ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠪᠠ ᠲᠥᠪ ᠤᠨ | ᠲᠣᠭᠤᠷᠢᠨ ᠪᠠᠶᠢᠴᠠᠭᠠᠯᠲᠠ ᠶᠢᠨ ︽ᠮᠥᠷ ᠢᠶᠠᠨ ᠬᠠᠷᠠᠬᠤ︾ ᠳᠤ ᠲᠤᠰᠬᠠᠭᠰᠠᠨ ᠰᠠᠨᠠᠯ ᠳᠤ ᠬᠥᠯᠥᠨ ᠨᠠᠭᠤᠷ ᠤᠨ ᠠᠮᠢ | ᠠᠬᠤᠶ ᠶᠢᠨ ᠣᠷᠴᠢᠨ ᠲᠣᠭᠤᠷᠢᠨ ᠲᠠᠢ ᠬᠤᠯᠪᠣᠭᠳᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠰᠡᠭᠦᠯᠴᠢ ᠶᠢᠨ | ᠠᠵᠢᠯ ᠢ ᠲᠦᠯᠬᠢᠨ ᠠᠬᠢᠭᠤᠯᠵᠤ᠂ ᠬᠥᠯᠥᠨ ᠨᠠᠭᠤᠷ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ | ᠦᠨᠡᠨᠬᠦ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠲᠢᠩᠬᠢᠮ ᠣᠷᠴᠢᠮᠬᠠᠨ ᠲᠤᠰᠬᠠᠶ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠥᠯᠥᠨ ᠨᠠᠭᠤᠷ ᠤᠨ | ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠣᠷᠴᠢᠨ ᠲᠣᠭᠤᠷᠢᠨ ᠤ ᠬᠠᠤᠯᠢ | ᠬᠡᠷᠡᠭᠵᠢᠭᠦᠯᠦᠯᠲᠡ ᠶᠢᠨ ᠲᠤᠰᠬᠠᠶ ᠰᠢᠮᠳᠠᠭᠤᠯᠤᠨ ᠪᠠᠶᠢᠴᠠᠭᠠᠬᠤ ᠠᠵᠢᠯ ᠢ ᠥᠷᠨᠢᠭᠦᠯᠵᠡᠢ᠃ | ᠡᠭᠦᠨ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠲᠢᠩᠬᠢᠮ ︽ᠬᠥᠯᠥᠨ ᠨᠠᠭᠤᠷ ᠤᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠣᠷᠴᠢᠨ | ᠲᠣᠭᠤᠷᠢᠨ ᠤ ᠬᠠᠤᠯᠢ ᠬᠡᠷᠡᠭᠵᠢᠭᠦᠯᠦᠯᠲᠡ ᠶᠢᠨ ᠲᠤᠰᠬᠠᠶ ᠰᠢᠮᠳᠠᠭᠤᠯᠤᠨ ᠪᠠᠶᠢᠴᠠᠭᠠᠬᠤ ᠠᠵᠢᠯ ᠢ ᠥᠷᠨᠢᠭᠦᠯᠬᠦ ᠲᠤᠬᠠᠶ | ᠮᠡᠳᠡᠭᠳᠡᠯ︾ ᠢ ᠲᠤᠰᠬᠠᠶᠢᠯᠠᠨ ᠳᠠᠷᠤᠮᠠᠯᠯᠠᠨ ᠲᠠᠷᠬᠠᠭᠠᠭᠰᠠᠨ ᠤ ᠬᠠᠮᠲᠤ ︽ᠬᠥᠯᠥᠨ ᠨᠠᠭᠤᠷ ᠤᠨ ᠠᠮᠢ ᠠᠬᠤᠶ ᠶᠢᠨ | ᠣᠷᠴᠢᠨ ᠲᠣᠭᠤᠷᠢᠨ ᠢ ᠬᠠᠮᠠᠭᠠᠯᠠᠬᠤ ᠶᠡᠷᠦᠩᠬᠡᠢ ᠵᠠᠰᠠᠯᠲᠠ ᠬᠠᠤᠯᠢ ᠬᠡᠷᠡᠭᠵᠢᠭᠦᠯᠬᠦ ᠲᠤᠰᠬᠠᠶ ᠰᠢᠮᠳᠠᠭᠤᠯᠤᠨ | ᠪᠠᠶᠢᠴᠠᠭᠠᠬᠤ ᠠᠵᠢᠯ ᠤᠨ ᠲᠥᠰᠦᠯ︾ ᠢ ᠲᠣᠭᠲᠠᠭᠠᠵᠤ᠂ ᠬᠥᠯᠥᠨ ᠨᠠᠭᠤᠷ ᠤᠨ ᠠᠮᠢ ᠠᠬᠤᠶ ᠶᠢᠨ ᠣᠷᠴᠢᠨ | ᠲᠣᠭᠤᠷᠢᠨ ᠢ ᠬᠠᠮᠠᠭᠠᠯᠠᠬᠤ ᠶᠡᠷᠦᠩᠬᠡᠢ ᠵᠠᠰᠠᠯᠲᠠ ᠶᠢᠨ ᠬᠠᠤᠯᠢ ᠬᠡᠷᠡᠭᠵᠢᠭᠦᠯᠦᠯᠲᠡ ᠶᠢᠨ ᠰᠢᠮᠳᠠᠭᠤᠯᠤᠨ ᠪᠠᠶᠢᠴᠠᠭᠠᠬᠤ | ᠶᠠᠪᠤᠳᠠᠯ ᠢ ᠬᠥᠯᠥᠨ ᠨᠠᠭᠤᠷ ᠤᠨ ᠶᠡᠷᠦᠩᠬᠡᠢ ᠵᠠᠰᠠᠯᠲᠠ ᠶᠢ ᠲᠦᠯᠬᠢᠨ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ | ᠣᠷᠣᠰᠢᠵᠤ ᠪᠠᠶᠢᠭ᠎ᠠ ᠠᠰᠠᠭᠤᠳᠠᠯ ᠤᠳ ᠢ ᠳᠠᠬᠢᠨ ᠪᠠᠶᠢᠴᠠᠭᠠᠨ ᠡᠮᠬᠢᠯᠡᠵᠦ᠂ ᠬᠥᠯᠥᠨ ᠨᠠᠭᠤᠷ ᠤᠨ ᠠᠮᠢ ᠠᠬᠤᠶ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠨᠳᠦᠰᠦᠨ ᠪᠠᠶᠢᠳᠠᠯ ᠤᠯᠠᠮ ᠢᠯᠡᠭᠦᠦ ᠲᠣᠳᠣᠷᠬᠠᠶ ᠣᠶᠢᠯᠠᠭᠠᠵᠤ᠂ | ᠴᠡᠭᠴᠡᠯᠡᠨ ᠰᠠᠶᠢᠵᠢᠷᠠᠭᠤᠯᠬᠤ ᠶᠢᠨ ᠨᠠᠶᠢᠳᠠᠪᠤᠷᠢᠵᠢᠭᠤᠯᠤᠯᠲᠠ ᠠᠵᠢᠯ ᠢ ᠬᠦᠴᠦᠲᠡᠶ ᠠᠳᠬᠤᠵᠤ᠂ ᠬᠥᠯᠥᠨ ᠨᠠᠭᠤᠷ ᠤᠨ | ᠰᠠᠪᠠ ᠭᠠᠵᠠᠷ ᠤᠨ ᠬᠠᠮᠠᠭᠠᠯᠠᠯᠲᠠ ᠪᠣᠯᠣᠨ ᠵᠠᠰᠠᠯᠲᠠ ᠶᠢ ᠲᠦᠷᠭᠡᠨ ᠠᠬᠢᠭᠤᠯᠵᠤ᠂ ᠬᠥᠯᠥᠨ ᠨᠠᠭᠤᠷ ᠤᠨ ᠠᠮᠢ | ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠴᠢᠷᠮᠠᠶᠢᠨ ᠰᠠᠶᠢᠵᠢᠷᠠᠭᠤᠯᠬᠤ ᠬᠡᠷᠡᠭᠲᠡᠢ ᠭᠡᠵᠦ | ᠲᠣᠳᠣᠷᠬᠠᠶᠢᠯᠠᠪᠠ᠃ | ᠲᠤᠰ ᠤᠳᠠᠭᠠᠨ ᠤ ᠲᠤᠰᠬᠠᠶ ᠰᠢᠮᠳᠠᠭᠤᠯᠤᠨ ᠪᠠᠶᠢᠴᠠᠭᠠᠯᠲᠠ ᠨᠢ ᠭᠤᠣᠯᠳᠠᠭᠤ ᠮᠠᠲ᠋ᠧᠷᠢᠶᠠᠯ ᠢ ᠪᠠᠶᠢᠴᠠᠭᠠᠨ | ᠦᠵᠡᠬᠦ᠂ ᠰᠠᠯᠠᠭ᠎ᠠ ᠮᠥᠴᠢᠷ ᠤᠳ ᠢ ᠰᠤᠷᠪᠤᠯᠵᠢᠯᠠᠬᠤ᠂ ᠲᠤᠬᠠᠶ ᠶᠢᠨ ᠭᠠᠵᠠᠷ ᠲᠤ ᠨᠢ ᠪᠠᠶᠢᠴᠠᠭᠠᠬᠤ᠂ ᠣᠷᠴᠢᠨ | ᠲᠣᠭᠤᠷᠢᠨ ᠳᠤ ᠬᠢᠨᠠᠯᠲᠠ ᠬᠡᠮᠵᠢᠯᠲᠡ ᠬᠢᠬᠦ᠂ ᠪᠠᠷᠢᠯᠭ᠎ᠠ ᠶᠢ ᠦᠨᠡᠯᠡᠨ ᠵᠢᠱᠢᠬᠦ ᠵᠡᠷᠭᠡ ᠠᠷᠭ᠎ᠠ ᠶᠢ ᠠᠪᠴᠤ᠂ ᠬᠥᠯᠥᠨ | ᠨᠠᠭᠤᠷ ᠵᠢᠴᠢ ᠲᠡᠭᠦᠨ ᠤ ᠭᠤᠣᠯ ᠤᠷᠤᠰᠬᠠᠯ ᠳᠠᠭᠠᠤ ᠶᠢᠨ ᠪᠣᠬᠢᠷᠲᠤᠯ ᠪᠣᠳᠠᠰ ᠭᠠᠳᠠᠭᠰᠢᠯᠠᠭᠤᠯᠬᠤ ᠠᠵᠤ | ᠠᠬᠤᠶᠢᠯᠠᠯ ᠤᠨ ᠪᠠᠶᠢᠳᠠᠯ᠂ ᠬᠠᠶᠠᠭᠳᠠᠮᠠᠯ ᠤᠰᠤ ᠭᠠᠳᠠᠭᠰᠢᠯᠠᠭᠤᠯᠬᠤ ᠠᠮᠠ ᠶᠢᠨ ᠲᠤᠭ᠎ᠠ ᠬᠡᠮᠵᠢᠶ᠎ᠡ ᠪᠣᠯᠣᠨ ᠪᠠᠶᠢᠷᠢ | ᠪᠠᠶᠢᠳᠠᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ ᠶᠢᠨ ᠣᠷᠴᠢᠨ ᠲᠣᠭᠤᠷᠢᠨ ᠢ ᠬᠢᠨᠠᠨ | ᠬᠠᠮᠢᠶᠠᠷᠬᠤ ᠬᠠᠤᠯᠢ ᠶᠢ ᠬᠡᠷᠡᠭᠵᠢᠭᠦᠯᠵᠦ ᠪᠠᠶᠢᠭ᠎ᠠ ᠪᠠᠶᠢᠳᠠᠯ᠂ ᠬᠥᠯᠥᠨ ᠨᠠᠭᠤᠷ ᠤᠨ ᠵᠠᠰᠠᠯᠲᠠ ᠶᠢᠨ ᠢᠨᠵᠧᠨᠧᠷᠢᠩ ᠤᠨ | ᠠᠬᠢᠴᠠ ᠶᠢᠨ ᠪᠠᠶᠢᠳᠠᠯ ᠵᠡᠷᠭᠡ ᠶᠢ ᠭᠤᠣᠯᠳᠠᠯᠭ᠎ᠠ ᠲᠠᠢ ᠪᠠᠷ ᠬᠢᠨᠠᠨ ᠪᠠᠶᠢᠴᠠᠭᠠᠬᠤ ᠪᠣᠯᠣᠨ᠎ᠠ᠃ | ᠣᠶᠢᠯᠠᠭᠠᠭᠰᠠᠨ ᠢᠶᠠᠷ᠂ ᠠᠭᠤᠷ ᠠᠮᠢᠰᠬᠤᠯ ᠤᠨ ᠦᠷᠭᠦᠯᠵᠢᠯᠡᠨ ᠬᠠᠯᠠᠭᠤᠷᠠᠵᠤ ᠭᠠᠩᠳᠠᠬᠰᠠᠨ ᠨᠥᠯᠥᠭᠡ ᠠᠴᠠ | ᠪᠣᠯᠵᠤ᠂ 2012 ᠣᠨ ᠳᠤ ᠬᠥᠯᠥᠨ ᠨᠠᠭᠤᠷ ᠤᠨ ᠭᠠᠳᠠᠷᠭᠤ ᠨᠢ ᠨᠢᠭᠡᠨ ᠦᠶ᠎ᠡ 1750 ᠲᠡᠭᠰᠢ ᠳᠥᠷᠪᠡᠯᠵᠢᠨ | ᠺᠢᠯᠣᠮᠧᠲᠷ ᠪᠣᠯᠣᠨ ᠪᠠᠭᠠᠰᠴᠤ᠂ ᠤᠰᠤᠨ ᠤ ᠬᠠᠳᠠᠭᠠᠯᠠᠭᠳᠠᠴᠠ ᠨᠢ 138 ᠳ᠋ᠦᠩᠰᠢᠭᠤᠷ ᠪᠣᠰᠤᠭ᠎ᠠ ᠳᠥᠷᠪᠡᠯᠵᠢᠨ | ᠮᠧᠲᠷ ᠪᠠᠶᠢᠭᠰᠠᠨ ᠠᠴᠠ ᠪᠠᠨ 45 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠣᠯᠣᠨ ᠬᠤᠷᠣᠭᠳᠠᠵᠤ᠂ ᠶᠡᠭᠡ | ᠬᠡᠪᠴᠢᠶᠡᠨ ᠤ ᠬᠤᠯᠤᠰᠤ ᠴᠢᠭᠢᠭᠯᠢᠭ ᠭᠠᠵᠠᠷ ᠢᠶᠠᠨ ᠠᠯᠳᠠᠬᠤ᠂ ᠨᠠᠭᠤᠷ ᠤᠨ ᠤᠰᠤᠨ ᠤ ᠴᠢᠨᠠᠷ ᠨᠢ ᠳᠣᠷᠣᠭᠰᠢᠯᠠᠪᠠ᠃ | ᠣᠶᠢᠷ᠎ᠠ ᠶᠢᠨ ᠵᠢᠯ ᠤᠳ ᠲᠤ᠂ ᠮᠠᠨ ᠤ ᠣᠷᠣᠨ ᠬᠥᠯᠥᠨ ᠨᠠᠭᠤᠷ ᠤᠨ ᠠᠮᠢ ᠠᠬᠤᠶ ᠶᠢᠨ ᠣᠷᠴᠢᠨ ᠲᠣᠭᠤᠷᠢᠨ ᠢ | ᠬᠠᠮᠠᠭᠠᠯᠠᠨ ᠵᠠᠰᠠᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠡᠯ᠎ᠡ ᠵᠦᠢᠯ ᠤᠨ ᠬᠠᠮᠢᠶᠠᠷᠤᠯᠲᠠ ᠶᠢᠨ | ᠲᠦᠷᠢᠮ ᠢ ᠪᠦᠷᠢᠨᠰᠢᠭᠦᠯᠵᠦ᠂ ᠡᠬᠢ ᠪᠠᠶᠠᠯᠢᠭ ᠢ ᠬᠠᠮᠠᠭᠠᠯᠠᠨ ᠬᠠᠮᠢᠶᠠᠷᠬᠤ ᠠᠵᠢᠯ ᠤᠨ ᠰᠢᠨ᠎ᠡ ᠪᠠᠶᠢᠳᠠᠯ ᠢ ᠪᠣᠢ | ᠪᠣᠯᠭᠠᠪᠠ᠃ | ᠣᠳᠣᠬᠠᠨ ᠳᠤ᠂ ᠬᠥᠯᠥᠨ ᠨᠠᠭᠤᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠦᠨᠡᠨᠬᠦ ᠪᠤᠲᠠᠲᠠᠢ | ᠨᠠᠶᠢᠳᠠᠪᠤᠷᠢᠵᠢᠨ᠂ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠠᠵᠢᠯ ᠰᠢᠨ᠎ᠡ ᠠᠮᠵᠢᠯᠲᠠ ᠪᠦᠲᠦᠮᠵᠢ ᠣᠯᠪᠠ᠃ | ᠵᠢᠭᠠᠰᠤᠨ ᠠᠵᠤ ᠠᠬᠤᠶ ᠶᠢᠨ ᠡᠬᠢ ᠪᠠᠶᠠᠯᠢᠭ ᠪᠦᠲᠦᠮᠵᠢᠲᠡᠶ ᠪᠠᠷ ᠰᠡᠷᠭᠦᠭᠡᠭᠳᠡᠵᠦ᠂ ᠬᠥᠯᠥᠨ ᠨᠠᠭᠤᠷ ᠤᠨ ᠤᠰᠤᠨ ᠤ | ᠠᠮᠢ ᠠᠬᠤᠶ ᠶᠢᠨ ᠣᠷᠴᠢᠨ ᠲᠤᠭᠤᠷᠢᠨ ᠢᠯᠡᠷᠬᠡᠶ ᠰᠠᠶᠢᠵᠢᠷᠠᠪᠠ᠃ 2017 ᠣᠨ ᠤ 7 ᠳ᠋ᠤᠭᠠᠷ ᠰᠠᠷ᠎ᠠ ᠪᠣᠯᠲᠠᠯ᠎ᠠ᠂ | ᠬᠥᠯᠥᠨ ᠨᠠᠭᠤᠷ ᠤᠨ ᠤᠰᠤᠨ ᠲᠦᠪᠰᠢᠨ 543.17 ᠮᠧᠲᠷ ᠲᠤ ᠬᠦᠷᠴᠦ᠂ ᠤᠰᠤᠨ ᠤ ᠲᠠᠯᠠᠪᠠᠶ ᠨᠢ 2051 | ᠲᠡᠭᠰᠢ ᠳᠥᠷᠪᠡᠯᠵᠢᠨ ᠺᠢᠯᠣᠮᠧᠲᠷ ᠪᠣᠯᠣᠨ ᠥᠷᠭᠡᠳᠴᠦ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠶᠠᠮᠤᠨ ᠠᠴᠠ ᠴᠣᠬᠤᠯᠠᠪᠤᠷᠢᠯᠠᠭᠰᠠᠨ ︽ᠬᠥᠯᠥᠨ ᠨᠠᠭᠤᠷ ᠤᠨ ᠰᠠᠪᠠ ᠭᠠᠵᠠᠷ ᠤᠨ ᠠᠮᠢ ᠠᠬᠤᠶ ᠪᠣᠯᠣᠨ ᠣᠷᠴᠢᠨ | ᠲᠣᠭᠤᠷᠢᠨ ᠢ ᠶᠡᠷᠦᠩᠬᠡᠶᠢᠯᠡᠨ ᠵᠠᠰᠠᠬᠤ ᠬᠡᠷᠡᠭᠵᠢᠭᠦᠯᠦᠯᠲᠡ ᠶᠢᠨ ᠲᠥᠰᠦᠯ︾ ᠳᠤ ᠲᠣᠭᠲᠠᠭᠠᠭᠰᠠᠨ ᠵᠣᠬᠢᠬᠤ ᠣᠷᠣᠨ | ᠵᠠᠶ ᠳᠤ ᠲᠣᠭᠲᠠᠪᠤᠷᠢᠵᠢᠤ᠂ ᠨᠠᠭᠤᠷ ᠤᠨ ᠤᠰᠤᠨ ᠤ ᠴᠢᠨᠠᠷ ᠨᠢ ᠴᠦ ᠢᠯᠡᠳᠲᠡ ᠰᠠᠶᠢᠵᠢᠷᠠᠵᠠᠢ᠃ | | |