪ ᠤᠯᠤᠰ ᠲᠦᠷᠦ ᠶᠢᠨ ᠴᠢᠭᠯᠡᠯ ᠢᠶᠠᠨ ᠪᠠᠷᠢᠮᠲᠠᠯᠠᠨ ᠪᠠᠲᠤᠳᠬᠠᠵᠤ᠂ ᠲᠦᠪ ᠤᠨ ᠶᠡᠭᠡ ᠪᠤᠳᠤᠯᠭ᠎ᠠ ᠴᠢᠭᠯᠡᠯᠲᠡ ᠪᠠ ᠰᠢᠢᠳᠪᠦᠷᠢᠲᠤ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠭᠡᠪ ᠢᠶᠠᠷ ᠨᠢ ᠲᠤᠤᠱᠯᠠᠭᠤᠯᠤᠨ ᠨᠠᠶᠢᠳᠠᠪᠤᠷᠢᠵᠢᠭᠤᠯᠤᠬᠰᠠᠨ ᠠᠴᠠ ᠦᠪᠦᠷ ᠮᠤᠩᠭᠤᠯ ᠰᠠᠶ᠋ᠢ ᠤᠳᠤ ᠶᠢᠨ ᠭᠡᠷᠡᠯ ᠰᠠᠴᠤᠷᠠᠩᠭᠤᠢ ᠠᠮᠵᠢᠯᠳᠠ ᠶᠢ ᠤᠯᠵᠤ᠂ ᠨᠡᠩ  ᠰᠠᠶᠢᠨ ᠰᠠᠶᠢᠬᠠᠨ ᠮᠠᠷᠭᠠᠰᠢ ᠪᠠᠨ ᠤᠭᠲᠤᠨ ᠠᠪᠴᠠᠢ᠃      ︵ᠵᠢᠷᠭᠤᠭ᠎ᠠ︶ ᠡᠨᠡ ᠪᠤᠯ ᠨᠢᠭᠡᠨ ᠰᠠᠶᠢᠨ ᠪᠤᠳᠤᠵᠤ ᠰᠠᠶᠢᠳᠤᠷ ᠰᠡᠳᠬᠢᠬᠦᠰᠢᠲᠡᠢ ᠬᠡᠷᠡᠴᠢᠯᠡᠯ ᠪᠤᠯᠤᠨ᠎ᠠ᠃      1980 ᠣᠨ ᠳᠤ᠂ ᠶᠠᠫᠤᠨ ᠤ ᠲᠤᠤᠺᠢᠣ᠋ ᠠᠴᠠ ᠢᠷᠡᠭᠰᠡᠨ ᠦᠨᠳᠦᠰᠦᠲᠡᠨ ᠤ ᠠᠰᠠᠭᠤᠳᠠᠯ ᠤᠨ ᠨᠢᠭᠡᠨ ᠲᠤᠰᠬᠠᠢ ᠮᠡᠷᠭᠡᠵᠢᠯᠲᠡᠨ ᠮᠠᠨ ᠤ ᠤᠯᠤᠰ ᠤᠨ ᠤᠷᠴᠤᠨ ᠦᠨᠳᠦᠰᠦᠲᠡᠨ ᠳᠤ ᠰᠢᠨᠵᠢᠯᠡᠨ ᠪᠠᠶᠢᠴᠠᠭᠠᠭᠰᠠᠨ ᠤ ᠳᠠᠷᠠᠭ᠎ᠠ᠄ ︽30 ᠵᠢᠯ ᠤᠨ ᠳᠠᠷᠠᠭ᠎ᠠ᠂ ᠳᠡᠯᠡᠬᠡᠢ ᠳᠡᠭᠡᠷ᠎ᠠ ᠤᠷᠴᠤᠨ ᠦᠨᠳᠦᠰᠦᠲᠡᠨ ᠳᠠᠬᠢᠵᠤ ᠤᠷᠤᠰᠢᠬᠤ ᠪᠠᠨ ᠪᠤᠯᠢᠨ᠎ᠡ︾ ᠭᠡᠵᠦ ᠲᠠᠰᠤᠷᠬᠠᠢ ᠬᠡᠯᠡᠪᠡ᠃      10 ᠵᠢᠯ ᠤᠨ ᠳᠠᠷᠠᠭ᠎ᠠ᠂ ᠲᠤᠰ ᠶᠠᠫᠤᠨ ᠤ ᠡᠷᠳᠡᠮᠲᠡᠨ ᠡᠷᠬᠢᠵᠦ ᠤᠴᠢᠬᠰᠠᠨ ᠤ ᠳᠠᠷᠠᠭ᠎ᠠ᠄ ︽ᠪᠢ ᠶᠠᠷᠢᠵᠤ ᠦᠩᠭᠡᠷᠡᠭᠰᠡᠨ ᠦᠭᠡ ᠪᠠᠨ ᠪᠤᠴᠠᠭᠠᠬᠤ ᠦᠭᠡᠢ ᠪᠤᠯᠬᠤ ᠦᠭᠡᠢ ᠪᠤᠯᠵᠠᠢ᠃ ᠤᠷᠴᠤᠨ ᠦᠨᠳᠦᠰᠦᠲᠡᠨ ᠳᠤ ᠡᠭᠦᠰᠦᠭᠰᠡᠨ ᠲᠡᠤᠬᠡᠲᠤ ᠴᠢᠨᠠᠷᠲᠠᠢ ᠬᠤᠪᠢᠷᠠᠯᠲᠠ ᠨᠢ ᠳᠡᠯᠡᠬᠡᠢ ᠶᠢᠨ ᠦᠨᠳᠦᠰᠦᠲᠡᠨ ᠤ ᠬᠦᠭᠵᠢᠯᠲᠡ ᠶᠢᠨ ᠲᠡᠤᠬᠡᠨ ᠳᠡᠭᠡᠷᠡᠬᠢ ᠨᠢᠭᠡᠨ ᠭᠠᠶᠢᠬᠠᠮᠰᠢᠬ ᠪᠤᠯᠤᠨ᠎ᠠ᠂ ᠶᠡᠷᠦ ᠪᠤᠰᠤ ᠶᠢᠨ ᠭᠠᠶᠢᠬᠠᠮᠰᠢᠬ ᠪᠤᠯᠤᠨ᠎ᠠ︕︾ ᠭᠡᠵᠦ ᠰᠡᠳᠬᠢᠯ ᠬᠦᠳᠡᠯᠦᠨ᠎ᠡ ᠬᠡᠯᠡᠪᠡ᠃      ᠤᠷᠴᠤᠨ ᠦᠨᠳᠦᠰᠦᠲᠡᠨ ᠤ ᠭᠠᠶᠢᠬᠠᠮᠰᠢᠬ ᠪᠤᠯ ᠡᠯ᠎ᠡ ᠦᠨᠳᠦᠰᠦᠲᠡᠨ ᠬᠠᠮᠲᠤᠪᠡᠷ ᠪᠦᠯᠬᠦᠮᠳᠡᠨ ᠲᠡᠮᠡᠴᠡᠵᠦ᠂ ᠬᠠᠮᠲᠤᠪᠡᠷ ᠴᠡᠴᠡᠭᠯᠡᠨ ᠬᠦᠭᠵᠢᠬᠦ ᠠᠮᠢᠳᠤᠯᠢᠬ ᠵᠡᠭᠦᠯᠲᠡ ᠲᠠᠶᠢᠯᠪᠤᠷᠢ ᠪᠤᠯᠤᠨ᠎ᠠ᠂ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠳᠠᠪᠠᠭᠤᠯᠢᠭ ᠴᠢᠨᠠᠷ ᠪᠠ ᠠᠮᠢᠵᠢᠷᠠᠯ ᠤᠨ ᠬᠦᠴᠦᠨ ᠤ ᠬᠦᠴᠦᠲᠡᠢ ᠭᠡᠷᠡᠴᠢᠯᠡᠯ ᠪᠣᠯᠣᠨ᠎ᠠ᠃      ᠬᠤᠴᠤᠷᠤᠩᠭᠤᠢ ᠠᠴᠠ ᠳᠠᠪᠰᠢᠬᠰᠠᠨ ᠪᠤᠯᠲᠠᠯ᠎ᠠ᠂ ᠶᠠᠳᠠᠭᠤ ᠬᠦᠴᠢᠷᠳᠡᠯᠲᠡᠢ ᠠᠴᠠ ᠪᠠᠶᠠᠨ ᠴᠢᠨᠠᠭᠡᠯᠢᠭ ᠪᠤᠯᠲᠠᠯ᠎ᠠ᠂ ᠪᠢᠲᠡᠭᠦᠮᠵᠢᠯᠡᠯ ᠠᠴᠠ ᠨᠡᠭᠡᠭᠡᠯᠲᠡ ᠭᠢᠭᠰᠡᠨ ᠬᠦᠷᠳᠡᠯ᠎ᠠ᠂ 70 ᠵᠢᠯ ᠤᠨ ᠲᠤᠷᠰᠢ᠂ ᠦᠨᠳᠦᠰᠦᠲᠡᠨ ᠤ ᠦᠪᠡᠷᠲᠡᠭᠡᠨ ᠵᠠᠰᠠᠬᠤ ᠵᠦᠪ ᠵᠠᠮ ᠳᠠᠭᠠᠤ ᠦᠪᠦᠷ ᠮᠤᠩᠭᠤᠯ ︽ᠡᠷᠬᠡ ᠴᠢᠯᠦᠭᠡᠲᠡᠢ ᠰᠠᠷᠠᠭᠤᠯ ᠰᠠᠶᠢᠬᠠᠨ ᠰᠢᠨ᠎ᠡ ᠲᠡᠤᠬᠡ︾᠎ ᠶᠢ ᠲᠠᠰᠤᠷᠠᠯᠲᠠ ᠦᠭᠡᠢ ᠪᠦᠲᠦᠭᠡᠨ ᠪᠠᠶᠢᠭᠤᠯᠵᠤ᠂ ᠰᠠᠶᠢᠨ ᠰᠠᠶᠢᠬᠠᠨ ᠢᠷᠡᠭᠡᠳᠦᠢ ᠵᠦᠭ ᠴᠡᠭᠡᠵᠢ ᠲᠡᠨᠢᠢᠨ ᠴᠤᠭ ᠲᠠᠢ ᠤᠷᠤᠭᠰᠢᠯᠠᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号