ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ | ᠬᠤᠷᠢᠶ᠎ᠠ᠂ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠠᠷᠠᠳ ᠤᠨ ᠲᠥᠯᠤᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ᠂ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ | ᠤᠨ ᠣᠷᠳᠣᠨ᠂ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠤᠯᠤᠰ ᠲᠥᠷᠥ ᠶᠢᠨ ᠵᠥᠪᠯᠡᠯᠭᠡᠨ᠂ | ᠥᠪᠥᠷ ᠮᠣᠩᠭᠤᠯ ᠤᠨ ᠴᠡᠷᠢᠭ ᠤᠨ ᠲᠣᠭᠤᠷᠢᠭ ᠲᠤ᠄ | ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠬᠦᠷᠴᠦ | ᠢᠷᠡᠬᠦ ᠲᠠᠰᠢᠷᠠᠮ ᠳᠤ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠡ᠂ ᠪᠦᠬᠦ ᠤᠯᠤᠰ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ | ᠬᠤᠷᠢᠶ᠎ᠡ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠡ ᠠᠴᠠ ᠥᠪᠤᠷ ᠮᠤᠩᠭᠤᠯ ᠤᠨ ᠥᠪᠡᠷᠳᠡᠭᠡᠨ ᠵᠠᠰᠠᠬᠤ ᠣᠷᠣᠨ ᠤ ᠦᠨᠳᠦᠰᠦᠳᠡᠨ ᠨᠦᠭᠦᠳ ᠤᠨ ᠺᠠᠳ᠋ᠷ ᠤᠯᠠᠨ | ᠲᠦᠮᠡᠨ ᠪᠠ ᠡᠯ᠎ᠡ ᠡᠲᠡᠭᠡᠳ ᠤᠨ ᠬᠦᠮᠦᠰ᠂ ᠠᠷᠠᠳ ᠤᠨ ᠴᠢᠯᠦᠭᠡᠯᠡᠬᠦ ᠴᠡᠷᠢᠭ ᠤᠨ ᠥᠪᠥᠷ ᠮᠣᠩᠭᠤᠯ ᠳᠤ ᠰᠠᠭᠤᠭ᠎ᠠ | ᠴᠡᠷᠢᠭ ᠠᠩᠭᠢ ᠶᠢᠨ ᠵᠢᠯᠤᠭᠤᠳᠤᠭᠴᠢ ᠪᠠᠶᠢᠯᠳᠤᠭᠴᠢ᠂ ᠵᠡᠪᠰᠡᠭᠳᠤ ᠴᠠᠭᠳᠠᠭ᠎ᠠ ᠶᠢᠨ ᠦᠪᠦᠷ ᠮᠤᠩᠭᠤᠯ ᠤᠨ ᠴᠡᠷᠢᠭ | ᠠᠩᠭᠢ ᠶᠢᠨ ᠲᠠᠷᠤᠭ᠎ᠠ ᠪᠠᠶᠢᠯᠳᠤᠭᠴᠢ ᠪᠠ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ᠂ ᠥᠪᠤᠷ | ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢ ᠬᠠᠯᠠᠮᠵᠢᠯᠠᠨ | ᠳᠡᠮᠵᠢᠭᠰᠡᠭᠡᠷ ᠢᠷᠡᠭᠰᠡᠨ ᠨᠥᠬᠦᠳ ᠨᠠᠶᠢᠵᠠ ᠨᠠᠷ ᠲᠤ ᠬᠠᠯᠠᠭᠤᠨ ᠪᠠᠶᠠᠷ ᠬᠦᠷᠭᠡᠬᠦ ᠶᠢᠨ ᠬᠠᠮᠲᠤ ᠳᠣᠲᠣᠨᠣ ᠮᠡᠨᠳᠦᠴᠢᠯᠡᠯ | ᠳᠡᠪᠰᠢᠭᠦᠯᠦᠶ᠎ᠡ︕ | 1947 ᠣᠨ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ᠂ ᠥᠪᠤᠷ | ᠮᠤᠩᠭᠤᠯ ᠤᠨ ᠥᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ ᠢ ᠲᠤᠩᠬᠠᠭᠯᠠᠪᠠ᠃ ᠡᠨᠡ ᠪᠣᠯ ᠮᠠᠷᠺᠰ ᠤᠨ | ᠦᠵᠡᠯ ᠤᠨ ᠦᠨᠳᠦᠰᠦᠨ ᠤᠬ ᠶᠤᠰᠤ ᠶᠢ ᠳᠤᠮᠳᠠᠳᠤ ᠤᠯᠤᠰ ᠤᠨ ᠬᠤᠪᠢᠰᠬᠠᠯ᠂ ᠳᠤᠮᠳᠠᠳᠤ ᠤᠯᠤᠰ ᠤᠨ | ᠦᠨᠳᠦᠰᠦᠲᠡᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠭᠰᠠᠨ ᠠᠭᠤᠤ ᠶᠡᠭᠡ ᠡᠭᠦᠳᠦᠯᠲᠡ ᠪᠠᠶᠢᠵᠤ᠂ ᠥᠪᠥᠷ | ᠮᠣᠩᠭᠤᠯ ᠤᠨ ᠬᠥᠭᠵᠢᠯᠲᠡ ᠶᠢᠨ ᠴᠣ ᠰᠢᠨ᠎ᠡ ᠲᠡᠤᠬᠡ ᠶᠢ ᠨᠡᠭᠡᠭᠡᠵᠦ᠂ ᠥᠪᠥᠷ ᠮᠣᠩᠭᠤᠯ ᠤᠨ ᠠᠷᠠᠳ ᠲᠦᠮᠡᠨ ᠤ | ᠪᠦᠬᠦ ᠤᠯᠤᠰ ᠤᠨ ᠦᠨᠳᠦᠰᠦᠲᠡᠨ ᠨᠥᠬᠦᠳ ᠤᠨ ᠠᠷᠠᠳ ᠲᠦᠮᠡᠨ ᠲᠠᠢ ᠬᠠᠮᠲᠤᠪᠠᠷ ᠪᠦᠯᠬᠦᠮᠳᠡᠨ ᠳᠠᠪᠰᠢᠬᠤ ᠠᠭᠤᠤ | ᠶᠡᠭᠡ ᠠᠶᠠᠨ ᠢ ᠡᠬᠢᠯᠡᠭᠦᠯᠦᠭᠰᠡᠨ ᠪᠠᠶᠢᠨ᠎ᠠ᠃ | 70 ᠵᠢᠯ ᠤᠨ ᠲᠤᠷᠰᠢ ᠣᠨᠴᠠᠭᠠᠶᠢᠯᠠᠨ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠰᠢ᠂ ᠥᠪᠥᠷ ᠮᠣᠩᠭᠤᠯ | ᠴᠣ ᠰᠢᠨ᠎ᠡ ᠳᠦᠷᠰᠦ ᠪᠠᠶᠢᠳᠠᠯ ᠲᠠᠢ ᠪᠣᠯᠵᠤ᠂ ᠲᠡᠭᠷᠢ ᠭᠠᠵᠠᠷ ᠢ ᠳᠣᠩᠰᠣᠯᠭᠠᠮ᠎ᠠ ᠯᠤᠳᠤ ᠶᠡᠭᠡ ᠲᠡᠦᠬᠡᠨ | ᠬᠤᠪᠢᠷᠠᠯᠲᠠ ᠶᠢ ᠪᠡᠶᠡᠯᠡᠭᠦᠯᠦᠭᠰᠡᠨ ᠪᠠᠶᠢᠨ᠎ᠡ᠃ ᠦᠨᠳᠦᠰᠦᠲᠡᠨ ᠤ ᠣᠷᠣᠨ ᠤ ᠥᠪᠡᠷᠳᠡᠭᠡᠨ ᠵᠠᠰᠠᠬᠤ ᠪᠠᠶᠢᠭᠤᠯᠤᠯ | ᠤᠯᠠᠮ ᠢᠶᠠᠷ ᠲᠡᠭᠦᠯᠳᠡᠷᠵᠢᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠡᠳᠦᠷ | ᠢᠷᠡᠬᠦᠶ᠎ᠡ ᠥᠷᠭᠡᠳᠴᠦ᠂ ᠦᠨᠳᠦᠰᠦᠲᠡᠨ ᠤ ᠪᠦᠯᠬᠦᠮᠳᠡᠯ ᠲᠠᠰᠤᠷᠠᠯᠲᠠ ᠦᠭᠡᠢ ᠴᠢᠩᠭᠠᠷᠠᠨ᠂ ᠠᠭᠤᠤ ᠶᠡᠭᠡ ᠡᠬᠡ | ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠤᠶᠤᠯ᠂ ᠳᠤᠮᠳᠠᠳᠤ ᠤᠯᠤᠰ ᠤᠨ ᠡᠪ ᠬᠠᠮᠲᠤ ᠨᠠᠮ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠳᠡᠭᠡᠳᠦ ᠬᠡᠮᠵᠢᠶ᠎ᠡ ᠪᠠᠷ ᠮᠡᠳᠡᠷᠡᠵᠡᠢ᠃ ᠠᠵᠤ ᠠᠬᠤᠢ ᠶᠢᠨ | ᠶᠡᠷᠦᠩᠬᠡᠶᠢᠯᠡᠭᠰᠡᠨ ᠪᠣᠳᠠᠲᠤ ᠬᠦᠴᠦᠨ ᠦᠳᠲᠡᠷ ᠲᠦᠷᠭᠡᠨ ᠳᠡᠭᠡᠭᠰᠢᠯᠡᠵᠦ᠂ ᠰᠠᠭᠤᠷᠢ ᠲᠥᠬᠦᠭᠡᠷᠦᠮᠵᠢ ᠡᠳᠦᠷ | ᠢᠷᠡᠬᠦᠶ᠎ᠠ ᠰᠢᠨᠡᠳᠴᠦ᠂ ᠡᠯ᠎ᠡ ᠳᠦᠷᠦᠯ ᠤᠨ ᠨᠡᠶᠢᠭᠡᠮ ᠤᠨ ᠦᠢᠯᠡᠰ ᠪᠦᠬᠦ ᠲᠠᠯ᠎ᠠ ᠪᠠᠷ ᠬᠥᠭᠵᠢᠵᠦ᠂ ᠠᠷᠠᠳ ᠤᠨ | ᠠᠮᠢᠳᠤᠷᠠᠯ ᠤᠨ ᠬᠢᠷᠢ ᠲᠦᠪᠰᠢᠨ ᠢᠯᠡᠳᠲᠡ ᠰᠠᠶᠢᠵᠢᠷᠠᠪᠠ᠃ ᠨᠡᠶᠢᠭᠡᠮ ᠡᠶ᠎ᠡ ᠵᠣᠬᠢᠴᠠᠩᠭᠤᠢ ᠠᠮᠤᠷ ᠲᠣᠭᠲᠠᠭᠤᠨ | ᠪᠠᠶᠢᠬᠤ ᠶᠢ ᠪᠠᠳᠤᠯᠠᠵᠦ᠂ ᠠᠮᠢ ᠠᠬᠤᠢ ᠶᠢᠨ ᠣᠷᠴᠢᠨ ᠲᠣᠭᠤᠷᠢᠨ ᠢ ᠪᠦᠲᠦᠮᠵᠢᠲᠡᠢ ᠬᠠᠮᠠᠭᠠᠯᠠᠵᠤ᠂ ᠡᠬᠡ ᠤᠯᠤᠰ ᠤᠨ | ᠤᠮᠠᠷᠠᠲᠤ ᠬᠢᠯᠢ ᠶᠢᠨ ᠠᠮᠢ ᠠᠬᠤᠢ ᠶᠢᠨ ᠬᠠᠯᠬᠠᠪᠴᠢ ᠪᠠ ᠠᠮᠤᠷ ᠲᠥᠪᠰᠢᠨ ᠤ ᠬᠠᠯᠬᠠᠪᠴᠢ ᠶᠢᠨ ᠦᠢᠯᠡᠳᠦᠯ ᠡᠳᠦᠷ | ᠢᠷᠡᠬᠦᠶ᠎ᠡ ᠲᠣᠪᠣᠶᠢᠮ᠎ᠠ ᠪᠤᠯᠵᠠᠢ᠃ ᠨᠠᠮ ᠤᠨ ᠪᠠᠶᠢᠭᠤᠯᠤᠯᠲᠠ ᠴᠠᠭ ᠦᠶ᠎ᠡ ᠲᠠᠢ ᠵᠡᠷᠭᠡᠪᠡᠷ ᠤᠷᠤᠭᠰᠢᠯᠠᠵᠤ᠂ ᠡᠯ᠎ᠡ | ᠱᠠᠲᠤᠨ ᠤ ᠤᠳᠤᠷᠢᠳᠬᠤ ᠪᠠᠭ ᠪᠠ ᠺᠠᠳ᠋ᠷ ᠤᠨ ᠡᠩᠨᠡᠬᠡᠨ ᠤ ᠪᠠᠶᠢᠭᠤᠯᠤᠯᠲᠠ᠂ ᠨᠠᠮ ᠤᠨ ᠡᠯ᠎ᠡ ᠱᠠᠲᠤᠨ ᠤ ᠵᠣᠬᠢᠶᠠᠨ | ᠪᠠᠶᠢᠭᠤᠯᠤᠯᠲᠠ ᠪᠠ ᠨᠠᠮ ᠤᠨ ᠭᠡᠰᠢᠭᠦᠨ ᠤ ᠡᠩᠨᠡᠭᠡᠨ ᠤ ᠪᠠᠶᠢᠭᠤᠯᠤᠯᠲᠠ ᠲᠠᠰᠤᠷᠠᠯᠲᠠ ᠦᠭᠡᠢ ᠴᠢᠩᠭᠠᠷᠠᠵᠤ᠂ ᠨᠠᠮ | ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠦ᠂ ᠥᠪᠥᠷ ᠮᠣᠩᠭᠤᠯ | ᠤᠨ ᠥᠭᠡᠷᠡᠴᠢᠯᠡᠯᠲᠡ ᠬᠥᠭᠵᠢᠯᠲᠡ ᠪᠡ ᠲᠣᠭᠲᠠᠭᠤᠨ ᠳᠤ ᠪᠠᠲᠤ ᠴᠢᠩᠭ᠎ᠠ ᠤᠯᠤᠰ ᠲᠥᠷᠥ ᠶᠢᠨ ᠪᠠᠲᠤᠯᠠᠭ᠎ᠠ | ᠬᠠᠩᠭᠠᠪᠠ᠃ ᠣᠨᠴᠠᠭᠠᠶᠢᠯᠠᠨ ᠥᠪᠤᠷ ᠮᠤᠩᠭᠤᠯ ᠤᠨ ᠥᠪᠡᠷᠳᠡᠭᠡᠨ ᠵᠠᠰᠠᠬᠤ ᠣᠷᠣᠨ ᠤ ᠬᠤᠭᠤᠴᠠᠭ᠎ᠠ ᠪᠦᠷᠢ ᠶᠢᠨ | ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠨᠠᠮ ᠤᠨ ᠲᠥᠪ ᠬᠤᠷᠢᠶ᠎ᠠ ᠶᠢᠨ ᠵᠣᠷᠢᠭ ᠰᠠᠨᠠᠭ᠎ᠠ ᠶᠢ ᠪᠦᠲᠦᠭᠡᠯᠴᠢ ᠪᠠᠷ | ᠨᠠᠶᠢᠳᠠᠪᠤᠷᠢᠵᠢᠭᠤᠯᠤᠨ᠂ ᠥᠪᠥᠷ ᠮᠤᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠶᠡᠭᠡ ᠶᠣᠰᠣ ᠶᠢ | ᠲᠠᠨᠢᠵᠤ᠂ ᠶᠡᠭᠡ ᠲᠠᠯ᠎ᠠ ᠶᠢ ᠬᠠᠷᠠᠭᠠᠯᠵᠠᠨ᠂ ᠬᠡᠪ ᠰᠤᠷᠲᠠᠯ ᠢ ᠡᠷᠬᠢᠮᠯᠡᠵᠦ᠂ ᠬᠠᠷᠠᠮ ᠦᠭᠡᠢ ᠵᠢᠳᠬᠦᠨ᠂ | ᠬᠠᠷᠢᠭᠤᠴᠠᠯᠭ᠎ᠠ ᠡᠭᠦᠷᠭᠡᠯᠡᠵᠦ᠂ ︽ᠵᠢᠱᠢᠶᠡᠴᠢ ᠥᠪᠡᠷᠳᠡᠭᠡᠨ ᠵᠠᠰᠠᠬᠤ ᠤᠷᠤᠨ︾ ᠤ ᠡᠷᠬᠢᠮ ᠳᠡᠭᠡᠳᠦ ᠢᠷᠠᠭᠤ | ᠠᠯᠳᠠᠷ ᠢ ᠳᠠᠭᠤᠷᠢᠰᠤᠭᠤᠯᠤᠭᠰᠠᠨ ᠪᠥᠭᠡᠳ ᠢᠮᠠᠭᠲᠠ ᠬᠠᠮᠠᠭᠠᠯᠠᠪᠠ᠃ ᠦᠨᠦᠳᠦᠷ ᠤᠨ ᠥᠪᠥᠷ ᠮᠣᠩᠭᠤᠯ ᠤᠨ ᠡᠯ᠎ᠡ | ᠵᠦᠢᠯ ᠤᠨ ᠦᠢᠯᠡᠰ ᠪᠠᠳᠠᠷᠠᠨ ᠬᠥᠭᠵᠢᠵᠦ᠂ ᠦᠨᠳᠤᠰᠤᠳᠡᠨ ᠨᠥᠬᠦᠳ ᠤᠨ ᠠᠷᠠᠳ ᠲᠦᠮᠡᠨ ᠰᠠᠳᠬᠢᠯ ᠵᠢᠷᠦᠬᠡ ᠪᠠᠨ | ᠨᠢᠭᠡᠳᠬᠡᠨ᠂ ᠭᠠᠷ ᠭᠠᠷ ᠢᠶᠠᠨ ᠬᠤᠯᠪᠤᠯᠴᠠᠵᠦ᠂ ᠶᠠᠭ ᠢᠲᠡᠭᠡᠯ ᠲᠡᠭᠦᠯᠳᠡᠷ ᠢᠶᠠᠷ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠬᠦᠯᠬᠦ ᠪᠠᠷ ᠴᠢᠷᠮᠠᠶᠢᠨ ᠲᠡᠮᠡᠴᠡᠵᠦ ᠪᠠᠶᠢᠨ᠎ᠠ᠃ | ᠥᠪᠤᠷ ᠮᠤᠩᠭᠤᠯ ᠤᠨ ᠥᠪᠡᠷᠳᠡᠭᠡᠨ ᠵᠠᠰᠠᠬᠤ ᠣᠷᠣᠨ ᠤ 70 ᠵᠢᠯ ᠤᠨ ᠲᠤᠷᠰᠢᠬᠢ ᠬᠡᠷᠡᠯ ᠰᠠᠴᠤᠷᠠᠩᠭᠤᠢ | ᠠᠮᠵᠢᠯᠲᠠ ᠬᠢᠯᠪᠠᠷ ᠪᠤᠰᠤ ᠶᠤᠮ᠂ ᠲᠤᠷᠰᠢᠯᠭ᠎ᠠ ᠡᠷᠬᠢᠮ ᠨᠠᠨᠳᠢᠨ ᠶᠤᠮ᠃ ᠡᠨᠡ ᠪᠣᠯ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠥᠪ ᠤᠳᠤᠷᠢᠳᠤᠭᠰᠠᠨ ᠤ ᠦᠷ᠎ᠡ ᠳ᠋ᠥᠩ᠂ ᠥᠪᠡᠷᠳᠡᠭᠡᠨ ᠵᠠᠰᠠᠬᠤ | ᠤᠷᠤᠨ ᠤ ᠬᠤᠭᠤᠴᠠᠭ᠎ᠠ ᠪᠦ᠋ᠷᠢ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠠᠴᠠ ᠪᠦᠬᠦ ᠣᠷᠣᠨ ᠤ | ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠶᠢᠴᠢᠯᠠᠵᠤ ᠡᠷᠡᠮᠡᠬᠡᠶᠢᠯᠡᠨ | ᠤᠷᠤᠭᠰᠢᠯᠠᠭᠤᠯᠤᠭᠰᠠᠨ ᠤ ᠦᠷ᠎ᠡ ᠳ᠋ᠥᠩ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ | ᠬᠦᠴᠦᠲᠡᠢ ᠳᠡᠮᠵᠢᠭᠰᠡᠨ ᠤ ᠦᠷ᠎ᠡ ᠳ᠋ᠥᠩ ᠮᠥᠨ᠃ ᠭᠠᠭᠴᠠ ᠬᠦ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠳᠤᠷᠢᠳᠤᠯᠭ᠎ᠠ ᠶᠢ ᠪᠠᠷᠢᠮᠲᠠᠯᠠᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠵᠤ᠂ | ᠦᠨᠳᠦᠰᠦᠲᠡᠨ ᠤ ᠤᠷᠤᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ᠂ ᠳᠤᠮᠳᠠᠳᠤ ᠶᠢᠨ | ᠦᠨᠳᠦᠰᠦᠲᠡᠨ ᠨᠦᠭᠦᠳ ᠨᠢᠭᠡ ᠭᠡᠷ ᠤᠨ ᠬᠥᠮᠥᠰ ᠮᠡᠲᠦ ᠪᠦᠯᠬᠦᠮᠳᠡᠵᠦ᠂ ᠰᠡᠳᠬᠢᠯ ᠨᠢᠭᠡᠳᠦᠨ ᠲᠤᠮᠳᠠᠳᠦ ᠶᠢᠨ | ᠵᠠᠬᠦᠳᠦ ᠪᠠᠨ ᠲᠡᠷᠭᠡᠯᠰᠢᠬᠦᠯᠬᠦ ᠶᠢ ᠪᠠᠷᠢᠮᠲᠠᠯᠠᠪᠠᠯ ᠰᠠᠶ᠋ᠢ ᠥᠪᠥᠷ ᠮᠣᠩᠭᠤᠯ ᠤᠨ ᠬᠥᠭᠵᠢᠯᠲᠡ ᠳᠠᠪᠰᠢᠯᠲᠠ ᠶᠢ | ᠪᠡᠶᠡᠯᠡᠭᠦᠯᠵᠦ᠂ ᠦᠨᠳᠦᠰᠦᠲᠡᠨ ᠨᠦᠭᠦᠳ ᠤᠨ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠬᠰᠠᠨ ᠡᠶ᠎ᠡ | ᠵᠤᠬᠢᠴᠠᠩᠭᠤᠢ ᠬᠠᠮᠲᠤᠪᠠᠷ ᠴᠡᠴᠡᠭᠯᠡᠨ ᠬᠥᠭᠵᠢᠬᠦ ᠶᠢ ᠪᠡᠶᠡᠯᠡᠭᠦᠯᠵᠦ ᠴᠢᠳᠠᠬᠤ ᠶᠤᠮ ᠭᠡᠳᠡᠭ ᠢ ᠦᠢᠯᠡᠳᠦᠯᠭᠡ | ᠭᠡᠷᠡᠴᠢᠯᠡᠵᠦ ᠪᠠᠶᠢᠨ᠎ᠠ᠃ | ᠣᠳᠣᠬᠠᠨ ᠳᠤ᠂ ᠮᠠᠨ ᠤ ᠤᠯᠤᠰ ᠶᠠᠭ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ | ᠲᠡᠷᠭᠡᠯᠰᠢᠬᠦᠯᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠣᠢ᠃ ᠥᠪᠥᠷ ᠮᠣᠩᠭᠤᠯ ᠤᠨ ᠠᠵᠢᠯ ᠢ ᠰᠠᠶᠢᠲᠤᠷ | ᠬᠢᠬᠦ ᠨᠢ ᠪᠦᠬᠦ ᠲᠠᠯ᠎ᠠ ᠳᠤ ᠬᠤᠯᠪᠣᠭᠳᠠᠬᠤ ᠲᠤᠯᠠ ᠨᠠᠮ ᠪᠠ ᠤᠯᠤᠰ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠬᠦᠨᠳᠤ ᠶᠡᠭᠡ ᠬᠦᠰᠡᠯ ᠨᠠᠶᠢᠳᠠᠯᠭ᠎ᠠ ᠲᠠᠯᠪᠢᠭᠰᠠᠭᠠᠷ ᠢᠷᠡᠭᠰᠡᠨ ᠶᠤᠮ᠃ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠥᠪᠥᠷ | ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠨᠡᠩ ᠬᠠᠯᠠᠮᠵᠢᠯᠠᠨ ᠳᠡᠮᠵᠢᠵᠦ᠂ ᠣᠨᠴᠠᠭᠠᠶᠢᠯᠠᠨ 2014 ᠣᠨ ᠳᠤ | ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠ ᠵᠢᠭᠠᠪᠤᠷᠢ | ᠦᠭᠬᠦᠭᠰᠡᠨ ᠨᠢ ᠥᠪᠥᠷ ᠮᠣᠩᠭᠤᠯ ᠤᠨ ᠠᠵᠢᠯ ᠢ ᠤᠯᠠᠮ ᠴᠢᠨᠠᠭᠰᠢᠳᠠ ᠰᠠᠶᠢᠲᠤᠷ ᠬᠢᠬᠦ ᠳᠤ ᠴᠢᠬᠤᠯᠠ ᠵᠢᠷᠤᠮᠯᠠᠯ | ᠬᠠᠩᠭᠠᠵᠠᠢ᠃ ᠥᠪᠥᠷ ᠮᠣᠩᠭᠤᠯ ᠤᠨ ᠦᠨᠳᠦᠰᠦᠲᠡᠨ ᠨᠥᠭᠦᠳ ᠤᠨ ᠺᠠᠳ᠋ᠷ ᠣᠯᠠᠨ ᠲᠦᠮᠡᠨ ᠳᠤᠮᠳᠠᠳᠦ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠵᠤ᠂ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠭᠤᠷᠪᠠᠳᠤᠭᠠᠷ ᠪᠦᠭᠦᠳᠡ | ᠬᠤᠷᠠᠯ᠂ ᠳᠥᠷᠪᠡᠳᠦᠭᠡᠷ ᠪᠦᠭᠦᠳᠡ ᠬᠤᠷᠠᠯ᠂ ᠲᠠᠪᠤᠳᠤᠭᠠᠷ ᠪᠦᠭᠦᠳᠡ ᠬᠤᠷᠠᠯ᠂ ᠵᠢᠷᠭᠤᠳᠤᠭᠠᠷ ᠪᠦᠭᠦᠳᠡ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠳ᠋ᠧᠩ ᠰᠢᠶᠤᠤ ᠫᠢᠩ ᠤᠨ ᠣᠨᠤᠯ᠂ ︽ᠭᠤᠷᠪᠠ ᠶᠢ | ᠲᠥᠯᠦᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠦᠭᠵᠢᠯᠲᠠ ᠶᠢᠨ ᠦᠵᠡᠯᠲᠠ ᠪᠠᠷ | ᠵᠢᠯᠤᠭᠤᠳᠤᠯᠭ᠎ᠠ ᠪᠣᠯᠭᠠᠵᠤ᠂ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠤᠭᠤᠳ ᠤᠨ ᠵᠣᠷᠢᠭ | ᠰᠠᠨᠠᠭ᠎ᠠ ᠪᠠ ᠲᠦᠷᠥ ᠶᠢ ᠵᠠᠰᠠᠵᠦ ᠵᠠᠰᠠᠭ ᠢ ᠡᠷᠬᠢᠯᠡᠬᠦ ᠰᠢᠨ᠎ᠠ ᠣᠨᠣᠯᠵᠢᠬᠤᠨ ᠰᠢᠨ᠎ᠡ ᠰᠡᠳᠬᠢᠴᠡ ᠰᠢᠨ᠎ᠡ ᠪᠠᠶᠢᠯᠳᠤᠬᠤ | ᠪᠣᠳᠣᠯᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠤᠯᠤᠰ ᠲᠦᠷᠥ ᠶᠢᠨ ᠤᠬᠠᠮᠰᠠᠷ᠂ ᠶᠡᠭᠡ ᠲᠠᠯ᠎ᠠ ᠶᠢᠨ | ᠤᠬᠠᠮᠰᠠᠷ᠂ ᠭᠤᠣᠯᠯᠠᠬᠤ ᠤᠬᠠᠮᠰᠠᠷ᠂ ᠨᠢᠭᠡᠳᠦᠯᠲᠡᠢ ᠪᠠᠶᠢᠬᠤ ᠤᠬᠠᠮᠰᠠᠷ ᠢᠶᠠᠨ ᠪᠠᠲᠤ ᠪᠠᠬᠢ ᠪᠣᠢ ᠪᠣᠯᠭᠠᠵᠤ᠂ | ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠵᠠᠮ ᠤᠨ ᠢᠳᠡᠭᠡᠯ᠂ ᠤᠨᠤᠯ ᠤᠨ ᠢᠳᠡᠭᠡᠯ᠂ | ᠪᠠᠶᠢᠭᠤᠯᠤᠯ ᠤᠨ ᠢᠳᠡᠭᠡᠯ᠂ ᠰᠤᠶᠤᠯ ᠤᠨ ᠢᠲᠡᠭᠡᠯ ᠢ ᠪᠠᠷᠢᠮᠲᠠᠯᠠᠨ᠂ ᠨᠠᠮ ᠤᠨ ᠲᠥᠪ ᠬᠤᠷᠢᠶ᠎ᠠ᠂ ᠲᠥᠷᠦᠯ ᠤᠨ | ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠦᠭᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠳᠡᠨ ᠤ ᠤᠷᠤᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠠᠶᠠᠯᠡᠬᠦᠯᠬᠦ ᠠᠬᠢᠴᠠ ᠳᠤᠮᠳᠠ ᠦᠷᠭᠦᠯᠵᠢᠯᠡᠨ ᠡᠮᠦᠨ᠎ᠡ ᠡᠩᠨᠡᠭᠡᠨ ᠳᠤ ᠶᠠᠪᠤᠵᠤ᠂ ᠰᠡᠳᠬᠢᠯ ᠨᠢᠭᠡᠳᠦᠨ ᠡᠬᠡ | ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢᠶᠠᠨ ᠨᠡᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ | ᠪᠠᠶᠢᠭᠤᠯᠵᠤ᠂ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠬᠦᠯᠬᠦ ᠶᠢᠨ | ᠲᠥᠯᠥᠭᠡ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠡ︕ | ᠥᠪᠥᠷ ᠮᠣᠩᠭᠤᠯ ᠳᠤ ᠰᠠᠭᠤᠭ᠎ᠠ ᠠᠷᠠᠳ ᠤᠨ ᠴᠢᠯᠦᠭᠡᠯᠡᠬᠦ ᠴᠡᠷᠢᠭ᠂ ᠵᠡᠪᠰᠡᠭᠲᠦ ᠴᠠᠭᠳᠠᠭ᠎ᠠ ᠶᠢᠨ ᠴᠡᠷᠢᠭ | ᠠᠩᠭᠢ ᠪᠠ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠪᠣᠯ ᠬᠢᠯᠢ ᠬᠢᠵᠠᠭᠠᠷ ᠢ ᠬᠠᠮᠠᠭᠠᠯᠠᠬᠤ ᠪᠠ ᠥᠪᠥᠷ | ᠮᠣᠩᠭᠤᠯ ᠤᠨ ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠬᠤ ᠴᠢᠬᠤᠯᠠ ᠬᠦᠴᠦᠨ ᠮᠥᠨ᠃ ᠡᠶᠢᠮᠦ ᠠᠴᠠ ᠲᠠ | ᠨᠠᠷ ᠬᠠᠷᠢᠭᠤᠴᠠᠯᠭ᠎ᠠ ᠪᠠᠨ ᠢᠮᠠᠭᠲᠠ ᠪᠠᠲᠤ ᠴᠡᠭᠡᠵᠢᠯᠡᠵᠦ᠂ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ᠂ | ᠰᠢᠯᠢᠳᠡᠭ ᠰᠠᠶᠢᠨ ᠤᠯᠠᠮᠵᠢᠯᠠᠯ ᠪᠠ ᠣᠪᠣᠷ ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ᠂ ᠦᠨᠳᠦᠰᠦᠲᠡᠨ ᠤ | ᠪᠦᠯᠬᠦᠮᠳᠡᠯ ᠢ ᠬᠠᠮᠠᠭᠠᠯᠠᠨ ᠠᠬᠢᠭᠤᠯᠵᠤ᠂ ᠴᠡᠷᠢᠭ ᠵᠠᠰᠠᠭ ᠴᠡᠷᠢᠭ ᠠᠷᠠᠳ ᠴᠠᠭᠳᠠᠭ᠎ᠠ ᠠᠷᠠᠳ ᠤᠨ ᠪᠦᠯᠬᠦᠮᠳᠡᠯ ᠢ | ᠪᠠᠬᠢᠵᠢᠭᠦᠯᠦᠨ ᠴᠢᠩᠭᠠᠳᠬᠠᠵᠤ᠂ ᠥᠪᠥᠷ ᠮᠣᠩᠭᠤᠯ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠳᠤ ᠳᠠᠬᠢᠨᠳᠠ | ᠰᠢᠨ᠎ᠡ ᠭᠠᠪᠢᠶ᠎ᠠ ᠪᠠᠶᠢᠭᠤᠯᠬᠤ ᠬᠡᠷᠡᠭᠲᠡᠢ᠃ | ᠪᠢᠳᠡ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ | ᠨᠡᠩ ᠨᠢᠭᠲᠠᠷᠠᠨ ᠪᠦᠯᠬᠦᠮᠳᠡᠵᠦ᠂ ᠦᠵᠡᠯ ᠰᠠᠨᠠᠭ᠎ᠠ ᠪᠠᠨ ᠨᠢᠭᠡᠳᠬᠡᠨ᠂ ᠡᠷᠴᠢ ᠵᠣᠷᠢᠭ ᠢᠶᠠᠨ ᠬᠦᠪᠴᠢᠯᠡᠨ᠂ ᠵᠠᠮ | ᠨᠡᠭᠡᠭᠡᠨ ᠰᠢᠨ᠎ᠡ ᠶᠢ ᠡᠭᠦᠳᠴᠦ᠂ ᠡᠷᠡᠯᠬᠡᠭᠯᠡᠨ ᠤᠷᠤᠭᠰᠢᠯᠠᠵᠤ᠂ ᠥᠪᠥᠷ ᠮᠣᠩᠭᠤᠯ ᠤᠨ ᠨᠡᠩ ᠰᠠᠶᠢᠨ ᠰᠠᠶᠢᠬᠠᠨ | ᠮᠠᠷᠭᠠᠰᠢ ᠶᠢᠨ ᠲᠥᠯᠦᠭᠡ ᠤᠷᠤᠭᠰᠢᠯᠠᠰᠤᠭᠠᠢ︕ | ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠬᠥᠭᠵᠢᠨ ᠮᠠᠨᠳᠤᠬᠤ ᠶᠢ ᠬᠦᠰᠡᠨ ᠵᠥᠩᠨᠡᠶ᠎ᠡ︕ | ᠥᠪᠥᠷ ᠮᠤᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠵᠣᠯ ᠵᠢᠷᠭᠠᠯ ᠲᠠᠢ ᠠᠮᠤᠷ | ᠠᠮᠤᠭᠤᠯᠠᠩ ᠪᠠᠶᠢᠬᠤ ᠶᠢ ᠬᠦᠰᠡᠨ ᠵᠥᠩᠨᠡᠶ᠎ᠡ︕ | ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠡᠭᠡ ᠪᠦᠯᠬᠦᠮᠳᠡᠯ ᠮᠠᠨᠳᠤᠲᠤᠭᠠᠢ︕ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ | ᠪᠦᠬᠦ ᠤᠯᠤᠰ ᠤᠨ ᠠᠷᠠᠳ ᠤᠨ ᠲᠥᠯᠤᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠲᠥᠷᠥ ᠶᠢᠨ ᠶᠠᠪᠤᠳᠠᠯ ᠤᠨ ᠬᠤᠷᠢᠶ᠎ᠠ | ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ | 2017 ᠣᠨ ᠤ 8 ᠳ᠋ᠤᠭᠠᠷ ᠰᠠᠷ᠎ᠠ ᠶᠢᠨ 8 ᠤ ᠡᠳᠦᠷ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 8 ᠳ᠋ᠤᠭᠠᠷ | ᠰᠠᠷ᠎ᠠ ᠶᠢᠨ 8 ᠤ ᠡᠳᠦᠷ ᠤᠨ ᠴᠠᠬᠢᠯᠭᠠᠨ ᠮᠡᠳᠡᠭᠡ︶ |