8 ᠳ᠋ᠤᠭᠠᠷ ᠰᠠᠷ᠎ᠠ ᠶᠢᠨ 4 ᠤ ᠡᠳᠤᠷ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠨᠠᠮ ᠤᠨ | ᠤᠳᠤᠷᠢᠳᠬᠤ ᠳᠤᠭᠤᠢᠢᠯᠠᠩ 2017 ᠣᠨ ᠤ 7 ᠳ᠋ᠤᠭᠠᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠶᠢᠨ ᠬᠤᠷᠠᠯ | ᠬᠢᠵᠤ᠂ ᠶᠡᠷᠦᠩᠬᠡᠢ ᠱᠦᠵᠢ ᠰᠢ ᠶᠢᠨ ᠫᠢᠩ ᠤᠨ ︽7 · 26︾ ᠤ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ | ᠰᠤᠳᠤᠯᠤᠨ ᠶᠠᠷᠢᠯᠴᠠᠵᠤ ᠣᠯᠣᠯᠳᠠ ᠲᠦᠷᠦᠭᠳᠡᠯ ᠢᠶᠠᠨ ᠰᠤᠯᠢᠯᠴᠠᠪᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ | ᠲᠡᠷᠢᠬᠦᠯᠡᠭᠴᠢ᠂ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠳᠤᠭᠤᠢᠢᠯᠠᠩ ᠤᠨ ᠱᠦᠵᠢ ᠪᠦ᠋ ᠰᠢᠶᠤᠤ ᠯᠢᠨ | ᠬᠤᠷᠠᠯ ᠡᠷᠬᠢᠯᠡᠵᠤ ᠶᠠᠷᠢᠶ᠎ᠠ ᠳᠠᠯᠪᠢᠪᠠ᠃ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠨᠠᠮ ᠤᠨ | ᠤᠳᠤᠷᠢᠳᠬᠤ ᠳᠤᠭᠤᠢᠢᠯᠠᠩ ᠤᠨ ᠪᠦᠷᠢᠯᠳᠦᠭᠦᠨ ᠵᠢᠴᠢ ᠦᠪᠡᠷᠳᠡᠭᠡᠨ ᠵᠠᠰᠠᠬᠤ ᠤᠷᠤᠨ ᠤ ᠳᠡᠳ᠋ ᠳᠡᠷᠢᠭᠦᠯᠡᠭᠴᠢ ᠯᠢᠦ | ᠰᠢᠨ ᠯᠧ ᠣᠯᠣᠯᠳᠠ ᠲᠦᠷᠦᠭᠳᠡᠯ ᠢᠶᠠᠨ ᠰᠣᠯᠢᠯᠴᠠᠬᠤ ᠦᠭᠡ ᠬᠡᠯᠡᠪᠡ᠃ | ᠪᠦ᠋ ᠰᠢᠶᠤᠤ ᠯᠢᠨ᠂ ᠶᠡᠷᠦᠩᠬᠡᠢ ᠱᠦᠵᠢ ᠰᠢ ᠶᠢᠨ ᠫᠢᠩ ᠤᠨ ︽7 · 26︾ ᠪ᠊ ᠴᠢᠬᠤᠯᠠ ᠶᠠᠷᠢᠶ᠎ᠠ ᠶᠢᠨ | ᠳᠤᠳᠤᠭᠠᠳᠤ ᠠᠭᠤᠯᠣᠭᠳᠠᠬᠤᠨ ᠨᠢ ᠪᠠᠶᠠᠯᠢᠭ᠂ ᠦᠵᠡᠯ ᠰᠠᠨᠠᠭ᠎ᠠ ᠨᠢ ᠬᠦᠨ ᠭᠦᠨᠵᠡᠭᠡᠢ᠂ ᠶᠠᠷᠢᠶ᠎ᠠ ᠨᠢ ᠳᠤᠮᠳᠠᠳᠤ | ᠤᠯᠤᠰ ᠤᠨ ᠤᠨᠴᠠᠯᠢᠭ ᠲᠠᠢ ᠨᠠᠶᠢᠭᠡᠮ ᠵᠢᠷᠤᠮ ᠢ ᠪᠠᠷᠢᠮᠳᠠᠯᠠᠨ ᠬᠦᠭᠵᠢᠭᠦᠯᠬᠦ ᠤᠯᠤᠰ ᠲᠦᠷᠦ ᠶᠢᠨ ᠲᠤᠩᠬᠠᠭ ᠪᠠ | ᠠᠵᠢᠯᠯᠠᠭ᠎ᠠ ᠶᠢᠨ ᠬᠦᠳᠦᠯᠪᠦᠷᠢ ᠪᠣᠯᠵᠣ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠢ ᠠᠮᠵᠢᠯᠳᠠ ᠲᠠᠢ | ᠬᠤᠷᠠᠯᠳᠤᠭᠤᠯᠬᠤ ᠳᠤ ᠤᠯᠤᠰ ᠲᠦᠷᠦ᠂ ᠦᠵᠡᠯ ᠰᠠᠨᠠᠭ᠎ᠠ᠂ ᠤᠨᠤᠯ ᠤᠨ ᠴᠢᠬᠤᠯᠠ ᠰᠠᠭᠤᠷᠢ ᠳᠠᠯᠪᠢᠵᠤ᠂ ᠪᠢᠳᠡᠡ ᠤ | ᠡᠯ᠎ᠡ ᠵᠦᠢᠯ ᠤᠨ ᠠᠵᠢᠯ ᠢᠶᠠᠨ ᠰᠠᠶᠢᠳᠣᠷ ᠬᠢᠬᠦ ᠳᠤ ᠦᠨᠳᠦᠰᠦᠨ ᠵᠢᠷᠤᠮᠯᠠᠯ ᠬᠠᠩᠭᠠᠵᠠᠢ᠃ ᠶᠠᠷᠢᠶ᠎ᠠ ᠶᠢᠨ ᠴᠢᠬᠤᠯᠠ | ᠶᠡᠭᠡ ᠤᠯᠤᠰ ᠲᠦᠷᠦ ᠶᠢᠨ ᠠᠴᠢ ᠬᠤᠯᠪᠤᠭᠳᠠᠯ᠂ ᠤᠨᠤᠯ ᠤᠨ ᠠᠴᠢ ᠬᠤᠯᠪᠤᠭᠳᠠᠯ᠂ ᠦᠢᠯᠡᠳᠦᠯᠭᠡ ᠶᠢᠨ ᠠᠴᠢ | ᠬᠤᠯᠪᠤᠭᠳᠠᠯ ᠢ ᠬᠦᠢᠴᠡᠳ ᠳᠠᠨᠢᠵᠤ᠂ ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠳᠣᠣᠱᠯᠠᠭᠤᠯᠵᠣ᠂ | ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠠᠷᠢᠶ᠎ᠠ ᠶᠢᠨ ᠵᠤᠷᠢᠭ ᠰᠠᠨᠠᠭ᠎ᠠ ᠳᠡᠭᠡᠷ᠎ᠡ ᠦᠨᠡᠨᠬᠦ ᠨᠢᠭᠡᠳᠭᠡᠬᠦ ᠬᠡᠷᠡᠭᠳᠠᠢ | ᠭᠡᠵᠦ ᠵᠢᠭᠠᠵᠣ ᠭᠠᠷᠭᠠᠪᠠ᠃ | ᠪᠦ᠋ ᠰᠢᠶᠤᠤ ᠯᠢᠨ᠂ ᠶᠠᠷᠢᠶ᠎ᠠ ᠶᠢᠨ ᠡᠯᠪᠡᠭ ᠪᠠᠶᠠᠯᠢᠭ ᠳᠤᠳᠤᠭᠠᠳᠤ ᠠᠭᠤᠯᠣᠭᠳᠠᠬᠤᠨ᠂ ᠵᠣᠷᠢᠭ ᠰᠠᠨᠠᠭ᠎ᠠ ᠶᠢᠨ | ᠮᠦᠨ ᠴᠢᠨᠠᠷ᠂ ᠦᠢᠯᠡᠳᠦᠯᠭᠡ ᠶᠢᠨ ᠱᠠᠭᠠᠷᠳᠠᠯᠭ᠎ᠠ ᠶᠢ ᠬᠦᠨᠵᠡᠭᠡᠢ ᠰᠤᠷᠤᠯᠴᠠᠨ ᠣᠢᠢᠯᠠᠭᠠᠵᠣ᠂ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠬᠡᠮ ᠵᠢᠷᠤᠮ ᠬᠡᠰᠡᠨ ᠡᠨᠡᠬᠦ ᠭᠤᠤᠯ ᠰᠡᠳᠦᠪ ᠢ ᠪᠠᠳᠤ ᠡᠵᠡᠮᠰᠢᠵᠦ᠂ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠨᠠᠮ ᠤᠨ ᠲᠦᠪ ᠬᠤᠷᠢᠶ᠎ᠠ ᠶᠢᠨ ᠲᠦᠷᠦ ᠶᠢ ᠵᠠᠰᠠᠵᠤ ᠵᠠᠰᠠᠭ ᠢ ᠡᠷᠬᠢᠯᠡᠭᠰᠡᠨ | ᠦᠢᠯᠡᠳᠦᠯᠭᠡ ᠲᠠᠢ ᠤᠶᠠᠯᠳᠤᠭᠤᠯᠤᠨ᠂ ᠨᠠᠮ ᠪᠠ ᠤᠯᠤᠰ ᠤᠨ ᠳᠡᠦᠭᠡᠳᠦ ᠴᠢᠨᠠᠷᠳᠠᠢ ᠬᠤᠪᠢᠷᠠᠯᠳᠠ ᠪᠠ ᠳᠡᠦᠭᠡᠳᠦ | ᠴᠢᠨᠠᠷᠳᠠᠢ ᠠᠮᠵᠢᠯᠳᠠ ᠪᠦᠳᠦᠮᠵᠢ ᠲᠠᠢ ᠤᠶᠠᠯᠳᠤᠭᠤᠯᠵᠣ᠂ ᠮᠠᠨ ᠤ ᠤᠯᠤᠰ ᠤᠨ ᠬᠦᠭᠵᠢᠯᠳᠡ ᠶᠢᠨ ᠱᠠᠳᠤᠴᠢ ᠴᠢᠨᠠᠷᠳᠠᠢ | ᠤᠨᠴᠠᠯᠢᠭ ᠢ ᠬᠦᠨᠵᠡᠭᠡᠢ ᠳᠠᠨᠢᠵᠤ᠂ ︽ᠬᠤᠤᠰ ᠵᠠᠭᠤᠨ ᠵᠢᠯ︾ ᠤᠨ ᠳᠡᠮᠡᠴᠡᠬᠦ ᠬᠠᠷᠠᠯᠳᠠ ᠶᠢᠨ ᠪᠠᠶᠢᠯᠳᠤᠬᠤ | ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠤᠨᠤᠪᠴᠢᠳᠠᠢ ᠡᠵᠡᠮᠰᠢᠵᠦ᠂ ᠳᠡᠭᠡᠳᠦ ᠬᠡᠮᠵᠢᠶᠡᠨ ᠤ ᠤᠨᠤᠯ ᠤᠨ ᠤᠬᠠᠮᠰᠠᠷ | ᠪᠠ ᠤᠨᠤᠯ ᠤᠨ ᠢᠳᠡᠭᠡᠯ ᠢ ᠪᠣᠢ ᠪᠣᠯᠭᠠᠵᠣ᠂ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ | ᠦᠭᠡᠢ ᠠᠬᠢᠭᠤᠯᠵᠤ᠂ ᠦᠵᠡᠯ ᠰᠠᠨᠠᠭ᠎ᠠ ᠣᠯᠣᠰ ᠲᠦᠷᠦ ᠦᠢᠯᠡ ᠠᠵᠢᠯᠯᠠᠭ᠎ᠠ ᠳᠡᠭᠡᠷ᠎ᠡ ᠪᠠᠨ ᠢᠮᠠᠭᠳᠠ ᠰᠢ ᠶᠢᠨ ᠫᠢᠩ | ᠨᠦᠬᠦᠷ ᠢᠶᠠᠷ ᠭᠤᠣᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠬᠡᠳᠦᠯᠳᠠᠢ ᠪᠠᠶᠢᠬᠤ | ᠬᠡᠷᠡᠭᠳᠠᠢ ᠭᠡᠵᠦ ᠵᠢᠭᠠᠵᠣ ᠭᠠᠷᠭᠠᠪᠠ᠃ | ᠪᠦ᠋ ᠰᠢᠶᠤᠤ ᠯᠢᠨ ᠴᠢᠬᠤᠯᠠᠴᠢᠯᠠᠭᠰᠠ ᠨᠢ᠂ ᠶᠡᠷᠦᠩᠬᠡᠢ ᠱᠦᠵᠢ ᠰᠢ ᠶᠢᠨ ᠫᠢᠩ ᠤᠨ ︽7 · 26︾ ᠤ | ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠬᠤ ᠶᠢ ᠴᠢᠬᠤᠯᠠ ᠤᠯᠤᠰ ᠲᠦᠷᠦ ᠶᠢᠨ | ᠡᠭᠦᠷᠭᠡ ᠪᠤᠯᠭᠠᠵᠤ᠂ ᠨᠠᠮ ᠤᠨ ᠤᠳᠤᠷᠢᠳᠬᠤ ᠲᠤᠭᠤᠢᠢᠯᠠᠩ ᠤᠨ ᠪᠦᠷᠢᠯᠳᠦᠭᠦᠨ ᠦᠯᠢᠭᠡᠷ ᠵᠢᠱᠢᠶ᠎ᠡ ᠶᠢᠨ ᠦᠢᠯᠡᠳᠦᠯ | ᠢᠶᠠᠨ ᠪᠠᠳᠠᠷᠠᠭᠤᠯᠤᠨ᠂ ᠲᠦᠷᠦᠭᠦᠯᠡᠨ ᠰᠣᠷᠣᠯᠴᠠᠬᠤ ᠶᠢᠨ ᠬᠠᠮᠳᠣ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠦᠴᠢᠷ | ᠪᠠ ᠹᠷᠤᠨᠲ ᠤᠨ ᠢᠶᠠᠨ ᠰᠤᠷᠤᠯᠴᠠᠨ ᠨᠠᠶᠢᠳᠠᠪᠤᠷᠢᠵᠢᠭᠤᠯᠬᠤ ᠠᠵᠢᠯ ᠢ ᠱᠠᠯᠠᠪᠳᠠᠭᠤᠯᠣᠨ ᠪᠠᠶᠢᠴᠠᠭᠠᠨ ᠵᠢᠯᠣᠭᠤᠳᠴᠣ᠂ | ︽ᠲᠦᠷᠪᠡᠨ ᠤᠬᠠᠮᠰᠠᠷ︾ ᠢᠶᠠᠨ ᠦᠨᠡᠨᠬᠦ ᠴᠢᠩᠭᠠᠷᠠᠭᠤᠯᠵᠣ᠂ ᠦᠵᠠᠯ ᠰᠠᠨᠠᠭᠠᠨ ᠤ ᠤᠬᠠᠮᠰᠠᠷ ᠪᠠ ᠦᠢᠯᠡᠳᠦᠯᠭᠡ ᠶᠢᠨ | ᠤᠬᠠᠮᠰᠠᠷ ᠢᠶᠠᠨ ᠳᠡᠭᠡᠭᠰᠢᠯᠡᠭᠦᠯᠦᠨ᠂ ᠰᠠᠶᠢᠨ ᠰᠠᠶᠢᠬᠠᠨ ᠣᠶᠣᠨ ᠰᠠᠨᠠᠭᠠᠨ ᠤ ᠳᠦᠷᠰᠦ ᠪᠠᠶᠢᠳᠠᠯ ᠪᠣᠯᠣᠨ ᠰᠢᠯᠢᠳᠡᠭ | ᠠᠵᠢᠯ ᠤᠨ ᠠᠮᠵᠢᠯᠳᠠ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ | ᠣᠭᠳᠣᠬᠤ ᠬᠡᠷᠡᠭᠳᠡᠢ ᠭᠡᠵᠦ ᠴᠢᠬᠤᠯᠠᠴᠢᠯᠠᠪᠠ᠃ |