ᠠᠯᠬᠤᠭ᠎ᠠ᠂ ᠳᠠᠪᠠᠯᠲᠠ ᠶᠢᠨ ᠳᠤᠮᠳᠠ ᠤᠷᠤᠭᠰᠢᠯᠠᠨ᠎ᠠ — ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠠᠶᠠᠷᠯᠠᠨ ᠪᠡᠯᠭᠡᠯᠡᠶ᠎ᠡ ︵ᠳᠤᠮᠳᠠᠳᠤ︶
ᠨᠡᠶᠢᠲᠡᠯᠡᠭᠰᠡᠨ ᠴᠠᠭ᠄
2017/8/7
     ︵ᠨᠢᠬᠡ︶ ᠴᠠᠭ ᠤᠨ ᠤᠳᠬ᠎ᠠ ᠠᠭᠤᠯᠭ᠎ᠠ ᠶᠢ ᠤᠷᠳᠤ ᠪᠠᠷ ᠨᠢ ᠬᠡᠮᠵᠢᠳᠡᠭ ᠪᠢᠰᠢ᠃      ᠳᠤᠮᠳᠠᠳᠤ ᠶᠢᠨ ᠦᠨᠳᠦᠰᠦᠳᠡᠨ ᠤ5000 ᠭᠠᠷᠤᠢ ᠵᠢᠯ ᠤᠨ ᠪᠤᠯᠪᠠᠰᠤᠨ ᠲᠡᠤᠬᠡ ᠶᠢ 2 ᠴᠠᠭ ᠤᠨ ᠺᠢᠨᠣ᠋ ᠪᠤᠯᠭᠠᠨ ᠠᠭᠰᠢᠭᠠᠪᠠᠯ᠂ 70 ᠵᠢᠯ ᠨᠢ 2 ᠮᠢᠨᠦ᠋ᠲ ᠴᠤ ᠬᠦᠷᠬᠦ ᠦᠬᠡᠢ᠃ ᠤᠷᠴᠢᠨ ᠦᠶ᠎ᠡ ᠠᠴᠠ ᠨᠠᠰᠢᠬᠢ ᠰᠠᠯᠬᠢ ᠪᠤᠷᠤᠭᠠᠨ ᠤ ᠤᠯᠠᠷᠢᠯᠳᠠ ᠳᠤ᠂ 70 ᠵᠢᠯ ᠨᠢ ᠲᠡᠭᠷᠢ ᠭᠠᠵᠠᠷ ᠢ ᠳᠤᠩᠰᠤᠯᠭᠠᠮ᠎ᠠ ᠬᠤᠪᠢᠷᠠᠯᠲᠠ ᠠᠪᠴᠢᠷᠠᠭᠰᠠᠨ ᠪᠢᠯᠡ᠃      1947 — 2017 ᠤᠨ᠂ 70 ᠵᠢᠯ ᠳᠤ᠂ 118 ᠲᠦᠮᠡᠨ ᠳᠡᠭᠰᠢ ᠲᠦᠷᠪᠡᠯᠵᠢᠨ ᠺᠢᠯᠤᠮᠧᠲᠷ ᠨᠤᠳᠤᠭ ᠳᠡᠪᠢᠰᠬᠡᠷ ᠲᠡᠬᠡᠷ᠎ᠠ᠂ ᠦᠪᠦᠷ ᠮᠤᠩᠭᠤᠯ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠵᠢᠯ ᠳᠤᠮᠳᠠᠴᠢ ᠪᠠᠷ 9.8%᠎ ᠤᠨ ᠨᠡᠮᠡᠭᠳᠡᠯ ᠤᠨ ᠬᠤᠷᠳᠤᠴᠠ ᠶᠢᠨ ᠭᠠᠶᠢᠬᠠᠮᠰᠢᠭ ᠢ ᠡᠬᠦᠳᠴᠤ᠂ ᠡᠷᠡᠮᠡᠬᠡᠶᠢᠯᠡᠨ ᠳᠠᠪᠰᠢᠭᠰᠠᠨ ᠴᠠᠭ ᠦᠶ᠎ᠠ ᠶᠢᠨ ᠢᠷᠠᠭᠤ ᠬᠠᠭᠤᠳᠠᠰᠤ ᠶᠢ ᠪᠢᠴᠢᠭᠯᠡᠵᠡᠢ᠃      70 ᠵᠢᠯ ᠢ ᠳᠤᠭᠤᠯᠵᠤ ᠢᠷᠡᠭᠰᠡᠨ ᠦᠪᠦᠷ ᠮᠤᠩᠭᠤᠯ ᠤᠨ ᠠᠯᠢ ᠤᠯᠠᠨ ᠬᠤᠪᠢᠷᠠᠯᠳᠠ ᠬᠦᠭᠵᠢᠯᠳᠡ ᠶᠢ ᠡᠷᠬᠢᠮᠨᠡᠨ ᠨᠠᠨᠳᠢᠩᠨᠠᠵᠤ᠂ ᠮᠠᠭᠳᠠᠨ ᠳᠠᠭᠤᠯᠠᠭᠤᠰᠢᠳᠠᠢ ᠪᠠᠶᠢᠨ᠎ᠠ᠃      ︵ᠬᠤᠶᠠᠷ︶ ᠡᠷᠬᠢᠵᠦ ᠬᠠᠷᠠᠭᠠᠳ ᠯᠡ ᠰᠠᠶ᠋ᠢ ᠬᠤᠯᠠ ᠶᠠᠪᠤᠭᠰᠠᠨ ᠢᠶᠠᠨ ᠮᠡᠳᠡᠯ᠎ᠡ᠃      ᠦᠨᠦᠳᠦᠷ ᠤᠨ ᠦᠪᠦᠷ ᠮᠤᠩᠭᠤᠯ ᠬᠦᠭᠵᠢᠨ ᠮᠠᠨᠳᠤᠵᠤ ᠪᠠᠶᠠᠵᠢᠨ ᠴᠢᠨᠡᠬᠡᠯᠢᠭᠵᠢᠵᠦ᠂ ᠡᠶ᠎ᠡ ᠵᠤᠬᠢᠴᠠᠩᠭᠤᠢ ᠦᠨᠢᠷ ᠰᠠᠶᠢᠬᠠᠨ᠃      70 ᠵᠢᠯ ᠤᠨ ᠡᠮᠦᠨᠡᠬᠢ ᠦᠪᠦᠷ ᠮᠤᠩᠭᠤᠯ ᠶᠠᠳᠠᠭᠤ ᠬᠤᠭᠤᠰᠤᠨ᠂ ᠶᠠᠭᠤ ᠪᠦᠬᠦᠨ ᠢ ᠬᠦᠭᠵᠢᠭᠦᠯᠬᠦ ᠴᠢᠬᠤᠯᠠᠲᠠᠢ ᠪᠠᠶᠢᠭᠰᠠᠨ ᠶᠤᠮ᠃      ᠶᠠᠷᠢᠶᠠᠨ ᠦᠬᠡᠢ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ ᠨᠢ ᠦᠪᠦᠷ ᠮᠤᠩᠭᠤᠯ ᠤᠨ ᠬᠦᠭᠵᠢᠯᠳᠡ ᠶᠢᠨ ᠰᠢᠨ᠎ᠡ ᠡᠷᠡᠨ ᠢ ᠨᠡᠬᠡᠬᠡᠭᠰᠡᠨ ᠶᠤᠮ᠃ ᠬᠡᠪᠡᠴᠦ᠂ ᠡᠨᠡᠬᠦ ᠴᠤ ᠰᠢᠨ᠎ᠡ ᠴᠠᠭ ᠦᠶ᠎ᠠ ᠨᠢ ᠬᠦᠴᠢᠷᠳᠡᠯ ᠪᠠ ᠦᠷᠢᠰᠦᠯᠳᠦᠬᠡᠨ ᠳᠤ ᠳᠤᠯᠭᠠᠷᠠᠵᠤ᠂ ᠬᠦᠴᠢᠷ ᠪᠡᠷᠬᠡ ᠦᠷᠢᠰᠦᠯᠳᠦᠬᠡᠨ ᠢ ᠳᠤᠭᠤᠯᠬᠤ ᠳᠤ ᠠᠯᠢ ᠴᠠᠭ ᠦᠶ᠎ᠡ ᠠᠴᠠ ᠴᠦ ᠳᠤᠲᠠᠭᠤ ᠦᠭᠡᠢ ᠪᠢᠯᠡ᠃      ᠦᠪᠦᠷ ᠮᠤᠩᠭᠤᠯ ᠤᠨ ᠦᠪᠡᠷᠳᠡᠬᠡᠨ ᠵᠠᠰᠬᠠᠤ ᠤᠷᠤᠨ ᠠᠩᠬ᠎ᠠ ᠪᠠᠶᠢᠭᠤᠯᠤᠭᠳᠠᠬᠤ ᠦᠶ᠎ᠡ ᠪᠠᠷ᠂ ᠠᠵᠤ ᠠᠬᠤᠢ ᠶᠢᠨ ᠰᠠᠭᠤᠷᠢ ᠲᠤᠩ ᠨᠢᠮᠬᠡᠨ᠂ ᠠᠵᠤ ᠠᠬᠤᠢ ᠶᠢᠨ ᠲᠦᠷᠢᠮ ᠮᠠᠰᠢ ᠬᠤᠴᠤᠷᠤᠩᠭᠤᠢ᠂ ᠤᠯᠤᠰ ᠠᠷᠠᠳ ᠤᠨ ᠠᠵᠤ ᠠᠬᠤᠢ ᠶᠢᠨ ᠨᠡᠮᠡᠭᠳᠡᠯ ᠮᠠᠰᠢ ᠬᠦᠴᠢᠷᠳᠡᠢ ᠪᠠᠶᠢᠯ᠎ᠠ᠃ ᠠᠯᠤᠰ ᠤᠨ ᠬᠠᠷᠠᠯᠳᠠ ᠶᠠᠳᠠᠭᠤ ᠬᠦᠴᠢᠷᠳᠡᠯ ᠳᠤ ᠲᠤᠯᠭᠠᠷᠠᠵᠦ᠂ ᠬᠡᠬᠡᠨ ᠰᠠᠷᠠᠭᠤᠯ ᠢᠷᠡᠬᠡᠳᠦᠢ ᠶᠢ ᠬᠦᠴᠢᠷ ᠪᠡᠷᠬᠡ ᠲᠠᠢ ᠡᠷᠢᠯᠬᠢᠯᠡᠵᠦ᠂ ᠲᠡᠤᠬᠡ ᠶᠢᠨ ᠠᠤᠭ᠎ᠠ ᠬᠦᠰᠡᠯ ᠳᠤ ᠪᠤᠲᠠᠲᠤ ᠦᠷᠢᠰᠦᠯᠳᠦᠭᠡᠨ ᠲᠤᠯᠭᠠᠷᠠᠵᠤ ᠪᠠᠶᠢᠯ᠎ᠠ᠃      ᠶᠡᠷᠦᠩᠬᠡᠢ ᠰᠠᠶᠢᠳ ᠵᠧᠦ ᠡᠧᠨ ᠯᠠᠢ ᠭᠠᠵᠠᠷ ᠤᠨ ᠵᠢᠷᠤᠭ ᠢ ᠵᠢᠭᠠᠭᠠᠳ ᠤᠯᠠᠭᠠᠨᠬᠦᠦ ᠨᠦᠬᠦᠷ ᠲᠤ᠂ ᠦᠪᠦᠷ ᠮᠤᠩᠭᠤᠯ ᠤᠨ ᠭᠠᠵᠠᠷ ᠤᠨ ᠵᠢᠷᠤᠭ ᠨᠢ ᠳᠠᠪᠬᠢᠵᠤ ᠪᠠᠶᠢᠭ᠎ᠠ ᠠᠵᠢᠨᠠᠢ ᠬᠦᠯᠦᠭ ᠰᠢᠭ ᠬᠡᠵᠦ ᠬᠡᠯᠡᠵᠦ ᠦᠩᠬᠡᠷᠡᠭᠰᠡᠨ ᠶᠤᠮ᠃ 70 ᠵᠢᠯ ᠤᠨ ᠳᠤᠷᠰᠢ᠂ ᠨᠠᠮ ᠤᠨ ᠲᠦᠪ ᠬᠤᠷᠢᠶ᠎ᠠ ᠶᠢᠨ ᠪᠠᠳᠤ ᠴᠢᠩᠭ᠎ᠠ ᠤᠳᠤᠷᠢᠳᠤᠯᠭ᠎ᠠ ᠳᠤᠤᠷ᠎ᠠ᠂ ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠪᠦᠯᠬᠦᠮᠳᠡᠨ ᠨᠢᠬᠳᠠᠷᠠᠵᠤ᠂ ᠡᠷᠡᠮᠡᠬᠡᠶᠢᠯᠡᠨ ᠳᠠᠪᠰᠢᠵᠤ᠂ ᠦᠪᠦᠷ ᠮᠤᠩᠭᠤᠯ ᠬᠡᠬᠦ ᠠᠵᠢᠨᠠᠢ ᠬᠦᠯᠦᠭ ᠤᠨ ᠳᠠᠪᠬᠢᠭᠠᠨ ᠳᠠᠪᠬᠢᠬᠤ ᠳᠤᠳᠤᠮ ᠢᠶᠠᠨ ᠬᠤᠷᠳᠤᠯᠠᠵᠤ᠂ ᠳᠠᠪᠬᠢᠬᠤ ᠳᠤᠳᠤᠮ ᠢᠶᠠᠨ ᠳᠤᠭᠳᠠᠭᠤᠨ᠂ ᠳᠠᠪᠬᠢᠬᠤ ᠳᠤᠲᠤᠮ ᠢᠶᠠᠨ ᠤᠷᠤᠭᠰᠢᠯᠠᠨ᠎ᠠ᠃      ᠶᠠᠳᠠᠭᠤ ᠬᠦᠴᠢᠷᠳᠡᠯᠳᠡᠢ ᠴᠠᠭ ᠦᠶ᠎ᠡ ᠳᠤ ᠡᠬᠡ ᠤᠯᠤᠰ ᠲᠠᠭᠠᠨ ᠠᠮᠤ ᠪᠤᠳᠠᠭ᠎ᠠ ᠠᠳᠤᠭᠤ ᠮᠠᠯ ᠢᠶᠠᠨ ᠬᠠᠨᠳᠢᠪᠯᠠᠬᠰᠠᠨ ᠠᠴᠠ 3000 ᠦᠨᠦᠴᠢᠨ ᠬᠡᠤᠬᠡᠳ ᠢ ᠲᠠᠯ᠎ᠠ ᠨᠤᠲᠤᠭ ᠲᠠᠭᠠᠨ ᠲᠤᠰᠴᠤ ᠠᠪᠴᠢᠷᠠᠭᠰᠠᠨ᠂  ᠬᠦᠴᠦᠨ ᠢᠶᠠᠨ ᠬᠠᠮᠲᠤᠳᠬᠠᠨ ᠪᠤᠭᠤᠲᠤ ᠶᠢᠨ ᠪᠤᠯᠤᠳ ᠲᠡᠮᠦᠷ ᠤᠨ ᠦᠢᠯᠡᠳᠪᠦᠷᠢ ᠶᠢ ᠪᠠᠶᠢᠭᠤᠯᠤᠭᠰᠠᠨ ᠠᠴᠠ ᠦᠩ ᠰᠢᠮᠡᠯᠢᠭ ᠪᠡᠯᠴᠢᠬᠡᠷ ᠢᠶᠠᠨ ᠰᠠᠨᠰᠠᠷ ᠤᠨ ᠦᠢᠯᠡᠰ ᠲᠤ ᠵᠤᠷᠢᠭᠤᠯᠳᠠᠯ᠎ᠠ ᠁ ᠡᠨᠡᠬᠦ ᠠᠵᠢᠨᠠᠢ ᠬᠦᠯᠦᠭ ᠮᠠᠨᠢ ᠰᠢᠳᠤᠷᠭᠤ ᠵᠢᠷᠤᠮ ᠲᠠᠢ ᠳᠠᠪᠬᠢᠭᠰᠠᠭᠠᠷ᠃      ᠮᠠᠯᠵᠢᠬᠤ ᠤᠷᠤᠨ ᠤ ᠠᠷᠠᠳᠴᠢᠯᠠᠬᠰᠠᠨ ᠦᠬᠡᠷᠡᠴᠢᠯᠡᠯᠳᠡ ᠳᠤᠮᠳᠠᠬᠢ ︽ᠳᠡᠮᠡᠴᠡᠬᠦ ᠦᠬᠡᠢ᠂ ᠬᠤᠪᠢᠶᠠᠷᠢᠯᠠᠬᠤ ᠦᠬᠡᠢ᠂ ᠠᠩᠬᠢ ᠬᠤᠪᠢᠶᠠᠬᠤ ᠦᠬᠡᠢ᠂ ᠮᠠᠯᠴᠢᠨ ᠮᠠᠯ ᠤᠨ ᠡᠵᠡᠨ ᠬᠤᠶᠠᠷ ᠲᠤ ᠠᠰᠢᠭᠳᠠᠢ︾ ᠲᠦᠷᠦ ᠶᠢᠨ ᠪᠤᠳᠤᠯᠭ᠎ᠠ ᠠᠴᠠ ᠨᠡᠶᠢᠭᠡᠮ ᠵᠢᠷᠤᠮ ᠤᠨ ᠦᠬᠡᠷᠡᠴᠢᠯᠡᠯᠳᠡ ᠳᠤᠮᠳᠠ ︽ᠲᠦᠷᠦ ᠶᠢᠨ ᠪᠤᠳᠤᠯᠭ᠎ᠠ ᠯᠠᠪᠳᠠᠭᠤᠨ᠂ ᠠᠷᠭ᠎ᠠ ᠬᠡᠮᠵᠢᠶ᠎ᠠ ᠨᠢ ᠦᠷᠬᠡᠨ᠂ ᠴᠠᠭ ᠨᠢ ᠤᠷᠳᠤ︾ ᠮᠠᠯ ᠠᠵᠤ ᠠᠬᠤᠢ ᠶᠢᠨ ᠦᠬᠡᠷᠡᠴᠢᠯᠡᠯᠳᠡ ᠶᠢᠨ ᠴᠢᠭᠯᠡᠯ ᠬᠦᠷᠳᠡᠯ᠎ᠡ︔ ᠦᠬᠡᠷᠡᠴᠢᠯᠡᠯᠳᠡ ᠨᠡᠬᠡᠬᠡᠯᠳᠡ ᠶᠢᠨ ᠳᠠᠷᠠᠭ᠎ᠠ᠂ ᠪᠦᠬᠦ ᠤᠯᠤᠰ ᠲᠤ ︽ᠮᠠᠯ ᠪᠡᠯᠴᠢᠬᠡᠷ ᠤᠨ ᠬᠤᠤᠰ ᠳᠠᠭᠠᠭᠠᠴᠢᠯᠠᠯᠳᠠ︾᠎ ᠶᠢᠨ ᠲᠦᠷᠦ ᠶᠢᠨ ᠪᠤᠳᠤᠯᠭ᠎ᠠ ᠶᠢ ᠳᠡᠷᠢᠬᠦᠯᠡᠨ ᠬᠡᠷᠡᠭᠵᠢᠬᠦᠯᠦᠭᠰᠡᠨ᠂ ᠰᠢᠨ᠎ᠡ ᠵᠠᠭᠤᠨ ᠳᠤ ᠠᠵᠤ ᠠᠬᠤᠢ ᠶᠢᠨ ᠨᠡᠮᠡᠭᠳᠡᠯ ᠨᠢ 8 ᠵᠢᠯ ᠲᠠᠷᠠᠭᠠᠯᠠᠨ ᠪᠦᠬᠦ ᠤᠯᠤᠰ ᠲᠤ ᠲᠦᠷᠦᠬᠦᠯᠡᠭᠰᠡᠨ ᠁ ᠡᠨᠡᠬᠦ ᠠᠵᠢᠨᠠᠢ ᠬᠦᠯᠦᠭ ᠡᠷᠡᠮᠡᠬᠡᠶᠢᠯᠡᠨ ᠲᠠᠪᠬᠢᠬᠰᠠᠭᠠᠷ᠃      ︽ᠬᠤᠨᠢ ᠨᠡᠬᠦᠷᠡᠰᠦ ᠭᠠᠵᠠᠷ ᠰᠢᠷᠤᠢ ᠪᠠᠶᠢᠭᠠᠯᠢ ᠶᠢᠨ ᠰᠢᠳᠠᠮᠠᠬᠠᠢ ᠬᠡᠢ︾᠎ ᠳᠤ ᠲᠦᠰᠢᠭᠯᠡᠵᠦ ᠠᠵᠤ ᠠᠬᠤᠢ ᠪᠠᠨ ᠨᠡᠮᠡᠭᠳᠡᠬᠦᠯᠵᠦ ᠪᠠᠶᠢᠭᠰᠠᠨ ᠠᠴᠠ ᠪᠠᠨ ᠤᠳᠤ ᠡᠬᠢ ᠪᠠᠶᠠᠯᠢᠭ ᠤᠨ ᠴᠢᠨᠠᠷᠳᠠᠢ ᠠᠵᠤ ᠦᠢᠯᠡᠰ ᠤᠨ ᠬᠡᠯᠬᠢᠶᠡᠵᠢᠯ ᠢ ᠤᠷᠳᠤᠳᠬᠠᠨ᠂ ᠡᠬᠢ ᠪᠡᠶᠠᠯᠢᠭ ᠢ ᠤᠨᠳᠤᠤᠰᠢᠭᠤᠯᠤᠨ ᠦᠷᠲᠡᠭ ᠢ ᠨᠡᠮᠡᠭᠳᠡᠭᠦᠯᠬᠦ ᠲᠤᠮᠤ ᠶᠠᠪᠤᠳᠠᠯ ᠢ ᠰᠠᠶᠢᠲᠤᠷ ᠬᠢᠵᠦ ᠪᠤᠢ︔ ︽ᠵᠦᠪᠬᠡᠨ ᠨᠡᠭᠦᠷᠡᠰᠦ ᠪᠠᠷ ᠭᠤᠤᠯᠳᠠᠭᠤᠯᠬᠤ︾ ᠠᠵᠤ ᠦᠢᠯᠡᠰ ᠤᠨ ᠪᠠᠶᠢᠢᠷᠢᠰᠢᠯ ᠠᠴᠠ ᠪᠠᠨ ᠤᠯᠠᠨ ᠡᠰᠢᠵᠢᠯᠳᠡ ᠶᠢᠨ ᠬᠦᠭᠵᠢᠯᠳᠡ᠂ ᠤᠯᠠᠨ ᠲᠦᠢᠯᠳᠤ ᠳᠤᠯᠭᠠᠭᠤᠷᠢᠯᠠᠯ ᠤᠨ ᠤᠳᠤ ᠦᠶ᠎ᠠ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠲᠠᠯ᠎ᠠ ᠁ ᠡᠨᠡᠬᠦ ᠠᠵᠢᠨᠠᠢ ᠬᠦᠯᠦᠭ ᠴᠠᠭ᠎ᠠ ᠦᠶ᠎ᠡ ᠲᠠᠢ ᠵᠡᠷᠭᠡᠪᠡᠷ ᠤᠷᠤᠭᠰᠢᠯᠠᠨ᠎ᠠ᠃      ᠲᠡᠤᠬᠡ ᠶᠢᠨ ᠤᠷᠳᠤ ᠮᠦᠷᠡᠨ ᠢ ᠲᠠᠶᠢᠪᠤᠩ ᠠᠵᠢᠬᠯᠠᠬᠤ ᠳᠤ ᠨᠠᠮ ᠲᠦᠯᠬᠡᠨ ᠪᠠᠶᠢᠵᠤ᠂ ᠬᠡᠨᠡᠳᠳᠠ ᠡᠷᠬᠢᠵᠤ ᠬᠠᠷᠠᠬᠤ ᠳᠤ ᠯᠡ ᠰᠠᠶ᠋ᠢ ᠲᠡᠬᠦᠨ ᠤ ᠰᠦᠷ ᠳᠠᠯᠠᠶᠢᠴᠠ ᠶᠢ ᠤᠯᠵᠤ ᠮᠡᠳᠡᠷᠡᠬᠦ ᠶᠤᠮ᠃ 70 ᠵᠢᠯ ᠤᠨ ᠲᠡᠤᠬᠡᠨ ᠶᠠᠪᠤᠴᠠ ᠳᠤ᠂ ᠤᠯᠠᠨ ᠠᠷᠪᠢᠨ ᠬᠦᠮᠦᠰ ᠢ ᠭᠠᠶᠢᠬᠠᠰᠢ ᠠᠯᠳᠠᠭᠤᠯᠤᠮ᠎ᠠ ᠤᠨᠤᠯᠵᠢᠬᠤᠨ ᠤ ᠰᠢᠪᠳᠤᠯᠤᠯᠳᠠ ᠠᠭᠤᠯᠤᠭᠳᠠᠵᠤ᠂ ᠤᠯᠠᠨ ᠠᠷᠪᠢᠨ ᠲᠠᠩᠭᠠᠷᠢᠭ ᠠᠴᠠ ᠪᠠᠨ ᠦᠯᠦ ᠪᠤᠴᠠᠬᠤ ᠤᠷᠬᠢᠯᠦᠮ᠎ᠠ ᠰᠡᠳᠬᠢᠯᠬᠡ ᠢᠯᠡᠷᠡᠯ᠎ᠠ᠃ ᠦᠪᠦᠷ ᠮᠤᠩᠭᠤᠯ 70 ᠵᠢᠯ ᠤᠨ ᠤᠷᠳᠤ ᠠᠶᠠᠨ ᠳᠤ ᠨᠢᠬᠡᠨ ᠬᠠᠭᠤᠳᠠᠰᠤ ᠰᠦᠷ ᠳᠠᠯᠠᠶᠢᠴᠢᠲᠠᠢ ᠲᠡᠤᠬᠡ ᠶᠢᠨ ᠦᠵᠡᠮᠵᠢ ᠵᠢᠷᠤᠭ ᠢ ᠵᠢᠷᠤᠭᠯᠠᠵᠠᠢ᠃      ︵ᠭᠤᠷᠪᠠ︶ 1947 ᠤᠨ ᠤ 7 ᠳ᠋ᠤᠭᠠᠷ ᠰᠠᠷ᠎ᠠ ᠳᠤ᠂ ᠡᠬᠡ ᠤᠯᠤᠰ ᠲᠠᠭᠠᠨ ᠬᠠᠶᠢᠷᠠᠲᠠᠢ ᠳᠤᠮᠳᠠᠳᠤ ᠶᠢᠨ ᠬᠠᠷᠢᠶᠠᠳᠤ ᠴᠧᠨ ᠵᠢᠶᠠ ᠭᠧᠩ ᠠᠪᠤᠭᠠᠢ ᠤᠯᠠᠭᠠᠨᠬᠤᠳᠠ ᠳᠤ ᠠᠶᠢᠯᠴᠢᠯᠠᠪᠠ᠃ ᠲᠡᠷᠡᠪᠡᠷ ︽ᠰᠢᠨ᠎ᠠ ᠳᠤᠮᠳᠠᠳᠤ ᠤᠯᠤᠰ ᠤᠨ ᠳᠤᠬᠠᠢ ᠦᠵᠡᠯᠳᠡ ᠲᠦᠷᠦᠭᠳᠡᠯ ᠤᠨ ᠳᠡᠬᠦᠪᠦᠷᠢ︾ ᠬᠡᠬᠦ ᠨᠤᠮ ᠳᠠᠭᠠᠨ᠄ ᠪᠢᠳᠡ ᠡᠨᠡ ᠤᠳᠠᠭ᠎ᠠ ᠦᠪᠦᠷ ᠮᠤᠩᠭᠤᠯ ᠳᠤ ᠤᠴᠢᠭᠠᠳ ᠮᠠᠰᠢ ᠬᠦᠨ ᠰᠠᠭᠤᠭᠳᠠᠯ ᠲᠠᠢ ᠪᠤᠯᠵᠠᠢ᠃ ᠡᠨᠡ ᠪᠤᠯ ᠮᠤᠩᠭᠤᠯ ᠬᠢᠳᠠᠳ ᠠᠬ᠎ᠠ ᠳᠡᠬᠦᠦ ᠶᠢᠨ ᠳᠤᠳᠤᠨᠤ ᠬᠠᠪᠰᠤᠷᠤᠯᠭ᠎ᠠ ᠶᠢᠨ ᠢᠯᠡᠷᠡᠯ ᠪᠤᠯᠤᠨ᠎ᠠ᠃ ᠶᠠᠮᠠᠷ ᠴᠤ ᠤᠴᠢᠷ ᠲᠤ ᠬᠡᠳ ᠬᠡᠷᠡᠯᠳᠦᠵᠦ ᠶᠠᠷᠬᠢᠬᠤ ᠦᠬᠡᠢ᠂ ᠰᠢᠢᠳᠪᠦᠷᠢᠯᠡᠬᠦ ᠳᠤ ᠬᠦᠴᠢᠷ ᠶᠠᠪᠤᠳᠠᠯ ᠳᠤᠬᠢᠶᠠᠯᠳᠤᠪᠠᠯ ᠤᠯᠠᠨ ᠢᠶᠠᠷ ᠢᠶᠠᠨ ᠡᠶ᠎ᠡ ᠨᠠᠶᠢᠷᠲᠠᠢ ᠬᠤᠷᠠᠯ ᠬᠢᠵᠦ ᠪᠠᠶᠢᠭᠠᠳ ᠵᠦᠪᠳᠡᠨ ᠶᠠᠷᠢᠯᠴᠠᠨ᠎ᠠ᠃ ᠡᠳᠡᠬᠡᠷ ᠨᠢ ᠦᠨᠳᠦᠰᠦᠳᠡᠨ ᠨᠦᠭᠦᠳ ᠪᠦᠯᠬᠦᠮᠳᠡᠯ ᠲᠠᠢ ᠡᠶ᠎ᠡ ᠨᠠᠶᠢᠷᠲᠠᠢ ᠪᠠᠶᠢᠬᠤ ᠶᠢ ᠬᠠᠷᠠᠭᠤᠯᠵᠤ ᠪᠤᠢ᠂ ᠡᠨᠡ ᠪᠤᠯ ᠲᠤᠩ ᠦᠨᠡᠯᠡᠨ ᠮᠠᠭᠳᠠᠭᠤᠰᠢᠳᠠᠢ ᠶᠠᠪᠤᠳᠠᠯ ᠪᠤᠯᠤᠨ᠎ᠠ ᠬᠡᠵᠦ ᠪᠢᠴᠢᠵᠡᠢ᠃      ᠮᠠᠨ ᠤ ᠤᠯᠤᠰ ᠤᠨ ᠦᠨᠳᠦᠰᠦᠳᠡᠨ ᠤ ᠤᠷᠤᠨ ᠤ ᠦᠪᠡᠷᠳᠡᠬᠡᠨ ᠵᠠᠰᠠᠬᠤ ᠪᠠᠶᠢᠭᠤᠯᠤᠯ ᠤᠨ ᠡᠬᠦᠰᠦᠯ ᠤᠨ ᠤᠷᠤᠨ ᠪᠤᠯᠤᠭᠰᠠᠨ ᠤ ᠬᠤᠪᠢ ᠳᠤ᠂ 70 ᠵᠢᠯ ᠤᠨ ᠳᠤᠷᠰᠢ᠂ ᠦᠪᠦᠷ ᠮᠤᠩᠭᠤᠯ ᠨᠢ ᠦᠨᠳᠦᠰᠦᠳᠡᠨ ᠤ ᠤᠷᠤᠨ ᠤ ᠦᠪᠡᠷᠳᠡᠬᠡᠨ ᠵᠠᠰᠠᠬᠤ ᠪᠠᠶᠢᠭᠤᠯᠤᠯ ᠢ ᠳᠠᠰᠤᠷᠠᠯᠳᠠ ᠦᠬᠡᠢ ᠪᠠᠷᠢᠮᠳᠠᠯᠠᠨ ᠳᠡᠬᠦᠯᠳᠡᠷᠵᠢᠬᠦᠯᠵᠦ᠂ ︽ᠵᠢᠱᠢᠶᠡᠴᠢ ᠦᠪᠡᠷᠳᠡᠬᠡᠨ ᠵᠠᠰᠬᠠᠤ ᠤᠷᠤᠨ︾᠎ ᠤ ᠠᠯᠳᠠᠨ ᠲᠡᠮᠳᠡᠭ ᠨᠢ ᠬᠡᠷᠡᠯ ᠰᠠᠴᠤᠷᠠᠨ ᠬᠢᠯᠡᠯᠵᠡᠨ᠎ᠡ᠃      ᠡᠨᠡ ᠪᠤᠯ ᠦᠨᠳᠦᠰᠦᠳᠡᠨ ᠤ ᠤᠷᠤᠨ ᠤ ᠦᠪᠡᠷᠳᠡᠬᠡᠨ ᠵᠠᠰᠬᠠᠤ ᠶᠢ ᠬᠦᠢᠴᠡᠳ ᠬᠡᠷᠡᠭᠵᠢᠬᠦᠯᠦᠭᠰᠡᠨ 70 ᠵᠢᠯ ᠪᠤᠯᠤᠨ᠎ᠠ᠃ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠳᠡᠨ ᠤ ᠤᠷᠤᠨ ᠤ ᠦᠪᠡᠷᠳᠡᠬᠡᠨ ᠵᠠᠰᠠᠬᠤ ᠬᠠᠤᠯᠢ︾᠎ ᠶᠢ ᠨᠡᠶᠢᠲᠡᠯᠡᠵᠦ ᠬᠡᠷᠡᠭᠵᠢᠬᠦᠯᠦᠭᠰᠡᠨ ᠤ ᠳᠠᠷᠠᠭ᠎ᠠ᠂ ᠤᠳᠤ ᠨᠢᠬᠡᠨᠳᠡ ᠳᠤᠭᠳᠠᠭᠠᠨ ᠪᠦᠳᠦᠮᠵᠢᠳᠡᠢ ᠬᠡᠷᠡᠭᠵᠢᠬᠦᠯᠵᠦ ᠪᠠᠶᠢᠭ᠎ᠠ ᠤᠷᠤᠨ ᠨᠤᠳᠤᠭ ᠤᠨ ᠴᠢᠨᠠᠷᠳᠠᠢ ᠬᠠᠤᠯᠢ ᠲᠦᠷᠢᠮ 181 ᠬᠤᠪᠢ ᠪᠤᠯᠵᠤ᠂ ᠤᠷᠤᠨ ᠨᠤᠳᠤᠭ ᠤᠨ ᠴᠢᠨᠠᠷᠳᠠᠢ ᠬᠠᠤᠯᠢ ᠳᠦᠷᠢᠮ ᠪᠠ ᠲᠤᠰᠬᠠᠢ ᠬᠡᠷᠡᠭᠵᠢᠬᠦᠯᠵᠦ ᠪᠠᠶᠢᠭ᠎ᠠ ᠲᠦᠷᠢᠮ ᠳᠤᠭᠳᠠᠭᠠᠯ ᠢ 171 ᠵᠦᠪᠰᠢᠶᠡᠷᠡᠵᠦ᠂ ᠨᠡᠯᠢᠶᠡᠳ ᠪᠦᠷᠢᠨ ᠪᠦᠳᠦᠨ ᠦᠨᠳᠦᠰᠦᠳᠡᠨ ᠤ ᠭᠠᠵᠠᠷ ᠤᠷᠤᠨ ᠤ ᠬᠠᠤᠯᠢ ᠲᠦᠷᠢᠮ ᠳᠤᠭᠳᠠᠭᠠᠯ ᠤᠨ ᠰᠢᠰᠲ᠋ᠧᠮ ᠢ ᠪᠦᠷᠢᠯᠳᠦᠭᠦᠯᠦᠭᠰᠡᠨ ᠪᠠᠶᠢᠨ᠎ᠠ᠃      ᠡᠨᠡ ᠪᠤᠯ ᠴᠦᠬᠡᠨ ᠳᠤᠭᠠᠳᠤ ᠦᠨᠳᠦᠰᠦᠳᠡᠨ ᠤ ᠺᠠᠳ᠋ᠷ ᠢ ᠶᠡᠬᠡᠪᠡᠷ ᠬᠦᠮᠦᠵᠢᠬᠦᠯᠵᠦ ᠬᠡᠷᠡᠭᠯᠡᠭᠰᠡᠨ 70 ᠵᠢᠯ ᠪᠤᠯᠤᠨ᠎ᠠ᠃ ᠮᠠᠨ ᠤ ᠤᠷᠤᠨ ᠴᠦᠬᠡᠨ ᠳᠤᠭᠠᠳᠤ ᠦᠨᠳᠦᠰᠦᠳᠡᠨ ᠤ ᠺᠠᠳ᠋ᠷ ᠢ ᠬᠦᠮᠦᠵᠢᠬᠦᠯᠵᠦ ᠬᠡᠷᠡᠭᠯᠡᠬᠦ ᠶᠢ ᠢᠮᠠᠭᠳᠠ ᠦᠨᠳᠦᠰᠦᠳᠡᠨ ᠤ ᠤᠷᠤᠨ ᠤ ᠦᠪᠡᠷᠳᠡᠬᠡᠨ ᠵᠠᠰᠬᠠᠤ ᠪᠠᠶᠢᠭᠤᠯᠤᠯ ᠢ ᠳᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠭᠤᠤᠯᠳᠠᠯᠭ᠎ᠠ ᠪᠤᠯᠭᠠᠵᠤ᠂ ᠴᠦᠬᠡᠨ ᠳᠤᠭᠠᠳᠤ ᠦᠨᠳᠦᠰᠦᠳᠡᠨ ᠤ ᠺᠠᠳ᠋ᠷ ᠪᠠ ᠴᠢᠳᠠᠪᠤᠷᠢᠳᠠᠨ ᠤ ᠡᠩᠨᠡᠭᠡ ᠶᠢᠨ ᠪᠠᠶᠢᠭᠤᠯᠤᠯᠲᠠ ᠶᠢ ᠳᠠᠰᠤᠷᠠᠯᠳᠠ ᠦᠬᠡᠢ ᠴᠢᠩᠭᠠᠳᠬᠠᠪᠠ᠃ ᠤᠳᠤᠬᠠᠨ ᠳᠤ᠂ ᠪᠦᠬᠦ ᠤᠷᠤᠨ ᠤ ᠴᠦᠬᠡᠨ ᠳᠤᠭᠠᠳᠤ ᠦᠨᠳᠦᠰᠦᠳᠡᠨ ᠤ ᠺᠠᠳ᠋ᠷ ᠪᠠᠷᠤᠭ ᠺᠠᠳ᠋ᠷ ᠤᠨ ᠶᠡᠷᠦᠩᠬᠡᠢ ᠳᠤᠭ᠎ᠠ ᠶᠢᠨ 33%᠎ ᠢ ᠡᠵᠡᠯᠡᠵᠦ᠂ ᠪᠦᠬᠦ ᠤᠷᠤᠨ ᠤ ᠴᠦᠬᠡᠨ ᠳᠤᠭᠠᠳᠤ ᠦᠨᠳᠦᠰᠦᠳᠡᠨ ᠤ ᠬᠦᠮᠦᠨ ᠠᠮᠠ ᠶᠢᠨ ᠡᠵᠡᠯᠡᠬᠦ ᠬᠠᠷᠢᠴᠠᠯ ᠠᠴᠠ ᠦᠨᠳᠦᠷ ᠪᠠᠶᠢᠵᠤ᠂ ᠦᠪᠦᠷ ᠮᠤᠩᠭᠤᠯ ᠤᠨ ᠡᠯ᠎ᠠ ᠲᠦᠷᠦᠯ ᠤᠨ ᠦᠢᠯᠡᠰ ᠤᠨ ᠬᠦᠭᠵᠢᠯᠲᠡ ᠳᠤ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠵᠠᠢ᠃      ᠡᠨᠡ ᠪᠤᠯ ᠨᠡᠶᠢᠭᠡᠮ ᠵᠢᠷᠤᠮ ᠤᠨ ᠦᠨᠳᠦᠰᠦᠳᠠᠨ ᠤ ᠬᠠᠷᠢᠴᠠᠭ᠎ᠠ ᠶᠢ ᠪᠠᠬᠢᠵᠢᠬᠦᠯᠵᠤ ᠬᠦᠭᠵᠢᠬᠦᠯᠦᠭᠰᠡᠡ 70 ᠵᠢᠯ ᠪᠤᠯᠤᠨ᠎ᠠ᠃ 8 ᠤᠳᠠᠭ᠎ᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠦᠬᠢᠭᠦᠯᠦᠯ ᠤᠨ ᠶᠡᠭᠡ ᠬᠤᠷᠠᠯ᠂ 9 ᠬᠤᠭᠤᠴᠠᠭᠠᠨ ᠤ ᠴᠦᠭᠡᠨ ᠲᠤᠭᠠᠲᠤ ᠦᠨᠳᠦᠰᠦᠲᠡᠨ ᠤ ᠤᠯᠠᠮᠵᠢᠯᠠᠯᠳᠤ ᠲᠠᠮᠢᠷ ᠤᠨ ᠴᠤᠭᠯᠠᠭᠠᠨ᠂ 33 ᠦᠨᠳᠦᠰᠦᠳᠠᠨ ᠤ ᠪᠦᠯᠬᠦᠮᠳᠡᠯ ᠲᠠᠪᠰᠢᠯᠳᠠ ᠶᠢᠨ ᠠᠵᠢᠯᠯᠠᠭᠠᠨ ᠤ ᠰᠠᠷ᠎ᠠ ᠁ ᠡᠯᠪᠡᠭ ᠪᠠᠶᠠᠯᠢᠭ ᠦᠨᠳᠦᠰᠦᠳᠠᠨ ᠤ ᠪᠦᠯᠬᠦᠮᠳᠡᠯ ᠲᠠᠪᠰᠢᠯᠳᠠ ᠶᠢᠨ ᠡᠬᠦᠳᠦᠯᠳᠠ ᠶᠢᠨ ᠠᠵᠢᠯᠯᠠᠭ᠎ᠠ ᠨᠢ ︽ᠭᠤᠷᠪᠠᠨ ᠰᠠᠯᠵᠤ ᠴᠢᠳᠠᠰᠢ ᠦᠬᠡᠢ︾᠂ ︽ᠲᠠᠪᠤᠨ ᠦᠨᠡᠯᠡᠯᠳᠠ︾᠎ ᠶᠢᠨ ᠦᠵᠡᠯ ᠰᠠᠨᠠᠭ᠎ᠠ ᠶᠢ ᠬᠦᠮᠦᠰ ᠤᠨ ᠰᠡᠳᠬᠢᠯ ᠳᠤ ᠭᠦᠨᠵᠡᠭᠡᠶᠢᠷᠡᠭᠦᠯᠵᠦ᠂ ︽ᠲᠠᠯ᠎ᠠ ᠨᠤᠳᠤᠭ ᠤᠨ ᠬᠦᠪᠡᠬᠦᠳ ᠦᠬᠢᠳ ᠨᠠᠮ ᠢᠶᠠᠨ ᠲᠠᠭᠠᠬᠤ︾ ᠰᠡᠳᠬᠢᠯᠬᠡ ᠨᠢ ᠦᠨᠳᠦᠰᠦᠳᠠᠨ ᠨᠦᠭᠦᠳ ᠤᠨ ᠺᠠᠳ᠋ᠷ ᠤᠯᠠᠨ ᠲᠦᠮᠡᠨ ᠤ ᠴᠢᠰᠤᠨ ᠰᠤᠳᠠᠯ ᠳᠤᠨᠢ ᠠᠭᠤᠰᠴᠤ᠂ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠠ ᠡᠶ᠎ᠡ ᠵᠤᠬᠢᠴᠠᠩᠭᠤᠢ ᠨᠡᠶᠢᠭᠡᠮ ᠵᠢᠷᠤᠮ ᠤᠨ ᠦᠨᠳᠦᠰᠦᠳᠠᠨ ᠤ ᠬᠠᠷᠢᠴᠠᠭ᠎ᠠ ᠦᠨᠡᠨᠬᠦ ᠪᠠᠬᠢᠵᠢᠵᠦ ᠴᠢᠳᠠᠭᠰᠠᠨ ᠪᠠᠶᠢᠨ᠎ᠠ᠃      ᠦᠨᠳᠦᠰᠦᠳᠠᠨ ᠤ ᠤᠷᠤᠨ ᠤ ᠦᠪᠡᠷᠳᠡᠬᠡᠨ ᠵᠠᠰᠠᠬᠤ ᠪᠠᠶᠢᠭᠤᠯᠤᠯ ᠨᠢ ᠦᠪᠦᠷ ᠮᠤᠩᠭᠤᠯ ᠬᠡᠮᠡᠬᠦ ᠠᠵᠢᠨᠠᠢ ᠬᠦᠯᠦᠭ ᠲᠤ ᠤᠮᠤᠭᠯᠠᠩ ᠲᠠᠪᠬᠢᠬᠤ ᠲᠠᠷᠳᠠᠩ ᠵᠠᠮ ᠢ ᠲᠡᠪᠢᠰᠴᠤ ᠦᠭᠬᠦᠭᠰᠡᠨ ᠪᠦᠬᠡᠳ ᠲᠤᠮᠳᠠᠳᠤ ᠶᠢᠨ ᠦᠨᠳᠦᠰᠦᠳᠠᠨ ᠤ ᠬᠠᠮᠳᠤᠪᠠᠷ ᠪᠦᠯᠬᠦᠮᠳᠡᠨ ᠲᠡᠮᠡᠴᠡᠬᠦ᠂ ᠬᠠᠮᠲᠤᠪᠠᠷ ᠴᠡᠴᠡᠭᠯᠡᠨ ᠬᠦᠭᠵᠢᠬᠦ ᠳᠤ ᠰᠠᠷᠠᠭᠤᠯ ᠵᠠᠮ ᠢ ᠳᠡᠪᠢᠰᠴᠦ᠂ ᠨᠡᠩ ᠴᠤ ᠳᠡᠯᠡᠬᠡᠢ ᠳ᠋ᠠᠬᠢᠨ ᠳᠤ ᠤᠯᠠᠨ ᠦᠨᠳᠦᠰᠦᠲᠡᠨ ᠲᠠᠢ ᠤᠯᠤᠰ ᠤᠨ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ︽ᠳᠤᠮᠳᠠᠳᠤ ᠶᠢᠨ ᠲᠦᠰᠦᠯ︾᠎ ᠢ ᠬᠠᠩᠭᠠᠭᠰᠠᠨ ᠪᠠᠶᠢᠨ᠎ᠠ᠃      ︵ᠲᠦᠷᠪᠠ︶ ᠦᠪᠦᠷ ᠮᠤᠩᠭᠤᠯ ᠤᠨ 70 ᠵᠢᠯ ᠤᠨ ᠬᠢᠯᠠᠯᠵᠠᠬᠰᠠᠨ ᠠᠮᠵᠢᠯᠳᠠ ᠪᠦᠳᠦᠮᠵᠢ ᠨᠢ ᠡᠬᠡᠬᠡ ᠯᠡ ᠬᠡᠷᠡᠯᠳᠤ ᠰᠤᠪᠤᠳ ᠰᠢᠬ ᠢᠶᠠᠷ ᠲᠡᠤᠬᠡ ᠶᠢᠨ ᠤᠷᠤᠰᠬᠠᠯ ᠳᠤ ᠬᠢᠯᠠᠯᠵᠠᠨ᠎ᠠ᠃      ᠭᠤᠯᠳᠤ  ᠴᠢᠭᠯᠡᠯ ᠢᠶᠠᠷ ᠬᠠᠷᠢᠴᠠᠭᠤᠯᠪᠠᠯ᠂ ᠮᠠᠨ ᠤ ᠤᠷᠤᠨ ᠤ ᠲᠡᠤᠬᠡ ᠶᠢᠨ ᠦᠷᠢᠰᠦᠯᠳᠦᠭᠡᠨ ᠢ ᠤᠯᠵᠤ ᠬᠠᠷᠠᠨ᠎ᠠ —      2016 ᠤᠨ ᠳᠤ᠂ ᠮᠠᠨ ᠤ ᠤᠷᠤᠨ ᠤ ᠦᠢᠯᠡᠳᠪᠤᠷᠢᠯᠡᠯ ᠤᠨ ᠶᠡᠷᠦᠩᠬᠡᠢ ᠦᠷᠳᠡᠭ 1.86 ᠲᠦᠮᠡᠨ ᠳ᠋ᠦᠩᠰᠢᠭᠤᠷ ᠲᠦᠬᠦᠷᠢᠭ ᠲᠤ ᠬᠦᠷᠴᠤ᠂ ᠬᠠᠷᠢᠴᠠᠭᠤᠯᠵᠤ ᠪᠤᠳᠤᠪᠠᠯ 1947 ᠤᠨ ᠤ ᠬᠢ ᠠᠴᠠ 642 ᠳᠠᠬᠢᠨ ᠨᠡᠮᠡᠭᠳᠡᠵᠡᠢ᠃      2016 ᠤᠨ ᠳᠤ ᠮᠠᠨ ᠤ ᠤᠷᠤᠨ ᠤ ᠬᠦᠮᠦᠨ ᠲᠤᠮᠳᠠᠴᠢ ᠶᠢᠨ ᠦᠢᠯᠡᠳᠪᠤᠷᠢᠯᠡᠯ ᠤᠨ ᠶᠡᠷᠦᠩᠬᠡᠢ ᠦᠷᠳᠡᠭ 74069 ᠲᠦᠬᠦᠷᠢᠭ ᠲᠤ ᠬᠦᠷᠴᠤ᠂ 1947 ᠤᠨ ᠤ ᠬᠢ ᠠᠴᠠ 145 ᠳᠠᠬᠢᠨ ᠨᠡᠮᠡᠭᠳᠡᠵᠡᠢ᠃      2016 ᠤᠨ ᠳᠤ ᠮᠠᠨ ᠤ ᠤᠷᠤᠨ ᠤ ᠨᠢᠬᠡᠳᠦᠬᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠪᠦᠳᠦᠴᠠ ᠶᠢᠨ ᠬᠠᠷᠢᠴᠠᠯ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ ᠡᠬᠢᠨ ᠤ ᠦᠶ᠎ᠠ ᠶᠢᠨ 71.4᠄ 11.3᠄ 17.6 ᠪᠠᠶᠢᠭᠰᠠᠨ ᠠᠴᠠ ᠪᠠᠨ 8.8᠄ 48.7᠄ 42.5 ᠪᠤᠯᠤᠨ ᠤᠯᠠᠷᠢᠵᠤ᠂ ᠮᠠᠯ ᠲᠠᠷᠢᠶᠠᠯᠠᠩ ᠢᠶᠠᠷ ᠭᠤᠤᠯᠯᠠᠵᠤ ᠪᠠᠶᠢᠭᠰᠠᠨ ᠠᠴᠠ ᠪᠠᠨ ᠨᠢᠬᠡᠳᠦᠬᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠵᠤᠬᠢᠴᠠᠩᠭᠤᠢ ᠬᠦᠭᠵᠢᠭᠰᠡᠨ ᠲᠡᠤᠬᠡᠲᠦ ᠴᠢᠨᠠᠷᠲᠠᠢ ᠬᠤᠪᠢᠷᠠᠯᠲᠠ ᠶᠢ ᠪᠡᠶᠡᠯᠡᠭᠦᠯᠵᠡᠢ᠃      2016 ᠤᠨ ᠳᠤ᠂ ᠮᠠᠨ ᠤ ᠤᠷᠤᠨ ᠤ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠤ ᠪᠤᠯᠬᠤ ᠤᠷᠤᠯᠭ᠎ᠠ ᠲᠤᠰᠪᠤᠷᠢ 32975 ᠲᠦᠬᠦᠷᠢᠭ ᠪᠤᠯᠤᠨ 11609 ᠲᠦᠬᠦᠷᠢᠭ ᠲᠤ ᠬᠦᠷᠴᠤ᠂ 1947 ᠤᠨ ᠤ ᠵᠠᠭᠤᠨ ᠲᠦᠬᠦᠷᠢᠭ ᠲᠤ ᠬᠦᠷᠬᠦ ᠦᠭᠡᠢ ᠪᠠᠶᠢᠭᠰᠠᠨ ᠯᠤᠭ᠎ᠠ ᠬᠠᠷᠢᠴᠠᠭᠤᠯᠪᠠᠯ ᠶᠤᠰᠤᠲᠠᠢ ᠲᠡᠭᠷᠢ ᠭᠠᠵᠠᠷ ᠤᠨ ᠵᠦᠷᠢᠶ᠎ᠡ ᠲᠠᠢ ᠪᠤᠯᠪᠠ᠃      ᠬᠦᠨᠳᠡᠯᠡᠨ ᠴᠢᠭᠯᠡᠯ ᠢᠶᠠᠷ ᠬᠠᠷᠢᠴᠠᠭᠤᠯᠪᠠᠯ᠂ ᠮᠠᠨ ᠤ ᠤᠷᠤᠨ ᠤ ᠪᠦᠬᠦ ᠤᠯᠤᠰ ᠲᠠᠬᠢ ᠤᠷᠤᠨ ᠪᠠᠶᠢᠷᠢ ᠶᠢ ᠤᠯᠵᠤ ᠬᠠᠷᠠᠨ᠎ᠠ  —      2016 ᠤᠨ ᠳᠤ᠂ ᠦᠪᠦᠷ ᠮᠤᠩᠭᠤᠯ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠠ ᠪᠦᠬᠦ ᠤᠯᠤᠰ ᠤᠨ ᠲᠤᠮᠳᠠ᠂ ᠪᠠᠷᠠᠭᠤᠨ ᠬᠡᠰᠡᠭ ᠤᠨ ᠮᠤᠵᠢ ᠤᠷᠤᠨ ᠤ ᠡᠮᠦᠨᠡᠬᠦᠷ ᠪᠠᠶᠢᠷᠢᠯᠠᠵᠤ᠂ ᠬᠦᠮᠦᠨ ᠲᠤᠮᠳᠠᠴᠢ ᠶᠢᠨ ᠦᠢᠯᠡᠳᠪᠤᠷᠢᠯᠡᠯ ᠤᠨ ᠶᠡᠷᠦᠩᠬᠡᠢ ᠦᠷᠳᠡᠭ ᠪᠦᠬᠦ ᠤᠯᠤᠰ ᠲᠤ ᠵᠢᠷᠭᠤᠳᠤᠭᠠᠷ ᠲᠤ ᠵᠢᠬᠰᠠᠪᠠ︔ ᠨᠡᠬᠦᠷᠡᠰᠤ᠂ ᠨᠡᠬᠦᠷᠡᠰᠤᠨ ᠲᠤᠰᠤ᠂ ᠨᠡᠬᠦᠷᠡᠰᠤ ᠪᠠᠷ ᠦᠢᠯᠡᠳᠦᠭᠰᠡᠡ ᠪᠠᠶᠢᠭᠠᠯᠢ ᠶᠢᠨ ᠰᠢᠳᠠᠮᠠᠬᠠᠢ ᠬᠡᠢ ᠶᠢᠨ ᠦᠢᠯᠡᠳᠪᠤᠷᠢᠯᠡᠯ ᠤᠨ ᠴᠢᠳᠠᠪᠬᠢ ᠬᠡᠮᠵᠢᠶ᠎ᠠ ᠪᠤᠯᠤᠨ ᠴᠠᠬᠢᠯᠭᠠᠨ ᠭᠠᠷᠭᠠᠬᠤ ᠲᠤᠨᠤᠭ ᠤᠨ ᠪᠠᠭᠳᠠᠭᠠᠮᠵᠢ᠂ ᠭᠠᠳᠠᠭᠰᠢ ᠭᠠᠷᠭᠠᠬᠤ ᠴᠠᠬᠢᠯᠭᠠᠨ ᠤ ᠬᠡᠮᠵᠢᠶ᠎ᠠ ᠴᠦᠮ ᠪᠦᠬᠦ ᠤᠯᠤᠰ ᠲᠤ ᠲᠦᠷᠦᠬᠦᠯᠡᠪᠠ︔ ᠲᠡᠮᠦᠷ ᠵᠠᠮ ᠤᠨ ᠡᠵᠡᠩᠨᠡᠯᠳᠠ ᠶᠢᠨ ᠪᠦᠬᠦ ᠤᠷᠳᠤ ᠶᠢᠨ ᠬᠡᠮᠵᠢᠶ᠎ᠠ ᠪᠦᠬᠦ ᠤᠯᠤᠰ ᠲᠤ ᠨᠢᠬᠡᠳᠦᠬᠡᠷ︔ ᠦᠨᠢᠶᠠᠨ ᠰᠦ᠂ ᠬᠤᠨᠢᠨ ᠮᠢᠬ᠎ᠠ ᠪᠤᠯᠤᠨ ᠨᠤᠯᠤᠤᠷ ᠤᠨ ᠦᠢᠯᠡᠳᠪᠤᠷᠢᠯᠡᠯ ᠤᠨ ᠬᠡᠮᠵᠢᠶ᠎ᠠ ᠴᠦᠮ ᠪᠦᠬᠦ ᠤᠯᠤᠰ ᠤᠨ ᠲᠦᠷᠦᠭᠦᠨ ᠳᠤ ᠵᠢᠭᠰᠠᠪᠠ᠃      ᠦᠨᠡᠨᠳᠡᠬᠡᠨ᠂ ᠦᠪᠦᠷ ᠮᠤᠩᠭᠤᠯ ᠨᠢ ᠲᠤᠮᠳᠠᠳᠤ ᠤᠯᠤᠰ ᠤᠨ ᠠᠵᠤ ᠠᠬᠤᠢ ᠶᠢᠨ ᠲᠡᠩᠨᠡᠬᠦᠷ ᠲᠡᠬᠡᠷ᠎ᠠ ᠬᠦᠨᠳᠤ ᠶᠢᠨ ᠵᠢᠩ ᠨᠢ ᠤᠯᠠᠮ ᠴᠢᠩᠭᠠᠷᠠᠵᠤ᠂ ᠲᠡᠯᠡᠬᠡᠢ ᠶᠢᠨ ᠲᠠᠪᠴᠠᠩ ᠲᠡᠬᠡᠷ᠎ᠠ ᠴᠤ ᠨᠠᠩ ᠤᠯᠠᠨ ︽ᠤᠷᠤᠰᠢᠬᠤᠢ ᠲᠦᠷᠦᠭᠳᠡᠯ︾ ᠦᠯᠡᠳᠡᠬᠡᠬᠦ ᠪᠤᠯᠤᠭᠰᠠᠠ ᠪᠠᠶᠢᠨ᠎ᠠ᠃      2017 ᠤᠨ ᠤ 3 ᠳ᠋ᠤᠭᠠᠷ ᠰᠠᠷ᠎ᠠ ᠶᠢᠨ ᠰᠡᠬᠦᠯᠴᠢ ᠳᠤ᠂ ᠢᠯᠢ ᠪᠦᠯᠦᠭᠯᠡᠯ ᠤᠨ ᠶᠡᠭᠡ ᠳᠠᠯᠠᠢ ᠶᠢᠨ ᠲᠢᠪ ᠲᠠᠬᠢ ᠦᠢᠯᠡᠳᠪᠤᠷᠢᠯᠡᠯ ᠤᠨ ᠰᠠᠭᠤᠷᠢᠨ ᠤ ᠬᠤᠶᠠᠳᠤᠭᠠᠷ ᠬᠤᠭᠤᠴᠠᠭᠠᠨ ᠤ ᠪᠠᠷᠢᠯᠭ᠎ᠠ ᠡᠬᠢᠯᠡᠵᠤ᠂ ᠮᠠᠨ ᠤ ᠤᠷᠤᠨ ᠤ ᠠᠵᠤ ᠠᠬᠤᠶᠢᠯᠠᠯ ᠤᠨ ᠲᠡᠯᠡᠬᠡᠢ ᠶᠢᠨ ᠲᠠᠪᠴᠠᠩ ᠳᠠᠬᠢ ᠭᠤᠴᠤ ᠲᠤᠭᠯᠠᠯᠳᠠ ᠶᠢ ᠦᠵᠡᠬᠦᠯᠪᠠ︔ 5 ᠳ᠋ᠤᠭᠠᠷ ᠰᠠᠷ᠎ᠠ ᠶᠢᠨ ᠰᠡᠬᠦᠯᠴᠢ ᠳᠤ᠂ ᠠᠹᠷᠢᠺᠠ ᠶᠢᠨ ᠡᠬᠡ ᠬᠠᠭᠤᠷᠠᠢ ᠳᠠᠬᠢ ᠠᠩᠬᠠᠳᠠᠭᠴᠢ ᠲᠤᠮᠳᠠᠳᠤ ᠤᠯᠤᠰ ᠤᠨ ᠦᠢᠯᠡᠳᠦᠭᠰᠡᠡ ᠲᠡᠮᠦᠷ ᠵᠠᠮ — ᠮᠤᠮᠪᠠᠰᠠ ᠭᠠᠷᠠᠮ ᠠᠴᠠ ᠨᠠᠶᠢᠷᠤᠪᠢ ᠬᠦᠷᠬᠦ ᠲᠡᠮᠦᠷ ᠵᠠᠮ ᠲᠡᠷᠭᠡ ᠨᠡᠪᠲᠡᠷᠡᠵᠦ᠂ ᠪᠤᠭᠤᠳᠤ ᠶᠢᠨ ᠪᠤᠯᠤᠳ ᠲᠡᠮᠦᠷ ᠤᠨ ᠦᠢᠯᠡᠳᠪᠤᠷᠢ 2 ᠲᠦᠮᠡ ᠭᠠᠷᠤᠢ ᠲᠤᠨ ᠤ ᠵᠠᠮ ᠲᠡᠮᠦᠷ ᠬᠠᠩᠭᠠᠵᠠᠢ︔ 7 ᠳ᠋ᠤᠭᠠᠷ ᠰᠠᠷ᠎ᠠ ᠶᠢᠨ 21᠎ ᠤ ᠡᠳᠦᠷ᠂ ᠭᠠᠳᠠᠭᠠᠳᠤ ᠶᠠᠪᠤᠳᠠᠯ ᠤᠨ ᠶᠠᠮᠤᠨ ᠤ ᠦᠪᠦᠷ ᠮᠤᠩᠭᠤᠯ ᠢ ᠪᠦᠬᠦ ᠪᠦᠮᠪᠦᠷᠴᠡᠭ ᠲᠤ ᠲᠠᠨᠢᠯᠴᠠᠭᠤᠯᠬᠤ ᠠᠵᠢᠯᠯᠠᠭ᠎ᠠ ᠲᠡᠬᠡᠷ᠎ᠠ᠂ ︽ᠦᠪᠦᠷ ᠮᠤᠩᠭᠤᠯ ᠤᠨ ᠬᠦᠭᠵᠢᠯᠳᠠ ᠶᠢᠨ ᠬᠤᠷᠳᠤᠴᠠ ᠦᠨᠡᠬᠡᠷ ᠲᠦᠷᠬᠡᠨ︾ ︽ᠦᠨᠡᠬᠡᠷ ᠴᠤ ᠨᠢᠬᠡᠨ ᠤᠴᠢᠵᠤ ᠪᠤᠯᠤᠮᠠᠷ ᠭᠠᠵᠠᠷ︾ ᠁ ᠭᠠᠳᠠᠭᠠᠳᠤ ᠶᠢᠨ ᠵᠠᠭᠤᠴᠢᠯᠠᠭᠤᠷ ᠤᠨ ᠬᠢᠨ ᠦᠪᠦᠷ ᠮᠤᠩᠭᠤᠯ ᠤᠨ ᠬᠦᠭᠵᠢᠯᠲᠡ ᠶᠢᠨ ᠦᠷ᠎ᠡ ᠪᠦᠲᠦᠮᠵᠢ ᠶᠢ ᠭᠠᠶᠢᠬᠠᠨ ᠪᠢᠰᠢᠷᠡᠨ᠎ᠡ᠃      ᠪᠢᠳᠡ ᠠᠯᠳᠠᠨ ᠠᠭᠤᠯᠠ ᠮᠦᠩᠬᠦᠨ ᠠᠭᠤᠯᠠ ᠶᠢ ᠠᠪᠬᠤ ᠪᠦᠬᠡᠳ ᠨᠠᠩ ᠴᠢᠬᠤᠯᠠ ᠨᠢ ᠬᠦᠬᠡᠮᠳᠦᠭ ᠨᠤᠭᠤᠭᠠᠨ ᠠᠭᠤᠯᠠ ᠤᠰᠤ ᠪᠠᠨ ᠠᠪᠤᠨ᠎ᠠ᠃ ᠦᠪᠦᠷ ᠮᠤᠩᠭᠤᠯ ︽ᠦᠵᠡᠰᠬᠦᠯᠡᠩᠳᠤ ᠰᠠᠶᠢᠬᠠᠨ ᠲᠠᠯ᠎ᠠ ᠨᠤᠳᠤᠭ︾ ᠭᠡᠳᠡᠭ ᠢᠶᠠᠨ ᠢᠮᠠᠭᠳᠠ ᠴᠡᠬᠡᠵᠢᠯᠡᠵᠤ᠂ ᠪᠤᠬᠢᠷᠳᠤᠯ ᠦᠬᠡᠢ ᠬᠦᠭᠵᠢᠯᠳᠠ ᠶᠢᠨ ᠵᠠᠮ ᠢ ᠢᠳᠡᠪᠬᠢᠳᠠᠢ ᠡᠷᠢᠯᠬᠢᠯᠡᠨ᠂ ᠪᠡᠬᠡᠵᠢᠩ ᠲᠢᠶᠠᠡᠵᠢᠨ ᠤ ᠡᠯᠡᠰᠤᠨ ᠤ ᠡᠬᠢ ᠶᠢ ᠵᠠᠰᠠᠬᠤ᠂ ︽ᠤᠮᠠᠷᠠᠳᠤ ᠶᠢᠨ ᠭᠤᠷᠪᠠᠨ ᠤᠷᠤᠨ︾᠎ ᠤ ᠬᠠᠯᠬᠠᠪᠴᠢ ᠤᠢ᠂ ᠪᠡᠯᠴᠢᠬᠡᠷᠯᠡᠬᠦᠯᠬᠦ ᠶᠢ ᠵᠤᠭᠰᠤᠭᠠᠵᠤ ᠡᠪᠡᠰᠤ ᠲᠠᠷᠢᠬᠤ᠂ ᠲᠠᠷᠢᠶᠠᠯᠠᠬᠤ ᠶᠢ ᠵᠤᠭᠰᠤᠭᠠᠠ ᠦᠢᠵᠢᠭᠤᠯᠬᠤ ᠵᠡᠷᠬᠡ ᠭᠤᠤᠯᠳᠠᠯᠭᠠᠳᠤ ᠠᠮᠢ ᠠᠬᠤᠢ ᠶᠢᠨ ᠢᠨᠵᠧᠨᠧᠷᠢᠩ ᠢ ᠡᠮᠬᠢ ᠴᠡᠭᠴᠡᠳᠡᠢ ᠶᠠᠪᠤᠭᠳᠠᠭᠤᠯᠵᠤ᠂ ᠨᠢᠬᠡᠨ ᠵᠤᠷᠪᠤᠰ ᠠᠵᠤ ᠠᠬᠤᠢ ᠬᠢᠭᠡᠳ ᠠᠮᠢ ᠠᠬᠤᠢ ᠶᠢᠨ ᠬᠤᠤᠰ ᠠᠮᠵᠢᠯᠲᠠ ᠤᠯᠤᠭᠰᠠᠨ ᠬᠦᠭᠵᠢᠯᠲᠡ ᠶᠢᠨ ᠵᠠᠮ ᠢ ᠴᠢᠷᠮᠠᠶᠢᠨ ᠡᠷᠢᠯᠬᠢᠯᠡᠵᠦ ᠪᠠᠶᠢᠨ᠎ᠠ᠃      ᠵᠠᠷᠢᠮ ᠨᠢᠬᠡᠨ ᠤᠳᠬ᠎ᠠ ᠠᠴᠠ ᠠᠪᠴᠤ ᠶᠠᠷᠢᠪᠠᠯ᠂ ᠬᠦᠮᠦᠨ ᠢ ᠶᠠᠮᠠᠷ ᠨᠢᠬᠡᠨ ᠪᠠᠶᠢᠷᠢᠨ ᠲᠡᠬᠡᠷ᠎ᠠ ᠲᠠᠯᠪᠢᠬᠤ ᠨᠢ ᠨᠢᠬᠡᠨ ᠭᠠᠵᠠᠷ ᠤᠷᠤᠨ ᠤ ᠬᠦᠭᠵᠢᠯᠳᠠ ᠶᠢᠨ ᠴᠢᠨᠠᠷ ᠢ ᠬᠠᠷᠠᠭᠤᠯᠤᠨ᠎ᠠ᠃ 70 ᠵᠢᠯ ᠤᠨ ᠬᠦᠭᠵᠢᠯᠳᠠ ᠶᠢᠨ ᠲᠡᠤᠬᠡᠨ ᠶᠠᠪᠤᠴᠠ ᠳᠤ᠂ ᠦᠪᠦᠷ ᠮᠤᠩᠭᠤᠯ ︽ᠬᠦᠮᠦᠨ︾ ᠬᠡᠮᠡᠬᠦ ᠬᠦᠨᠳᠦᠬᠡᠨ ᠦᠰᠦᠭ ᠢ ᠪᠢᠴᠢᠭᠯᠡᠵᠤ᠂ ᠦᠨᠳᠦᠰᠦᠳᠠᠨ ᠨᠦᠭᠦᠳ ᠤᠨ ᠤᠯᠠᠨ ᠲᠦᠮᠡᠨ ᠶᠠᠳᠠᠭᠤ ᠠᠴᠠ ᠴᠢᠨᠡᠭᠡᠯᠢᠭᠵᠢᠯ ᠳᠤ ᠬᠦᠷᠬᠦ ᠶᠢ ᠪᠡᠶᠡᠯᠡᠬᠦᠯᠵᠤ᠂ ᠦᠯᠦᠰᠬᠦᠯᠡᠩ ᠨᠢᠴᠦᠬᠦᠨ ᠪᠠᠶᠢᠭᠰᠠᠨ ᠠᠴᠠ ᠪᠠᠨ ᠰᠠᠶᠢᠨ ᠢ ᠢᠳᠡᠵᠤ ᠡᠮᠦᠰᠬᠦ ᠪᠤᠯᠵᠤ᠂ ᠤᠷᠤᠨ ᠰᠠᠭᠤᠴᠠ ᠳᠤ ᠰᠠᠨᠠᠭᠠᠰᠢᠷᠠᠵᠤ ᠪᠠᠶᠢᠭᠰᠠᠨ ᠠᠴᠠ ᠪᠠᠨ ᠲᠤᠬᠢᠯᠢᠭ ᠲᠠᠭᠠᠳᠠᠢ ᠤᠷᠤᠰᠢᠨ ᠰᠠᠭᠤᠷᠢᠰᠢᠬᠤ ᠪᠤᠯᠤᠭᠰᠠᠠ ᠯᠤᠳᠤ ᠶᠡᠭᠡ ᠦᠰᠦᠷᠦᠯᠳᠠ ᠶᠢ ᠪᠡᠶᠡᠯᠡᠬᠦᠯᠵᠠᠢ᠃      ᠬᠦᠮᠦᠨ ᠲᠤᠮᠳᠠᠴᠢ ᠶᠢᠨ ᠨᠠᠰᠤᠨ ᠬᠤᠳᠤᠬ 35 ᠨᠠᠰᠤ ᠪᠠᠶᠢᠭᠰᠠᠨ ᠠᠴᠠ ᠪᠠᠨ 78.5 ᠨᠠᠰᠤ ᠬᠦᠷᠴᠤ᠂ ᠡᠷᠡᠬᠦᠯ ᠬᠠᠮᠠᠭᠠᠯᠠᠯ ᠬᠢᠬᠡᠳ ᠡᠷᠡᠬᠦᠯ ᠮᠡᠨᠳᠦ ᠶᠢᠨ ᠦᠢᠯᠡᠰ ᠤᠨ ᠬᠦᠭᠵᠢᠯᠲᠡ ᠨᠢ ᠲᠠᠯ᠎ᠠ ᠨᠤᠲᠤᠭ ᠤᠨ ᠠᠷᠠᠳ ᠲᠦᠮᠡᠨ ᠤ ᠠᠮᠢ ᠨᠠᠰᠤᠨ ᠤ ᠳᠠᠪᠠᠯᠲᠠ ᠶᠢ ᠪᠡᠶᠡᠯᠡᠭᠦᠯᠵᠡᠢ᠃      ᠰᠢᠪᠠᠷ ᠪᠠᠶᠢᠰᠢᠩ ᠠᠴᠠ ᠪᠠᠨ ᠴᠡᠪᠡᠷ ᠲᠤᠬᠢᠯᠢᠬ ᠲᠤᠭᠤᠰᠬᠠᠨ ᠪᠠᠶᠢᠰᠢᠩ᠂ ᠵᠢᠵᠢᠭ ᠠᠰᠠᠷ ᠪᠤᠯᠳᠠᠯ᠎ᠠ᠂ ᠨᠠᠩ ᠤᠯᠠᠨ ᠬᠦᠮᠦᠰ ᠤᠨ ︽ᠠᠮᠤᠷ ᠲᠠᠶᠢᠪᠤᠩ ᠠᠵᠤ ᠲᠦᠷᠦᠬᠦ ᠵᠡᠬᠦᠳᠤ︾᠂ ︽ᠲᠤᠬᠢᠯᠢᠭ ᠲᠠᠭᠠᠳᠠᠢ ᠰᠠᠭᠤᠷᠢᠰᠢᠬᠤ ᠵᠡᠬᠦᠳᠤ︾ ᠪᠤᠲᠠᠲᠠᠶᠢᠵᠢᠵᠤ ᠴᠢᠳᠠᠭᠰᠠᠠ ᠪᠠᠶᠢᠨ᠎ᠠ᠃      ᠵᠦᠪᠬᠡᠨ ᠠᠷᠪᠠᠨ ᠬᠡᠳᠦᠬᠡᠨ ᠵᠤᠷᠪᠤᠰ ᠵᠠᠰᠠᠮᠠᠯ ᠵᠠᠮ ᠪᠠᠶᠢᠭᠰᠠᠨ ᠠᠴᠠ ᠪᠠᠨ ᠰᠠᠭᠤᠷᠢ ᠪᠡᠯᠡᠳᠬᠡᠮᠵᠢ ᠶᠢᠨ ︽ᠲᠤᠯᠤᠭᠠᠨ ᠲᠤᠤᠷ︾᠎ ᠢ ᠬᠠᠮᠳᠤᠪᠠᠷ ᠪᠠᠶᠢᠭᠤᠯᠤᠭᠰᠠᠨ ᠪᠤᠯᠳᠠᠯ᠎ᠠ᠂ ᠵᠠᠮ ᠬᠠᠷᠢᠯᠴᠠᠭᠠᠨ ᠤ ᠬᠦᠭᠵᠢᠯᠳᠠ ᠠᠴᠠ ᠠᠪᠴᠢᠷᠠᠭᠰᠠᠠ ᠨᠢ ᠵᠦᠪᠬᠡᠨ ᠶᠠᠪᠤᠵᠤ ᠰᠠᠭᠤᠬᠤ ᠶᠢᠨ ᠬᠤᠪᠢᠷᠠᠯᠲᠠ ᠲᠡᠳᠦᠢ ᠪᠢᠰᠢ ᠪᠤᠯᠵᠤ᠂ ᠪᠠᠰᠠ ᠠᠵᠤ ᠠᠬᠤᠢ ᠶᠢ ᠳᠠᠶᠢᠴᠢᠯᠠᠨ ᠬᠦᠭᠵᠢᠭᠦᠯᠦᠭᠰᠡᠨ ᠪᠠᠶᠢᠨ᠎ᠠ᠃      80%᠎ ᠠᠴᠠ ᠲᠡᠬᠡᠭᠰᠢᠬᠢ ᠨᠢ ᠪᠢᠴᠢᠭ ᠤᠨ ᠪᠠᠯᠠᠢ ᠪᠠᠶᠢᠭᠰᠠᠨ ᠠᠴᠠ ᠪᠠᠨ ᠪᠢᠴᠢᠭ ᠤᠨ ᠪᠠᠯᠠᠢ ᠶᠢ ᠦᠨᠳᠦᠰᠦᠨ ᠳᠡᠭᠡᠨ ᠠᠷᠢᠯᠭᠠᠬᠰᠠᠨ ᠪᠤᠯᠳᠠᠯ᠎ᠠ ᠰᠤᠷᠭᠠᠨ ᠬᠦᠮᠦᠵᠢᠯ ᠤᠨ ᠬᠦᠭᠵᠢᠯᠳᠠ ᠨᠢ ᠨᠠᠩ ᠤᠯᠠᠨ ᠬᠦᠮᠦᠰ ᠤᠨ ᠠᠮᠢᠳᠤᠷᠠᠯ ᠳᠤ ᠭᠠᠶᠢᠬᠠᠮᠰᠢᠭ ᠡᠬᠦᠳᠬᠦ ᠠᠵᠠ ᠲᠤᠬᠢᠶᠠᠯ ᠢ ᠠᠪᠴᠢᠷᠠᠵᠠᠢ᠃      1986 ᠤᠨ ᠳᠤ 