︵2017 ᠣᠨ ᠤ 8 ᠳ᠋ᠤᠭᠠᠷ ᠰᠠᠷ᠎ᠠ ᠶᠢᠨ 8 ᠤ ᠡᠳᠦᠷ︶ | ᠯᠢ ᠵᠢᠢ ᠡᠾᠧᠩ | ᠡᠷᠬᠢᠮ ᠬᠦᠨᠳᠤᠳᠤ ᠢᠤᠢ ᠵᠧᠩ ᠱᠧᠩ ᠲᠡᠷᠢᠬᠦᠯᠡᠭᠴᠢ᠂ ᠲᠦᠪ ᠤᠨ ᠲᠦᠯᠦᠭᠡᠯᠡᠭᠴᠢᠳ ᠤᠨ ᠪᠦᠯᠬᠦᠮ ᠤᠨ | ᠪᠦᠷᠢᠯᠳᠦᠬᠦᠨ ᠨᠠᠷ᠂ ᠨᠦᠬᠦᠳ ᠡ᠂ ᠨᠠᠶᠢᠵᠠ ᠨᠠᠷ ᠡ᠄ | ᠦᠨᠦᠳᠦᠷ᠂ ᠠᠳᠡ ᠪᠢᠳᠡ ᠦᠪᠡᠳᠡᠭᠰᠢ ᠶᠡᠭᠡᠪᠡᠷ ᠴᠤᠭᠯᠠᠭᠠᠨ ᠪᠤᠯᠵᠤ᠂ ᠦᠪᠦᠷ ᠮᠣᠩᠭᠤᠯ ᠤᠨ | ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ᠂ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠪᠦᠬᠦ | ᠤᠯᠤᠰ ᠤᠨ ᠤᠯᠤᠰ ᠲᠥᠷᠥ ᠶᠢᠨ ᠵᠦᠪᠯᠡᠯᠭᠡᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠲᠤᠰᠬᠠᠶᠢᠯᠠᠨ | ᠴᠠᠬᠢᠯᠭᠠᠨ ᠴᠢᠮᠡᠭᠡ ᠢᠷᠡᠬᠦᠯᠵᠦ᠂ ᠶᠡᠷᠦᠩᠭᠡᠢ ᠱᠦᠵᠢ ᠰᠢ ᠶᠢᠨ ᠫᠢᠩ ᠦᠪᠦᠷ ᠮᠣᠩᠭᠤᠯ ᠤᠨ ᠦᠪᠡᠷᠳᠡᠭᠡᠨ ᠵᠠᠰᠠᠬᠤ | ᠤᠷᠤᠨ ᠪᠠᠶᠢᠭᠤᠯᠤᠭᠳᠠᠭᠰᠠᠨ 70 ᠵᠢᠯ ᠤᠨ ᠤᠢ ᠳᠤ ᠵᠤᠷᠢᠭᠤᠯᠤᠨ ︽ᠦᠵᠡᠰᠬᠦᠯᠡᠩᠳᠦ ᠰᠠᠶᠢᠬᠠᠨ ᠦᠪᠦᠷ ᠮᠤᠩᠭᠤᠯ | ᠢᠶᠠᠨ ᠪᠦᠳᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠬᠦᠳᠦ ᠪᠠᠨ ᠬᠠᠮᠳᠤᠪᠡᠷ ᠲᠡᠷᠭᠡᠯᠰᠢᠬᠦᠯᠦᠶᠠ︾ ᠬᠡᠬᠦ | ᠪᠢᠴᠢᠭᠡᠰᠦ ᠪᠢᠴᠢᠨ ᠦᠭᠪᠡ᠃ ᠡᠨᠡ ᠨᠢ ᠰᠢ ᠶᠢᠨ ᠫᠢᠩ ᠨᠥᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ | ᠬᠤᠷᠢᠶ᠎ᠠ ᠠᠴᠠ ᠦᠪᠦᠷ ᠮᠣᠩᠭᠤᠯ ᠢ ᠲᠡᠭᠡᠳᠤ ᠬᠡᠮᠵᠢᠶ᠎ᠠ ᠪᠠᠷ ᠬᠦᠨᠳᠦᠳᠭᠡᠨ ᠦᠵᠡᠵᠦ᠂ ᠲᠤᠳᠤᠨᠤ ᠪᠠᠷ ᠬᠠᠯᠠᠮᠵᠢᠯᠠᠵᠤ | ᠪᠠᠶᠢᠭ᠎ᠠ ᠶᠢ ᠬᠦᠢᠴᠡᠳ ᠬᠠᠷᠠᠭᠤᠯᠵᠤ᠂ ᠶᠡᠷᠦᠩᠭᠡᠢ ᠱᠦᠵᠢ ᠰᠢ ᠶᠢᠨ ᠫᠢᠩ ᠠᠴᠠ ᠦᠪᠦᠷ ᠮᠣᠩᠭᠤᠯ ᠤᠨ | ᠬᠦᠭᠵᠢᠯᠳᠡ ᠳᠤ ᠲᠠᠯᠪᠢᠭᠰᠠᠨ ᠬᠦᠨ ᠵᠤᠵᠠᠭᠠᠨ ᠬᠦᠰᠡᠯ ᠨᠠᠶᠢᠳᠠᠯᠭ᠎ᠠ ᠰᠢᠩᠭᠡᠵᠦ᠂ ᠪᠦᠬᠦ ᠣᠷᠣᠨ ᠤ ᠦᠷᠭᠡᠨ ᠤᠯᠠᠨ | ᠺᠠᠳ᠋ᠷ ᠤᠯᠠᠨ ᠲᠦᠮᠡᠨ ᠤ ᠬᠠᠮᠲᠤ ᠶᠢᠨ ᠡᠷᠴᠢ ᠵᠤᠷᠢᠭ ᠪᠠ ᠬᠦᠰᠡᠯ ᠲᠡᠮᠦᠯᠡᠯ ᠢ ᠲᠦᠪᠯᠡᠷᠡᠩᠬᠦᠢ ᠢᠯᠡᠳᠭᠡᠵᠦ ᠪᠠᠶᠢᠬᠤ | ᠲᠤᠯᠠ᠂ ᠦᠪᠦᠷ ᠮᠣᠩᠭᠤᠯ ᠤᠨ ᠦᠨᠳᠦᠰᠦᠲᠡᠨ ᠨᠦᠭᠦᠳ ᠤᠨ 2500 ᠭᠠᠷᠤᠢ ᠲᠦᠮᠡᠨ ᠠᠷᠠᠳ ᠲᠦᠮᠡᠨ ᠮᠠᠰᠢ | ᠶᠡᠭᠡᠪᠡᠷ ᠵᠤᠷᠢᠬᠵᠢᠵᠦ᠂ ᠬᠢᠵᠠᠭᠠᠯᠠᠰᠢ ᠦᠭᠡᠢ ᠰᠠᠳᠬᠢᠯ ᠲᠤᠭᠳᠤᠯᠵᠤ ᠪᠠᠶᠢᠨ᠎ᠠ᠃ | ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠶᠢᠨ ᠤᠯᠤᠰ ᠲᠥᠷᠥ ᠶᠢᠨ ᠲᠤᠪᠴᠢᠶᠠᠨ ᠤ | ᠪᠠᠶᠢᠩᠭᠤ ᠶᠢᠨ ᠬᠡᠰᠢᠬᠦᠨ᠂ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠬᠦᠯᠡᠭᠴᠢ ᠢᠤᠢ ᠵᠧᠩ | ᠱᠧᠩ ᠨᠦᠬᠦᠷ ᠲᠥᠪ ᠤᠨ ᠲᠥᠯᠥᠭᠡᠯᠡᠭᠴᠢᠳ ᠤᠨ ᠪᠦᠯᠬᠦᠮ ᠢ ᠲᠠᠭᠠᠭᠤᠯᠤᠨ ᠦᠪᠦᠷ ᠮᠤᠩᠭᠤᠯ ᠳᠤ ᠮᠤᠷᠢᠯᠠᠨ | ᠰᠠᠭᠠᠳᠠᠵᠤ᠂ ᠰᠢ ᠶᠢᠨ ᠫᠢᠩ ᠨᠥᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠭᠦᠨ ᠵᠤᠵᠠᠭᠠᠨ | ᠬᠠᠶᠢᠷ᠎ᠠ ᠰᠡᠳᠭᠢᠯᠭᠡ ᠪᠠ ᠪᠦᠬᠦ ᠤᠯᠤᠰ ᠤᠨ ᠠᠷᠠᠳ ᠲᠦᠮᠡᠨ ᠤ ᠰᠠᠶᠢᠨ ᠰᠠᠶᠢᠬᠠᠨ ᠢᠷᠦᠭᠡᠯ ᠵᠦᠡᠭᠨᠡᠯ ᠢ ᠬᠦᠷᠭᠡᠵᠤ | ᠢᠷᠡᠭᠰᠡᠨ ᠳᠤ᠂ ᠪᠢ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠳᠡᠭᠡᠨ ᠵᠠᠰᠠᠬᠤ ᠤᠷᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠥᠪᠡᠷᠳᠡᠭᠡᠨ ᠵᠠᠰᠠᠬᠤ ᠤᠷᠤᠨ ᠤ | ᠠᠷᠠᠳ ᠤᠨ ᠵᠠᠰᠠᠭ ᠤᠨ ᠤᠷᠳᠤᠨ᠂ ᠥᠪᠡᠷᠳᠡᠭᠡᠨ ᠵᠠᠰᠠᠬᠤ ᠤᠷᠤᠨ ᠤ ᠤᠯᠤᠰ ᠲᠥᠷᠥ ᠶᠢᠨ ᠵᠦᠪᠯᠡᠯᠭᠡᠨ᠂ ᠦᠪᠦᠷ | ᠮᠣᠩᠭᠤᠯ ᠤᠨ ᠴᠡᠷᠢᠭ ᠤᠨ ᠲᠣᠭᠤᠷᠢᠭ ᠪᠠ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ | ᠡᠮᠦᠨ᠎ᠡ ᠠᠴᠠ ᠰᠢ ᠶᠢᠨ ᠫᠢᠩ ᠨᠥᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠳᠤ ᠡᠷᠬᠢᠮ ᠳᠡᠭᠡᠳᠦ | ᠬᠦᠨᠳᠦᠳᠬᠡᠯ ᠢᠶᠠᠨ ᠳᠡᠪᠰᠢᠭᠦᠯᠵᠦ ᠪᠠᠶᠢᠨ᠎ᠠ︕ ᠲᠥᠪ ᠤᠨ ᠲᠥᠯᠥᠭᠡᠯᠡᠭᠴᠢᠳ ᠤᠨ ᠪᠦᠯᠬᠦᠮ᠂ ᠪᠡᠯᠭᠡᠯᠡᠬᠦ | ᠠᠵᠢᠯᠯᠠᠭ᠎ᠠ ᠳᠤ ᠤᠷᠤᠯᠴᠠᠭᠰᠠᠨ ᠬᠦᠨᠳᠦᠳᠦ ᠵᠤᠴᠢᠳ᠂ ᠨᠠᠶᠢᠵᠠ ᠨᠠᠷ ᠢ ᠪᠠᠶᠠᠷᠯᠠᠨ ᠤᠭᠳᠤᠵᠤ ᠪᠠᠶᠢᠬᠤ ᠪᠠᠨ | ᠢᠯᠡᠳᠬᠡᠶ᠎ᠠ︕ ᠪᠦᠬᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠪᠠ ᠡᠯ᠎ᠡ ᠡᠲᠡᠭᠡᠳ ᠤᠨ | ᠬᠦᠮᠦᠰ᠂ ᠦᠪᠡᠷᠳᠡᠭᠡᠨ ᠵᠠᠰᠠᠬᠤ ᠤᠷᠤᠨ ᠳᠤ ᠰᠠᠭᠤᠭ᠎ᠠ ᠴᠡᠷᠢᠭ ᠠᠩᠭᠢ ᠶᠢᠨ ᠵᠢᠯᠤᠭᠤᠳᠤᠭᠴᠢ ᠪᠠᠶᠢᠯᠳᠤᠭᠴᠢ᠂ | ᠵᠡᠪᠰᠡᠭᠳᠤ ᠴᠠᠭᠳᠠᠭ᠎ᠠ ᠶᠢᠨ ᠲᠠᠷᠤᠭ᠎ᠠ ᠪᠠᠶᠢᠯᠳᠤᠭᠴᠢ᠂ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ᠂ | ᠦᠪᠡᠷᠳᠡᠭᠡᠨ ᠵᠠᠰᠠᠬᠤ ᠤᠷᠤᠨ ᠳᠤ ᠰᠠᠭᠤᠭ᠎ᠠ ᠲᠥᠪ ᠤᠨ ᠨᠢᠭᠡᠴᠡ ᠶᠢᠨ ᠨᠦᠬᠦᠳ ᠲᠤ ᠴᠢᠩ ᠰᠡᠳᠭᠢᠯ ᠤᠨ | ᠮᠡᠨᠳᠦᠴᠢᠯᠡᠯ ᠢᠶᠠᠨ ᠲᠡᠪᠰᠢᠬᠦᠯᠦᠶ᠎ᠠ︕ ᠦᠪᠦᠷ ᠮᠤᠩᠭᠤᠯ ᠳᠤ ᠤᠷᠳᠤ ᠬᠤᠭᠤᠴᠠᠭ᠎ᠠ ᠪᠠᠷ ᠠᠵᠢᠯᠯᠠᠵᠤ ᠪᠠᠶᠢᠭ᠎ᠠ ᠪᠠ | ᠠᠵᠢᠯᠯᠠᠵᠤ ᠦᠡᠭᠭᠡᠷᠡᠭᠰᠡᠨ ᠪᠦᠭᠡᠳ ᠦᠪᠡᠷᠳᠡᠭᠡᠨ ᠵᠠᠰᠠᠬᠤ ᠤᠷᠤᠨ ᠤ ᠬᠦᠭᠵᠢᠯᠳᠡ ᠳᠤ ᠴᠢᠬᠤᠯᠠ ᠬᠤᠪᠢ ᠨᠡᠮᠡᠷᠢ | ᠦᠵᠡᠭᠦᠯᠦᠭᠰᠡᠨ ᠠᠬᠠᠮᠠᠳ ᠨᠦᠬᠦᠳ᠂ ᠦᠪᠦᠷ ᠮᠣᠩᠭᠤᠯ ᠤᠨ ᠬᠦᠭᠵᠢᠯᠳᠡ ᠶᠢ ᠬᠠᠯᠠᠮᠵᠢᠯᠠᠵᠤ ᠳᠡᠮᠵᠢᠭᠰᠡᠭᠡᠷ | ᠢᠷᠡᠭᠰᠡᠨ ᠨᠡᠶᠢᠵᠠ ᠨᠥᠬᠦᠳ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠡᠨᠡ ᠬᠦ ᠴᠠᠭ ᠮᠦᠴᠡ ᠳᠤ ᠪᠢᠳᠡ ᠦᠪᠡᠷᠳᠡᠭᠡᠨ ᠵᠠᠰᠠᠬᠤ ᠤᠷᠤᠨ ᠢ ᠪᠠᠶᠢᠭᠤᠯᠵᠤ ᠬᠦᠭᠵᠢᠬᠦᠯᠬᠦ ᠳᠤ ᠭᠠᠷᠮᠠᠭᠠᠢ | ᠭᠠᠪᠢᠶ᠎ᠠ ᠵᠢᠳᠬᠦᠯ ᠦᠵᠡᠬᠦᠯᠦᠭᠰᠡᠨ ᠤᠯᠠᠭᠠᠨᠬᠦᠤ ᠨᠦᠬᠦᠷ ᠢ ᠮᠦᠷᠦᠭᠡᠳᠦᠨ ᠰᠠᠨᠠᠭᠠᠯᠵᠠᠵᠤ ᠪᠠᠶᠢᠨ᠎ᠠ︕ ᠦᠪᠦᠷ | ᠮᠤᠩᠭᠤᠯ ᠢ ᠪᠥᠲᠥᠬᠡᠨ ᠪᠠᠶᠢᠭᠤᠯᠵᠤ ᠬᠦᠭᠵᠢᠬᠦᠯᠬᠦ ᠳᠤ ᠴᠦᠬᠦᠷᠡᠰᠢ ᠦᠭᠡᠢ ᠲᠡᠮᠡᠴᠡᠭᠰᠡᠨ ᠦᠷᠡᠭᠳᠡᠭᠰᠡᠨ | ᠪᠠᠭᠠᠳᠤᠷᠴᠤᠳ ᠢ ᠳᠤᠷᠠᠰᠬᠠᠨ ᠰᠠᠨᠠᠭᠠᠯᠵᠠᠵᠤ ᠪᠠᠶᠢᠨ᠎ᠠ︕ ᠦᠪᠦᠷ ᠮᠤᠩᠭᠤᠯ ᠤᠨ ᠦᠨᠳᠦᠰᠦᠳᠡᠨ ᠨᠦᠭᠦᠳ ᠤᠨ | ᠠᠷᠠᠳ ᠲᠦᠮᠡᠨ ᠲᠡᠳᠡᠨ ᠤ ᠭᠡᠷᠡᠯ ᠰᠠᠴᠤᠷᠠᠩᠭᠤᠢ ᠠᠮᠵᠢᠯᠲᠠ ᠶᠢ ᠨᠢ ᠡᠭᠦᠷᠢᠳᠡ ᠪᠠᠲᠤ ᠴᠡᠭᠡᠵᠢᠯᠡᠬᠦ ᠶᠤᠮ︕ | 1947 ᠣᠨ ᠤ 5 ᠳ᠋ᠤᠭᠠᠷ ᠰᠠᠷ᠎ᠠ ᠶᠢᠨ 1 ᠤ ᠡᠳᠦᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ | ᠤᠳᠤᠷᠢᠳᠤᠯᠭ᠎ᠠ ᠲᠤᠤᠷ᠎ᠠ᠂ ᠠᠷᠠᠳ ᠤᠨ ᠴᠢᠯᠦᠭᠡᠯᠡᠬᠦ ᠲᠠᠶᠢᠨ ᠤ ᠨᠢᠵᠢᠬᠢᠨᠡᠭᠰᠡᠨ ᠫᠤᠤ ᠶᠢᠨ ᠳᠠᠭᠤᠨ ᠤ ᠳᠤᠮᠳᠠ᠂ | ᠦᠪᠦᠷ ᠮᠣᠩᠭᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ ᠢ ᠲᠤᠩᠬᠠᠭᠯᠠᠵᠤ᠂ ᠦᠪᠦᠷ ᠮᠣᠩᠭᠤᠯ ᠤᠨ | ᠬᠥᠭᠵᠢᠯᠲᠡ ᠶᠢᠨ ᠰᠢᠨ᠎ᠡ ᠡᠷᠠᠨ ᠵᠠᠭᠤᠨ ᠢ ᠡᠬᠢᠯᠡᠬᠦᠯᠵᠡᠢ᠃ ᠮᠡᠤ ᠽᠧ ᠳ᠋ᠦᠩ᠂ ᠳ᠋ᠧᠩ ᠰᠢᠶᠤᠤ ᠫᠢᠩ᠂ ᠵᠢᠶᠠᠩ | ᠽᠧ ᠮᠢᠨ ᠨᠥᠬᠦᠷ ᠢᠶᠠᠷ ᠭᠤᠤᠯ ᠪᠤᠯᠭᠠᠭᠰᠠᠨ ᠨᠠᠮ ᠤᠨ ᠭᠤᠷᠪᠡᠨ ᠦᠶ᠎ᠠ ᠶᠢᠨ ᠲᠥᠪ ᠤᠨ ᠤᠳᠤᠷᠢᠳᠬᠤ ᠬᠠᠮᠳᠤ ᠪᠠ | ᠬᠤ᠋ ᠶᠢᠨ ᠲᠤᠤ ᠨᠥᠬᠦᠷ ᠢᠶᠠᠷ ᠶᠡᠷᠦᠩᠭᠡᠢ ᠱᠦᠵᠢ ᠪᠤᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠳᠤ ᠴᠢᠩᠭ᠎ᠠ | ᠤᠳᠤᠷᠢᠳᠤᠯᠭ᠎ᠠ ᠲᠤᠤᠷ᠎ᠠ᠂ ᠨᠠᠮ ᠤᠨ ᠦᠨᠳᠦᠰᠦᠲᠡᠨ ᠤ ᠲᠦᠷᠤ ᠶᠢᠨ ᠪᠤᠳᠤᠯᠭ᠎ᠠ ᠶᠢᠨ ᠭᠡᠷᠡᠯ ᠰᠠᠴᠤᠷᠠᠩᠭᠤᠢ | ᠲᠤᠶᠠᠭᠠᠯᠡᠯ ᠲᠤᠤᠷ᠎ᠠ᠂ ᠪᠦᠭᠦ ᠤᠷᠤᠨ ᠤ ᠦᠨᠳᠤᠰᠤᠳᠡᠨ ᠨᠦᠭᠦᠳ ᠤᠨ ᠠᠷᠠᠤᠨ ᠲᠦᠮᠡᠨ ᠲᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠡᠷᠡᠮᠡᠭᠡᠶᠢᠯᠡᠨ ᠤᠷᠤᠠᠨᠰᠢᠯᠠᠵᠤ᠂ ᠬᠤᠪᠢᠰᠬᠠᠯ᠂ ᠪᠦᠳᠤᠭᠡᠨ | ᠪᠠᠶᠢᠭᠤᠯᠤᠯᠳᠡ᠂ ᠦᠭᠡᠷᠡᠴᠢᠯᠡᠯᠳᠡ ᠶᠢᠨ ᠰᠦᠷ ᠵᠢᠪᠬᠤᠯᠠᠩᠳᠤ ᠬᠠᠭᠤᠳᠠᠰᠤ ᠶᠢ ᠪᠢᠴᠢᠭᠯᠡᠪᠡ᠃ | ᠨᠠᠮ ᠤᠨ ᠠᠷᠪᠡᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠪᠦᠭᠦ ᠤᠷᠤᠨ ᠤ ᠦᠨᠳᠤᠰᠤᠳᠡᠨ ᠨᠦᠭᠦᠳ ᠤᠨ | ᠠᠷᠠᠤᠨ ᠲᠦᠮᠡᠨ ᠰᠢ ᠶᠢᠨ ᠫᠢᠡᠭ ᠨᠦᠭᠦᠷ ᠢᠶᠠᠷ ᠭᠤᠤᠯ ᠪᠤᠯᠭᠠᠠᠨᠰᠡᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ | ᠨᠢᠠᠨᠳᠠᠷᠠᠨ ᠪᠦᠯᠭᠦᠮᠳᠠᠵᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ | ᠦᠨᠳᠤᠷ ᠮᠠᠨᠳᠤᠭᠤᠯᠵᠤ᠂ ᠶᠡᠷᠤᠩᠭᠡᠢ ᠱᠦᠵᠢ ᠰᠢ ᠶᠢᠨ ᠫᠢᠡᠭ ᠤᠨ ᠰᠢᠷᠢᠰ ᠴᠢᠬᠤᠯᠨ ᠶᠠᠷᠢᠶᠠᠨ ᠤ ᠵᠤᠷᠢᠭ ᠰᠠᠨᠠᠭ᠎ᠠ | ᠪᠡ ᠲᠦᠷᠤ ᠶᠢ ᠵᠠᠰᠠᠵᠤ ᠵᠠᠰᠠᠬ ᠢ ᠡᠷᠬᠢᠯᠡᠬᠦ ᠰᠢᠨ᠎ᠡ ᠣᠨᠣᠯᠵᠢᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ | ᠪᠤᠳᠤᠯᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠶᠡᠷᠤᠩᠭᠡᠢ ᠱᠦᠵᠢ ᠰᠢ ᠶᠢᠨ ᠫᠢᠡᠭ ᠤᠨ ᠦᠪᠤᠷ | ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠨ ᠶᠠᠷᠢᠶᠠᠨ ᠤ ᠵᠤᠷᠢᠭ ᠰᠠᠨᠠᠭ᠎ᠠ ᠶᠢ ᠪᠦᠭᠦ ᠲᠡᠯ᠎ᠡ ᠪᠠᠷ | ᠲᠤᠤᠱᠯᠠᠭᠤᠯᠤᠨ ᠨᠡᠶᠢᠳᠡᠪᠤᠷᠢᠵᠢᠭᠤᠯᠵᠤ᠂ ︽ᠲᠠᠪᠤ ᠶᠢ ᠨᠢᠭᠡ ᠴᠤᠠᠨᠴᠠᠵᠢᠭᠤᠯᠬᠤ︾ ᠶᠡᠷᠤᠩᠭᠡᠢ ᠪᠠᠶᠢᠷᠢᠰᠢᠭᠤᠯᠤᠯᠳᠡ ᠶᠢ | ᠨᠢᠭᠡᠳᠤᠯᠳᠡᠢ ᠲᠦᠯᠤᠪᠵᠢᠭᠦᠯᠤᠨ ᠠᠭᠢᠭᠤᠯᠵᠤ᠂ ︽ᠲᠦᠷᠪᠡᠨ ᠪᠦᠭᠦ ᠲᠡᠯ᠎ᠡ︾ ᠶᠢᠨ ᠪᠠᠶᠢᠯᠳᠤᠬᠤ ᠪᠤᠳᠤᠯᠭ᠎ᠠ ᠶᠢᠨ | ᠪᠠᠶᠢᠷᠢᠰᠢᠭᠤᠯᠤᠯᠲᠠ ᠶᠢ ᠵᠤᠭᠢᠴᠠᠭᠤᠯᠤᠨ ᠠᠭᠢᠭᠤᠯᠵᠤ᠂ ᠰᠡᠭᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ | ᠪᠦᠯᠭᠦᠮᠳᠡᠨ ᠲᠠᠮᠡᠴᠡᠵᠤ᠂ ᠦᠭᠡᠷᠡᠴᠢᠯᠡᠯᠳᠡ ᠨᠡᠭᠡᠭᠡᠯᠳᠡ ᠪᠡ ᠤᠳᠤᠭᠢᠴᠢᠯᠠᠬᠤ ᠪᠦᠳᠤᠭᠡᠨ ᠪᠠᠶᠢᠭᠤᠯᠤᠯᠳᠡ ᠶᠢᠨ ᠴᠤ᠋ | ᠰᠢᠨ᠎ᠡ ᠪᠠᠶᠢᠳᠠᠯ ᠢ ᠨᠡᠭᠡᠭᠡᠵᠤ᠂ ᠡᠭᠡ ᠤᠯᠤᠰ ᠤᠨ ᠤᠮᠠᠷᠠᠳᠤ ᠭᠢᠯᠢ ᠳᠤ ᠠᠵᠤ ᠠᠬᠤᠢ ᠭᠦᠭᠵᠢᠭᠰᠡᠨ᠂ | ᠦᠨᠳᠤᠰᠤᠳᠡᠨ ᠨᠦᠭᠦᠳ ᠪᠦᠯᠭᠦᠮᠳᠡᠭᠰᠡᠨ᠂ ᠰᠤᠶᠤᠯ ᠴᠡᠴᠡᠭᠯᠡᠭᠰᠡᠨ᠂ ᠭᠢᠯᠢ ᠭᠢᠵᠠᠭᠠᠷ ᠠᠮᠤᠷ ᠲᠤᠠᠨᠳᠠᠭᠤᠨ᠂ ᠠᠮᠢ | ᠠᠬᠤᠢ ᠪᠤᠯᠪᠠᠰᠤᠨ᠂ ᠦᠨᠳᠤᠰᠤᠳᠡᠨ ᠨᠦᠭᠦᠳ ᠤᠨ ᠠᠷᠠᠤᠨ ᠲᠦᠮᠡᠨ ᠵᠤᠯ ᠵᠢᠷᠭᠠᠯᠳᠠᠢ ᠠᠮᠢᠳᠤᠷᠬᠠᠰᠡᠨ | ᠦᠵᠡᠰᠭᠦᠯᠡᠩᠳᠤ ᠰᠠᠶᠢᠬᠠᠨ ᠦᠵᠡᠮᠵᠢ ᠶᠢᠨ ᠤᠷᠤᠨ ᠢᠯᠡᠷᠠᠵᠠᠢ᠃ ᠡᠳᠡᠭᠡᠷ ᠠᠮᠵᠢᠯᠳᠡ ᠪᠦᠲᠦᠭᠡᠯ ᠢ ᠪᠤᠯ ᠰᠢ ᠶᠢᠨ | ᠫᠢᠡᠭ ᠨᠦᠭᠦᠷ ᠢᠶᠠᠷ ᠭᠤᠤᠯ ᠪᠤᠯᠭᠠᠠᠨᠰᠡᠨ ᠨᠠᠮ ᠤᠨ ᠲᠦᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ | ᠣᠯᠣᠭᠰᠠᠨ ᠶᠤᠮ᠂ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠨ ᠶᠠᠷᠢᠶᠠᠨ ᠤ ᠵᠤᠷᠢᠭ ᠰᠠᠨᠠᠭ᠎ᠠ ᠪᠡ | ᠲᠦᠷᠤ ᠶᠢ ᠵᠠᠰᠠᠵᠤ ᠵᠠᠰᠠᠬ ᠢ ᠡᠷᠬᠢᠯᠡᠬᠦ ᠰᠢᠨ᠎ᠡ ᠣᠨᠣᠯᠵᠢᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ | ᠪᠤᠳᠤᠯᠭ᠎ᠠ ᠶᠢᠨ ᠰᠢᠨᠵᠢᠯᠡᠭᠦ ᠤᠬᠠᠭᠠᠨᠴᠢ ᠵᠢᠭᠠᠨ ᠵᠢᠯᠤᠭᠤᠳᠤᠯᠭ᠎ᠠ ᠲᠤᠤᠷ᠎ᠠ ᠣᠯᠣᠭᠰᠠᠨ ᠶᠤᠮ᠃ | — ᠪᠢᠳᠡ ᠵᠦᠪ ᠤᠯᠤᠰ ᠲᠥᠷᠥ ᠶᠢᠨ ᠴᠢᠭᠯᠡᠯ ᠢ ᠪᠡᠳᠤ ᠡᠵᠡᠮᠳᠠᠵᠤ᠂ ᠨᠠᠮ ᠤᠨ ᠤᠳᠤᠷᠢᠳᠤᠯᠭ᠎ᠠ ᠶᠢ | ᠡᠷᠡᠰ ᠭᠤᠶᠢᠪᠢᠰᠢ ᠦᠭᠡᠢ ᠪᠠᠷᠢᠮᠳᠠᠯᠠᠵᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠡᠷᠡᠰ | ᠭᠤᠶᠢᠪᠢᠰᠢ ᠦᠭᠡᠢ ᠪᠠᠷᠢᠮᠳᠠᠯᠠᠨ᠂ ᠨᠠᠮ ᠤᠨ ᠲᠦᠪ ᠬᠤᠷᠢᠶ᠎ᠠ ᠶᠢᠨ ᠡᠷᠭᠡ ᠰᠦᠷ ᠪᠠ ᠲᠥᠪᠯᠡᠷᠡᠯ ᠨᠢᠭᠡᠳᠤᠯᠳᠡᠢ | ᠤᠳᠤᠷᠢᠳᠤᠯᠭ᠎ᠠ ᠶᠢ ᠡᠷᠡᠰ ᠬᠠᠮᠠᠭᠠᠯᠠᠵᠥ᠂ ᠤᠯᠤᠰ ᠲᠦᠷᠤ ᠶᠢᠨ ᠤᠬᠠᠮᠰᠡᠷ᠂ ᠶᠡᠭᠡ ᠲᠡᠯ᠎ᠡ ᠶᠢᠨ ᠤᠬᠠᠮᠰᠡᠷ᠂ | ᠭᠤᠤᠯᠯᠠᠬᠤ ᠤᠬᠠᠮᠰᠡᠷ᠂ ᠲᠠᠭᠠᠨ ᠨᠢᠭᠡᠳᠬᠦ ᠤᠬᠠᠮᠰᠡᠷ ᠢᠶᠠᠨ ᠲᠠᠰᠤᠷᠠᠯᠳᠡ ᠦᠭᠡᠢ ᠨᠡᠮᠡᠭᠳᠡᠭᠦᠯᠤᠨ᠂ ᠲᠤᠮᠳᠠᠳᠤ | ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠵᠠᠮ ᠤᠨ ᠢᠳᠡᠭᠡᠯ᠂ ᠤᠨᠤᠯ ᠤᠨ ᠢᠳᠡᠭᠡᠯ᠂ ᠪᠠᠶᠢᠭᠤᠯᠤᠯ ᠤᠨ | ᠢᠳᠡᠭᠡᠯ᠂ ᠰᠤᠶᠤᠯ ᠤᠨ ᠢᠳᠡᠭᠡᠯ ᠢᠶᠠᠨ ᠲᠠᠰᠤᠷᠠᠯᠳᠡ ᠦᠭᠡᠢ ᠨᠡᠮᠡᠭᠳᠡᠭᠦᠯᠦᠭᠰᠡᠨ ᠠᠴᠠ᠂ ᠤᠬᠠᠮᠰᠡᠷ ᠠᠴᠠ ᠪᠠᠨ ᠦᠵᠡᠯ | ᠰᠠᠨᠠᠭ᠎ᠠ᠂ ᠤᠯᠤᠰ ᠲᠦᠷᠤ᠂ ᠤᠶᠢᠯᠨ ᠠᠵᠢᠯᠯᠠᠭ᠎ᠠ ᠲᠡᠭᠡᠷ᠎ᠠ ᠪᠠᠨ ᠰᠢ ᠶᠢᠨ ᠫᠢᠡᠭ ᠨᠦᠭᠦᠷ ᠢᠶᠠᠷ ᠭᠤᠤᠯ ᠪᠤᠯᠭᠠᠠᠨᠰᠡᠨ | ᠨᠠᠮ ᠤᠨ ᠲᠦᠪ ᠬᠤᠷᠢᠶ᠎ᠠ ᠲᠠᠢ ᠲᠡᠭᠡᠳᠤ ᠭᠡᠮᠵᠢᠶ᠎ᠠ ᠪᠠᠷ ᠨᠢᠭᠡᠳᠤᠯᠳᠡᠢ ᠪᠠᠶᠢᠵᠤ᠂ ᠲᠦᠪ ᠤᠨ ᠶᠡᠭᠡ ᠪᠤᠳᠤᠯᠭ᠎ᠠ | ᠴᠢᠭᠯᠡᠯᠳᠡ ᠪᠡ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠲᠠ ᠶᠢ ᠦᠪᠤᠷ ᠮᠤᠩᠭᠤᠯ ᠳᠤ ᠦᠨᠳᠤᠰᠤᠯᠡᠭᠦᠯᠤᠨ | ᠴᠡᠴᠡᠭᠯᠡᠭᠦᠯᠭᠦ ᠶᠢ ᠦᠨᠡᠨ ᠭᠦ ᠪᠠᠳᠤᠯᠠᠵᠠᠢ᠃ ᠥᠨᠥᠳᠦᠷ ᠤᠨ ᠦᠪᠤᠷ ᠮᠤᠩᠭᠤᠯ᠂ ᠲᠦᠷᠤ ᠶᠢᠨ ᠶᠠᠪᠤᠳᠡᠯ ᠰᠢᠯᠤᠭᠤᠨ | ᠂ ᠲᠦᠮᠡᠨ ᠤ ᠰᠡᠳᠭᠢᠯ ᠪᠠᠶᠠᠰᠤᠩᠭᠤᠢ᠂ ᠦᠨᠳᠤᠰᠤᠳᠡᠨ ᠨᠦᠭᠦᠳ ᠤᠨ ᠠᠷᠠᠤᠨ ᠲᠦᠮᠡᠨ ᠨᠠᠮ ᠢᠶᠠᠨ ᠲᠠᠭᠠᠵᠤ᠂ ᠲᠡᠯ᠎ᠡ | ᠨᠤᠳᠤᠭ ᠤᠨ ᠠᠷᠠᠤᠨ ᠲᠦᠮᠡᠨ ᠤ ᠰᠡᠳᠭᠢᠯ ᠪᠡᠭᠡᠵᠢᠩ ᠵᠦᠭ ᠢᠶᠠᠨ ᠲᠠᠮᠡᠤᠯᠤᠨ᠂ ᠲᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠰᠠᠷᠠᠭᠤᠯ ᠲᠠᠷᠳᠡᠩ ᠵᠠᠮ ᠢᠶᠠᠷ ᠤᠮᠤᠠᠨᠳᠠᠢ ᠪᠠᠷ ᠣᠷᠣᠭᠰᠢᠯᠠᠵᠤ ᠪᠠᠶᠢᠨ᠎ᠠ᠃ | — ᠪᠢᠳᠡ ᠬᠥᠭᠵᠢᠯᠲᠡ ᠶᠢ ᠲᠡᠷᠢᠭᠦᠨ ᠴᠢᠬᠤᠯᠨ ᠶᠠᠪᠤᠳᠡᠯ ᠪᠤᠯᠭᠠᠨ ᠴᠢᠩᠭ᠎ᠠ ᠠᠳᠬᠤᠵᠤ᠂ ᠪᠤᠳᠠᠳᠠᠢ ᠠᠴᠠ | ᠡᠭᠦᠰᠴᠤ ᠠᠵᠢᠯ ᠢᠶᠠᠨ ᠪᠦᠳᠤᠭᠡᠯᠴᠢ ᠪᠠᠷ ᠦᠷᠨᠢᠭᠦᠯᠵᠤ᠂ ᠰᠢᠨ᠎ᠡ ᠶᠢ ᠡᠭᠦᠳᠭᠦ ᠭᠦᠭᠵᠢᠯᠳᠡ᠂ ᠵᠤᠭᠢᠴᠠᠩᠭᠤᠢ | ᠭᠦᠭᠵᠢᠯᠳᠡ᠂ ᠪᠤᠭᠢᠷᠳᠤᠯ ᠦᠭᠡᠢ ᠭᠦᠭᠵᠢᠯᠳᠡ᠂ ᠨᠡᠭᠡᠭᠡᠯᠲᠡ ᠲᠠᠢ ᠭᠦᠭᠵᠢᠯᠳᠡ᠂ ᠬᠠᠮᠳᠤ ᠪᠠᠷ ᠬᠦᠷᠲᠡᠬᠦ | ᠬᠥᠭᠵᠢᠯᠲᠡ ᠶᠢ ᠭᠦᠨᠵᠡᠭᠡᠢ ᠲᠦᠯᠭᠢᠨ ᠠᠭᠢᠭᠤᠯᠵᠤ᠂ ᠰᠢᠨ᠎ᠡ ᠮᠠᠶ᠋ᠢᠭ ᠤᠨ ᠠᠵᠤ ᠤᠶᠢᠯᠡᠳᠪᠤᠷᠢᠵᠢᠯᠳᠡ᠂ ᠮᠡᠳᠡᠭᠡ | ᠵᠠᠩᠭᠢᠵᠢᠯᠳᠡ᠂ ᠬᠤᠳᠡ ᠪᠠᠯᠭᠠᠰᠤᠵᠢᠯᠳᠡ᠂ ᠮᠠᠯ ᠠᠵᠤ ᠠᠬᠤᠢ ᠲᠠᠷᠢᠶᠠᠯᠠᠩ ᠤᠨ ᠤᠳᠤᠭᠢᠴᠢᠯᠠᠯᠳᠡ ᠪᠡ ᠪᠤᠭᠢᠷᠳᠤᠯ | ᠦᠭᠡᠢ ᠬᠦᠭᠵᠢᠯᠳᠡ ᠶᠢ ᠵᠤᠭᠢᠴᠠᠭᠤᠯᠤᠨ ᠠᠭᠢᠭᠤᠯᠵᠤ᠂ ᠦᠭᠡᠷᠡᠴᠢᠯᠡᠯᠳᠡ ᠨᠡᠭᠡᠭᠡᠯᠳᠡ ᠶᠢ ᠪᠦᠭᠦ ᠲᠡᠯ᠎ᠡ ᠪᠠᠷ | ᠭᠦᠨᠵᠡᠭᠡᠶᠢᠷᠡᠭᠦᠯᠤᠨ᠂ ᠠᠵᠤ ᠠᠬᠤᠢ ᠶᠢᠨ ᠬᠥᠭᠵᠢᠯᠲᠡ ᠶᠢᠨ ᠭᠡᠯᠪᠡᠷᠢ ᠶᠢ ᠭᠦᠴᠤᠯᠡᠨ ᠬᠤᠪᠢᠷᠠᠭᠤᠯᠵᠤ᠂ ᠰᠠᠭᠤᠷᠢ | ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠳᠠ ᠶᠢ ᠶᠡᠬᠡᠪᠡᠷ ᠴᠢᠩᠭᠠᠳᠬᠠᠬᠰᠠᠨ ᠠᠴᠠ ᠪᠦᠬᠦ ᠤᠷᠤᠨ ᠤ ᠦᠢᠯᠡᠳᠪᠦᠷᠢᠯᠡᠯ | ᠤᠨ ᠶᠡᠷᠦᠩᠭᠡᠢ ᠦᠷᠳᠡᠭ 1.86 ᠲᠦᠮᠡᠨ ᠳ᠋ᠦᠩᠰᠢᠭᠤᠷ ᠲᠦᠭᠦᠷᠢᠭ ᠲᠤ ᠬᠦᠷᠴᠦ᠂ ᠬᠤᠳᠠ ᠪᠠᠯᠭᠠᠰᠤᠵᠢᠯᠲᠡ ᠶᠢᠨ | ᠨᠣᠷᠮ᠎ᠠ 61.2% ᠲᠤ ᠬᠦᠷᠴᠦ᠂ ᠠᠵᠤ ᠠᠬᠤᠢ ᠶᠢᠨ ᠪᠦᠲᠦᠴᠡ ᠥᠷᠭᠦᠯᠵᠢᠯᠡᠨ ᠰᠢᠯᠢᠳᠡᠭᠵᠢᠵᠦ᠂ ᠦᠷᠭᠦᠯᠵᠢᠯᠡᠨ | ᠬᠦᠭᠵᠢᠬᠦ ᠴᠢᠳᠠᠪᠦᠷᠢ ᠲᠠᠰᠤᠷᠠᠯᠳᠠ ᠦᠭᠡᠢ ᠳᠡᠭᠡᠭᠰᠢᠯᠡᠨ᠂ ᠬᠦᠭᠵᠢᠯᠳᠡ ᠶᠢᠨ ᠶᠠᠰᠤ ᠴᠢᠨᠠᠷ ᠪᠠ ᠦᠷ᠎ᠡ ᠠᠰᠢᠭ | ᠯᠠᠪᠳᠠᠭᠤᠨ ᠢᠶᠠᠷ ᠳᠡᠭᠡᠭᠰᠢᠯᠡᠵᠡᠢ᠃ ᠦᠨᠤᠳᠤᠷ ᠤᠨ ᠦᠪᠤᠷ ᠮᠤᠩᠭᠤᠯ ᠠᠵᠤ ᠠᠬᠤᠢ ᠶᠢᠨ ᠶᠡᠷᠤᠩᠭᠡᠶᠢᠯᠡᠭᠰᠡᠨ ᠪᠤᠳᠠᠳᠤ | ᠭᠦᠴᠤᠨ ᠢᠯᠡᠳᠳᠡ ᠲᠡᠭᠡᠭᠰᠢᠯᠡᠵᠤ᠂ ᠬᠤᠳᠠ ᠬᠥᠳᠡᠭᠡ ᠶᠢᠨ ᠬᠦᠭᠵᠢᠯᠲᠠ ᠳᠤ ᠴᠤ᠋ ᠰᠢᠨ᠎ᠡ ᠪᠠᠶᠢᠳᠠᠯ ᠢᠯᠡᠷᠡᠵᠦ᠂ | ᠦᠨᠳᠤᠰᠤᠳᠡᠨ ᠨᠤᠬᠦᠳᠣᠨ ᠠᠷᠠᠳ ᠲᠦᠮᠡᠨ ᠤᠳᠤ ᠴᠤᠭ ᠪᠠᠳᠠᠷᠠᠩᠭᠤᠢ ᠪᠠᠷ ᠪᠦᠬᠦ ᠲᠠᠯ᠎ᠠ ᠪᠠᠷ ᠴᠢᠨᠡᠭᠡᠯᠢᠭᠵᠢᠬᠦ ᠪᠠᠷ | ᠴᠢᠷᠮᠠᠶᠢᠨ ᠲᠡᠮᠡᠴᠡᠵᠦ ᠪᠠᠶᠢᠨ᠎ᠠ᠃ | — ᠪᠢᠳᠡ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠲᠤᠮᠳᠠᠳᠦ ᠤᠯᠤᠰᠣᠨ ᠤᠨᠴᠠᠯᠢᠭ ᠲᠠᠢ ᠵᠦᠪ | ᠵᠠᠮ ᠢᠶᠠᠷ ᠭᠤᠶᠢᠪᠢᠰᠢ ᠦᠭᠡᠢ ᠵᠠᠮᠨᠠᠵᠤ᠂ ᠦᠨᠳᠤᠰᠤᠳᠡᠨ ᠤ ᠤᠷᠤᠨ ᠤ ᠦᠪᠡᠷᠳᠡᠭᠡᠨ ᠵᠠᠰᠠᠬᠤ ᠪᠠᠶᠢᠭᠤᠯᠤᠯ ᠤᠨ | ᠳᠠᠪᠠᠭᠤᠯᠢᠭ ᠢ ᠬᠦᠢᠴᠡᠳ ᠪᠠᠳᠠᠷᠠᠭᠤᠯᠤᠨ᠂ ᠦᠨᠳᠤᠰᠤᠳᠡᠨ ᠨᠦᠭᠦᠳ ᠬᠠᠮᠳᠤ ᠪᠠᠷ ᠪᠦᠯᠬᠦᠮᠳᠡᠨ ᠲᠡᠮᠡᠴᠡᠵᠦ᠂ | ᠬᠠᠮᠳᠦ ᠪᠠᠷ ᠴᠡᠴᠡᠭᠯᠡᠨ ᠬᠥᠭᠵᠢᠬᠦ ᠶᠢ ᠪᠠᠷᠢᠮᠳᠠᠯᠠᠨ᠂ ᠪᠦᠯᠬᠦᠮᠳᠠᠯ ᠳᠠᠪᠰᠢᠯᠲᠠ ᠶᠢᠨ ᠡᠭᠦᠳᠦᠨ ᠪᠠᠶᠢᠭᠤᠯᠬᠤ | ᠠᠵᠢᠯᠯᠠᠭ᠎ᠠ ᠶᠢ ᠬᠦᠨᠵᠡᠬᠡᠢ ᠦᠷᠨᠢᠬᠦᠯᠵᠦ᠂ ᠦᠨᠳᠤᠰᠤᠳᠡᠨ ᠨᠤᠭᠦᠳᠣᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠭ᠎ᠠ ᠶᠢ | ᠢᠳᠡᠪᠬᠢᠳᠠᠢ ᠲᠦᠯᠬᠢᠨ ᠠᠬᠢᠭᠤᠯᠤᠭᠰᠠᠨ ᠠᠴᠠ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ | ᠵᠤᠬᠢᠴᠠᠩᠭᠤᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠡᠳᠦᠷ ᠢᠷᠡᠬᠦᠶ᠎ᠠ ᠪᠠᠬᠢᠵᠢᠵᠠᠢ᠃ ᠥᠨᠥᠳᠦᠷ ᠤᠨ | ᠦᠪᠤᠷ ᠮᠤᠩᠭᠤᠯ ᠪᠦᠯᠬᠦᠮᠳᠡᠯ ᠲᠠᠢ ᠡᠶ᠎ᠡ ᠵᠤᠬᠢᠴᠠᠩᠭᠤᠢ᠂ ᠠᠮᠤᠷ ᠲᠤᠭᠳᠠᠭᠤᠨ ᠡᠮᠬᠢ ᠵᠢᠷᠦᠮ ᠲᠠᠢ᠂ ᠦᠨᠳᠤᠰᠤᠳᠡᠨ | ᠨᠤᠭᠦᠳᠣᠨ ᠠᠷᠠᠳ ᠲᠦᠮᠡᠨ ᠰᠠᠳᠬᠢᠯ ᠵᠢᠷᠦᠭᠡ ᠪᠠᠨ ᠨᠢᠭᠡᠳᠭᠡᠨ᠂ ᠭᠠᠷ ᠭᠠᠷ ᠢᠶᠠᠨ ᠬᠤᠯᠪᠤᠯᠴᠠᠵᠦ᠂ ᠲᠡᠭᠡᠰᠦᠨ ᠤ | ᠡᠷᠴᠢᠮ ᠮᠡᠳᠦ ᠨᠢᠭᠲᠠᠷᠠᠵᠦ᠂ ᠡᠬᠡ ᠤᠯᠤᠰ ᠤᠨ ᠬᠢᠯᠢ ᠬᠢᠵᠠᠭᠠᠷ ᠢᠶᠠᠨ ᠬᠠᠮᠳᠤ ᠪᠠᠷ ᠰᠠᠬᠢᠨ ᠬᠠᠮᠠᠭᠠᠯᠠᠵᠦ᠂ ᠲᠠᠩᠰᠤᠭ | ᠰᠠᠶᠢᠬᠠᠨ ᠠᠮᠢᠳᠤᠷᠠᠯ ᠢᠶᠠᠨ ᠬᠠᠮᠳᠤ ᠪᠠᠷ ᠴᠤᠭᠴᠠᠯᠠᠵᠦ ᠪᠠᠶᠢᠨ᠎ᠠ᠃ | — ᠪᠢᠳᠡ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠤᠨ ᠤᠷᠤᠭᠰᠢᠯᠠᠬᠤ ᠴᠢᠭᠯᠡᠯ ᠢ ᠪᠠᠷᠢᠮᠳᠠᠯᠠᠵᠦ᠂ | ᠨᠡᠶᠢᠭᠡᠮ ᠵᠢᠷᠦᠮ ᠤᠨ ᠭᠤᠤᠯᠯᠠᠬᠴᠢ ᠦᠷᠳᠡᠭ ᠤᠨ ᠦᠵᠡᠯᠲᠠ ᠶᠢ ᠢᠳᠡᠪᠬᠢᠳᠠᠢ ᠪᠤᠶᠢᠵᠢᠭᠤᠯᠤᠨ ᠦᠢᠯᠡᠳᠦᠯᠭᠡᠵᠢᠬᠦᠯᠵᠦ | ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠳᠦ ᠰᠣᠶᠣᠯ ᠢ ᠶᠡᠬᠡᠪᠠᠷ ᠪᠠᠳᠠᠷᠠᠭᠤᠯᠤᠨ᠂ ᠤᠯᠤᠰ ᠢᠶᠠᠨ | ᠬᠠᠶᠢᠷᠠᠯᠠᠬᠤ ᠬᠦᠮᠦᠵᠢᠯ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠬᠥᠮᠥᠵᠢᠯ ᠢ ᠬᠦᠨᠵᠡᠬᠡᠢ | ᠦᠷᠨᠢᠬᠦᠯᠵᠦ᠂ ᠦᠨᠳᠤᠰᠤᠳᠡᠨ ᠨᠤᠭᠦᠳᠣᠨ ᠺᠠᠳ᠋ᠷ ᠤᠯᠠᠨ ᠲᠦᠮᠡᠨ ᠤ ᠠᠭᠤᠤ ᠶᠡᠭᠡ ᠡᠬᠡ ᠤᠯᠤᠰ᠂ ᠲᠤᠮᠳᠠᠳᠦ ᠶᠢᠨ | ᠦᠨᠳᠤᠰᠤᠳᠡᠨ᠂ ᠳᠤᠮᠳᠠᠳᠤ ᠶᠢᠨ ᠰᠤᠶᠤᠯ᠂ ᠲᠤᠮᠳᠠᠳᠦ ᠤᠯᠤᠰ ᠤᠨ ᠡᠪ ᠬᠠᠮᠲᠤ ᠨᠠᠮ᠂ ᠲᠤᠮᠳᠠᠳᠦ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠮᠡᠳᠡᠷᠡᠮᠵᠢ ᠶᠢ ᠲᠠᠰᠤᠷᠠᠯᠳᠠ ᠦᠭᠡᠢ ᠨᠡᠮᠡᠭᠳᠡᠬᠦᠯᠵᠦ᠂ | ᠦᠨᠳᠤᠰᠤᠳᠡᠨ ᠨᠦᠭᠦᠳ ᠤᠨ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭᠠᠨ ᠤ ᠰᠠᠭᠤᠷᠢ ᠶᠢ ᠤᠯᠠᠮ | ᠴᠢᠨᠠᠭᠰᠢᠲᠠ ᠪᠠᠬᠢᠵᠢᠬᠦᠯᠵᠠᠢ᠃ ᠥᠨᠥᠳᠦᠷ ᠤᠨ ᠦᠪᠤᠷ ᠮᠤᠩᠭᠤᠯ ᠰᠣᠶᠣᠯ ᠢ ᠤᠯᠠᠮᠵᠢᠯᠠᠨ ᠵᠠᠯᠭᠠᠮᠵᠢᠯᠠᠬᠤ ᠲᠤᠮᠳᠠ | ᠰᠢᠨᠡᠴᠢᠯᠡᠵᠤ᠂ ᠪᠤᠯᠪᠠᠰᠤᠨ ᠢ ᠰᠤᠯᠢᠯᠴᠠᠬᠤ ᠲᠤᠮᠳᠠ ᠲᠤᠯᠢᠯᠠᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ | ᠰᠠᠶᠢᠨ ᠰᠠᠶᠢᠬᠠᠨ ᠤᠶᠤᠨ ᠰᠠᠨᠠᠭᠠᠨ ᠤ ᠭᠡᠷ ᠣᠷᠣᠨ ᠢᠶᠠᠨ ᠬᠠᠮᠳᠤ ᠪᠠᠷ ᠰᠠᠬᠢᠵᠤ᠂ ︽ᠲᠤᠮᠳᠠᠳᠦ ᠶᠢᠨ | ᠦᠨᠳᠤᠰᠤᠳᠡᠨ ᠨᠦᠭᠦᠳ ᠨᠢᠭᠡ ᠭᠡᠷ ᠤᠨ ᠬᠦᠮᠦᠰ ᠮᠡᠳᠦ ᠪᠦᠯᠬᠦᠮᠳᠡᠵᠦ᠂ ᠰᠡᠳᠬᠢᠯ ᠨᠢᠭᠡᠳᠦᠨ ᠳᠤᠮᠳᠠᠳᠤ ᠶᠢᠨ | ᠵᠠᠬᠦᠳᠦ ᠪᠠᠨ ᠲᠡᠷᠭᠡᠯᠰᠢᠬᠦᠯᠬᠦ︾ ᠰᠢᠨ᠎ᠡ ᠬᠠᠭᠤᠳᠠᠰᠤ ᠶᠢ ᠲᠠᠰᠤᠷᠠᠯᠲᠠ ᠦᠭᠡᠢ ᠪᠢᠴᠢᠭᠯᠡᠵᠦ ᠪᠠᠶᠢᠨ᠎ᠠ᠃ | — ᠪᠢᠳᠡ ᠠᠷᠠᠳ ᠲᠦᠮᠡᠨ ᠢᠶᠠᠷ ᠭᠤᠤᠯ ᠪᠤᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠳᠠᠯᠠᠵᠦ | ᠂ ᠦᠨᠳᠤᠰᠤᠳᠡᠨ ᠨᠦᠭᠦᠳ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ | ᠡᠷᠡᠮᠡᠯᠵᠡᠯ ᠢᠶᠠᠷ ᠲᠡᠮᠡᠴᠡᠬᠦ ᠬᠠᠷᠠᠯᠲᠠ ᠪᠠᠨ ᠪᠤᠯᠭᠠᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠶᠢ | ᠪᠦᠬᠦ ᠬᠦᠴᠦ ᠪᠠᠷ ᠢᠶᠠᠨ ᠲᠦᠯᠬᠢᠨ ᠠᠬᠢᠭᠤᠯᠵᠦ᠂ ᠨᠡᠶᠢᠭᠡᠮ ᠤᠨ ᠦᠢᠯᠡᠰ ᠢ ᠪᠦᠬᠦ ᠲᠠᠯ᠎ᠠ ᠪᠠᠷ ᠬᠦᠭᠵᠢᠬᠦᠯᠤᠨ᠂ | ᠲᠦᠭᠡᠮᠡᠯ ᠬᠠᠷᠠᠭᠠᠯᠵᠠᠯ ᠤᠨ ᠴᠢᠨᠠᠷᠳᠠᠢ᠂ ᠰᠠᠭᠤᠷᠢ ᠴᠢᠨᠠᠷᠳᠠᠢ᠂ ᠦᠨᠳᠤᠰᠤᠨ ᠠᠴᠠ ᠨᠢ ᠪᠠᠳᠤᠯᠠᠬᠤ ᠴᠢᠨᠠᠷᠳᠠᠢ | ᠠᠷᠠᠳ ᠤᠨ ᠠᠮᠢᠳᠤᠷᠠᠯ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠳᠤᠳᠠᠢ ᠰᠠᠶᠢᠳᠤᠷ | ᠬᠢᠭᠰᠡᠨ ᠠᠴᠠ ᠠᠷᠠᠳ ᠲᠦᠮᠡᠨ ᠤ ᠠᠮᠢᠳᠤᠷᠠᠯ ᠤᠨ ᠬᠢᠷᠢ ᠲᠦᠪᠰᠢᠨ ᠪᠠ ᠶᠠᠰᠤ ᠴᠢᠨᠠᠷ ᠢᠯᠡᠳᠳᠡ ᠲᠡᠭᠡᠭᠰᠢᠯᠡᠵᠦ᠂ | ᠠᠮᠤᠷ ᠠᠮᠤᠭᠤᠯᠠᠩ ᠦᠪᠤᠷ ᠮᠤᠩᠭᠤᠯ᠂ ᠬᠠᠤᠯᠢ ᠪᠠᠷ ᠵᠠᠰᠠᠬᠤ ᠦᠪᠤᠷ ᠮᠤᠩᠭᠤᠯ᠂ ᠡᠶ᠎ᠡ ᠵᠤᠬᠢᠴᠠᠩᠭᠤᠢ ᠦᠪᠤᠷ | ᠮᠣᠩᠭᠤᠯ ᠤᠨ ᠪᠦᠳᠦᠭᠡᠨ ᠪᠠᠶᠢᠭᠤᠯᠤᠯᠲᠠ ᠢᠯᠡᠳᠳᠡ ᠠᠮᠵᠢᠯᠳᠠ ᠪᠦᠳᠦᠮᠵᠢ ᠤᠯᠵᠤ᠂ ᠡᠭᠡ ᠤᠯᠤᠰ ᠤᠨ ᠤᠮᠠᠷᠠᠳᠦ | ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠦᠷᠬᠦᠯᠵᠢᠯᠠᠨ ᠪᠠᠬᠢᠵᠢᠵᠠᠢ᠃ ᠥᠨᠥᠳᠦᠷ ᠤᠨ ᠦᠪᠤᠷ ᠮᠤᠩᠭᠤᠯ ᠳᠤ | ᠠᠷᠠᠳ ᠲᠦᠮᠡᠨ ᠠᠮᠤᠷ ᠲᠠᠶᠢᠪᠤᠡᠭ ᠠᠵᠤ ᠲᠦᠷᠦᠵᠦ᠂ ᠨᠡᠶᠢᠭᠡᠮ ᠠᠮᠤᠷ ᠠᠮᠤᠭᠤᠯᠠᠩ ᠡᠶ᠎ᠡ ᠨᠠᠶᠢᠷᠠᠮᠳᠠᠭᠤ ᠪᠤᠯᠵᠦ᠂ | ᠦᠨᠳᠤᠰᠤᠳᠡᠨ ᠨᠤᠭᠦᠳᠣᠨ ᠤᠯᠠᠨ ᠲᠦᠮᠡᠨ ᠡᠳ᠋ ᠪᠤᠳᠠᠰ ᠤᠨ ᠲᠠᠯ᠎ᠠ ᠠᠴᠠ ᠠᠪᠤᠭᠠᠳ ᠤᠶᠤᠨ ᠰᠠᠨᠠᠭᠠᠨ ᠤ | ᠲᠠᠯ᠎ᠠ ᠳᠤ ᠬᠦᠷᠲᠡᠯ᠎ᠡ ᠴᠦᠮ ᠥᠶᠥᠭ ᠲᠠᠪᠠᠲᠠᠢ ᠪᠣᠯᠵᠠᠢ᠃ | — ᠪᠢᠳᠡ ᠠᠮᠢ ᠠᠬᠤᠢ ᠶᠢᠨ ᠪᠣᠯᠪᠠᠰᠤᠨ ᠤ ᠵᠠᠮ ᠢ ᠪᠠᠷᠢᠮᠳᠠᠯᠠᠵᠦ᠂ ᠨᠤᠭᠤᠭᠠᠨ ᠦᠡᠭᠭᠡ ᠶᠢ ᠦᠪᠤᠷ | ᠮᠤᠩᠭᠤᠯ ᠤᠨ ᠳᠡᠪᠢᠰᠬᠡᠷ ᠥᠩᠭᠡ ᠪᠠ ᠦᠨ᠎ᠡ ᠥᠷᠲᠡᠭ ᠪᠣᠯᠭᠠᠨ᠂ ᠠᠮᠢ ᠠᠬᠤᠢ ᠶᠢ ᠥᠪᠥᠷ ᠮᠣᠩᠭᠤᠯ ᠤᠨ | ᠬᠠᠷᠢᠭᠤᠴᠠᠯᠭ᠎ᠠ ᠪᠠ ᠲᠠᠯᠳᠡ ᠬᠦᠴᠦᠨ ᠪᠤᠯᠭᠠᠵᠦ᠂ ᠠᠮᠢ ᠠᠬᠤᠢ ᠶᠢᠨ ᠰᠡᠷᠭᠦᠯᠲᠡ ᠶᠢᠨ ᠴᠢᠬᠤᠯᠠ ᠶᠡᠭᠡ | ᠢᠨᠵᠧᠨᠧᠷᠢᠩ ᠢ ᠬᠦᠨᠵᠡᠬᠡᠢ ᠬᠡᠷᠡᠭᠵᠢᠬᠦᠯᠤᠨ᠂ ᠤᠷᠴᠢᠨ ᠲᠣᠭᠤᠷᠢᠨ ᠤ ᠬᠠᠮᠠᠭᠠᠯᠠᠯᠲᠠ ᠪᠠ ᠵᠠᠰᠠᠯᠲᠠ ᠶᠢ ᠪᠦᠬᠦ | ᠲᠠᠯ᠎ᠠ ᠪᠠᠷ ᠴᠢᠩᠭᠠᠳᠬᠠᠵᠤ᠂ ᠪᠣᠬᠢᠷᠳᠣᠯ ᠦᠭᠡᠢ ᠠᠵᠤ ᠦᠢᠯᠡᠰ ᠤᠨ ᠰᠢᠰᠲ᠋ᠧᠮᠵᠢ ᠶᠢ ᠲᠥᠷᠭᠡᠨ ᠪᠠᠶᠢᠭᠤᠯᠵᠤ᠂ ᠠᠮᠢ | ᠠᠬᠤᠢ ᠶᠢᠨ ᠪᠣᠯᠪᠠᠰᠣᠨ ᠤ ᠳᠦᠷᠢᠮ ᠤᠨ ᠪᠠᠶᠢᠭᠤᠯᠤᠯᠲᠠ ᠶᠢ ᠢᠳᠡᠪᠬᠢᠲᠡᠢ ᠰᠦᠪᠡᠭᠴᠢᠯᠡᠨ᠂ ᠡᠬᠢ ᠪᠠᠶᠠᠯᠢᠭ ᠢ | ᠠᠷᠪᠢᠯᠠᠬᠤ ᠪᠠ ᠤᠷᠴᠢᠨ ᠲᠣᠭᠤᠷᠢᠨ ᠢ ᠬᠠᠮᠠᠭᠠᠯᠠᠬᠤ ᠤᠷᠤᠨ ᠵᠠᠢ ᠶᠢᠨ ᠪᠠᠶᠢᠷᠢᠰᠢᠯ᠂ ᠠᠵᠤ ᠦᠢᠯᠡᠰ ᠤᠨ ᠪᠦᠳᠦᠴᠨ | ᠂ ᠦᠢᠯᠡᠳᠪᠦᠷᠢᠯᠡᠯ ᠤᠨ ᠬᠡᠯᠪᠠᠷᠢ᠂ ᠠᠮᠢᠳᠤᠷᠠᠯ ᠤᠨ ᠬᠡᠯᠪᠡᠷᠢ ᠶᠢ ᠬᠦᠴᠦᠯᠡᠨ ᠪᠠᠶᠢᠭᠤᠯᠵᠦ᠂ ᠠᠮᠢ ᠠᠬᠤᠢ ᠶᠢᠨ | ᠤᠷᠴᠢᠨ ᠲᠤᠭᠤᠷᠢᠨ ᠤ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠳᠤ ︽ᠪᠦᠬᠦ ᠲᠠᠯ᠎ᠠ ᠪᠠᠷ ᠬᠤᠷᠢᠭᠯᠠᠵᠤ᠂ | ᠬᠡᠰᠡᠭ ᠲᠠᠯ᠎ᠠ ᠪᠠᠷ ᠰᠠᠶᠢᠵᠢᠷᠠᠭᠤᠯᠤᠭᠰᠠᠨ︾ ᠴᠢᠬᠤᠯᠠ ᠶᠡᠭᠡ ᠬᠤᠪᠢᠷᠠᠯᠲᠠ ᠶᠢ ᠪᠡᠶᠡᠯᠡᠭᠦᠯᠦᠭᠰᠡᠨ ᠠᠴᠠ᠂ ᠮᠠᠨ ᠤ | ᠤᠯᠤᠰ ᠤᠨ ᠤᠮᠠᠷᠠᠲᠤ ᠣᠷᠣᠨ ᠤ ᠠᠮᠢ ᠠᠬᠤᠢ ᠶᠢᠨ ᠠᠮᠤᠷ ᠲᠥᠪᠰᠢᠨ ᠤ ᠴᠢᠬᠤᠯᠠ ᠬᠠᠯᠬᠠᠪᠴᠢ ᠨᠡᠩ | ᠪᠠᠬᠢᠵᠢᠵᠡᠢ᠃ | ᠥᠨᠥᠳᠦᠷ ᠤᠨ ᠥᠪᠥᠷ ᠮᠣᠩᠭᠤᠯ ᠦᠵᠡᠰᠬᠦᠯᠡᠩᠲᠦ ᠰᠠᠶᠢᠬᠠᠨ ᠬᠢᠭᠡᠳ ᠥᠷᠨᠢᠩᠭᠦᠢ ᠬᠥᠭᠵᠢᠯᠲᠡ ᠶᠢᠨ ᠬᠤᠣᠰ | ᠠᠮᠵᠢᠯᠲᠠ ᠶᠢ ᠣᠯᠵᠤ᠂ ᠤᠰᠤ ᠨᠢ ᠲᠤᠩᠭᠠᠯᠠᠭ ᠠᠭᠤᠯᠠ ᠨᠢ ᠬᠦᠬᠡᠮᠳᠦᠭ ᠪᠤᠯᠵᠤ᠂ ᠲᠠᠯ᠎ᠠ ᠨᠤᠲᠤᠭ ᠣᠢ ᠰᠢᠭᠤᠢ᠂ | ᠡᠯᠡᠰᠦ ᠮᠠᠩᠬ᠎ᠠ ᠴᠠᠰᠤᠲᠤ ᠲᠠᠯ᠎ᠠ᠂ ᠨᠠᠭᠤᠷ ᠴᠥᠭᠦᠷᠥᠮ ᠨᠤᠭᠤ ᠭᠠᠵᠠᠷ ᠨᠢ ᠶᠠᠭ ᠰᠠᠶᠢᠬᠠᠨ ᠡᠷᠳᠡᠨᠢᠰ ᠤᠨ ᠰᠠᠩ | ᠪᠣᠯᠵᠤ ᠪᠠᠶᠢᠨ᠎ᠠ᠃ | — ᠪᠢᠳᠠ ᠨᠠᠮ ᠨᠢ ᠨᠠᠮ ᠢ ᠬᠠᠮᠢᠶᠠᠷᠴᠤ᠂ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠨ᠂ ᠴᠥᠬᠦᠷᠡᠰᠢ | ᠦᠭᠡᠢ ᠪᠠᠷ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ | ᠵᠢᠯᠣᠭᠤᠳᠤᠭᠤᠯᠤᠨ᠂ ᠠᠵᠢᠯ ᠢᠶᠠᠷ ᠠᠬᠢᠭᠤᠯᠵᠤ᠂ ᠨᠠᠮ ᠤᠨ ᠣᠯᠠᠨ ᠲᠦᠮᠡᠨᠴᠢ ᠱᠤᠭᠤᠮ ᠤᠨ ᠬᠥᠮᠥᠵᠢᠯ ᠦᠢᠯᠡᠳᠦᠯᠭᠡ | ᠶᠢᠨ ᠠᠵᠢᠯᠯᠠᠭ᠎ᠠ᠂ ︽ᠭᠤᠷᠪᠠᠨ ᠴᠢᠩᠭ᠎ᠠ ᠭᠤᠷᠪᠠᠨ ᠪᠣᠳᠠᠲᠠᠢ ᠪᠠᠶᠢᠬᠤ︾ ᠲᠤᠰᠬᠠᠢ ᠰᠡᠳᠦᠪᠲᠦ ᠬᠥᠮᠥᠵᠢᠯ ᠪᠠ ︽ | ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠥᠵᠢᠯ ᠢ ᠭᠦᠨᠵᠡᠭᠡᠢ | ᠲᠦᠯᠬᠢᠨ ᠠᠬᠢᠭᠤᠯᠵᠤ᠂ ︽ᠳᠥᠷᠪᠡᠨ ᠰᠤᠷᠳᠠᠯ︾ ᠢ ᠡᠰᠡᠷᠭᠦᠴᠡᠬᠦ᠂ ᠨᠠᠮ ᠤᠨ ᠰᠤᠷᠳᠠᠯ ᠢ ᠲᠥᠪ ᠪᠣᠯᠭᠠᠬᠤ᠂ | ᠢᠯᠵᠢᠷᠠᠯ ᠢ ᠡᠰᠡᠷᠭᠦᠴᠡᠬᠦ᠂ ᠠᠷᠢᠭᠤᠨ ᠴᠢᠭᠡᠴᠢ ᠶᠢ ᠡᠷᠬᠢᠮᠯᠡᠬᠦ ᠡᠯ᠎ᠡ ᠠᠵᠢᠯ ᠤᠨ ᠠᠵᠢᠯ ᠢ ᠦᠷᠭᠦᠯᠵᠢᠯᠡᠨ | ᠭᠦᠨᠵᠡᠭᠡᠶᠢᠷᠡᠭᠦᠯᠵᠦ᠂ ᠠᠷᠠᠳ ᠣᠯᠠᠨ ᠤ ᠲᠤᠰᠬᠠᠯ ᠴᠢᠩᠭ᠎ᠠ ᠪᠠᠶᠢᠭ᠎ᠠ ᠲᠣᠪᠣᠶᠢᠮ᠎ᠠ ᠠᠰᠠᠭᠤᠳᠠᠯ ᠢ ᠬᠦᠴᠦᠯᠡᠨ | ᠰᠢᠢᠳᠪᠦᠷᠢᠯᠡᠵᠦ᠂ ᠨᠠᠮ ᠤᠨ ᠲᠣᠲᠤᠭᠠᠳᠤ ᠶᠢᠨ ᠤᠯᠤᠰ ᠲᠥᠷᠥ ᠶᠢᠨ ᠠᠮᠢ ᠠᠬᠤᠢ ᠶᠢ ᠬᠦᠴᠦᠯᠡᠨ | ᠴᠡᠪᠡᠷᠰᠢᠬᠦᠯᠦᠭᠰᠡᠨ ᠠᠴᠠ ᠨᠠᠮ ᠤᠨ ᠦᠵᠡᠯ ᠰᠠᠨᠠᠭᠠᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ | ᠴᠣᠭᠴᠠᠯᠠᠯᠲᠠ᠂ ᠣᠪᠣᠷ ᠰᠤᠷᠲᠠᠯ ᠤᠨ ᠪᠠᠶᠢᠭᠤᠯᠤᠯᠲᠠ᠂ ᠢᠯᠵᠢᠷᠠᠯ ᠢ ᠡᠰᠡᠷᠭᠦᠴᠡᠵᠦ ᠠᠷᠢᠭᠤᠨ ᠴᠢᠭᠡᠴᠢ ᠶᠢ ᠡᠷᠬᠢᠮᠯᠡᠬᠦ | ᠪᠠᠶᠢᠭᠤᠯᠤᠯᠲᠠ ᠪᠠ ᠳᠦᠷᠢᠮ ᠤᠨ ᠪᠠᠶᠢᠭᠤᠯᠤᠯᠲᠠ ᠪᠦᠬᠦ ᠲᠠᠯ᠎ᠠ ᠪᠠᠷ ᠴᠢᠩᠭᠠᠷᠠᠵᠤ᠂ ᠥᠪᠡᠷᠳᠡᠭᠡᠨ ᠵᠠᠰᠠᠬᠤ ᠣᠷᠣᠨ ᠤ | ᠡᠯ᠎ᠡ ᠵᠦᠢᠯ ᠤᠨ ᠦᠢᠯᠡᠰ ᠤᠨ ᠬᠥᠭᠵᠢᠯᠲᠡ ᠳᠤ ᠦᠨᠳᠦᠰᠦᠨ ᠪᠠᠲᠤᠯᠠᠭ᠎ᠠ ᠬᠠᠩᠭᠠᠵᠠᠢ᠃ ᠥᠨᠥᠳᠦᠷ ᠤᠨ ᠥᠪᠥᠷ | ᠮᠣᠩᠭᠤᠯ ᠳᠤ᠂ ᠨᠠᠮ ᠤᠨ ᠤᠳᠤᠷᠢᠳᠤᠯᠭ᠎ᠠ ᠪᠠᠳᠤ ᠴᠢᠩᠭ᠎ᠠ ᠢᠳᠡ ᠬᠦᠴᠦᠲᠡᠢ ᠪᠤᠯᠵᠤ᠂ ᠨᠠᠮ ᠤᠨ ᠲᠥᠷᠥ ᠪᠠᠷᠢᠬᠤ | ᠰᠠᠭᠤᠷᠢ ᠪᠠ ᠣᠯᠠᠨ ᠲᠦᠮᠡᠨ ᠤ ᠰᠠᠭᠤᠷᠢ ᠨᠡᠩ ᠪᠠᠬᠢᠵᠢᠵᠦ᠂ ᠨᠠᠮ ᠤᠨ ᠲᠤᠭ ᠡᠬᠡ ᠤᠯᠤᠰ ᠤᠨ ᠤᠮᠠᠷᠠᠲᠤ ᠬᠢᠯᠢ ᠳᠤ | ᠨᠠᠮᠢᠷᠠᠵᠤ ᠪᠠᠶᠢᠨ᠎ᠠ᠃ | ᠣᠨ ᠰᠠᠷ᠎ᠠ ᠤᠯᠠᠷᠢᠨ ᠤᠷᠴᠢᠵᠤ 70 ᠬᠠᠪᠤᠷ ᠨᠠᠮᠤᠷ ᠢ ᠲᠤᠭᠤᠯᠪᠠ᠃ ᠥᠪᠤᠷ ᠮᠣᠩᠭᠤᠯ ᠤᠨ ᠥᠪᠡᠷᠳᠡᠭᠡᠨ | ᠵᠠᠰᠠᠬᠤ ᠣᠷᠣᠨ ᠤ ᠲᠤᠭᠤᠯᠵᠤ ᠢᠷᠡᠭᠰᠡᠨ 70 ᠵᠢᠯ ᠪᠣᠯ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ | ᠠᠭᠤᠤ ᠶᠡᠭᠡ ᠢᠯᠠᠯᠲᠠ ᠣᠯᠣᠭᠰᠠᠨ 70 ᠵᠢᠯ᠂ ᠮᠠᠨ ᠤ ᠤᠯᠤᠰ ᠤᠨ ᠦᠨᠳᠦᠰᠦᠲᠡᠨ ᠤ ᠣᠷᠣᠨ ᠤ ᠥᠪᠡᠷᠳᠡᠭᠡᠨ | ᠵᠠᠰᠠᠬᠤ ᠪᠠᠶᠢᠭᠤᠯᠤᠯ ᠢ ᠠᠮᠵᠢᠯᠲᠠ ᠲᠠᠢ ᠦᠢᠯᠡᠳᠦᠯᠭᠡᠵᠢᠭᠦᠯᠦᠭᠰᠡᠨ 70 ᠵᠢᠯ᠂ ᠪᠦᠬᠦ ᠣᠷᠣᠨ ᠤ | ᠦᠨᠳᠦᠰᠦᠲᠡᠨ ᠨᠦᠭᠦᠳ ᠤᠨ ᠠᠷᠠᠳ ᠲᠦᠮᠡᠨ ᠤ ᠢᠲᠡᠭᠡᠯ ᠲᠡᠭᠦᠯᠳᠡᠷ ᠢᠶᠠᠷ ᠨᠠᠮ ᠢᠶᠠᠨ ᠳᠠᠭᠠᠭᠰᠠᠨ 70 ᠵᠢᠯ ᠮᠦᠨ᠃ | 70 ᠵᠢᠯ ᠤᠨ ᠭᠢᠯᠠᠯᠵᠠᠮ᠎ᠠ ᠠᠮᠵᠢᠯᠲᠠ ᠪᠤᠯ ᠨᠠᠮ ᠤᠨ ᠲᠥᠪ ᠬᠤᠷᠢᠶ᠎ᠠ ᠶᠢᠨ ᠪᠠᠳᠤ ᠴᠢᠩᠭ᠎ᠠ ᠤᠳᠤᠷᠢᠳᠤᠯᠭ᠎ᠠ ᠪᠠ | ᠳᠣᠲᠣᠨᠣ ᠪᠠᠷ ᠬᠠᠯᠠᠮᠵᠢᠯᠠᠭᠰᠠᠨ ᠤ ᠦᠷ᠎ᠠ ᠳ᠋ᠦᠩ᠂ ᠲᠥᠪ ᠬᠤᠷᠢᠶ᠎ᠠ ᠪᠠ ᠲᠥᠷᠥ ᠶᠢᠨ ᠪᠠᠶᠢᠭᠤᠯᠭ᠎ᠠ ᠶᠢᠨ ᠡᠯ᠎ᠡ | ᠰᠠᠯᠠᠭ᠎ᠠ ᠮᠥᠴᠢᠷ᠂ ᠡᠯ᠎ᠡ ᠠᠬ᠎ᠠ ᠳᠡᠭᠦᠦ ᠮᠤᠵᠢ ᠣᠷᠣᠨ ᠬᠤᠲᠠ ᠶᠢᠨ ᠬᠦᠴᠦᠲᠡᠢ ᠳᠡᠮᠵᠢᠭᠰᠡᠨ ᠤ ᠦᠷ᠎ᠠ ᠳ᠋ᠦᠩ᠂ | ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷ | ᠪᠠ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ ᠪᠠᠷ ᠲᠡᠮᠡᠴᠡᠭᠰᠡᠨ ᠤ ᠦᠷ᠎ᠠ ᠳ᠋ᠦᠩ ᠮᠥᠨ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠪᠠᠷ ᠪᠠᠷᠢᠮᠲᠠᠯᠠᠨ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠡᠷᠡᠰ ᠭᠤᠶᠢᠪᠢᠰᠢ ᠦᠭᠡᠢ ᠪᠠᠷ ᠵᠠᠮᠨᠠᠵᠤ᠂ | ᠦᠨᠳᠦᠰᠦᠲᠡᠨ ᠣᠷᠣᠨ ᠤ ᠥᠪᠡᠷᠳᠡᠭᠡᠨ ᠵᠠᠰᠠᠬᠤ ᠪᠠᠶᠢᠭᠤᠯᠤᠯ ᠢ ᠡᠷᠡᠰ ᠭᠤᠶᠢᠪᠢᠰᠢ ᠦᠭᠡᠢ ᠪᠠᠷ ᠪᠠᠷᠢᠮᠲᠠᠯᠠᠨ | ᠲᠡᠬᠦᠯᠳᠡᠷᠵᠢᠬᠦᠯᠦᠮᠡᠨᠵᠢᠨ ᠥᠪᠥᠷ ᠮᠣᠩᠭᠤᠯ ᠦᠷᠨᠢᠬᠦᠨ ᠬᠦᠭᠵᠢᠩᠬᠦᠢ ᠪᠠᠶᠠᠨ ᠴᠢᠨᠡᠭᠡᠯᠢᠭ᠂ ᠡᠶ᠎ᠡ ᠵᠤᠬᠢᠴᠠᠩᠭᠤᠢ | ᠰᠠᠶᠢᠨ ᠰᠠᠶᠢᠬᠠᠨ ᠥᠨᠥᠳᠦᠷ ᠢ ᠣᠯᠵᠤ᠂ ᠨᠡᠩ ᠭᠡᠷᠡᠯ ᠰᠠᠴᠤᠷᠠᠩᠭᠤᠢ ᠮᠠᠷᠭᠠᠰᠢ ᠶᠢ ᠤᠯᠵᠤ ᠴᠢᠳᠠᠬᠤ ᠶᠤᠮ ᠭᠡᠳᠡᠭ ᠢ | ᠦᠢᠯᠡᠳᠦᠯᠭᠡ ᠭᠡᠷᠡᠴᠢᠯᠡᠭᠰᠡᠨ ᠮᠦᠷᠳᠡᠭᠡᠨ ᠬᠤᠶᠢᠰᠢᠳᠡ ᠮᠦᠨ ᠲᠠᠰᠤᠷᠠᠯᠲᠠ ᠦᠭᠡᠢ ᠭᠡᠷᠡᠴᠢᠯᠡᠬᠦ ᠪᠣᠯᠣᠨ᠎ᠠ᠃ | ᠨᠥᠬᠦᠳ ᠡ᠂ ᠨᠠᠶᠢᠵᠠ ᠨᠠᠷ ᠡ︕ | ᠮᠤᠩᠭᠤᠯ ᠦᠭᠡᠨ ᠳᠤ ᠠᠯᠳᠠᠨ ᠭᠠᠳᠠᠰᠤ ᠪᠠᠨ ᠬᠠᠷᠠᠵᠤ ᠶᠠᠪᠤᠪᠠᠯ᠂ ᠠᠯᠤᠰ ᠤᠨ ᠵᠠᠮ ᠳᠠᠭᠠᠨ ᠲᠦᠭᠡᠷᠢᠬᠦ | ᠦᠭᠡᠢ ᠭᠡᠳᠡᠭ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ | ᠴᠢᠬᠤᠯᠠ ᠶᠡᠷᠢᠶ᠎ᠠ ᠪᠡ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ | ᠶᠡᠭᠡ ᠳᠤᠮᠳᠠᠳᠤ ᠶᠢᠨ ᠵᠡᠭᠦᠳᠦ ᠪᠠᠨ ᠬᠠᠮᠲᠤᠪᠠᠷ ᠲᠡᠷᠭᠡᠯᠰᠢᠬᠦᠯᠦᠶᠠ︾ ᠬᠡᠬᠦ ᠪᠢᠴᠢᠭᠡᠰᠦ ᠨᠢ ᠮᠠᠨ ᠤ ᠤᠷᠤᠨ ᠳᠤ | ᠬᠤᠶᠢᠰᠢᠳᠠ ᠶᠢᠨ ᠲᠡᠮᠡᠴᠡᠬᠦ ᠬᠠᠷᠠᠯᠳᠠ ᠪᠠ ᠤᠷᠤᠭᠰᠢᠯᠠᠬᠤ ᠴᠢᠭᠯᠡᠯ ᠢ ᠤᠯᠠᠮ ᠲᠤᠳᠤᠷᠠᠭᠤᠯᠵᠤ ᠦᠭᠪᠡ᠃ ᠪᠢᠳᠠ | ᠡᠷᠬᠡᠪᠰᠢ ᠤᠯᠤᠰ ᠲᠥᠷᠥ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠣᠯᠯᠠᠬᠤ ᠤᠬᠠᠮᠰᠠᠷ᠂ ᠲᠠᠭᠠᠨ | ᠨᠢᠭᠡᠳᠬᠦ ᠤᠬᠠᠮᠰᠠᠷ ᠢᠶᠠᠨ ᠲᠠᠰᠤᠷᠠᠯᠳᠠ ᠦᠭᠡᠢ ᠨᠡᠮᠡᠭᠳᠡᠭᠦᠯᠦᠨ᠂ ᠡᠷᠡᠰ ᠭᠤᠶᠢᠪᠢᠰᠢ ᠦᠭᠡᠢ ᠪᠠᠷ ᠨᠠᠮ ᠤᠨ ᠢᠶᠠᠨ | ᠦᠭᠡ ᠶᠢ ᠰᠤᠨᠤᠰᠴᠤ᠂ ᠨᠠᠮ ᠢᠶᠠᠨ ᠲᠠᠭᠠᠨ ᠤᠷᠤᠭᠰᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ | ᠭᠤᠣᠯᠯᠠᠭᠴᠢ ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠨᠠᠮ ᠤᠨ ᠲᠥᠪ ᠬᠤᠷᠢᠶ᠎ᠠ ᠶᠢᠨ ᠡᠷᠭᠡ ᠰᠦᠷ ᠪᠠ | ᠲᠦᠪᠯᠡᠷᠡᠯ ᠨᠢᠭᠡᠳᠦᠯᠳᠠᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠢᠮᠠᠭᠳᠠ ᠦᠵᠡᠯ ᠰᠠᠨᠠᠭ᠎ᠠ ᠤᠯᠤᠰ ᠲᠥᠷᠥ | ᠦᠢᠯᠡ ᠠᠵᠢᠯᠯᠠᠭ᠎ᠠ ᠳᠡᠭᠡᠷ᠎ᠡ ᠪᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠲᠦᠪ ᠬᠤᠷᠢᠶ᠎ᠠ ᠲᠠᠢ ᠲᠡᠭᠡᠳᠤ | ᠭᠡᠮᠵᠢᠶ᠎ᠠ ᠪᠠᠷ ᠨᠢᠭᠡᠳᠤᠯᠳᠡᠢ ᠪᠠᠶᠢᠬᠤ ᠬᠡᠷᠡᠭᠳᠡᠢ︔ ᠪᠢᠳᠡ ᠡᠷᠭᠡᠪᠰᠢ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ | ᠵᠢᠷᠤᠮ ᠤᠨ ᠵᠠᠮ ᠤᠨ ᠢᠳᠡᠭᠡᠯ᠂ ᠤᠨᠤᠯ ᠤᠨ ᠢᠳᠡᠭᠡᠯ᠂ ᠪᠠᠶᠢᠭᠤᠯᠤᠯ ᠤᠨ ᠢᠳᠡᠭᠡᠯ᠂ ᠰᠤᠶᠤᠯ ᠤᠨ ᠢᠳᠡᠭᠡᠯ ᠢᠶᠠᠨ | ᠪᠠᠳᠤ ᠪᠠᠬᠢ ᠪᠤᠢ ᠪᠤᠯᠭᠠᠵᠤ᠂ ᠨᠠᠮ ᠤᠨ ᠦᠨᠳᠦᠰᠦᠨ ᠱᠤᠭᠤᠮ ᠢ ᠡᠷᠡᠰ ᠭᠤᠶᠢᠪᠢᠰᠢ ᠦᠭᠡᠢ ᠪᠠᠷ ᠪᠠᠷᠢᠮᠳᠠᠯᠠᠵᠤ᠂ | ᠥᠪᠤᠷ ᠮᠣᠩᠭᠤᠯ ᠤᠨ ᠥᠭᠡᠷᠡᠴᠢᠯᠡᠯᠲᠡ ᠨᠡᠭᠡᠭᠡᠯᠲᠡ ᠪᠠ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ | ᠦᠭᠡᠢ ᠲᠦᠯᠬᠢᠨ ᠤᠷᠤᠭᠰᠢᠯᠠᠭᠤᠯᠬᠤ ᠬᠡᠷᠡᠭᠲᠡᠢ︔ ᠪᠢᠳᠠ ᠡᠷᠭᠡᠪᠰᠢ ᠬᠥᠭᠵᠢᠩᠭᠦᠢ ᠪᠤᠰᠤ ᠣᠷᠣᠨ ᠤ ᠦᠨᠳᠦᠰᠦᠨ | ᠪᠠᠶᠢᠳᠠᠯ ᠢ ᠪᠠᠲᠤ ᠡᠵᠡᠮᠰᠢᠵᠦ᠂ ᠬᠢᠯᠢ ᠬᠢᠵᠠᠭᠠᠷ ᠤᠨ ᠦᠨᠳᠦᠰᠦᠲᠡᠨ ᠤ ᠣᠷᠣᠨ ᠤ ᠪᠤᠳᠠᠳᠤ ᠪᠠᠶᠢᠳᠠᠯ ᠳᠠᠭᠠᠨ | ᠰᠠᠭᠤᠷᠢᠯᠠᠨ᠂ ᠠᠷᠠᠳ ᠣᠷᠣᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠳᠤ ᠨᠡᠶᠢᠴᠡᠭᠦᠯᠵᠦ᠂ | ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠦᠭᠡᠢ ᠴᠢᠯᠦᠭᠡᠯᠡᠨ ᠬᠥᠭᠵᠢᠬᠦᠯᠵᠦ᠂ ᠠᠷᠠᠳ ᠤᠨ ᠠᠮᠢᠳᠤᠷᠠᠯ ᠢ | ᠪᠠᠳᠤᠯᠠᠨ ᠰᠠᠶᠢᠵᠢᠷᠠᠭᠤᠯᠬᠤ ᠪᠠᠷ ᠬᠦᠴᠦᠯᠡᠵᠦ᠂ ᠪᠦᠬᠦ ᠤᠯᠣᠰ ᠲᠠᠢ ᠬᠠᠮᠲᠦ ᠪᠠᠷ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠬᠦᠯᠬᠦ ᠶᠢ ᠦᠨᠡᠨ ᠬᠦ ᠪᠠᠲᠤᠯᠠᠬᠤ ᠬᠡᠷᠡᠭᠲᠡᠢ︔ ᠪᠢᠳᠡ ᠡᠷᠭᠡᠪᠰᠢ ᠡᠯ᠎ᠡ ᠦᠨᠳᠦᠰᠦᠲᠡᠨ ᠤ ᠶᠡᠭᠡ | ᠪᠦᠯᠬᠦᠮᠳᠡᠯ ᠤᠨ ᠲᠤᠭ ᠢ ᠥᠨᠳᠦᠷ ᠮᠠᠨᠳᠤᠭᠤᠯᠦᠨ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ | ᠢ ᠪᠠᠷᠢᠮᠲᠠᠯᠠᠨ ᠲᠡᠭᠦᠯᠳᠡᠷᠵᠢᠭᠦᠯᠵᠦ᠂ ᠬᠠᠮᠲᠦ ᠪᠠᠷ ᠪᠦᠯᠬᠦᠮᠳᠠᠨ ᠲᠡᠮᠡᠴᠡᠵᠤ᠂ ᠬᠠᠮᠲᠦ ᠪᠠᠷ ᠴᠡᠴᠡᠭᠯᠡᠨ ᠴᠡᠴᠡᠭᠯᠡᠨ | ᠬᠥᠭᠵᠢᠬᠦ ᠶᠢ ᠪᠠᠷᠢᠮᠲᠠᠯᠠᠵᠤ᠂ ᠦᠨᠳᠦᠰᠦᠲᠡᠨ ᠨᠦᠭᠦᠳ ᠡᠶ᠎ᠡ ᠨᠠᠶᠢᠷᠲᠠᠢ ᠪᠠᠷ ᠬᠠᠮᠲᠤ ᠣᠷᠣᠰᠢᠵᠤ᠂ ᠰᠡᠳᠬᠢᠯ | ᠨᠢᠭᠡᠳᠦᠨ ᠬᠦᠴᠦ ᠪᠠᠨ ᠬᠠᠮᠲᠦᠳᠬᠠᠵᠤ᠂ ᠡᠶ᠎ᠡ ᠵᠣᠬᠢᠴᠠᠩᠭᠤᠢ ᠪᠠᠷ ᠬᠦᠭᠵᠢᠬᠦ ᠠᠮᠢᠳᠤᠯᠢᠭ ᠪᠠᠶᠢᠳᠠᠯ ᠢ ᠲᠠᠰᠤᠷᠠᠯᠲᠠ | ᠦᠭᠡᠢ ᠪᠠᠬᠢᠵᠢᠭᠦᠯᠦᠨ ᠬᠥᠭᠵᠢᠬᠦᠯᠬᠦ ᠬᠡᠷᠡᠭᠲᠡᠢ᠃ | ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ | ᠨᠡᠩ ᠨᠢᠭᠲᠠᠷᠠᠨ ᠪᠦᠯᠬᠦᠮᠳᠡᠵᠦ᠂ ᠳᠤᠮᠳᠠᠳᠦ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠭ ᠢ ᠦᠨᠳᠦᠷ | ᠮᠠᠨᠳᠦᠭᠤᠯᠦᠨ᠂ ᠳ᠋ᠧᠩ ᠰᠢᠶᠤᠤ ᠫᠢᠩ ᠤᠨ ᠣᠨᠤᠯ᠂ ︽ᠭᠤᠷᠪᠠ ᠶᠢ ᠲᠥᠯᠦᠭᠡᠯᠡᠬᠦ︾ ᠴᠢᠬᠤᠯᠠ ᠦᠵᠡᠯ ᠰᠠᠨᠠᠭ᠎ᠠ᠂ | ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠠ ᠪᠠᠷ ᠵᠢᠯᠤᠭᠤᠳᠤᠯᠭ᠎ᠠ ᠪᠣᠯᠭᠠᠵᠤ᠂ ᠶᠡᠷᠦᠩᠭᠡᠢ ᠱᠦᠵᠢ ᠰᠢ ᠶᠢᠨ | ᠫᠢᠩ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠲᠥᠷᠥ ᠶᠢ ᠵᠠᠰᠠᠵᠥ ᠵᠠᠰᠠᠬ ᠢ ᠡᠷᠬᠢᠯᠡᠬᠦ ᠰᠢᠨ᠎ᠡ | ᠣᠨᠣᠯᠵᠢᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠶᠢ ᠭᠦᠨᠵᠡᠭᠡᠢ ᠲᠤᠤᠱᠯᠠᠭᠤᠯᠵᠤ᠂ ᠨᠠᠮ ᠤᠨ | ᠲᠥᠪ ᠬᠤᠷᠢᠶ᠎ᠠ ᠶᠢᠨ ᠶᠡᠭᠡ ᠪᠣᠳᠤᠯᠭ᠎ᠠ ᠴᠢᠭᠯᠡᠯᠲᠡ ᠪᠠ ᠰᠢᠢᠳᠪᠤᠷᠢᠲᠦ ᠪᠣᠳᠤᠯᠭ᠎ᠠ ᠪᠠᠶᠢᠷᠢᠯᠠᠭᠤᠯᠤᠯᠲᠠ ᠶᠢ ᠪᠦᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠭ ᠰᠠᠨᠠᠭ᠎ᠠ ᠪᠠᠨ ᠥᠯᠥ ᠮᠠᠷᠲᠠᠨ᠂ ᠦᠷᠭᠦᠯᠵᠢᠯᠡᠨ | ᠤᠷᠤᠭᠰᠢᠯᠠᠵᠤ᠂ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ | ᠳᠤᠮᠳᠠᠳᠤ ᠶᠢᠨ ᠵᠡᠭᠦᠳᠦ ᠪᠠᠨ ᠬᠠᠮᠲᠤᠪᠠᠷ ᠲᠡᠷᠭᠡᠯᠰᠢᠭᠦᠯᠬᠦ︾ ᠶᠢᠨ ᠲᠥᠯᠦᠭᠡ ᠲᠠᠰᠤᠷᠠᠯᠲᠠ ᠦᠭᠡᠢ ᠰᠢᠨ᠎ᠡ ᠬᠤᠪᠢ | ᠨᠡᠮᠡᠷᠢ ᠦᠵᠡᠭᠦᠯᠵᠦ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢᠶᠠᠨ ᠨᠡᠩ ᠦᠵᠡᠰᠭᠦᠯᠡᠩᠲᠦ | ᠰᠠᠶᠢᠬᠠᠨ ᠪᠣᠯᠭᠠᠨ ᠪᠦᠲᠦᠭᠡᠨ ᠪᠠᠶᠢᠭᠤᠯᠤᠶ᠎ᠠ︕ | ᠠᠭᠤᠤ ᠶᠡᠭᠡ ᠤᠯᠤᠰ ᠤᠨ ᠴᠡᠴᠡᠭᠯᠡᠨ ᠮᠠᠨᠳᠤᠬᠤ ᠶᠢ ᠬᠦᠰᠡᠨ ᠵᠥᠩᠨᠡᠶ᠎ᠡ︕ | ᠦᠨᠳᠦᠰᠦᠲᠡᠨ ᠨᠦᠭᠦᠳ ᠤᠨ ᠠᠷᠠᠳ ᠲᠦᠮᠡᠨ ᠤ ᠵᠣᠯ ᠵᠢᠷᠭᠠᠯ ᠲᠠᠢ ᠠᠮᠤᠷ ᠠᠮᠤᠭᠤᠯᠠᠩ ᠪᠠᠶᠢᠬᠤ ᠶᠢ ᠬᠦᠰᠡᠨ | ᠵᠦᠩᠨᠡᠶ᠎ᠡ︕ |