600 ᠲᠦᠮᠡᠨ ᠶᠠᠳᠠᠭᠤ ᠬᠦᠴᠢᠷᠳᠡᠯᠳᠡᠢ ᠬᠦᠮᠦᠨ ᠠᠮᠠ ᠪᠠᠶᠢᠵᠤ᠂ ᠶᠠᠳᠠᠭᠤᠷᠠᠯ ᠤᠨ ᠨᠤᠷᠮ᠎ᠠ 67% ᠪᠠᠶᠢᠭᠰᠠᠨ ᠠᠴᠠ ᠪᠠᠨ 2016 ᠤᠨ ᠤ ᠰᠡᠬᠦᠯᠴᠢ ᠪᠤᠯᠳᠠᠯ᠎ᠠ 55.6 ᠲᠦᠮᠡᠨ ᠶᠠᠳᠠᠭᠤ ᠬᠦᠴᠢᠷᠳᠠᠯᠳᠠᠢ ᠬᠦᠮᠦᠨ ᠠᠮᠠ ᠲᠠᠢ ᠪᠤᠯᠵᠤ᠂ ᠶᠠᠳᠠᠭᠤᠷᠠᠯ ᠤᠨ ᠨᠤᠷᠮ᠎ᠠ 4.21% ᠪᠤᠯᠵᠤ᠂ ᠶᠠᠳᠠᠭᠤ ᠠᠴᠠ ᠠᠩᠬᠢᠵᠢᠷᠠᠭᠤᠯᠵᠤ ᠴᠢᠨᠡᠭᠡᠯᠢᠭᠵᠢᠬᠦᠯᠬᠦ ᠨᠠᠷᠠᠨ ᠤ ᠬᠡᠷᠡᠯ ᠲᠦᠬᠡᠮᠡᠯ ᠰᠠᠴᠤᠵᠤ᠂ ᠬᠦᠴᠢᠷᠳᠡᠯᠳᠡᠢ ᠤᠯᠠᠨ ᠲᠦᠮᠡᠨ ᠤ ᠢᠷᠡᠭᠡᠳᠦᠢ ᠶᠢ ᠭᠡᠷᠡᠯᠲᠦᠭᠦᠯᠵᠡᠢ᠃      70 ᠵᠢᠯ ᠤᠨ ᠯᠤᠳᠤ ᠶᠡᠭᠡ ᠬᠤᠪᠢᠷᠠᠯᠳᠠ ᠨᠢ ᠲᠠᠷᠢᠶᠠᠨ ᠭᠠᠵᠠᠷ᠂ ᠵᠡᠬᠡᠯᠢ ᠭᠤᠳᠤᠮᠵᠢ ᠪᠦᠬᠦᠨ ᠢᠶᠠᠷ ᠬᠠᠷᠠᠭᠳᠠᠵᠤ᠂ ᠲᠠᠯ᠎ᠠ ᠨᠤᠳᠤᠭ ᠤᠨ ᠬᠦᠪᠡᠬᠦᠳ ᠦᠬᠢᠳ ᠤᠨ ᠬᠤᠪᠢ ᠵᠠᠶᠠᠭᠠᠨ ᠤ ᠬᠤᠪᠢᠷᠠᠯᠳᠠ ᠲᠤᠮᠳᠠ ᠲᠤᠳᠤ ᠬᠡᠷᠡᠴᠢᠯᠡᠭᠳᠡᠵᠤ ᠬᠦᠨᠵᠡᠬᠡᠢ  ᠲᠠᠶᠢᠯᠪᠤᠷᠢᠯᠠᠭᠳᠠᠨ᠎ᠠ᠃ ᠤᠳᠤᠬᠠᠨ ᠤ ᠦᠪᠦᠷ ᠮᠤᠩᠭᠤᠯ ᠶᠠᠭ ᠢᠳᠡᠬᠡᠯ ᠲᠡᠬᠦᠯᠳᠡᠷ᠂ ᠴᠤᠭ ᠵᠢᠪᠬᠤᠭᠠᠳᠤ ᠲᠦᠷᠢ ᠲᠦᠷᠬᠦ ᠪᠠᠷ ᠡᠬᠡ ᠤᠯᠤᠰ ᠤᠨ ᠤᠮᠠᠷᠠᠲᠤ ᠬᠢᠵᠠᠭᠠᠷ ᠲᠤ ᠰᠦᠨᠳᠡᠷᠯᠡᠨ ᠰᠡᠬᠦᠶᠢᠨ᠎ᠡ᠃      ︵ᠳᠠᠪᠤ︶ ᠨᠢᠭᠡ ᠬᠦᠮᠦᠨ ᠳᠠᠪᠰᠢᠬᠤ ᠭᠡᠪᠡᠯ ᠡᠷᠬᠡᠪᠡᠰᠢ ᠬᠤᠷᠢᠶᠠᠩᠭᠤᠶᠢᠯᠠᠨ ᠳ᠋ᠦᠩᠨᠡᠬᠦ ᠳᠡᠭᠡᠨ ᠴᠢᠳᠠᠮᠠᠭᠠᠢ ᠪᠠᠶᠢᠬᠤ ᠬᠡᠷᠡᠭᠳᠡᠢ︔ ᠨᠢᠭᠡ ᠤᠷᠤᠨ ᠨᠤᠳᠤᠭ ᠦᠷᠭᠦᠯᠵᠢᠯᠡᠨ ᠬᠦᠭᠵᠢᠬᠦ ᠭᠡᠪᠡᠯ ᠡᠷᠭᠡᠪᠰᠢ ᠬᠤᠷᠢᠶᠠᠩᠭᠤᠶᠢᠯᠠᠨ ᠳ᠋ᠦᠩᠨᠡᠬᠦ ᠳᠡᠭᠡᠨ ᠴᠢᠳᠠᠮᠠᠭᠠᠢ ᠪᠠᠶᠢᠬᠤ ᠬᠡᠷᠡᠭᠳᠡᠢ᠃      ᠤᠢ ᠲᠤᠷᠠᠳᠬᠠᠯ ᠤᠨ ᠡᠭᠦᠳᠡ ᠶᠢ ᠰᠡᠭᠦᠭᠦ ᠲᠠᠢ ᠵᠡᠷᠭᠡ 70 ᠵᠢᠯ ᠤᠨ ᠠᠮᠵᠢᠯᠳᠠ ᠶᠢᠨ ᠪᠤᠳᠠᠳᠤ ᠦᠢᠯᠡᠳᠦᠯᠭᠡ ᠨᠢᠳᠦᠨ ᠡᠮᠦᠨ᠎ᠡ ᠳᠡᠯᠭᠡᠭᠳᠡᠨ᠎ᠠ᠃ ᠡᠨᠡ ᠪᠤᠯ ᠦᠨᠡᠬᠡᠷ ᠰᠠᠶᠢᠲᠤᠷ ᠪᠤᠳᠤᠵᠤ ᠰᠡᠳᠬᠢᠭᠦᠰᠢᠳᠠᠢ ᠬᠡᠷᠡᠴᠢ ᠪᠤᠯᠬᠤ ᠪᠦᠬᠡᠳ ᠨᠡᠩ ᠴᠦ ᠬᠦᠮᠦᠰ ᠤᠨ ᠰᠡᠳᠬᠢᠯ ᠢ ᠬᠦᠳᠡᠯᠭᠡᠮ᠎ᠡ ᠪᠡᠯᠭᠡ ᠳᠡᠮᠳᠡᠭ ᠪᠤᠯᠤᠨ᠎ᠠ᠃ ᠲᠡᠷᠡ ᠨᠢ ᠢᠷᠡᠭᠤ ᠠᠯᠳᠠᠷ ᠪᠤᠯᠤᠨ ᠤᠮᠤᠭ ᠪᠠᠭ᠋ᠠᠳᠤᠯ ᠢ ᠪᠢᠳᠡᠨ ᠤ ᠶᠠᠪᠤᠵᠤ ᠢᠷᠡᠭᠰᠡᠨ ᠲᠡᠦᠬᠡᠨ ᠳᠤ ᠤᠯᠭᠤᠵᠤ᠂ ᠡᠴᠢᠨ᠎ᠡ ᠳᠠᠯᠳᠠ ᠭᠦᠨ ᠤᠳᠬ᠎ᠠ ᠰᠠᠨᠠᠭᠠᠳᠤ ᠰᠡᠩᠭᠡᠷᠡᠭᠦᠯᠦᠯ ᠢ ᠬᠦᠰᠡᠯ ᠡᠷᠡᠮᠡᠯᠵᠡᠯ ᠪᠢᠯᠬᠠᠬᠰᠠᠨ ᠢᠷᠡᠭᠡᠳᠦᠢ ᠳᠤ ᠠᠪᠴᠢᠷᠠᠵᠤ ᠦᠭᠴᠡᠢ —      ᠡᠷᠬᠡᠪᠰᠢ ᠭᠤᠶᠢᠪᠢᠰᠢ ᠦᠭᠡᠢ ᠪᠠᠷ ᠳᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠯᠭ᠎ᠠ ᠶᠢ ᠪᠠᠷᠢᠮᠳᠠᠯᠠᠵᠤ᠂ ᠭᠤᠶᠢᠪᠢᠰᠢ ᠦᠬᠡᠢ ᠪᠠᠷ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠵᠠᠮ ᠢᠶᠠᠷ ᠵᠠᠮᠨᠠᠵᠤ᠂ ᠭᠤᠶᠢᠪᠢᠰᠢ ᠦᠭᠡᠢ ᠪᠠᠷ ᠦᠨᠳᠦᠰᠦᠳᠡᠨ ᠤ ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠦᠨ᠎ᠡ︔      ᠡᠷᠬᠡᠪᠰᠢ ᠬᠦᠭᠵᠢᠯᠳᠡ ᠬᠡᠬᠦ ᠡᠨᠡᠬᠦ ᠲᠡᠷᠢᠬᠦᠨ ᠴᠢᠬᠤᠯᠠ ᠡᠭᠦᠷᠭᠡ ᠶᠢ ᠴᠢᠩᠭ᠎ᠠ ᠪᠠᠷᠢᠮᠳᠠᠯᠠᠵᠤ᠂ ᠦᠪᠦᠷ ᠮᠤᠩᠭᠤᠯ ᠤᠨ ᠪᠤᠳᠠᠳᠤ ᠪᠠᠶᠢᠳᠠᠯ ᠠᠴᠠ ᠪᠠᠨ ᠡᠭᠦᠰᠤᠨ᠂ ᠠᠵᠢᠯ ᠢᠶᠠᠨ ᠪᠦᠲᠦᠬᠡᠯᠴᠢ ᠪᠠᠷ ᠦᠷᠨᠢᠭᠦᠯᠵᠤ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠲᠠᠰᠤᠷᠠᠯᠳᠠ ᠦᠬᠡᠢ ᠴᠢᠯᠦᠭᠡᠯᠡᠬᠦ ᠶᠢᠨ ᠬᠠᠮᠳᠤ ᠬᠦᠭᠵᠢᠭᠦᠯᠵᠤ᠂ ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠨᠡᠬᠡᠬᠡᠯᠳᠡ ᠶᠢ ᠦᠷᠭᠡᠳᠭᠡᠵᠤ᠂ ᠠᠵᠤ ᠠᠬᠤᠢ ᠨᠡᠶᠢᠭᠡᠮ ᠤᠨ ᠬᠦᠭᠵᠢᠯᠲᠡ ᠳᠤ ᠬᠦᠴᠦᠷᠬᠡᠭ ᠶᠡᠭᠡ ᠬᠦᠳᠡᠯᠭᠡᠬᠦ ᠬᠦᠴᠦᠨ ᠨᠡᠮᠡᠷᠢᠯᠡᠨ᠎ᠡ︔      ᠡᠷᠬᠡᠪᠰᠢ ᠠᠷᠠᠳ ᠲᠦᠮᠡᠨ ᠢᠶᠠᠷ ᠲᠦᠪ ᠪᠤᠯᠭᠠᠬᠰᠠᠨ ᠬᠦᠭᠵᠢᠯᠳᠡ ᠶᠢᠨ ᠦᠵᠡᠯ ᠢ ᠪᠠᠷᠢᠮᠳᠠᠯᠠᠵᠤ᠂ ᠠᠷᠠᠳ ᠲᠦᠮᠡᠨ ᠤ ᠰᠠᠶᠢᠨ ᠰᠠᠶᠢᠬᠠᠨ ᠰᠠᠶᠢᠢᠨ ᠠᠮᠢᠳᠤᠷᠠᠯ ᠤᠨ ᠵᠤᠷᠢᠯᠳᠠ ᠪᠠᠷ ᠪᠢᠳᠡᠨ ᠤ ᠳᠡᠮᠡᠴᠡᠬᠦ ᠬᠠᠷᠠᠯᠳᠠ ᠪᠠᠨ ᠪᠤᠯᠭᠠᠵᠤ᠂ ᠪᠦᠬᠦ ᠰᠡᠳᠬᠢᠯ ᠪᠦᠬᠦ ᠵᠤᠷᠢᠭ ᠢᠶᠠᠷ ᠦᠨᠳᠦᠰᠦᠳᠡᠨ ᠨᠦᠭᠦᠳ ᠤᠨ ᠠᠷᠠᠳ ᠲᠦᠮᠡᠨ ᠳᠤ ᠠᠰᠢᠭ ᠲᠤᠰᠠ ᠤᠯᠭᠤᠵᠤ᠂ ᠠᠷᠠᠳ ᠲᠦᠮᠡᠨ ᠤ ᠪᠤᠶᠠᠨ ᠵᠢᠷᠭᠠᠯ ᠢ ᠲᠠᠰᠤᠷᠠᠯᠳᠠ ᠦᠭᠡᠢ ᠨᠡᠮᠡᠭᠳᠡᠭᠦᠯᠦᠨ᠎ᠡ︔      ᠡᠷᠬᠡᠪᠰᠢ ᠦᠨᠳᠦᠰᠦᠳᠡᠨ ᠨᠦᠭᠦᠳ ᠤᠨ ᠶᠡᠭᠡ ᠪᠦᠯᠬᠦᠮᠳᠡᠯ ᠤᠨ ᠲᠤᠭ ᠢ ᠦᠨᠳᠦᠷ ᠮᠠᠨᠳᠤᠭᠤᠯᠵᠤ᠂ ᠪᠦᠯᠬᠦᠮᠳᠡᠯ ᠲᠠᠢ ᠡᠶ᠎ᠡ ᠵᠤᠬᠢᠴᠠᠩᠭᠤᠢ ᠲᠤᠬᠳᠠᠭᠤᠨ ᠤᠯᠤᠰ ᠲᠦᠷᠦ ᠶᠢᠨ ᠪᠠᠶᠢᠳᠠᠯ ᠢ ᠲᠠᠰᠤᠷᠠᠯᠳᠠ ᠦᠬᠡᠢ ᠪᠠᠬᠢᠵᠢᠬᠦᠯᠦᠨ ᠬᠦᠭᠵᠢᠬᠦᠯᠵᠤ᠂ ᠦᠨᠳᠦᠰᠦᠳᠡᠨ ᠨᠦᠭᠦᠳ ᠤᠨ ᠬᠠᠮᠲᠤᠪᠠᠷ ᠪᠦᠯᠬᠦᠮᠳᠡᠨ ᠳᠠᠪᠰᠢᠵᠤ᠂ ᠬᠠᠮᠲᠤᠪᠠᠷ ᠴᠡᠴᠡᠭᠯᠡᠨ ᠬᠦᠭᠵᠢᠬᠦ ᠶᠢ ᠪᠡᠶᠡᠯᠡᠭᠦᠯᠦᠨ᠎ᠡ᠃      ᠁ ᠁      70 ᠵᠢᠯ ᠤᠨ ᠰᠦᠷ ᠳᠠᠯᠠᠶᠢᠴᠢᠲᠠᠢ ᠬᠦᠭᠵᠢᠯ ᠮᠠᠨᠳᠤᠯ᠂ 70 ᠵᠢᠯ ᠤᠨ ᠰᠠᠯᠬᠢ ᠪᠤᠷᠤᠭᠠᠨᠲᠤ ᠠᠶᠠᠯᠠᠯ᠂ 70 ᠵᠢᠯ ᠤᠨ ᠰᠢᠷᠭᠠᠭᠤ ᠴᠢᠷᠮᠠᠶᠢᠯᠠᠭ᠎ᠠ ᠶᠢᠨ ᠰᠢᠯᠢᠳᠡᠭ ᠪᠦᠲᠦᠭᠡᠯ᠃      70 ᠵᠢᠯ ᠤᠨ ᠲᠤᠷᠰᠢ᠂ ᠦᠪᠦᠷ ᠮᠤᠩᠭᠤᠯ ᠬᠤᠴᠤᠷᠤᠩᠭᠤᠢ ᠪᠠᠶᠢᠭᠰᠠᠨ ᠠᠴᠠ ᠪᠠᠨ ᠲᠠᠪᠰᠢᠵᠤ᠂ ᠶᠠᠳᠠᠭᠤ ᠬᠤᠭᠤᠰᠤᠨ ᠪᠠᠶᠢᠭᠰᠠᠨ ᠠᠴᠠ ᠪᠠᠨ ᠪᠠᠶᠠᠨ ᠴᠢᠨᠠᠭᠡᠯᠢᠭ ᠪᠤᠯᠵᠤ᠂ ᠪᠢᠳᠡᠭᠦᠮᠵᠢᠯᠡᠵᠤ ᠪᠠᠶᠢᠭᠰᠠᠨ ᠠᠴᠠ ᠪᠠᠨ ᠨᠡᠭᠡᠭᠡᠯᠳᠡ ᠲᠠᠢ ᠪᠤᠯᠪᠠ᠃ 2017 ᠤᠨ ᠪᠤᠯ ᠨᠢᠭᠡᠨ ᠵᠠᠩᠬᠢᠯᠠᠭ᠎ᠠ ᠶᠢᠨ ᠴᠢᠭ᠋ ᠪᠤᠯᠤᠨ᠎ᠠ᠂ ᠦᠩᠭᠡᠷᠡᠵᠦ ᠤᠳᠤᠭᠰᠠᠨ 70 ᠵᠢᠯ ᠤᠨ ᠭᠠᠶᠢᠬᠠᠮᠰᠢᠭᠲᠤ ᠤᠨ ᠰᠠᠷ᠎ᠠ ᠪᠠᠨ ᠲᠡᠮᠳᠡᠭᠯᠡᠵᠦ᠂ ᠢᠷᠡᠭᠡᠳᠦᠢ ᠶᠢᠨ ᠭᠤᠶᠢᠲᠠ ᠰᠠᠶᠢᠬᠠᠨ ᠬᠠᠭᠤᠳᠠᠰᠤ ᠪᠠᠨ ᠵᠠᠯᠭᠠᠨ ᠪᠢᠴᠢᠭᠯᠡᠵᠦ ᠪᠠᠶᠢᠨ᠎ᠠ᠃      ︵ᠵᠢᠷᠭᠤᠭ᠎ᠠ︶ 2017 ᠤᠨ ᠳᠤ᠂ ᠦᠪᠦᠷ ᠮᠤᠩᠭᠤᠯ 70 ᠨᠠᠰᠤᠨ ᠤ ᠤᠢ ᠶᠢᠨ ᠪᠠᠶᠠᠷ ᠢᠶᠠᠨ ᠤᠬᠳᠤᠨ ᠠᠪᠴᠢᠷᠠᠪᠠ᠃      1947 ᠤᠨ ᠠᠴᠠ 2017 ᠤᠨ ᠪᠤᠯᠳᠠᠯ᠎ᠠ᠂ ᠨᠢᠬᠡ ᠳᠤ ᠶᠠᠳᠠᠭᠤ ᠬᠤᠶᠠᠷ ᠲᠤ ᠬᠤᠭᠤᠰᠤᠨ ᠤ ᠲᠤᠮᠳᠠ ᠠᠴᠠ ᠬᠦᠭᠵᠢᠨ ᠪᠤᠵᠠᠭᠠᠶᠢᠷᠠᠭᠰᠠᠨ ᠦᠪᠦᠷ ᠮᠤᠩᠭᠤᠯ ᠮᠠᠨᠢ ᠢᠳᠡᠷᠡᠬᠦᠨ ᠢᠶᠠᠷ ᠦᠰᠦᠨ ᠪᠤᠶᠢᠵᠢᠵᠤ᠂ ᠦᠨᠢᠷ ᠪᠠᠶᠠᠯᠢᠭ ᠠᠮᠢᠵᠢᠷᠠᠯ ᠤᠨ ᠬᠦᠴᠦᠨ ᠢᠶᠠᠨ ᠢᠯᠡᠷᠡᠬᠦᠯᠵᠤ᠂ ᠡᠯᠪᠡᠭ ᠳᠡᠯᠪᠡᠭ ᠦᠷ᠎ᠡ ᠪᠦᠲᠦᠭᠡᠯ ᠢᠶᠠᠨ ᠭᠠᠶᠢᠬᠠᠭᠤᠯᠤᠭᠰᠠᠨ ᠨᠢ ᠬᠦᠮᠦᠰ  ᠎ ᠤᠨ ᠭᠠᠶᠢᠬᠠᠯ ᠪᠢᠰᠢᠷᠡᠯ ᠢ ᠲᠠᠳᠠᠬᠰᠠᠨ ᠶᠤᠮ᠃ ᠦᠨᠦᠳᠦᠷ ᠦᠪᠦᠷ ᠮᠤᠩᠭᠤᠯ ᠤᠨ ᠦᠯᠢᠭᠡᠷ ᠦᠷᠬᠦᠯᠵᠢᠯᠡᠭᠰᠡᠭᠡᠷ ᠪᠠᠶᠢᠨ᠎ᠠ᠃      ᠬᠡᠷᠪᠡ ᠠᠩᠬ᠎ᠠ ᠪᠠᠶᠢᠭᠤᠯᠤᠭᠳᠠᠬᠤ ᠦᠶ᠎ᠡ ᠶᠢᠨ ᠦᠪᠦᠷ ᠮᠤᠩᠭᠤᠯ ᠳᠤ ᠲᠤᠯᠭᠠᠷᠠᠬᠰᠠᠨ ᠨᠢ ᠳᠠᠯᠠ ᠮᠤᠰᠬᠢᠷᠠᠵᠤ ᠨᠠᠶᠠ ᠳᠠᠬᠢᠷᠯᠠᠬᠰᠠᠨ ︽ᠭᠤᠤᠯ︾ ᠪᠠᠶᠢᠭᠰᠠᠨ ᠪᠤᠯ᠂ ᠢᠷᠡᠭᠡᠳᠦᠢ ᠳᠤ ᠪᠢᠳᠡᠨ ᠤ ᠳᠠᠪᠠᠭ᠋ᠤ ᠴᠢᠬᠤᠯᠠᠳᠠᠢ ᠨᠢ ᠰᠦᠷ ᠳᠠᠯᠠᠶᠢᠴᠢᠲᠠᠢ ︽ᠳᠠᠯᠠᠢ︾ ᠪᠠᠶᠢᠵᠤ ᠳᠠᠭᠠᠷᠠᠨ᠎ᠠ᠃ 70 ᠵᠢᠯ ᠤᠨ ᠴᠤᠬᠴᠠᠯᠠᠬᠰᠠᠨ ᠪᠠᠳᠤ ᠪᠠᠬᠢ ᠰᠠᠭᠤᠷᠢ ᠪᠠᠶᠢᠳᠠᠭ ᠠᠴᠠ᠂ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠬᠤᠪᠤᠷ ᠨᠠᠨᠳᠢᠨ ᠦᠪ ᠬᠦᠷᠦᠩᠭᠡ ᠲᠠᠢ ᠪᠠᠶᠢᠢᠳᠠᠬ ᠠᠴᠠ ᠪᠢᠳᠠᠡ ᠳᠤ ᠠᠯᠢᠪᠠ ᠪᠡᠷᠬᠡᠰᠢᠶᠠᠯ ᠬᠠᠷᠰᠢ ᠰᠠᠭᠠᠳ ᠢ ᠢᠯᠠᠨ ᠳᠠᠪᠠᠭ᠋ᠤ ᠢᠳᠡᠭᠡᠯ ᠵᠤᠷᠢᠭ ᠲᠡᠭᠦᠯᠳᠡᠷ ᠪᠤᠯᠪᠠ᠃      ᠢᠷᠡᠬᠡᠳᠦᠢ ᠵᠦᠭ ᠢᠶᠠᠨ ᠲᠠᠪᠰᠢᠨ ᠤᠷᠤᠬᠰᠢᠯᠠᠬᠤ ᠢᠳᠡᠬᠡᠯ ᠵᠤᠷᠢᠬ ᠪᠢᠳᠡᠨ ᠳᠤ ᠪᠠᠶᠢᠨ᠎ᠠ᠃ ᠦᠪᠦᠷ ᠮᠤᠩᠭᠤᠯ ᠭᠡᠬᠦ ᠡᠨᠡᠬᠦ ᠠᠵᠢᠨᠠᠢ ᠬᠦᠯᠦᠭ ᠬᠦᠰᠡᠯ ᠡᠷᠡᠮᠡᠯᠵᠡᠯ ᠪᠢᠯᠬᠠᠮ᠎ᠠ ᠴᠤᠴᠠᠯᠲᠠ ᠦᠭᠡᠢ ᠤᠷᠤᠭᠰᠢᠯᠡᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号