| ︵2017 ᠣᠨ ᠤ 8 ᠳ᠋ᠤᠭᠠᠷ ᠰᠠᠷ᠎ᠠ ᠶᠢᠨ 8 ᠤ ᠡᠳᠦᠷ︶ | ᠢᠤᠢ ᠵᠧᠩ ᠱᠧᠩ | | | ᠨᠦᠬᠦᠳ ᠡ᠂ ᠨᠠᠶᠢᠵᠢ ᠨᠠᠷ ᠡ᠄ | | ᠡᠨᠡᠬᠦ ᠪᠠᠶᠡᠷ ᠵᠢᠷᠭᠠᠯ ᠢᠶᠠᠷ ᠪᠢᠯᠬᠠᠭᠰᠠᠨ ᠦᠯᠵᠡᠶᠢᠳᠤ ᠡᠳᠦᠷ᠂ ᠮᠠᠨ ᠤ ᠲᠥᠪ ᠤᠨ ᠲᠦᠯᠦᠭᠡᠯᠡᠭᠴᠢᠳ ᠤᠨ | ᠪᠦᠯᠬᠦᠮ ᠰᠢ ᠶᠢᠨ ᠫᠢᠩ ᠨᠥᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠳᠤᠨᠤ ᠬᠠᠯᠠᠮᠵᠢᠯᠠᠯ | ᠪᠠ ᠪᠦᠬᠦ ᠤᠯᠤᠰ ᠤᠨ ᠦᠨᠳᠤᠰᠤᠳᠡᠨ ᠨᠦᠬᠦᠳ ᠤᠨ ᠠᠷᠠᠳ ᠲᠦᠮᠡᠨ ᠤ ᠰᠠᠶᠢᠨ ᠰᠠᠶᠢᠬᠠᠨ ᠢᠷᠦᠭᠡᠯ ᠵᠦᠡᠭᠨᠡᠯ ᠢ | ᠠᠪᠴᠤ᠂ ᠦᠪᠤᠷ ᠮᠤᠩᠭᠤᠯ ᠤᠨ ᠦᠨᠳᠤᠰᠤᠳᠡᠨ ᠨᠦᠬᠦᠳ ᠤᠨ ᠠᠷᠠᠳ ᠲᠦᠮᠡᠨ ᠲᠠᠢ ᠬᠠᠮᠳᠤᠪᠠᠷ ᠦᠪᠤᠷ ᠮᠤᠩᠭᠤᠯ | ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠣᠢ ᠶᠢ ᠦᠪᠡᠳᠡᠭᠰᠢ ᠶᠡᠬᠡᠪᠠᠷ ᠪᠡᠯᠭᠡᠯᠡᠵᠦ | ᠪᠠᠶᠢᠨ᠎ᠠ᠃ ᠶᠠᠭᠤᠨ ᠤ ᠡᠮᠦᠨ᠎ᠡ᠂ ᠪᠢ ᠲᠤᠮᠳᠠᠳᠦ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ᠂ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ | ᠶᠠᠪᠤᠳᠠᠯ ᠤᠨ ᠬᠤᠷᠢᠶ᠎ᠠ᠂ ᠪᠦᠬᠦ ᠤᠯᠤᠰ ᠤᠨ ᠤᠯᠤᠰ ᠲᠥᠷᠥ ᠶᠢᠨ ᠵᠦᠪᠯᠡᠯᠭᠡᠨ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠡᠮᠤᠨ᠎ᠠ ᠠᠴᠠ ᠦᠪᠤᠷ ᠮᠣᠩᠭᠤᠯ ᠤᠨ ᠦᠨᠳᠤᠰᠤᠳᠡᠨ ᠨᠦᠬᠦᠳ ᠤᠨ ᠺᠠᠳ᠋ᠷ ᠤᠯᠠᠨ | ᠲᠦᠮᠡᠨ ᠪᠤᠯᠤᠨ ᠡᠯ᠎ᠡ ᠡᠲᠡᠭᠡᠳ ᠤᠨ ᠬᠦᠮᠦᠰ᠂ ᠠᠷᠠᠳ ᠤᠨ ᠴᠢᠯᠦᠭᠡᠯᠡᠬᠦ ᠴᠡᠷᠢᠭ ᠤᠨ ᠦᠪᠤᠷ ᠮᠤᠩᠭᠤᠯ ᠳᠤ | ᠰᠠᠭᠤᠭ᠎ᠠ ᠴᠡᠷᠢᠭ ᠠᠩᠭᠢ ᠶᠢᠨ ᠵᠢᠯᠦᠭᠤᠳᠤᠭᠴᠢ ᠪᠠᠶᠢᠯᠳᠤᠭᠴᠢ᠂ ᠵᠠᠪᠰᠡᠭᠳᠤ ᠴᠠᠭᠳᠠᠭ᠎ᠠ ᠶᠢᠨ ᠦᠪᠤᠷ ᠮᠣᠩᠭᠤᠯ ᠤᠨ | ᠴᠡᠷᠢᠭ ᠠᠩᠭᠢ ᠶᠢᠨ ᠲᠠᠷᠤᠭ᠎ᠠ ᠪᠠᠶᠢᠯᠳᠤᠭᠴᠢ ᠪᠠ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠳᠤ | ᠬᠠᠯᠠᠭᠤᠨ ᠪᠠᠶᠠᠷ ᠬᠦᠷᠭᠡᠵᠦ ᠲᠤᠳᠤᠨᠤ ᠮᠡᠨᠳᠦᠴᠢᠯᠡᠯ ᠢᠶᠠᠨ ᠲᠡᠪᠰᠢᠬᠦᠯᠦᠶ᠎ᠠ︕ ᠦᠪᠤᠷ ᠮᠤᠩᠭᠤᠯ ᠤᠨ ᠬᠦᠭᠵᠢᠯᠲᠠ | ᠳᠠᠪᠰᠢᠯᠲᠠ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠨᠠᠶᠢᠵᠢ ᠨᠦᠬᠦᠳ ᠲᠤ ᠡᠷᠬᠢᠮ ᠲᠡᠭᠡᠳᠦ ᠬᠦᠨᠳᠦᠳᠭᠡᠯ ᠪᠠ | ᠴᠢᠩ ᠰᠠᠳᠬᠢᠯ ᠤᠨ ᠲᠠᠯᠠᠷᠬᠠᠯ ᠢᠶᠠᠨ ᠲᠡᠪᠰᠢᠬᠦᠯᠦᠶ᠎ᠡ︕ | 70 ᠵᠢᠯ ᠤᠨ ᠡᠮᠤᠨ᠎ᠠ᠂ ᠲᠤᠮᠳᠠᠳᠦ ᠤᠯᠤᠰ ᠤᠨ ᠡᠪ ᠬᠠᠮᠳᠤ ᠨᠠᠮ ᠤᠨ ᠤᠳᠤᠷᠢᠳᠤᠯᠭ᠎ᠠ ᠲᠤᠤᠷ᠎ᠡ᠂ ᠦᠪᠤᠷ | ᠮᠣᠩᠭᠤᠯ ᠤᠨ ᠦᠪᠠᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ ᠢᠶᠠᠨ ᠲᠤᠩᠬᠠᠭᠯᠠᠪᠠ᠃ ᠡᠨᠡ ᠪᠤᠯ ᠮᠠᠷᠺᠰ ᠤᠨ | ᠦᠵᠡᠯ ᠤᠨ ᠦᠨᠳᠦᠰᠦᠨ ᠤᠭ ᠶᠤᠰᠤ ᠶᠢ ᠲᠤᠮᠳᠠᠳᠦ ᠤᠯᠤᠰ ᠤᠨ ᠬᠤᠪᠢᠰᠬᠠᠯ᠂ ᠲᠤᠮᠳᠠᠳᠦ ᠤᠯᠤᠰ ᠤᠨ | ᠦᠨᠳᠤᠰᠤᠳᠡᠨ ᠤ ᠪᠤᠳᠠᠳᠦ ᠪᠠᠶᠢᠳᠠᠯ ᠲᠠᠢ ᠤᠶᠠᠯᠳᠤᠭᠤᠯᠤᠭᠰᠠᠨ ᠠᠭᠤᠤ ᠶᠡᠭᠡ ᠡᠭᠦᠳᠦᠯᠲᠡ ᠪᠠᠶᠢᠵᠤ᠂ ᠦᠪᠤᠷ | ᠮᠣᠩᠭᠤᠯ ᠤᠨ ᠬᠦᠭᠵᠢᠯᠲᠠ ᠶᠢᠨ ᠰᠢᠨ᠎ᠡ ᠡᠷᠡᠨ ᠵᠠᠭᠤᠨ ᠢ ᠨᠡᠭᠡᠭᠡᠵᠤ᠂ ᠮᠠᠨ ᠤ ᠤᠯᠤᠰ ᠤᠨ ᠦᠨᠳᠤᠰᠦᠳᠡᠨ ᠤ | ᠤᠷᠤᠨ ᠤ ᠦᠪᠡᠷᠳᠡᠭᠡᠨ ᠵᠠᠰᠠᠬᠤ ᠪᠠᠶᠢᠭᠤᠯᠤᠯ ᠢ ᠬᠡᠷᠡᠭᠵᠢᠬᠦᠯᠦᠭᠰᠡᠨ ᠠᠮᠵᠢᠯᠲᠠ ᠲᠠᠢ ᠥᠯᠢᠭᠡᠷ ᠵᠢᠱᠢᠶ᠎ᠠ ᠶᠢ ᠡᠭᠦᠳᠴᠦ᠂ | ᠮᠠᠨ ᠤ ᠤᠯᠤᠰ ᠤᠨ ᠦᠨᠳᠤᠰᠤᠳᠡᠨ ᠤ ᠬᠠᠷᠢᠴᠠᠭ᠎ᠠ ᠶᠢᠨ ᠲᠡᠣᠭᠡ ᠶᠢᠨ ᠬᠡᠷᠡᠯ ᠰᠠᠴᠤᠷᠠᠩᠭᠤᠢ ᠬᠠᠭᠤᠳᠠᠰᠤ ᠶᠢ | ᠪᠢᠴᠢᠭᠯᠡᠵᠠᠢ᠃ 70 ᠵᠢᠯ ᠤᠨ ᠲᠤᠷᠰᠢ ᠤᠨᠴᠠᠭᠠᠢᠢᠯᠠᠨ ᠦᠭᠡᠷᠡᠴᠢᠯᠡᠯᠲᠠ ᠨᠡᠭᠡᠭᠡᠯᠲᠠ ᠬᠢᠭᠰᠡᠨ ᠠᠴᠠ ᠨᠠᠰᠢ᠂ ᠦᠪᠤᠷ | ᠮᠤᠩᠭᠤᠯ ᠤᠨ ᠡᠯ᠎ᠡ ᠵᠦᠢᠯ ᠤᠨ ᠦᠢᠯᠡᠰ ᠲᠠᠪᠠᠯᠳᠡ ᠲᠠᠢ ᠬᠦᠭᠵᠢᠵᠦ᠂ ᠲᠡᠯᠡᠬᠡᠢ ᠳ᠋ᠠᠬᠢᠨ ᠤ ᠠᠩᠬᠠᠷᠦᠯ ᠢ ᠲᠠᠳᠠᠭᠰᠠᠨ | ᠭᠡᠷᠡᠯ ᠰᠠᠴᠤᠷᠠᠩᠭᠤᠢ ᠠᠮᠵᠢᠯᠲᠠ ᠶᠢ ᠤᠯᠵᠠᠢ᠃ ᠠᠵᠤ ᠠᠬᠤᠢ ᠶᠢᠨ ᠪᠤᠳᠠᠳᠦ ᠬᠦᠴᠦᠨ ᠢᠯᠡᠳᠳᠡ ᠴᠢᠩᠭᠠᠷᠠᠵᠤ᠂ | ᠲᠦᠷᠦᠯ ᠵᠦᠢᠯ ᠨᠡᠯᠢᠶᠠᠳ ᠪᠦᠷᠢᠨ ᠪᠦᠲᠦᠨ᠂ ᠭᠤᠷᠪᠠᠨ ᠠᠵᠤ ᠦᠢᠯᠡᠰ ᠲᠡᠩᠴᠡᠬᠦᠷᠢᠳᠠᠢ ᠬᠦᠭᠵᠢᠭᠰᠡᠨ ᠤᠳᠤ | ᠦᠶ᠎ᠠ ᠶᠢᠨ ᠠᠵᠤ ᠠᠬᠤᠢ ᠶᠢᠨ ᠰᠢᠰᠲ᠋ᠧᠮᠵᠢ ᠶᠢ ᠪᠠᠶᠢᠭᠤᠯᠤᠨ᠂ ᠨᠢᠳᠤᠨᠤᠨ ᠤ ᠤᠷᠤᠨ ᠨᠤᠲᠤᠭ ᠤᠨ ᠦᠢᠯᠡᠳᠪᠦᠷᠢᠯᠡᠯ | ᠤᠨ ᠶᠡᠷᠦᠩᠬᠡᠢ ᠦᠷᠳᠡᠭ 1.86 ᠲᠦᠮᠡᠨ ᠳ᠋ᠦᠡᠭᠰᠢᠭᠤᠷ ᠲᠦᠬᠦᠷᠢᠭ ᠲᠤ ᠬᠦᠷᠴᠦ᠂ ᠬᠦᠮᠦᠨ ᠲᠤᠮᠳᠠᠴᠢ ᠳᠤ 7.4 | ᠲᠦᠮᠡᠨ ᠲᠦᠬᠦᠷᠢᠭ ᠨᠣᠭᠳᠠᠵᠤ᠂ 1947 ᠣᠨ ᠤ ᠬᠢ ᠠᠴᠠ ᠲᠤᠰ ᠲᠤᠰ 642 ᠲᠠᠬᠢᠨ᠂ 145 ᠳᠠᠬᠢᠨ ᠢᠶᠠᠷ | ᠨᠡᠮᠡᠭᠳᠡᠪᠡ᠃ ᠰᠠᠭᠤᠷᠢ ᠪᠡᠯᠡᠳᠬᠡᠮᠵᠢ ᠶᠡᠬᠡᠪᠠᠷ ᠰᠠᠶᠢᠵᠢᠷᠠᠨ᠂ ᠲᠦᠷᠭᠡᠨ ᠤ ᠵᠠᠰᠠᠮᠠᠯ ᠵᠠᠮ ᠬᠦᠨᠳᠡᠯᠡᠨ ᠭᠤᠯᠳᠤ | ᠰᠦᠯᠵᠢᠯᠳᠤᠵᠦ᠂ ᠠᠷᠠᠳ ᠤᠨ ᠠᠭᠠᠷ ᠤᠨ ᠵᠥᠭᠡᠭᠡᠪᠦᠷᠢ ᠶᠢᠨ ᠨᠢᠰᠬᠡᠯ ᠤᠨ ᠪᠠᠭᠤᠳᠠᠯ ᠤᠯᠠᠰᠢᠷᠠᠨ᠂ ᠲᠦᠷᠭᠡᠨ ᠤ | ᠲᠡᠮᠤᠷ ᠵᠠᠮ ᠡᠬᠢᠯᠡᠨ ᠨᠡᠪᠲᠡᠷᠡᠵᠤ᠂ ᠪᠦᠬᠦ ᠤᠷᠤᠨ ᠢ ᠪᠦᠷᠬᠦᠭᠰᠡᠡ᠂ ᠪᠦᠬᠦ ᠤᠯᠤᠰ ᠪᠠ ᠳᠡᠯᠡᠬᠡᠢ ᠳᠤ ᠨᠡᠪᠲᠡᠷᠡᠭᠰᠡᠨ | ᠤᠳᠤ ᠦᠶ᠎ᠠ ᠶᠢᠨ ᠵᠠᠮ ᠬᠠᠷᠢᠯᠴᠠᠭᠠᠨ ᠤ ᠲᠤᠤᠷ ᠦᠨᠳᠤᠰᠤᠨ ᠳᠡᠭᠡᠨ ᠪᠦᠷᠢᠯᠳᠤᠪᠡ᠃ ᠠᠷᠠᠳ ᠲᠦᠮᠡᠨ ᠤ | ᠠᠮᠢᠳᠤᠷᠠᠯ ᠡᠳᠦᠷ ᠢᠷᠡᠬᠦᠶ᠎ᠠ ᠰᠠᠶᠢᠵᠢᠷᠠᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠢᠯᠡᠳᠳᠡ | ᠨᠡᠮᠡᠭᠳᠡᠨ᠂ ᠠᠷᠠᠳ ᠤᠨ ᠠᠮᠢᠳᠤᠷᠠᠯ ᠤᠨ ᠤᠯᠠᠨ ᠵᠦᠢᠯ ᠤᠨ ᠬᠦᠢᠴᠡᠳᠭᠡᠯ ᠲᠤᠭ᠎ᠠ ᠪᠦᠬᠦ ᠤᠯᠤᠰ ᠤᠨ ᠲᠤᠮᠳᠠᠴᠢ | ᠲᠦᠪᠰᠢᠨ ᠳᠤ ᠬᠦᠷᠦᠭᠰᠡᠨ ᠪᠤᠶᠤ ᠲᠤᠮᠳᠠᠴᠢ ᠲᠦᠪᠰᠢᠨ ᠢ ᠲᠠᠪᠠᠵᠦ᠂ ᠬᠤᠳᠠ ᠪᠠᠯᠭᠠᠰᠤᠨ ᠳᠤ ᠪᠠᠶᠢᠡᠭᠭᠤ ᠰᠠᠭᠤᠭ᠎ᠠ | ᠬᠦᠮᠦᠨ ᠠᠮᠠ 60% ᠠᠴᠠ ᠬᠡᠲᠤᠷᠡᠪᠡ᠃ ᠦᠨᠳᠤᠰᠤᠳᠡᠨ ᠤ ᠰᠤᠶᠤᠯ ᠴᠡᠴᠡᠭᠯᠡᠨ ᠬᠦᠭᠵᠢᠵᠦ᠂ ᠳᠡᠯᠡᠬᠡᠢ ᠶᠢᠨ | ᠪᠤᠳᠠᠰ ᠤᠨ ᠪᠤᠰᠤ ᠰᠣᠶᠣᠯ ᠤᠨ ᠦᠪ ᠪᠤᠯᠤᠭᠰᠠᠨ ᠤᠷᠲᠤ ᠶᠢᠨ ᠲᠠᠭᠤᠤ᠂ ︽ᠬᠡᠰᠡᠷ︾᠂ ᠬᠦᠬᠡᠮᠠᠢ ᠵᠠᠷᠭᠡ ᠨᠢ | ᠬᠦᠮᠦᠰ ᠤᠨ ᠤᠷᠮ᠎ᠠ ᠶᠢ ᠳᠠᠳᠠᠨ ᠬᠠᠷᠠᠭ᠎ᠠ ᠶᠢ ᠪᠠᠶᠠᠰᠬᠠᠵᠤ᠂ ᠤᠯᠠᠨ ᠨᠡᠶᠢᠳᠡ ᠶᠢᠨ ᠰᠣᠶᠣᠯ ᠤᠨ ᠦᠢᠯᠡᠴᠢᠯᠡᠭᠡᠨ ᠤ | ᠲᠤᠤᠷ ᠬᠤᠳᠠ ᠬᠥᠳᠡᠭᠡ ᠶᠢ ᠦᠨᠳᠤᠰᠦᠨ ᠳᠡᠭᠡᠨ ᠪᠦᠷᠬᠦᠵᠦ᠂ ᠤᠯᠠᠭᠠᠨᠮᠦ᠋ᠴᠢᠷ ᠨᠢ ᠨᠢᠭᠡᠨᠲᠠ ᠦᠪᠤᠷ ᠮᠤᠩᠭᠤᠯ᠂ | ᠴᠢᠨᠠᠭᠰᠢᠯᠠᠨ ᠪᠦᠬᠦ ᠤᠯᠤᠰ ᠤᠨ ᠰᠣᠶᠣᠯ ᠤᠨ ᠹᠷᠣᠨᠲ ᠤᠨ ᠨᠢᠭᠡᠨ ᠲᠤᠭ ᠪᠤᠯᠤᠭᠰᠠᠨ ᠪᠠᠶᠢᠨ᠎ᠠ᠃ ᠦᠨᠳᠤᠰᠤᠳᠡᠨ ᠤ | ᠬᠠᠷᠢᠴᠠᠭ᠎ᠠ ᠪᠦᠯᠬᠦᠮᠳᠡᠯ ᠲᠠᠢ ᠡᠶ᠎ᠡ ᠵᠤᠬᠢᠴᠠᠩᠭᠤᠢ ᠪᠠᠶᠢᠵᠦ᠂ ᠰᠢᠨ᠎ᠡ ᠲᠤᠮᠳᠠᠳᠦ ᠤᠯᠤᠰ ᠤᠨ ᠦᠨᠳᠤᠰᠤᠳᠡᠨ ᠤ | ᠠᠵᠢᠯ ᠤᠨ ᠲᠠᠣᠭᠡᠨ ᠲᠡᠭᠡᠷᠡᠬᠢ ᠨᠢᠭᠡᠳᠦᠭᠡᠷ ᠪᠤᠶᠤ ᠲᠡᠷᠢᠭᠦᠨ ᠤ ᠲᠤᠷᠰᠢᠯᠭ᠎ᠠ ᠶᠢ ᠤᠯᠠᠨᠲᠠ ᠡᠭᠦᠳᠴᠦ᠂ ︽ᠪᠠᠶᠠᠨ | ᠲᠠᠩᠰᠤᠭ ᠨᠤᠳᠤᠭ ᠪᠠᠯᠴᠢᠭᠡᠷ ᠢᠶᠠᠨ ᠰᠠᠨᠰᠠᠷ ᠤᠨ ᠠᠶᠠᠯᠡᠯ ᠳᠤ ᠵᠤᠷᠢᠭᠤᠯᠤᠠᠨᠰᠡᠨ︾᠂ ︽ᠭᠤᠷᠪᠡᠨ ᠮᠢᠩᠭᠠᠨ | ᠦᠨᠤᠴᠢᠨ ᠬᠡᠦᠬᠡᠳ ᠢ ᠦᠪᠤᠷ ᠮᠤᠩᠭᠤᠯ ᠦᠷᠡᠴᠢᠯᠡᠨ ᠲᠡᠵᠢᠭᠡᠭᠰᠡᠨ︾᠂ ︽ᠦᠨᠳᠤᠰᠤᠳᠡᠨ ᠨᠦᠭᠦᠳ ᠤᠨ ᠠᠷᠠᠤᠨ | ᠲᠦᠮᠡᠨ ᠪᠤᠭᠤᠳᠤ ᠶᠢᠨ ᠪᠤᠯᠤᠤᠨ ᠲᠠᠮᠤᠷ ᠤᠨ ᠦᠢᠯᠡᠳᠪᠦᠷᠢ ᠶᠢ ᠪᠠᠶᠢᠭᠤᠯᠤᠠᠨᠰᠡᠨ︾᠂ ︽ᠲᠡᠯ᠎ᠡ ᠨᠤᠳᠤᠭ ᠤᠨ | ᠪᠢᠴᠢᠬᠠᠨ ᠪᠠᠭᠠᠲᠤᠷ ᠡᠭᠡᠴᠢ ᠥᠬᠢᠨ ᠲᠡᠭᠦᠤ︾ ᠵᠡᠷᠭᠡ ᠲᠡᠤᠭᠡᠨ ᠲᠠᠭᠤᠷᠢᠰᠬᠠᠯ ᠢ ᠪᠢᠴᠢᠭᠯᠡᠵᠦ᠂ ︽ᠵᠢᠱᠢᠶᠠᠴᠢ | ᠦᠪᠡᠷᠳᠡᠭᠡᠨ ᠵᠠᠰᠠᠬᠤ ᠤᠷᠤᠨ︾ ᠤ ᠡᠷᠭᠢᠮ ᠲᠡᠭᠡᠳᠤ ᠢᠷᠠᠭᠤ ᠠᠯᠳᠡᠷ ᠢ ᠬᠦᠷᠳᠡᠭᠰᠡᠨ ᠪᠦᠬᠡᠳ ᠡᠨᠡᠬᠦ ᠢᠷᠠᠭᠤ | ᠠᠯᠳᠠᠷ ᠢᠶᠠᠨ ᠤᠷᠳᠤ ᠬᠤᠭᠤᠴᠠᠭ᠎ᠠ ᠪᠠᠷ ᠨᠠᠨᠳᠢᠩᠨᠠᠨ ᠬᠠᠮᠠᠭᠠᠯᠠᠭᠰᠠᠨ ᠪᠠᠶᠢᠨ᠎ᠠ᠃ ᠨᠠᠮ ᠤᠨ ᠪᠠᠶᠢᠭᠤᠯᠤᠯᠳᠡ ᠴᠠᠭ | ᠦᠶ᠎ᠠ ᠲᠠᠢ ᠵᠡᠷᠭᠡᠪᠡᠷ ᠤᠷᠤᠠᠨᠰᠢᠯᠠᠵᠤ᠂ ᠡᠯ᠎ᠡ ᠱᠠᠳᠤᠨ ᠤ ᠤᠳᠤᠷᠢᠳᠬᠤ ᠪᠠᠭ ᠪᠡ ᠺᠠᠳ᠋ᠷ ᠤᠨ ᠡᠩᠨᠡᠭᠡᠨ ᠤ | ᠪᠠᠶᠢᠭᠤᠯᠤᠯᠳᠡ᠂ ᠨᠠᠮ ᠤᠨ ᠡᠯ᠎ᠡ ᠱᠠᠳᠤᠨ ᠤ ᠵᠤᠭᠢᠶᠠᠨ ᠪᠠᠶᠢᠭᠤᠯᠤᠯᠳᠡ ᠪᠡ ᠨᠠᠮ ᠤᠨ ᠭᠡᠰᠢᠭᠦᠨ ᠤ ᠡᠩᠨᠡᠭᠡᠨ ᠤ | ᠪᠠᠶᠢᠭᠤᠯᠤᠯᠳᠡ ᠲᠡᠰᠤᠷᠠᠯᠳᠡ ᠦᠭᠡᠢ ᠴᠢᠩᠭᠠᠷᠠᠪᠠ᠃ ᠡᠨᠡ ᠪᠤᠯ ᠦᠪᠦᠷ ᠮᠤᠩᠭᠤᠯ ᠤᠨ ᠬᠥᠭᠵᠢᠯᠲᠡ ᠶᠢᠨ ᠲᠡᠤᠭᠡᠨ | ᠲᠡᠭᠡᠷᠡᠬᠢ ᠯᠤᠳᠤ ᠶᠡᠭᠡ ᠲᠡᠪᠠᠯᠳᠡ ᠮᠦᠨ᠂ ᠦᠨᠳᠤᠰᠤᠳᠡᠨ ᠤ ᠠᠰᠠᠭᠤᠳᠡᠯ ᠢ ᠲᠤᠮᠳᠠᠳᠤ ᠤᠯᠤᠰ ᠤᠨ ᠤᠨᠴᠠᠯᠢᠭ ᠲᠠᠢ | ᠵᠦᠪ ᠵᠠᠮ ᠢᠶᠠᠷ ᠰᠶᠢᠳᠪᠦᠷᠢᠯᠡᠭᠰᠡᠨ ᠠᠮᠵᠢᠯᠳᠡ ᠲᠠᠢ ᠤᠢᠢᠯᠡᠳᠤᠯᠭᠡ ᠮᠦᠨ᠂ ᠲᠤᠮᠳᠠᠳᠤ ᠤᠯᠤᠰ ᠤᠨ ᠤᠨᠴᠠᠯᠢᠭ ᠲᠠᠢ | ᠨᠡᠶᠢᠭᠡᠮ ᠵᠢᠷᠤᠮ ᠤᠨ ᠠᠭᠤᠤ ᠶᠡᠭᠡ ᠢᠯᠠᠯᠲᠠ ᠮᠥᠨ᠃ | ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ 70 ᠵᠢᠯ ᠤᠨ ᠲᠤᠷᠰᠢ ᠤᠯᠤᠠᠨᠰᠡᠨ ᠭᠢᠯᠡᠯᠵᠠᠮᠠ | ᠠᠮᠵᠢᠯᠳᠡ ᠪᠤᠯ ᠮᠠᠤ ᠽᠧ ᠳ᠋ᠦᠡᠭ᠂ ᠳ᠋ᠸᠡᠭ ᠰᠢᠶᠤᠤ ᠫᠢᠡᠭ᠂ ᠵᠢᠶᠠᠩ ᠽᠧ ᠮᠢᠨ ᠨᠦᠭᠦᠷ ᠢᠶᠠᠷ ᠭᠤᠤᠯ ᠪᠤᠯᠭᠠᠠᠨᠰᠡᠨ | ᠨᠠᠮ ᠤᠨ ᠭᠤᠷᠪᠡᠨ ᠦᠶ᠎ᠠ ᠶᠢᠨ ᠲᠦᠪ ᠤᠨ ᠤᠳᠤᠷᠢᠳᠬᠤ ᠬᠠᠮᠳᠤ ᠪᠡ ᠬᠤ᠋ ᠶᠢᠨ ᠲᠤᠤ ᠨᠦᠭᠦᠷ ᠢᠶᠠᠷ ᠶᠡᠷᠤᠩᠭᠡᠢ | ᠱᠦᠵᠢ ᠪᠤᠯᠭᠠᠠᠨᠰᠡᠨ ᠨᠠᠮ ᠤᠨ ᠲᠦᠪ ᠬᠤᠷᠢᠶᠠᠨ ᠤ ᠡᠯ᠎ᠡ ᠲᠡᠤᠭᠡᠳᠤ ᠬᠤᠭᠤᠴᠠᠭᠠᠨ ᠤ ᠬᠠᠶᠢᠷ᠎ᠡ ᠬᠠᠯᠠᠮᠵᠢᠯᠡᠯ ᠠᠴᠠ | ᠰᠠᠯᠵᠤ ᠴᠢᠳᠠᠬᠤ ᠦᠭᠡᠢ᠂ ᠨᠠᠮ ᠤᠨ ᠠᠷᠪᠡᠨ ᠨᠠᠢᠮᠠᠳᠤᠭᠠᠷ ᠶᠡᠭᠡ ᠬᠤᠷᠠᠯ ᠠᠴᠠ ᠨᠠᠰᠢ ᠰᠢ ᠶᠢᠨ ᠫᠢᠡᠭ ᠨᠥᠬᠦᠷ ᠢᠶᠠᠷ | ᠭᠤᠤᠯ ᠪᠤᠯᠭᠠᠠᠨᠰᠡᠨ ᠨᠠᠮ ᠤᠨ ᠲᠦᠪ ᠬᠤᠷᠢᠶ᠎ᠠ ᠶᠢᠨ ᠦᠪᠤᠷ ᠮᠤᠩᠭᠤᠯ ᠤᠨ ᠠᠵᠢᠯ ᠳᠠᠬᠢ ᠨᠠᠷᠢᠨ ᠨᠢᠮᠪᠠᠢ | ᠵᠢᠯᠤᠭᠤᠳᠤᠯᠭ᠎ᠠ ᠠᠴᠠ ᠰᠠᠯᠵᠤ ᠴᠢᠳᠠᠬᠤ ᠦᠭᠡᠢ᠂ ᠪᠦᠭᠦ ᠤᠯᠤᠰ ᠤᠨ ᠦᠨᠳᠤᠰᠤᠳᠡᠨ ᠨᠦᠬᠦᠳ ᠤᠨ ᠠᠷᠠᠤᠨ | ᠲᠦᠮᠡᠨ ᠤ ᠴᠢᠩ ᠰᠡᠳᠬᠢᠯ ᠤᠨ ᠬᠠᠪᠰᠤᠷᠤᠯᠭ᠎ᠠ ᠪᠡ ᠦᠪᠡᠷᠳᠡᠭᠡᠨ ᠵᠠᠰᠠᠬᠤ ᠤᠷᠤᠨ ᠤ ᠦᠨᠳᠤᠰᠤᠳᠡᠨ ᠨᠦᠬᠦᠳ ᠤᠨ | ᠺᠠᠳ᠋ᠷ ᠤᠯᠠᠨ ᠲᠦᠮᠡᠨ ᠤ ᠴᠦᠭᠦᠷᠡᠰᠢ ᠦᠭᠡᠢ ᠲᠡᠮᠡᠴᠡᠭᠰᠡᠨ ᠠᠴᠠ ᠰᠠᠯᠵᠤ ᠴᠢᠳᠠᠬᠤ ᠦᠭᠡᠢ᠃ ᠦᠪᠤᠷ ᠮᠤᠩᠭᠤᠯᠣᠨ | ᠡᠯ᠎ᠡ ᠵᠦᠢᠯ ᠤᠨ ᠠᠵᠢᠯ ᠢ ᠰᠠᠶᠢᠳᠤᠷ ᠭᠢᠭᠦ ᠳᠤ ᠡᠷᠭᠡᠪᠰᠢ ᠲᠤᠮᠳᠠᠳᠤ ᠤᠯᠤᠰ ᠤᠨ ᠡᠪ ᠬᠠᠮᠳᠤ ᠨᠠᠮ ᠤᠨ | ᠤᠳᠤᠷᠢᠳᠤᠯᠭ᠎ᠠ ᠶᠢ ᠪᠠᠷᠢᠮᠳᠠᠯᠠᠵᠤ᠂ ᠨᠠᠮ ᠢᠶᠠᠨ ᠢᠮᠠᠬᠳᠠ ᠦᠨᠳᠤᠰᠤᠳᠡᠨ ᠨᠦᠬᠦᠳ ᠤᠨ ᠠᠷᠠᠤᠨ ᠲᠦᠮᠡᠨ ᠢ | ᠪᠦᠯᠭᠦᠮᠳᠡᠭᠦᠯᠤᠨ ᠲᠠᠶᠢᠴᠢᠯᠠᠬᠤ ᠶᠢᠨ ᠪᠠᠳᠤ ᠴᠢᠩᠭ᠎ᠠ ᠭᠤᠤᠯᠯᠬᠠᠴᠢ ᠪᠤᠯᠭᠠᠬᠤ ᠭᠡᠷᠡᠭᠳᠡᠢ︔ ᠡᠷᠭᠡᠪᠰᠢ ᠲᠤᠮᠳᠠᠳᠤ | ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠪᠠᠷᠢᠮᠳᠠᠯᠠᠨ ᠭᠦᠭᠵᠢᠭᠦᠯᠵᠤ᠂ ᠤᠯᠤᠰ ᠲᠥᠷᠥ ᠶᠢᠨ ᠲᠤᠠᠨᠳᠠᠯ | ᠬᠦᠴᠦᠨ ᠢᠶᠠᠨ ᠨᠡᠮᠡᠭᠳᠡᠭᠦᠯᠤᠨ ᠵᠠᠮ ᠤᠨ ᠢᠳᠡᠭᠡᠯ᠂ ᠣᠨᠣᠯ ᠤᠨ ᠢᠳᠡᠭᠡᠯ᠂ ᠪᠠᠶᠢᠭᠤᠯᠤᠯ ᠤᠨ ᠢᠳᠡᠭᠡᠯ᠂ | ᠰᠣᠶᠣᠯ ᠤᠨ ᠢᠳᠡᠭᠡᠯ ᠢᠶᠠᠨ ᠪᠠᠳᠤᠳᠬᠠᠬᠤ ᠭᠡᠷᠡᠭᠳᠡᠢ︔ ᠡᠷᠭᠡᠪᠰᠢ ᠦᠨᠳᠤᠰᠤᠳᠡᠨ ᠤ ᠠᠰᠠᠭᠤᠳᠡᠯ ᠢ ᠰᠢᠢᠳᠪᠤᠷᠢᠯᠡᠭᠦ | ᠲᠤᠮᠳᠠᠳᠤ ᠤᠯᠤᠰ ᠤᠨ ᠤᠨᠴᠠᠯᠢᠭ ᠲᠠᠢ ᠵᠦᠪ ᠵᠠᠮ ᠢᠶᠠᠷ ᠵᠠᠮᠨᠠᠬᠤ ᠶᠢ ᠪᠠᠷᠢᠮᠳᠠᠯᠠᠵᠤ᠂ ᠨᠠᠮ ᠤᠨ ᠦᠨᠳᠤᠰᠤᠳᠡᠨ ᠤ | ᠲᠥᠷᠥ ᠶᠢᠨ ᠪᠤᠳᠤᠯᠭ᠎ᠠ ᠶᠢ ᠪᠦᠭᠦ ᠲᠡᠯ᠎ᠡ ᠪᠠᠷ ᠲᠤᠤᠱᠯᠠᠭᠤᠯᠤᠨ ᠨᠡᠶᠢᠳᠡᠪᠤᠷᠢᠵᠢᠭᠤᠯᠵᠤ᠂ ᠦᠨᠳᠤᠰᠤᠳᠡᠨ ᠤ ᠣᠷᠣᠨ ᠤ | ᠦᠪᠡᠷᠳᠡᠭᠡᠨ ᠵᠠᠰᠠᠬᠤ ᠪᠠᠶᠢᠭᠤᠯᠤᠯ ᠢ ᠪᠠᠷᠢᠮᠳᠠᠯᠠᠨ ᠲᠡᠭᠦᠯᠳᠡᠷᠵᠢᠭᠦᠯᠭᠦ ᠭᠡᠷᠡᠭᠳᠡᠢ︔ ᠡᠷᠭᠡᠪᠰᠢ ᠨᠡᠶᠢᠭᠡᠮ ᠤᠨ | ᠦᠢᠯᠡᠳᠪᠦᠷᠢᠯᠡᠯ ᠤᠨ ᠬᠦᠴᠦᠨ ᠢ ᠴᠢᠯᠤᠭᠡᠯᠡᠨ ᠭᠦᠭᠵᠢᠭᠦᠯᠭᠦ ᠶᠢ ᠪᠠᠷᠢᠮᠳᠠᠯᠠᠵᠤ᠂ ᠲᠥᠪ ᠤᠨ ᠲᠡᠮᠵᠢᠯᠭᠡ᠂ | ᠭᠦᠭᠵᠢᠭᠰᠡᠨ ᠭᠠᠵᠠᠷ ᠣᠷᠣᠨ ᠤ ᠬᠠᠪᠰᠤᠷᠤᠯᠭ᠎ᠠ ᠪᠡ ᠲᠤᠰ ᠪᠠᠶ᠎ᠠ ᠶᠢᠨ ᠴᠢᠷᠮᠠᠶᠢᠯᠭ᠎ᠠ ᠪᠠᠨ ᠣᠷᠭᠠᠨᠢᠭ ᠢᠶᠠᠷ | ᠤᠶᠠᠯᠳᠤᠭᠤᠯᠤᠨ᠂ ᠬᠦᠭᠵᠢᠯᠲᠡ ᠶᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠠᠮᠢ ᠠᠬᠤᠢ ᠶᠢ | ᠬᠠᠮᠠᠭᠠᠯᠠᠬᠤ ᠲᠠᠢ ᠤᠶᠠᠯᠳᠤᠭᠤᠯᠬᠤ ᠭᠡᠷᠡᠭᠳᠡᠢ︔ ᠡᠷᠭᠡᠪᠰᠢ ᠤᠯᠤᠰ ᠤᠨ ᠠᠰᠢᠭ ᠲᠤᠰᠨ ᠪᠡ ᠳᠤᠮᠳᠠᠳᠤ ᠶᠢᠨ | ᠦᠨᠳᠦᠰᠦᠲᠡᠨ ᠤ ᠠᠰᠢᠭ ᠲᠤᠰᠨ ᠠᠯᠢᠪᠡ ᠠᠴᠠ ᠡᠷᠬᠢᠮ ᠪᠠᠶᠢᠬᠤ ᠶᠢ ᠪᠠᠷᠢᠮᠳᠠᠯᠠᠵᠤ᠂ ᠦᠨᠳᠦᠰᠦᠲᠡᠨ ᠤ ᠪᠦᠯᠭᠦᠮᠳᠡᠯ᠂ | ᠬᠢᠯᠢ ᠬᠢᠵᠠᠭᠠᠷ ᠤᠨ ᠪᠠᠬᠢᠵᠢᠯ ᠪᠠ ᠤᠯᠤᠰ ᠤᠨ ᠨᠢᠭᠡᠳᠦᠯ ᠢ ᠡᠷᠡᠰ ᠬᠠᠮᠠᠭᠠᠯᠠᠬᠤ ᠬᠡᠷᠡᠭᠲᠡᠢ ᠭᠡᠳᠡᠭ ᠢ ᠪᠤᠳᠠᠳᠤ ᠬᠡᠷᠡᠭ | ᠭᠡᠷᠡᠴᠢᠯᠡᠵᠦ ᠪᠠᠶᠢᠨ᠎ᠠ᠃ | ᠨᠥᠬᠦᠳ ᠡ᠂ ᠨᠠᠶᠢᠵᠢ ᠨᠠᠷ ᠡ︕ | ᠤᠳᠤᠬᠠᠨ ᠳᠤ᠂ ᠮᠠᠨ ᠤ ᠤᠯᠤᠰ ᠨᠢᠭᠡᠨᠳᠡ ᠴᠢᠨᠡᠭᠡᠯᠢᠭ ᠨᠡᠶᠢᠭᠡᠮ ᠢ ᠪᠦᠭᠦ ᠲᠡᠯ᠎ᠡ ᠪᠠᠷ ᠪᠡᠶᠡᠯᠡᠭᠦᠯᠬᠦ | ᠰᠢᠢᠳᠪᠤᠷᠢᠳᠤ ᠱᠠᠳᠤᠨ ᠳᠤ ᠤᠷᠤᠵᠤ᠂ ᠦᠪᠤᠷ ᠮᠤᠩᠭᠤᠯ ᠴᠤ ᠶᠠᠭ ᠬᠥᠭᠵᠢᠯᠲᠡ ᠶᠢᠨ ᠵᠠᠩᠭᠢᠯᠠᠭ᠎ᠠ ᠶᠢᠨ | ᠬᠤᠭᠤᠴᠠᠭᠠᠨ ᠳᠠᠭᠠᠨ ᠤᠷᠤᠭᠠᠳ ᠪᠠᠶᠢᠨ᠎ᠠ᠃ ᠦᠪᠤᠷ ᠮᠣᠩᠭᠤᠯ ᠡᠯ᠎ᠡ ᠦᠨᠳᠤᠰᠤᠳᠡᠨ ᠤ ᠺᠠᠳ᠋ᠷ ᠤᠯᠠᠨ ᠲᠦᠮᠡᠨ ᠨᠠᠮ | ᠤᠨ ᠠᠷᠪᠡᠨ ᠨᠠᠢᠮᠠᠳᠤᠭᠠᠷ ᠶᠡᠭᠡ ᠬᠤᠷᠠᠯ ᠪᠡ ᠠᠷᠪᠡᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ | ᠭᠤᠷᠪᠡᠳᠤᠭᠠᠷ᠂ ᠲᠦᠷᠪᠡᠳᠤᠭᠡᠷ᠂ ᠲᠠᠪᠤᠳᠤᠭᠠᠷ᠂ ᠵᠢᠷᠭᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠪᠦᠭᠦ | ᠲᠡᠯ᠎ᠡ ᠪᠠᠷ ᠲᠤᠤᠱᠯᠠᠭᠤᠯᠵᠤ᠂ ᠶᠡᠷᠤᠩᠭᠡᠢ ᠱᠦᠵᠢ ᠰᠢ ᠶᠢᠨ ᠫᠢᠡᠭ ᠤᠨ ᠰᠢᠷᠢᠰ ᠴᠢᠬᠤᠯᠠ ᠶᠠᠷᠢᠶᠠᠨ ᠤ ᠵᠤᠷᠢᠭ | ᠰᠠᠨᠠᠭ᠎ᠠ ᠪᠡ ᠲᠥᠷᠥ ᠶᠢ ᠵᠠᠰᠠᠵᠤ ᠵᠠᠰᠠᠭ ᠢ ᠡᠷᠬᠢᠯᠡᠬᠦ ᠰᠢᠨ᠎ᠡ ᠤᠨᠤᠯᠵᠢᠬᠤᠨ ᠰᠢᠨ᠎ᠡ ᠦᠵᠡᠯ ᠰᠠᠨᠠᠭ᠎ᠠ ᠰᠢᠨ᠎ᠡ | ᠪᠠᠶᠢᠯᠳᠤᠬᠤ ᠪᠤᠳᠤᠯᠭ᠎ᠠ ᠶᠢ ᠭᠦᠨᠵᠡᠭᠡᠢ ᠲᠤᠤᠱᠯᠠᠭᠤᠯᠵᠤ᠂ ︽ᠲᠠᠪᠤ ᠶᠢ ᠨᠢᠭᠡ ᠴᠤᠠᠨᠴᠠᠵᠢᠭᠤᠯᠬᠤ︾ ᠶᠡᠷᠤᠩᠭᠡᠢ | ᠪᠠᠶᠢᠷᠢᠰᠢᠭᠤᠯᠤᠯᠳ᠋ᠨ ᠶᠢ ᠨᠢᠭᠡᠳᠤᠯᠳᠡᠢ ᠲᠦᠯᠤᠪᠵᠢᠭᠦᠯᠤᠨ ᠠᠭᠢᠭᠤᠯᠬᠤ ᠪᠡ ︽ᠲᠦᠷᠪᠡᠨ ᠪᠦᠭᠦ ᠲᠡᠯ᠎ᠡ︾ ᠶᠢᠨ | ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳ᠋ᠨ ᠶᠢ ᠵᠤᠭᠢᠴᠠᠭᠤᠯᠤᠨ ᠠᠬᠢᠭᠤᠯᠵᠤ᠂ ︽ᠲᠦᠷᠪᠡᠨ ᠤᠬᠠᠮᠰᠡᠷ︾ ᠢ | ᠪᠠᠳᠤ ᠪᠠᠭᠢ ᠪᠤᠢ ᠪᠤᠯᠭᠠᠵᠤ᠂ ᠤᠭ ᠰᠠᠨᠠᠭ᠎ᠠ ᠪᠠᠨ ᠦᠯᠤ ᠮᠡᠷᠳᠡᠨ᠂ ᠰᠡᠭᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ | ᠪᠦᠯᠭᠦᠮᠳᠡᠨ ᠲᠡᠮᠡᠴᠡᠵᠤ᠂ ᠦᠪᠤᠷ ᠮᠤᠩᠭᠤᠯ ᠤᠨ ᠠᠵᠤ ᠠᠬᠤᠢ ᠭᠦᠭᠵᠢᠭᠰᠡᠨ᠂ ᠦᠨᠳᠤᠰᠤᠳᠡᠨ ᠪᠦᠯᠭᠦᠮᠳᠡᠭᠰᠡᠨ᠂ | ᠠᠮᠢ ᠠᠬᠤᠢ ᠪᠤᠯᠪᠠᠰᠤᠨ᠂ ᠠᠷᠠᠳ ᠤᠨ ᠠᠮᠢᠳᠤᠷᠠᠯ ᠰᠠᠶᠢᠵᠢᠷᠬᠠᠰᠡᠨ ᠰᠢᠨ᠎ᠡ ᠬᠠᠭᠤᠳᠠᠰᠤ ᠶᠢ ᠲᠠᠰᠤᠷᠠᠯᠳᠡ ᠦᠭᠡᠢ | ᠪᠢᠴᠢᠭᠯᠡᠵᠤ᠂ ᠡᠭᠡ ᠤᠯᠤᠰ ᠤᠨ ᠤᠮᠠᠷᠠᠳᠤ ᠶᠢᠨ ᠦᠵᠡᠮᠵᠢ ᠶᠢᠨ ᠤᠷᠤᠨ ᠢᠶᠠᠨ ᠨᠡᠩ ᠦᠵᠡᠰᠭᠦᠯᠡᠩᠳᠤ ᠰᠠᠶᠢᠬᠠᠨ | ᠪᠣᠯᠭᠠᠨ ᠪᠦᠳᠤᠭᠡᠨ ᠪᠠᠶᠢᠭᠤᠯᠵᠤ᠂ ︽ᠦᠵᠡᠰᠭᠦᠯᠡᠩᠳᠤ ᠰᠠᠶᠢᠬᠠᠨ ᠦᠪᠤᠷ ᠮᠤᠩᠭᠤᠯ ᠢᠶᠠᠨ ᠪᠦᠳᠤᠭᠡᠨ ᠪᠠᠶᠢᠭᠤᠯᠵᠤ᠂ | ᠠᠭᠤᠤ ᠶᠡᠭᠡ ᠲᠤᠮᠳᠡᠳᠤ ᠶᠢᠨ ᠵᠡᠭᠦᠳᠤ ᠪᠠᠨ ᠬᠠᠮᠳᠤᠪᠡᠷ ᠲᠡᠷᠭᠡᠯᠰᠢᠭᠦᠯᠭᠦ︾ ᠳᠤ ᠨᠡᠩ ᠶᠡᠭᠡ ᠰᠢᠨ᠎ᠡ ᠬᠤᠪᠢ ᠨᠡᠮᠡᠷᠢ | ᠭᠠᠷᠭᠠᠬᠤ ᠶᠢ ᠨᠠᠮ ᠤᠨ ᠲᠦᠪ ᠬᠤᠷᠢᠶ᠎ᠠ ᠠᠴᠠ ᠬᠦᠰᠡᠨ ᠨᠠᠶᠢᠳᠠᠵᠤ ᠪᠠᠶᠢᠨ᠎ᠠ᠃ | ᠨᠢᠭᠡ ᠳᠤ᠂ ᠦᠨᠳᠤᠰᠤᠳᠡᠨ ᠤ ᠣᠷᠣᠨ ᠤ ᠦᠪᠡᠷᠳᠡᠭᠡᠨ ᠵᠠᠰᠠᠬᠤ ᠪᠠᠶᠢᠭᠤᠯᠤᠯ ᠢ ᠡᠷᠡᠰ ᠭᠤᠶᠢᠪᠢᠰᠢ ᠦᠭᠡᠢ | ᠪᠠᠷᠢᠮᠳᠠᠯᠠᠨ ᠲᠡᠭᠦᠯᠳᠡᠷᠵᠢᠭᠦᠯᠬᠦ ᠭᠡᠷᠡᠭᠳᠡᠢ᠃ ᠦᠨᠳᠤᠰᠤᠳᠡᠨ ᠤ ᠣᠷᠣᠨ ᠤ ᠦᠪᠡᠷᠳᠡᠭᠡᠨ ᠵᠠᠰᠠᠬᠤ ᠪᠠᠶᠢᠭᠤᠯᠤᠯ ᠪᠤᠯ | ᠮᠠᠨ ᠤ ᠤᠯᠤᠰ ᠤᠨ ᠤᠯᠤᠰ ᠲᠦᠷᠤ ᠶᠢᠨ ᠨᠢᠭᠡᠨ ᠦᠨᠳᠤᠰᠤᠨ ᠲᠦᠷᠢᠮ ᠮᠦᠨ᠂ ᠦᠨᠳᠤᠰᠤᠳᠡᠨ ᠤ ᠠᠰᠠᠭᠤᠳᠠᠯ ᠢ | ᠰᠢᠢᠳᠪᠦᠷᠢᠯᠡᠬᠦ ᠲᠤᠮᠳᠠᠳᠦ ᠤᠯᠤᠰ ᠤᠨ ᠤᠨᠴᠠᠯᠢᠭ ᠲᠠᠢ ᠵᠦᠪ ᠵᠠᠮ ᠤᠨ ᠴᠢᠬᠤᠯᠠ ᠠᠭᠤᠯᠭ᠎ᠠ ᠪᠠ ᠲᠦᠷᠢᠮ ᠤᠨ | ᠪᠠᠳᠤᠯᠠᠭ᠎ᠠ ᠮᠦᠨ᠃ ᠦᠪᠤᠷ ᠮᠤᠩᠭᠤᠯ ᠮᠠᠨ ᠤ ᠨᠠᠮ ᠤᠨ ᠤᠳᠤᠷᠢᠳᠤᠨ ᠪᠠᠶᠢᠭᠤᠯᠤᠭᠰᠠᠨ ᠠᠩᠬᠠᠳᠠᠭᠴᠢ ᠮᠤᠵᠢ ᠶᠢᠨ | ᠲᠡᠰ ᠤᠨ ᠦᠨᠳᠤᠰᠤᠳᠡᠨ ᠤ ᠦᠪᠠᠷᠳᠡᠭᠡᠨ ᠵᠠᠰᠠᠬᠤ ᠭᠠᠵᠠᠷ ᠤᠷᠤᠨ ᠪᠤᠯᠤᠭᠰᠠᠨ ᠤ ᠬᠤᠪᠢ ᠳᠤ ᠦᠨᠳᠤᠰᠤᠳᠡᠨ ᠤ | ᠣᠷᠣᠨ ᠤ ᠦᠪᠠᠷᠳᠡᠭᠡᠨ ᠵᠠᠰᠠᠬᠤ ᠪᠠᠶᠢᠭᠤᠯᠤᠯ ᠢ ᠦᠢᠯᠡᠳᠦᠯᠭᠡᠵᠢᠬᠦᠯᠬᠦ ᠲᠠᠯ᠎ᠡ ᠪᠠᠷ ᠰᠢᠯᠢᠳᠡᠭ ᠰᠠᠶᠢᠨ ᠤᠯᠠᠮᠵᠢᠯᠠᠯ ᠲᠠᠢ | ᠮᠦᠷᠳᠡᠭᠡᠨ ᠡᠷᠬᠢᠮ ᠨᠠᠨᠳᠢᠨ ᠲᠤᠷᠰᠢᠯᠭ᠎ᠠ ᠶᠢ ᠬᠤᠷᠠᠮᠳᠤᠭᠤᠯᠵᠠᠢ᠃ ᠦᠨᠳᠤᠰᠤᠨ ᠬᠠᠤᠯᠢ ᠪᠠ ᠦᠨᠳᠦᠰᠦᠲᠡᠨ ᠤ | ᠣᠷᠣᠨ ᠤ ᠦᠪᠠᠷᠳᠡᠭᠡᠨ ᠵᠠᠰᠠᠬᠤ ᠬᠠᠤᠯᠢ ᠶᠢ ᠬᠦᠨᠵᠡᠬᠡᠢ ᠲᠤᠤᠱᠯᠠᠭᠤᠯᠤᠨ ᠨᠠᠶᠢᠳᠠᠪᠦᠷᠢᠵᠢᠭᠤᠯᠵᠦ᠂ ᠬᠠᠤᠯᠢ | ᠲᠤᠭᠳᠠᠭᠠᠯ ᠢ ᠢᠵᠢ ᠪᠦᠷᠢᠳᠦᠭᠦᠯᠤᠨ ᠲᠡᠭᠦᠯᠳᠡᠷᠵᠢᠭᠦᠯᠵᠤ᠂ ᠲᠦᠭᠡᠮᠡᠯᠵᠢᠭᠦᠯᠵᠦ ᠤᠬᠠᠭᠤᠯᠬᠤ ᠶᠢ ᠴᠢᠩᠭᠠᠳᠬᠠᠵᠦ᠂ | ᠬᠢᠨᠠᠯᠲᠠ ᠪᠠᠶᠢᠴᠠᠭᠠᠯᠲᠠᠨ ᠶᠢ ᠴᠢᠩᠭᠠᠳᠬᠠᠨ ᠤᠯᠤᠰ ᠤᠨ ᠨᠢᠭᠡᠳᠦᠯᠲᠠᠢ ᠵᠠᠰᠠᠭ ᠤᠨ ᠵᠠᠷᠯᠢᠭ ᠢ ᠲᠤᠤᠱᠯᠠᠭᠤᠯᠤᠭᠰᠠᠨ | ᠤᠷᠢᠳᠠᠯ ᠲᠤᠤᠷ᠎ᠡ ᠦᠪᠠᠷᠳᠡᠭᠡᠨ ᠵᠠᠰᠠᠬᠤ ᠡᠷᠭᠡ ᠶᠢ ᠬᠠᠤᠯᠢ ᠶᠤᠰᠤᠭᠠᠷ ᠬᠡᠷᠡᠭᠵᠢᠬᠦᠯᠵᠦ᠂ ᠦᠨᠳᠤᠰᠤᠳᠡᠨ ᠨᠦᠬᠦᠳ | ᠤᠨ ᠠᠷᠠᠳ ᠲᠦᠮᠡᠨ ᠤ ᠦᠨᠳᠤᠰᠤᠨ ᠠᠰᠢᠭ ᠲᠤᠰᠨ ᠶᠢ ᠬᠠᠮᠠᠭᠠᠯᠠᠨ᠂ ᠡᠯ᠎ᠡ ᠦᠨᠳᠤᠰᠤᠳᠡᠨ ᠤ ᠬᠠᠮᠳᠤᠪᠠᠷ ᠡᠷᠬᠡ | ᠮᠡᠳᠡᠵᠦ ᠡᠵᠡᠨ ᠰᠠᠭᠤᠬᠤ ᠶᠢ ᠪᠠᠳᠦᠯᠠᠬᠤ ᠬᠡᠷᠡᠭᠲᠠᠢ᠃ ᠵᠦᠪ ᠴᠢᠭᠯᠡᠯ ᠢ ᠡᠵᠡᠮᠳᠡᠵᠦ᠂ ᠨᠢᠭᠡᠳᠦᠯ ᠪᠠ ᠦᠪᠠᠷᠳᠡᠭᠡᠨ | ᠵᠠᠰᠠᠬᠤ ᠶᠢᠨ ᠤᠶᠠᠯᠳᠤᠯ᠂ ᠦᠨᠳᠦᠰᠦᠲᠡᠨ ᠤ ᠬᠦᠴᠦᠨ ᠵᠦᠢᠯ ᠪᠠ ᠤᠷᠤᠨ ᠪᠦᠰᠨ ᠶᠢᠨ ᠬᠦᠴᠦᠨ ᠵᠦᠢᠯ ᠤᠨ | ᠤᠶᠠᠯᠳᠤᠯ ᠢ ᠨᠡᠩ ᠰᠠᠶᠢᠳᠤᠷ ᠪᠡᠶᠡᠯᠡᠭᠦᠯᠵᠦ᠂ ᠤᠯᠤᠰ ᠤᠨ ᠨᠢᠭᠡᠳᠦᠯ᠂ ᠨᠤᠳᠤᠭ ᠳᠡᠪᠢᠰᠬᠡᠷ ᠤᠨ ᠪᠦᠷᠢᠨ ᠪᠦᠳᠦᠨ ᠢ | ᠬᠠᠮᠠᠭᠠᠯᠠᠨ ᠦᠨᠳᠤᠰᠤᠳᠡᠨ ᠤ ᠡᠷᠭᠡ ᠲᠡᠭᠰᠢ ᠪᠦᠯᠬᠦᠮᠳᠠᠯ ᠢ ᠴᠢᠩᠭᠠᠳᠬᠠᠵᠦ᠂ ᠦᠨᠳᠦᠰᠦᠲᠡᠨ ᠤ ᠣᠷᠣᠨ ᠤ | ᠬᠦᠭᠵᠢᠯᠲᠠᠨ ᠶᠢ ᠠᠬᠢᠭᠤᠯᠤᠨ᠂ ᠲᠤᠮᠳᠠᠳᠦ ᠶᠢᠨ ᠦᠨᠳᠦᠰᠦᠲᠡᠨ ᠤ ᠨᠢᠭᠳᠠᠷᠠᠯ ᠤᠨ ᠬᠦᠴᠦᠨ ᠢ ᠨᠡᠮᠡᠭᠳᠡᠬᠦᠯᠬᠦ ᠵᠠᠷᠭᠡ | ᠲᠠᠯ᠎ᠡ ᠳᠠᠬᠢ ᠦᠨᠳᠦᠰᠦᠲᠡᠨ ᠤ ᠣᠷᠣᠨ ᠤ ᠦᠪᠠᠷᠳᠡᠭᠡᠨ ᠵᠠᠰᠠᠬᠤ ᠪᠠᠶᠢᠭᠤᠯᠤᠯ ᠤᠨ ᠴᠢᠬᠤᠯᠠ ᠦᠢᠯᠡᠳᠦᠯ ᠢ | ᠴᠢᠨᠠᠭᠰᠢᠲᠠ ᠪᠠᠳᠠᠷᠠᠭᠤᠯᠬᠤ ᠬᠡᠷᠡᠭᠲᠠᠢ᠃ ᠡᠩᠨᠡᠭᠡᠨ ᠤ ᠪᠠᠶᠢᠭᠤᠯᠤᠯᠳ᠋ᠨ ᠶᠢ ᠴᠢᠩᠭᠠᠳᠬᠠᠵᠦ᠂ ᠮᠤᠷᠠᠯ ᠴᠢᠳᠠᠪᠦᠷᠢ ᠶᠢ | ᠬᠤᠤᠰᠯᠠᠭᠤᠯᠬᠤ ᠵᠠᠷᠴᠢᠮ ᠢ ᠪᠠᠷᠢᠮᠳᠠᠯᠠᠨ᠂ ᠴᠦᠭᠡᠨ ᠲᠤᠭᠠᠳᠦ ᠦᠨᠳᠦᠰᠦᠲᠡᠨ ᠤ ᠺᠠᠳ᠋ᠷ ᠪᠠ ᠡᠯ᠎ᠡ ᠱᠠᠲᠤᠨ ᠤ ᠡᠯ᠎ᠡ | ᠲᠦᠷᠦᠯ ᠤᠨ ᠴᠢᠳᠠᠪᠦᠷᠢᠳᠠᠠ ᠢ ᠶᠡᠬᠡᠪᠠᠷ ᠬᠦᠮᠦᠵᠢᠬᠦᠯᠬᠦ ᠪᠠ ᠰᠢᠯᠢᠨ ᠳᠡᠪᠰᠢᠭᠦᠯᠵᠦ᠂ ᠴᠦᠭᠡᠨ ᠲᠤᠭᠠᠳᠦ | ᠦᠨᠳᠦᠰᠦᠲᠡᠨ ᠤ ᠦᠨᠳᠤᠷ ᠬᠡᠪ ᠪᠤᠯᠪᠠᠰᠤᠷᠠᠯ ᠲᠠᠢ ᠨᠢᠭᠡ ᠰᠠᠯᠠᠭ᠎ᠠ ᠺᠠᠳ᠋ᠷ ᠤᠨ ᠡᠩᠨᠡᠭᠡ ᠶᠢ ᠪᠠᠶᠢᠭᠤᠯᠬᠤ ᠪᠠᠷ | ᠴᠢᠷᠮᠠᠶᠢᠬᠤ ᠬᠡᠷᠡᠭᠲᠡᠢ᠃ | ᠬᠤᠶᠠᠷ ᠲᠤ᠂ ᠪᠦᠬᠦ ᠤᠯᠤᠰ ᠲᠠᠢ ᠬᠠᠮᠳᠤᠪᠠᠷ ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠡᠶᠡᠯᠡᠭᠦᠯᠬᠦ ᠶᠢ | ᠦᠨᠡᠨᠬᠦ ᠪᠠᠳᠤᠯᠠᠬᠤ ᠬᠡᠷᠡᠭᠲᠠᠢ᠃ 2020 ᠣᠨ ᠪᠤᠯᠬᠤ ᠳᠤ ᠴᠢᠨᠡᠭᠡᠯᠢᠭ ᠨᠡᠶᠢᠭᠡᠮ ᠢ ᠳᠤᠭᠳᠠᠭᠰᠠᠨ | ᠬᠤᠭᠤᠴᠠᠭᠠᠨ ᠳᠤ ᠪᠦᠬᠦ ᠲᠠᠯ᠎ᠡ ᠪᠠᠷ ᠪᠡᠶᠡᠯᠡᠭᠦᠯᠬᠦ ᠶᠢ ᠦᠨᠡᠨᠬᠦ ᠪᠠᠳᠤᠯᠠᠬᠤ ᠪᠤᠯ ᠮᠠᠨ ᠤ ᠨᠠᠮ ᠤᠨ ᠪᠦᠬᠦ ᠤᠯᠤᠰ ᠤᠨ | ᠠᠷᠠᠳ ᠲᠦᠮᠡᠨ ᠳᠤ ᠬᠢᠭᠰᠡᠨ ᠲᠦᠪ ᠴᠢᠩᠭ᠎ᠠ ᠠᠮᠠᠯᠠᠯᠲᠠ ᠪᠤᠯᠬᠤ ᠮᠦᠷᠳᠡᠭᠡᠨ ᠦᠪᠤᠷ ᠮᠤᠩᠭᠤᠯ ᠢ ᠬᠦᠭᠵᠢᠭᠦᠯᠬᠦ | ᠲᠤᠬᠠᠢ ᠲᠤᠷᠠᠳᠤᠭᠰᠠᠨ ᠨᠡᠩ ᠦᠨᠳᠤᠷ ᠰᠢᠨ᠎ᠡ ᠱᠠᠭᠠᠷᠳᠠᠯᠭ᠎ᠠ ᠪᠤᠯᠬᠤ ᠶᠤᠮ᠃ ᠲᠤᠭᠳᠠᠭᠤᠠ ᠤ ᠲᠤᠮᠳᠠ | ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠵᠦ᠂ ᠬᠦᠭᠵᠢᠯᠲᠠᠨ ᠶᠢᠨ ᠰᠢᠨ᠎ᠡ | ᠣᠨᠣᠯᠵᠢᠬᠤᠨ ᠢ ᠨᠠᠶᠢᠳᠠᠪᠦᠷᠢᠵᠢᠭᠤᠯᠤᠨ᠂ ᠬᠠᠨᠭ᠍ᠭᠠᠯᠭ᠎ᠠ ᠶᠢᠨ ᠲᠠᠯ᠎ᠡ ᠶᠢᠨ ᠪᠦᠳᠦᠴᠨ ᠶᠢᠨ ᠴᠢᠨᠠᠷᠳᠠᠢ ᠦᠭᠡᠷᠡᠴᠢᠯᠡᠯᠳ᠋ᠨ | ᠶᠢ ᠴᠢᠩᠭ᠎ᠠ ᠠᠳᠬᠤᠵᠦ᠂ ᠤᠨᠴᠠᠯᠢᠬᠳᠦ ᠠᠵᠤ ᠦᠢᠯᠡᠰ ᠢ ᠢᠳᠡᠪᠬᠢᠳᠠᠢ ᠬᠦᠭᠵᠢᠬᠦᠯᠤᠨ ᠣᠳᠤ ᠦᠶ᠎ᠡ ᠶᠢᠨ | ᠲᠠᠷᠢᠶᠠᠯᠠᠩ ᠣᠳᠤ ᠦᠶ᠎ᠡ ᠶᠢᠨ ᠮᠠᠯ ᠠᠵᠤ ᠠᠬᠤᠢ ᠶᠢ ᠶᠡᠬᠡᠪᠠᠷ ᠬᠦᠭᠵᠢᠬᠦᠯᠵᠦ᠂ ᠤᠯᠠᠨ ᠡᠰᠢᠳᠦ ᠬᠦᠭᠵᠢᠯᠲᠠ᠂ | ᠤᠯᠠᠨ ᠲᠦᠢᠯᠳᠦ ᠲᠤᠯᠭᠠᠭᠤᠷᠢᠯᠠᠯ ᠪᠦᠬᠦᠢ ᠣᠳᠤ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢ ᠪᠦᠬᠦ ᠲᠠᠯ᠎ᠠ ᠪᠠᠷ | ᠪᠣᠢ ᠪᠣᠯᠭᠠᠵᠤ᠂ ᠲᠠᠪᠠᠭᠤᠯᠢᠭ ᠨᠢ ᠲᠤᠪᠤᠶᠢᠮ᠎ᠠ᠂ ᠪᠦᠳᠦᠴᠨ ᠨᠢ ᠵᠤᠬᠢᠰᠲᠠᠢ᠂ ᠰᠢᠨ᠎ᠡ ᠶᠢ ᠡᠬᠦᠳᠬᠦ ᠪᠠᠷ ᠬᠦᠳᠡᠯᠭᠡᠭᠦᠷ | ᠪᠤᠯᠭᠠᠭᠰᠠᠨ᠂ ᠤᠷᠤᠨ ᠪᠦᠰᠡ ᠨᠢ ᠵᠤᠬᠢᠴᠠᠩᠭᠤᠢ᠂ ᠬᠤᠳᠠ ᠬᠥᠳᠡᠭᠡ ᠶᠢ ᠨᠢᠭᠡ ᠴᠤᠭᠴᠠᠵᠢᠭᠤᠯᠤᠭᠰᠠᠨ ᠬᠦᠭᠵᠢᠯᠳ᠋ᠨ | ᠶᠢᠨ ᠰᠢᠨ᠎ᠡ ᠪᠠᠶᠢᠳᠠᠯ ᠢ ᠪᠦᠷᠢᠯᠳᠤᠬᠦᠯᠬᠦ ᠬᠡᠷᠡᠭᠲᠠᠢ᠃ ᠪᠤᠬᠢᠷᠳᠤᠯ ᠦᠭᠡᠢ ᠬᠦᠭᠵᠢᠯᠳ᠋ᠨ ᠶᠢ ᠪᠠᠷᠢᠮᠳᠠᠯᠠᠵᠦ᠂ ᠡᠬᠢ | ᠪᠠᠶᠠᠯᠢᠭ ᠢ ᠠᠷᠪᠢᠯᠠᠬᠤ ᠪᠠ ᠤᠷᠴᠢᠯᠳᠤᠭᠤᠯᠤᠨ ᠬᠦᠭᠵᠢᠭᠦᠯᠬᠦ ᠶᠢ ᠶᠡᠬᠡᠪᠠᠷ ᠠᠬᠢᠭᠤᠯᠵᠦ᠂ ᠪᠡᠬᠡᠵᠢᠩ ᠲᠢᠶᠠᠨᠵᠢᠨ ᠤ | ᠡᠷᠬᠢᠨ ᠳᠤᠭᠤᠷᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ︽ᠤᠮᠠᠷᠠᠳᠤ ᠶᠢᠨ ᠤᠷᠤᠨ︾ ᠤ ᠬᠠᠯᠬᠠᠪᠴᠢ | ᠣᠢ ᠶᠢᠨ ᠰᠢᠰᠲ᠋ᠧᠮᠵᠢ ᠶᠢ ᠪᠦᠳᠦᠭᠡᠨ ᠪᠠᠶᠢᠭᠤᠯᠬᠤ᠂ ᠲᠠᠷᠢᠶᠠᠯᠠᠬᠤ ᠪᠠᠨ ᠵᠤᠭᠰᠤᠵᠦ ᠤᠢᠢᠵᠢᠭᠤᠯᠬᠤ᠂ | ᠪᠡᠯᠴᠢᠬᠡᠷᠯᠡᠬᠦᠯᠬᠦ ᠶᠢ ᠵᠤᠭᠰᠤᠭᠠᠵᠦ ᠪᠡᠯᠴᠢᠭᠡᠷᠢ ᠰᠡᠷᠬᠦᠭᠡᠬᠦ ᠵᠠᠷᠭᠡ ᠴᠢᠬᠤᠯᠠ ᠶᠡᠭᠡ ᠠᠮᠢ ᠠᠬᠤᠢ ᠶᠢᠨ ᠢᠨᠵᠧᠨᠧᠷᠢᠩ ᠢ | ᠦᠷᠬᠦᠯᠵᠢᠯᠡᠨ ᠰᠠᠶᠢᠲᠤᠷ ᠵᠤᠬᠢᠶᠠᠨ ᠪᠠᠶᠢᠭᠤᠯᠵᠦ ᠬᠡᠷᠡᠭᠵᠢᠬᠦᠯᠦᠨ᠂ ᠠᠮᠢ ᠠᠬᠤᠢ ᠶᠢᠨ ᠢᠨᠵᠧᠨᠧᠷᠢᠩ ᠢ ᠦᠷᠭᠦᠯᠵᠢᠯᠡᠨ | ᠰᠠᠶᠢᠲᠤᠷ ᠵᠣᠬᠢᠶᠠᠨ ᠪᠠᠶᠢᠭᠤᠯᠵᠤ ᠬᠡᠷᠡᠭᠵᠢᠭᠦᠯᠦᠨ᠂ ︽ᠣᠰᠣᠨ ᠪᠣᠯᠣᠷ ᠭᠤᠣᠯ ᠲᠤᠨᠤᠯᠵᠠᠭᠰᠠᠨ︾᠂ ︽ᠥᠩᠭᠡ | ᠶᠢᠨ ᠴᠡᠴᠡᠭ ᠮᠢᠷᠠᠯᠵᠠᠨ ᠲᠡᠯᠭᠡᠷᠡᠭᠰᠡᠨ︾ ᠦᠵᠡᠰᠬᠦᠯᠡᠩᠳᠦ ᠰᠠᠶᠢᠬᠠᠨ ᠦᠵᠡᠮᠵᠢ ᠶᠢᠨ ᠤᠷᠤᠨ ᠢ ᠦᠶ᠎ᠠ ᠶᠢᠨ | ᠦᠶ᠎ᠠ ᠳᠤ ᠬᠠᠮᠠᠭᠠᠯᠠᠵᠤ᠂ ᠡᠬᠡ ᠤᠯᠤᠰ ᠤᠨ ᠤᠮᠠᠷᠠᠳᠦ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ᠃ ︽ᠨᠢᠭᠡ ᠪᠦᠰᠡ ᠨᠢᠭᠡ ᠵᠠᠮ︾᠂ ᠪᠡᠭᠡᠵᠢᠩ ᠲᠢᠶᠠᠨᠵᠢᠨ ᠾᠧᠪᠸᠢ | ᠶᠢ ᠵᠣᠬᠢᠴᠠᠭᠤᠯᠤᠨ ᠬᠦᠭᠵᠢᠬᠦᠯᠬᠦ ᠵᠠᠷᠭᠡ ᠤᠯᠤᠰ ᠤᠨ ᠪᠠᠶᠢᠯᠳᠤᠬᠤ ᠪᠤᠳᠤᠯᠭ᠎ᠠ ᠳᠤ ᠢᠳᠡᠪᠬᠢᠳᠠᠢ ᠠᠭᠤᠰᠤᠯᠴᠠᠵᠦ᠂ | ᠪᠦᠬᠦ ᠲᠠᠯ᠎ᠡ ᠪᠠᠷ ᠨᠡᠭᠡᠭᠡᠯᠲᠡ ᠬᠢᠬᠦ ᠰᠢᠨ᠎ᠡ ᠪᠠᠶᠢᠷᠢᠰᠢᠯ ᠢ ᠲᠦᠷᠭᠡᠳᠭᠡᠨ ᠪᠠᠶᠢᠭᠤᠯᠵᠦ᠂ ᠮᠠᠨ ᠤ ᠤᠯᠤᠰ ᠤᠨ ᠤᠮᠠᠷᠠᠰᠢ | ᠨᠡᠬᠡᠬᠡᠯᠳᠡ ᠬᠢᠬᠦ ᠴᠢᠬᠤᠯᠠ ᠪᠠᠬᠢᠯᠡᠯᠳ᠋ᠨ ᠶᠢ ᠪᠠᠶᠢᠭᠤᠯᠬᠤ ᠬᠡᠷᠡᠭᠲᠠᠢ᠃ | ᠭᠤᠷᠪᠠ ᠳᠤ᠂ ᠠᠷᠠᠣᠨ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠪᠠᠷ ᠬᠦᠴᠦᠯᠡᠬᠦ ᠬᠡᠷᠡᠭᠲᠠᠢ᠃ | ᠠᠷᠠᠣᠨ ᠤᠨ ᠠᠮᠢᠳᠤᠷᠠᠯ ᠪᠤᠯ ᠠᠷᠠᠳ ᠲᠦᠮᠡᠨ ᠤ ᠵᠤᠯ ᠵᠢᠷᠭᠠᠯ ᠤᠨ ᠰᠠᠭᠤᠷᠢ᠂ ᠨᠡᠶᠢᠭᠡᠮ ᠤᠨ ᠡᠶ᠎ᠡ | ᠵᠤᠬᠢᠴᠠᠩᠭᠤᠢ ᠶᠢᠨ ᠦᠨᠳᠤᠰᠤ ᠮᠦᠨ᠃ ᠠᠷᠠᠳ ᠲᠦᠮᠡᠨ ᠢᠶᠠᠷ ᠭᠤᠤᠯ ᠪᠤᠯᠭᠠᠭᠰᠠᠨ ᠬᠦᠭᠵᠢᠯᠲᠠ ᠶᠢᠨ ᠦᠵᠡᠯ | ᠰᠠᠨᠠᠭ᠎ᠠ ᠶᠢ ᠪᠠᠷᠢᠮᠳᠠᠯᠠᠵᠦ᠂ ᠤᠯᠠᠨ ᠨᠡᠶᠢᠳᠡ ᠶᠢᠨ ᠦᠨᠳᠤᠰᠤᠨ ᠦᠢᠯᠡᠴᠢᠯᠡᠭᠡ ᠶᠢ ᠲᠡᠩᠴᠡᠬᠦᠷᠢᠰᠢᠬᠦᠯᠬᠦ ᠶᠢ ᠶᠡᠬᠡᠪᠠᠷ | ᠠᠬᠢᠭᠤᠯᠵᠦ᠂ ᠦᠭᠡᠷᠡᠴᠢᠯᠡᠯᠲᠠ ᠪᠠᠷ ᠠᠰᠢᠭ ᠬᠦᠷᠳᠡᠭᠡᠬᠦ ᠬᠡᠪᠴᠢᠶ᠎ᠠ ᠶᠢ ᠴᠢᠨᠠᠭᠰᠢᠲᠠ ᠦᠷᠭᠡᠳᠭᠡᠵᠦ᠂ ᠠᠷᠠᠣᠨ ᠤᠨ | ᠰᠠᠨᠠᠭ᠎ᠠ ᠳᠤ ᠨᠠᠶᠢᠴᠡᠭᠰᠠᠨ᠂ ᠠᠷᠠᠣᠨ ᠤᠨ ᠠᠮᠢᠳᠤᠷᠠᠯ ᠳᠤ ᠠᠰᠢᠭ ᠬᠦᠷᠲᠡᠭᠡᠭᠰᠠᠨ ᠪᠤᠳᠠᠳᠦ ᠶᠠᠪᠤᠳᠠᠯ ᠢ ᠢᠯᠡᠭᠦᠬᠡᠨ | ᠬᠢᠵᠦ᠂ ᠠᠷᠠᠳ ᠣᠯᠠᠨ ᠤ ᠬᠠᠮᠤᠭ ᠠᠴᠠ ᠰᠡᠳᠬᠢᠯ ᠲᠠᠯᠪᠢᠵᠦ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠤᠳᠠᠳᠠᠢ | ᠠᠰᠢᠭ ᠲᠤᠰᠨ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠦᠨᠳᠤᠰᠤᠳᠡᠨ ᠨᠦᠬᠦᠳ ᠤᠨ ᠤᠯᠠᠨ | ᠲᠦᠮᠡᠨ ᠳᠤ ᠨᠡᠩ ᠢᠯᠡᠬᠦᠤ ᠬᠦᠷᠲᠡᠮᠵᠢ ᠶᠢᠨ ᠲᠦᠷᠦᠭᠳᠡᠯ ᠪᠠ ᠵᠤᠯ ᠵᠢᠷᠭᠠᠯᠳᠦ ᠲᠦᠷᠦᠭᠳᠡᠯ ᠤᠯᠭᠤᠬᠤ ᠬᠡᠷᠡᠭᠲᠠᠢ᠃ | ᠠᠵᠢᠯ ᠤᠯᠭᠤᠯᠳ᠋ᠨ ᠶᠢ ᠡᠩ ᠲᠡᠷᠢᠬᠦᠨ ᠳᠤ ᠪᠠᠶᠢᠯᠭᠠᠬᠤ ᠪᠠᠶᠢᠯᠳᠤᠬᠤ ᠪᠤᠳᠤᠯᠭ᠎ᠠ ᠶᠢ ᠪᠠᠷᠢᠮᠳᠠᠯᠠᠵᠦ᠂ ᠨᠡᠩ | ᠢᠳᠡᠪᠬᠢᠳᠠᠢ ᠠᠵᠢᠯ ᠤᠯᠭᠤᠯᠳ᠋ᠨ ᠶᠢᠨ ᠲᠥᠷᠥ ᠶᠢᠨ ᠪᠤᠳᠤᠯᠭ᠎ᠠ ᠶᠢ ᠬᠡᠷᠡᠭᠵᠢᠬᠦᠯᠦᠨ᠂ ᠮᠠᠯᠴᠢᠨ ᠲᠠᠷᠢᠶᠠᠴᠢᠨ ᠤ | ᠤᠷᠤᠯᠭ᠎ᠠ ᠶᠢ ᠨᠡᠮᠡᠭᠳᠡᠬᠦᠯᠬᠦ ᠵᠠᠮ ᠮᠦᠷ ᠢ ᠴᠢᠨᠠᠭᠰᠢᠲᠠ ᠦᠷᠭᠡᠳᠭᠡᠵᠦ᠂ ᠦᠨᠳᠦᠰᠦᠲᠡᠨ ᠨᠦᠬᠦᠳ ᠤᠨ ᠤᠯᠠᠨ | ᠲᠦᠮᠡᠨ ᠤ ᠠᠵᠢᠯ ᠣᠯᠵᠤ ᠤᠢᠢᠯᠡᠰ ᠪᠦᠲᠦᠭᠡᠬᠦ ᠴᠢᠳᠠᠪᠤᠷᠢ ᠶᠢ ᠳᠡᠭᠡᠭᠰᠢᠯᠡᠭᠦᠯᠵᠦ᠂ ᠠᠷᠭ᠎ᠠ ᠪᠦᠬᠦᠨ ᠢ ᠰᠦᠪᠡᠭᠴᠢᠯᠡᠨ | ᠤᠯᠠᠨ ᠲᠦᠮᠡᠨ ᠤ ᠠᠵᠢᠯ ᠤᠯᠭᠤᠯᠲᠠ ᠪᠠ ᠤᠷᠤᠯᠭ᠎ᠠ ᠶᠢ ᠨᠡᠮᠡᠭᠳᠡᠭᠦᠯᠬᠦ ᠬᠡᠷᠡᠭᠲᠠᠢ᠃ ᠨᠠᠮ ᠤᠨ ᠰᠤᠷᠭᠠᠨ ᠬᠥᠮᠥᠵᠢᠯ | ᠤᠨ ᠴᠢᠭᠯᠡᠯᠳ᠋ᠨ ᠶᠢ ᠪᠦᠬᠦ ᠲᠠᠯ᠎ᠡ ᠪᠠᠷ ᠲᠤᠤᠱᠯᠠᠭᠤᠯᠵᠤ᠂ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ | ᠰᠤᠷᠭᠠᠨ ᠬᠦᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠪᠠᠭᠰᠢ ᠶᠢᠨ ᠡᠩᠨᠠᠭᠡᠠ ᠤ ᠪᠠᠶᠢᠭᠤᠯᠤᠯᠳ᠋ᠨ ᠶᠢ | ᠴᠢᠩᠭᠠᠤᠨᠬᠠᠨ᠂ ᠥᠨᠳᠥᠰᠦᠲᠡᠨ ᠤ ᠣᠷᠣᠨ ᠤ ᠬᠦᠭᠵᠢᠯᠲᠠ ᠳᠤ ᠵᠣᠬᠢᠴᠠᠭᠰᠠᠨ ᠬᠡᠷᠡᠭᠴᠡᠭᠡ ᠲᠠᠢ ᠴᠢᠳᠠᠪᠤᠷᠢᠲᠠᠨ ᠢ | ᠨᠡᠩ ᠤᠯᠡᠨ ᠬᠦᠮᠦᠵᠢᠭᠦᠯᠦᠨ ᠪᠤᠶᠢᠵᠢᠭᠤᠯᠬᠤ ᠬᠡᠷᠡᠭᠲᠠᠢ᠃ ᠤᠨᠢᠨ ᠲᠡᠭᠡᠷ᠎ᠡ ᠨᠢ ᠶᠠᠳᠠᠭᠤ ᠶᠢ ᠳᠡᠤᠨᠭᠦᠬᠦ᠂ ᠤᠨᠢᠨ | ᠲᠡᠭᠡᠷ᠎ᠡ ᠨᠢ ᠶᠠᠳᠠᠭᠤ ᠠᠴᠠ ᠠᠩᠭᠢᠵᠢᠷᠡᠭᠤᠯᠬᠤ ᠦᠨᠳᠦᠰᠦᠨ ᠠᠷᠭ᠎ᠠ ᠪᠤᠳᠤᠯᠭ᠎ᠠ ᠶᠢ ᠪᠠᠷᠢᠮᠲᠠᠯᠠᠵᠤ᠂ ᠭᠤᠤᠯᠳᠠᠯᠭ᠎ᠠ ᠲᠠᠢ | ᠤᠷᠤᠨ ᠪᠦᠰᠡ᠂ ᠭᠤᠤᠯᠳᠠᠯᠭ᠎ᠠ ᠲᠠᠢ ᠬᠦᠮᠦᠰ᠂ ᠭᠤᠤᠯᠳᠠᠯᠭ᠎ᠠ ᠲᠠᠢ ᠠᠰᠠᠭᠤᠳᠠᠯ ᠳᠤ ᠴᠢᠭᠯᠡᠭᠦᠯᠵᠦ᠂ ᠲᠤᠬᠠᠢ ᠶᠢᠨ | ᠭᠠᠵᠠᠷ ᠲᠠᠭᠠᠨ ᠲᠣᠬᠢᠷᠠᠭᠤᠯᠤᠨ᠂ ᠪᠣᠳᠠᠲᠠᠢ ᠬᠦᠮᠦᠨ ᠪᠠ ᠠᠶᠢᠯ ᠡᠷᠦᠬᠡ ᠳᠤᠨᠢ ᠲᠤᠬᠢᠷᠠᠭᠤᠯᠤᠨ ᠠᠷᠭ᠎ᠠ ᠪᠤᠳᠤᠯᠭ᠎ᠠ | ᠠᠪᠴᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠲᠠᠶᠢᠯᠠᠯᠳᠤᠭᠠᠨ ᠤ ᠢᠯᠠᠯᠲᠠ ᠶᠢ ᠡᠷᠡᠰ | ᠲᠡᠮᠡᠴᠡᠨ ᠣᠯᠬᠤ ᠬᠡᠷᠡᠭᠲᠡᠢ᠃ | ᠳᠦᠷᠪᠡ ᠳᠤ᠂ ᠦᠨᠳᠦᠰᠦᠲᠡᠨ ᠤ ᠪᠦᠯᠬᠦᠮᠳᠡᠯ ᠬᠢᠯᠢ ᠬᠢᠵᠠᠭᠠᠷ ᠤᠨ ᠪᠠᠬᠢᠵᠢᠯ ᠢ ᠶᠡᠬᠡᠪᠠᠷ ᠠᠬᠢᠭᠤᠯᠬᠤ | ᠬᠡᠷᠡᠭᠲᠠᠢ᠃ ᠦᠨᠳᠦᠰᠦᠲᠡᠨ ᠤ ᠪᠦᠯᠬᠦᠮᠳᠡᠯ ᠪᠤᠯ ᠮᠠᠨ ᠤ ᠤᠯᠤᠰ ᠤᠨ ᠦᠨᠳᠦᠰᠦᠲᠡᠨ ᠨᠦᠬᠦᠳ ᠤᠨ ᠠᠷᠠᠤᠨ | ᠲᠦᠮᠡᠨ ᠤ ᠠᠮᠢᠨ ᠰᠤᠳᠠᠰᠤ ᠶᠤᠮ᠂ ᠦᠨᠳᠦᠰᠦᠲᠡᠨ ᠤ ᠪᠦᠯᠬᠦᠮᠳᠡᠯ ᠢ ᠴᠢᠩᠭᠠᠤᠨᠬᠠᠬᠤ ᠪᠤᠯ ᠪᠠᠶᠢᠯᠲᠤᠬᠤ ᠪᠤᠳᠤᠯᠭ᠎ᠠ | ᠶᠢᠨ ᠴᠢᠨᠠᠷᠲᠠᠢ᠂ ᠰᠠᠭᠤᠷᠢ ᠴᠢᠨᠠᠷᠲᠠᠢ᠂ ᠠᠯᠤᠰ ᠬᠡᠲᠦ ᠶᠢᠨ ᠴᠢᠨᠠᠷᠲᠠᠢ ᠠᠵᠢᠯ ᠪᠤᠯᠤᠨ᠎ᠠ᠃ ᠦᠨᠳᠦᠰᠦᠲᠡᠨ ᠤ ᠶᠡᠭᠡ | ᠪᠦ᠋ᠯᠬᠦᠮᠳᠡᠯ ᠤᠨ ᠲᠤᠭ ᠢ ᠦᠨᠳᠦᠷ ᠮᠠᠨᠳᠤᠭᠤᠯᠵᠤ᠂ ᠦᠨᠳᠤᠰᠦᠲᠡᠨ ᠨᠦᠬᠦᠳ ᠤᠨ ᠶᠠᠪᠤᠯᠴᠠᠭ᠎ᠠ ᠰᠤᠯᠢᠯᠴᠠᠭ᠎ᠠ | ᠠᠭᠤᠰᠤᠯᠴᠠᠭ᠎ᠠ ᠶᠢ ᠠᠬᠢᠭᠤᠯᠵᠤ᠂ ᠦᠨᠳᠦᠰᠦᠲᠡᠨ ᠨᠦᠬᠦᠳ ᠤᠨ ᠤᠯᠠᠨ ᠲᠦᠮᠡᠨ ᠤ ᠬᠠᠮᠲᠤᠪᠡᠷ ᠰᠠᠭᠤᠷᠢᠰᠢᠬᠤ᠂ | ᠬᠠᠮᠲᠤᠪᠡᠷ ᠰᠤᠷᠤᠯᠴᠠᠬᠤ᠂ ᠬᠠᠮᠲᠤᠪᠡᠷ ᠠᠵᠢᠯᠯᠠᠬᠤ᠂ ᠬᠠᠮᠲᠤᠪᠡᠷ ᠵᠢᠷᠭᠠᠬᠤ ᠨᠡᠶᠢᠭᠡᠮ ᠤᠨ ᠨᠦᠬᠦᠴᠡᠯ ᠢ | ᠪᠦᠷᠢᠯᠳᠦᠭᠦᠯᠵᠤ᠂ ᠦᠨᠳᠦᠰᠦᠲᠡᠨ ᠨᠦᠬᠦᠳ ᠤᠨ ᠤᠯᠠᠨ ᠲᠦᠮᠡᠨ ᠳᠤᠮᠳᠠᠳᠤ ᠶᠢᠨ ᠦᠨᠳᠦᠰᠦᠲᠡᠨ ᠤ ᠶᠡᠭᠡ ᠭᠡᠷ | ᠪᠦᠯᠢ ᠳᠤ ᠨᠦᠬᠦᠷᠰᠡᠭ ᠳᠣᠲᠣᠨᠣᠰᠤᠭ ᠢᠶᠠᠷ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠬᠡᠷᠡᠭᠲᠠᠢ᠃ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠦᠷᠨᠢᠭᠦᠯᠵᠦ᠂ | ᠬᠡᠯᠪᠡᠷᠢ ᠪᠠ ᠠᠴᠢᠶᠠᠯᠠᠪᠤᠷᠢ ᠶᠢᠨ ᠰᠢᠨ᠎ᠡ ᠶᠢ ᠡᠭᠦᠤᠨᠴᠦ᠂ ᠠᠭᠤᠯᠭ᠎ᠠ ᠶᠢ ᠪᠠᠶᠠᠯᠢᠬᠵᠢᠭᠤᠯᠤᠨ ᠲᠡᠪᠴᠡᠩ ᠢ | ᠦᠷᠭᠡᠤᠨᠭᠡᠵᠦ᠂ ᠲᠠᠲᠠᠬᠤ ᠬᠦᠴᠦᠨ ᠢ ᠨᠡᠮᠡᠭᠳᠡᠭᠦᠯᠦᠨ ᠦᠨᠳᠦᠰᠦᠲᠡᠨ ᠨᠦᠬᠦᠳ ᠤᠨ ᠤᠯᠠᠨ ᠲᠦᠮᠡᠨ ᠢ ᠬᠦᠲᠦᠯᠦᠨ | ᠵᠢᠯᠤᠭᠤᠤᠨᠴᠦ ᠵᠥᠪ ᠣᠨᠣᠪᠴᠢᠲᠠᠢ ᠡᠬᠡ ᠤᠷᠤᠨᠴᠢ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ | ᠦᠵᠡᠯᠲᠡ ᠶᠢ ᠪᠠᠲᠤ ᠪᠠᠬᠢ ᠪᠤᠢ ᠪᠣᠯᠭᠠᠵᠤ᠂ ᠦᠨᠳᠦᠰᠦᠲᠡᠨ ᠨᠦᠬᠦᠳ ᠤᠨ ᠤᠯᠠᠨ ᠲᠦᠮᠡᠨ ᠤ ᠠᠭᠤᠤ ᠶᠡᠭᠡ ᠡᠬᠡ | ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠤᠶᠤᠯ᠂ ᠳᠤᠮᠳᠠᠳᠤ ᠤᠯᠤᠰ ᠤᠨ ᠡᠪ ᠬᠠᠮᠲᠤ ᠨᠠᠮ᠂ | ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠮᠡᠳᠡᠷᠡᠬᠦᠢ ᠶᠢ ᠨᠡᠮᠡᠭᠳᠡᠭᠦᠯᠬᠦ ᠬᠡᠷᠡᠭᠲᠠᠢ᠃ | ᠦᠨᠳᠦᠰᠦᠲᠡᠨ ᠨᠦᠬᠦᠳ ᠤᠨ ᠤᠯᠠᠨ ᠲᠦᠮᠡᠨ ᠤ ᠰᠡᠤᠨᠬᠢᠯ ᠵᠢᠷᠦᠬᠡ ᠪᠠᠨ ᠬᠤᠯᠪᠤᠬᠤ᠂ ᠭᠠᠷ ᠭᠠᠷ ᠢᠶᠠᠨ | ᠬᠤᠯᠪᠤᠯᠴᠠᠬᠤ ᠢᠷᠡᠭᠤ ᠠᠯᠳᠠᠷᠲᠤ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠵᠤ᠂ ᠦᠨᠳᠦᠰᠦᠲᠡᠨ ᠨᠦᠭᠦᠳ ᠤᠨ | ᠤᠯᠠᠨ ᠲᠦᠮᠡᠨ ᠤ ᠡᠶ᠎ᠡ ᠨᠠᠶᠢᠷᠲᠠᠢ ᠪᠠᠷ ᠬᠠᠮᠲᠤ ᠤᠷᠤᠰᠢᠵᠤ᠂ ᠰᠡᠤᠨᠬᠢᠯ ᠨᠢᠭᠡᠲᠦᠨ ᠬᠦᠴᠦ ᠪᠠᠨ ᠬᠠᠮᠲᠤᠳᠬᠠᠵᠤ᠂ | ᠡᠶ᠎ᠡ ᠵᠤᠬᠢᠴᠠᠩᠭᠤᠢ ᠪᠠᠷ ᠬᠦᠭᠵᠢᠬᠦ ᠰᠠᠶᠢᠨ ᠰᠠᠶᠢᠬᠠᠨ ᠪᠠᠶᠢᠳᠠᠯ ᠢ ᠲᠠᠰᠤᠷᠠᠯᠲᠠ ᠦᠭᠡᠢ ᠪᠠᠬᠢᠵᠢᠭᠦᠯᠵᠦ᠂ | ᠦᠨᠳᠤᠰᠤᠳᠡᠨ ᠨᠦᠬᠦᠳ ᠤᠨ ᠤᠯᠠᠨ ᠲᠦᠮᠡᠨ ᠢ ᠪᠦᠯᠭᠦᠮᠳᠡᠭᠦᠯᠤᠨ ᠵᠢᠯᠤᠭᠤᠳᠴᠦ᠂ ᠡᠭᠡ ᠤᠯᠤᠰ ᠤᠨ ᠭᠢᠯᠢ | ᠭᠢᠵᠠᠭᠠᠷ ᠢᠶᠠᠨ ᠬᠠᠮᠳᠤᠪᠠᠷ ᠰᠡᠭᠢᠨ ᠬᠠᠮᠠᠭᠠᠯᠠᠵᠤ᠂ ᠲᠠᠩᠰᠤᠭ ᠰᠠᠶᠢᠬᠠᠨ ᠠᠮᠢᠳᠤᠷᠠᠯ ᠢᠶᠠᠨ ᠴᠣᠭᠴᠠᠯᠠᠨ | ᠪᠠᠶᠢᠭᠤᠯᠬᠤ ᠪᠠᠷ ᠴᠢᠷᠮᠠᠶᠢᠬᠤ ᠬᠡᠷᠡᠭᠲᠡᠢ᠃ | ᠦᠪᠤᠷ ᠮᠤᠩᠭᠤᠯ ᠤᠨ 70 ᠵᠢᠯ ᠤᠨ ᠭᠢᠯᠡᠯᠵᠠᠮᠠ ᠠᠮᠵᠢᠯᠳᠡ ᠶᠢ ᠲᠤᠮᠳᠠᠳᠤ ᠤᠯᠤᠰ ᠤᠨ ᠡᠪ ᠬᠠᠮᠲᠤ ᠨᠠᠮ | ᠤᠨ ᠤᠳᠤᠷᠢᠳᠤᠯᠭ᠎ᠠ ᠳᠤᠤᠷ᠎ᠡ ᠤᠯᠤᠭᠰᠠᠨ ᠶᠤᠮ᠃ ᠦᠡᠭᠭᠡᠷᠡᠭᠰᠡᠨ ᠳᠤ ᠳᠤᠯᠭᠠᠷᠠᠭᠰᠠᠨ ᠬᠡᠴᠢᠨᠡᠨ ᠭᠦᠴᠢᠷᠳᠡᠯ ᠪᠡ | ᠦᠷᠢᠰᠦᠯᠳᠤᠭᠡᠨ ᠨᠢ ᠦᠪᠤᠷ ᠮᠤᠩᠭᠤᠯ ᠤᠨ ᠦᠨᠳᠤᠰᠤᠳᠡᠨ ᠨᠦᠬᠦᠳ ᠤᠨ ᠺᠠᠳ᠋ᠷ ᠤᠯᠠᠨ ᠲᠦᠮᠡᠨ ᠤ ᠨᠠᠮ ᠳᠠᠭᠠᠨ | ᠬᠠᠶᠢᠷᠠᠲᠠᠢ ᠨᠠᠮ ᠳᠠᠭᠠᠨ ᠦᠨᠡᠨᠴᠢ ᠪᠠᠶᠢᠬᠤ ᠶᠢ ᠦᠴᠤᠭᠡᠨ ᠴᠤ ᠭᠤᠶᠢᠪᠢᠯᠵᠠᠭᠤᠯᠵᠤ ᠲᠠᠶᠢᠯᠦᠭᠰᠡᠨ ᠦᠭᠡᠢ᠂ | ᠤᠯᠠᠭᠠᠨᠭᠦᠤ ᠨᠦᠭᠦᠷ ᠪᠤᠯ ᠲᠡᠳᠡᠨ ᠤ ᠲᠤᠮᠳᠡᠭᠢ ᠭᠠᠷᠮᠠᠭᠠᠢ ᠲᠦᠯᠤᠭᠡᠯᠡᠭᠴᠢ ᠪᠡ ᠰᠢᠯᠢᠳᠡᠭ ᠲᠠᠭᠤᠷᠢᠶᠠᠯ ᠮᠦᠨ᠃ | ᠦᠨᠤᠳᠤᠷ ᠪᠢᠳᠡ ᠠᠭᠤᠤ ᠶᠡᠭᠡ ᠲᠠᠮᠡᠴᠡᠯ ᠶᠠᠪᠤᠭᠤᠯᠵᠤ᠂ ᠠᠭᠤᠤ ᠶᠡᠭᠡ ᠢᠨᠵᠧᠨᠧᠷᠢᠩ ᠢ ᠪᠠᠶᠢᠭᠤᠯᠵᠤ᠂ ᠠᠭᠤᠤ | ᠶᠡᠭᠡ ᠦᠢᠯᠡᠰ ᠢ ᠠᠭᠢᠭᠤᠯᠵᠤ᠂ ᠠᠭᠤᠤ ᠶᠡᠭᠡ ᠬᠦᠰᠡᠯ ᠵᠡᠭᠦᠳᠤ ᠪᠠᠨ ᠲᠡᠷᠭᠡᠯᠰᠢᠭᠦᠯᠭᠦ ᠳᠤ ᠡᠨᠡᠬᠦ ᠬᠠᠳᠡ ᠴᠢᠯᠠᠭᠤ | ᠮᠠᠳᠤ ᠦᠨᠡᠨᠴᠢ ᠰᠢᠳᠤᠷᠭᠤ ᠱᠠᠭᠠᠷᠳᠠᠭᠳᠠᠵᠤ᠂ ᠰᠠᠨᠠᠭᠠᠴᠢᠯᠠᠭ᠎ᠠ ᠠᠴᠠ ᠪᠠᠨ ᠵᠣᠷᠢᠭᠲᠠᠢ ᠡᠭᠦᠷᠭᠡᠯᠡᠬᠦ ᠬᠠᠷᠢᠭᠤᠴᠠᠯᠭ᠎ᠠ | ᠱᠠᠭᠠᠷᠳᠠᠭᠳᠠᠵᠤ᠂ ︽ᠰᠢᠨ᠎ᠡ ᠦᠪᠦᠷ ᠮᠤᠩᠭᠤᠯ ᠪᠤᠯᠤᠨ ᠰᠢᠨ᠎ᠡ ᠲᠤᠮᠳᠠᠳᠤ ᠤᠯᠤᠰ ᠢ ᠪᠦᠳᠤᠭᠡᠨ ᠪᠠᠶᠢᠭᠤᠯᠬᠤ ᠶᠢᠨ | ᠲᠦᠯᠤᠭᠡ ᠲᠡᠮᠡᠴᠡᠭᠦ︾ ᠡᠨᠡᠬᠦ ᠤᠭ ᠰᠠᠨᠠᠭ᠎ᠠ ᠨᠡᠩ ᠱᠠᠭᠠᠷᠳᠠᠭᠳᠠᠵᠤ ᠪᠠᠶᠢᠨ᠎ᠠ᠃ ᠦᠪᠤᠷ ᠮᠤᠩᠭᠤᠯ ᠤᠨ | ᠦᠨᠳᠤᠰᠤᠳᠡᠨ ᠨᠦᠬᠦᠳ ᠤᠨ ᠨᠡᠮ ᠤᠨ ᠭᠡᠰᠢᠭᠦᠨ ᠺᠠᠳ᠋ᠷᠴᠤᠤᠨ ︽ᠲᠦᠷᠪᠡᠨ ᠤᠬᠠᠮᠰᠡᠷ︾ ᠢ ᠪᠠᠳᠤ ᠪᠠᠭᠢ ᠪᠤᠢ | ᠪᠤᠯᠭᠠᠨ᠂ ᠨᠠᠮ ᠤᠨ ᠲᠦᠪ ᠬᠤᠷᠢᠶᠠᠨ ᠤ ᠡᠷᠭᠡ ᠰᠦᠷ ᠪᠡ ᠶᠡᠷᠤᠩᠭᠡᠢ ᠱᠦᠵᠢ ᠰᠢ ᠶᠢᠨ ᠫᠢᠩ ᠤᠨ | ᠭᠤᠤᠯᠯᠠᠭᠴᠢ ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠪᠦᠭᠦ ᠣᠷᠣᠨ ᠤ ᠦᠨᠳᠤᠰᠤᠳᠡᠨ ᠨᠦᠬᠦᠳ ᠤᠨ | ᠠᠷᠠᠤᠨ ᠲᠦᠮᠡᠨ ᠢ ᠪᠦᠯᠭᠦᠮᠳᠡᠭᠦᠯᠤᠨ ᠲᠠᠶᠢᠴᠢᠯᠠᠵᠤ ᠡᠭᠦᠷᠢᠳᠡ ᠨᠢᠭᠡ ᠰᠡᠳᠭᠢᠯ ᠨᠢᠭᠡ ᠵᠤᠷᠢᠭ ᠢᠶᠠᠷ ᠨᠠᠮ ᠢᠶᠠᠨ | ᠲᠠᠭᠠᠬᠤ ᠬᠡᠷᠡᠭᠲᠡᠢ᠃ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ | ᠭᠦᠮᠤᠵᠢᠯ ᠢ ᠪᠠᠶᠢᠡᠭᠭᠤᠵᠢᠭᠤᠯᠵᠤ ᠲᠦᠷᠢᠮᠵᠢᠭᠦᠯᠭᠦ ᠶᠢ ᠯᠠᠪᠳᠡᠭᠤᠨ ᠪᠠᠳᠤᠳᠠᠢ ᠠᠭᠢᠭᠤᠯᠵᠤ᠂ ᠨᠠᠮ ᠤᠨ ᠭᠡᠰᠢᠭᠦᠨ ᠶᠡᠭᠡ | ᠶᠤᠰᠤ ᠶᠢ ᠮᠡᠳᠡᠭᠦ᠂ ᠪᠦᠭᠦ ᠲᠡᠯ᠎ᠡ ᠶᠢ ᠬᠠᠷᠠᠭᠠᠯᠵᠠᠬᠤ᠂ ᠭᠡᠪ ᠰᠤᠷᠳᠡᠯ ᠢ ᠡᠷᠬᠢᠮᠯᠡᠬᠦ᠂ ᠬᠠᠷᠠᠮ ᠦᠭᠡᠢ ᠵᠤᠷᠢᠭᠤᠯᠬᠤ᠂ | ᠵᠤᠷᠢᠠᠨᠳᠠᠢ ᠡᠭᠦᠷᠭᠡᠯᠡᠭᠦ ᠦᠯᠢᠭᠡᠷ ᠵᠢᠱᠢᠶ᠎ᠠ ᠪᠣᠯᠭᠠᠵᠤ᠂ ᠨᠠᠮ ᠤᠨ ᠵᠤᠭᠢᠶᠠᠨ ᠪᠠᠶᠢᠭᠤᠯᠤᠯᠳᠡ ᠤᠯᠠᠨ ᠲᠦᠮᠡᠨ ᠳᠤ | ᠤᠢᠢᠯᠡᠴᠢᠯᠡᠭᠦ᠂ ᠲᠡᠰᠪᠦᠷᠢ ᠬᠠᠳᠠᠭᠤᠵᠢᠯᠲᠠᠢ ᠲᠡᠮᠡᠴᠡᠭᠦ᠂ ᠯᠠᠪᠳᠡᠭᠤᠨ ᠪᠠᠲᠤᠲᠠᠢ ᠠᠵᠢᠯᠯᠠᠬᠤ ᠪᠠᠭᠢᠯᠡᠯᠳᠡ ᠪᠣᠯᠭᠠᠵᠤ᠂ | ᠨᠠᠮ ᠢ ᠦᠨᠢ ᠡᠭᠦᠷᠢᠳᠡ ᠠᠷᠠᠤᠨ ᠲᠦᠮᠡᠨ ᠤ ᠲᠤᠮᠳᠡ ᠦᠨᠳᠦᠰᠦᠯᠡᠵᠦ᠂ ᠠᠷᠠᠤᠨ ᠲᠦᠮᠡᠨ ᠲᠠᠢ ᠪᠦᠯᠬᠦᠮᠳᠠᠨ᠂ | ᠠᠷᠠᠤᠨ ᠲᠦᠮᠡᠨ ᠳᠤ ᠠᠵᠨ ᠵᠢᠷᠭᠠᠯ ᠣᠯᠭᠤᠬᠤ ᠳᠤ ᠲᠦᠰᠢᠭ ᠲᠤᠯᠭᠠᠭᠤᠷᠢ ᠪᠣᠯᠭᠠᠬᠤ ᠬᠡᠷᠡᠭᠲᠡᠢ᠃ | ᠨᠥᠬᠦᠳ ᠡ᠂ ᠨᠠᠶᠢᠵᠢ ᠨᠠᠷ ᠡ︕ | 70 ᠵᠢᠯ ᠤᠨ ᠠᠭᠤᠤ ᠶᠡᠭᠡ ᠤᠢᠢᠯᠡᠳᠤᠯᠭᠡ ᠪᠡ ᠬᠢᠯᠡᠯᠵᠠᠮ᠎ᠠ ᠠᠮᠵᠢᠯᠳᠡ ᠨᠢᠭᠡᠨᠳᠡ ᠲᠡᠤᠭᠡᠨ ᠳᠤ | ᠲᠡᠮᠳᠡᠭᠯᠡᠭᠳᠡᠵᠡᠢ᠂ ᠨᠡᠩ ᠰᠡᠶᠢᠨ ᠰᠠᠶᠢᠬᠠᠨ ᠢᠷᠡᠭᠡᠳᠤᠢ ᠶᠢ ᠪᠢᠳᠡ ᠦᠷᠭᠦᠯᠵᠢᠯᠡᠨ ᠪᠦᠳᠤᠭᠡᠨ ᠪᠠᠶᠢᠭᠤᠯᠬᠤ ᠴᠢᠬᠤᠯᠠᠳᠠᠢ | ᠪᠠᠶᠢᠨ᠎ᠡ᠃ ᠪᠢᠳᠡ ᠰᠢ ᠶᠢᠨ ᠫᠢᠡᠭ ᠨᠥᠬᠦᠷ ᠢᠶᠠᠷ ᠭᠤᠤᠯ ᠪᠤᠯᠭᠠᠠᠨᠰᠡᠨ ᠨᠠᠮ ᠤᠨ ᠲᠦᠪ ᠬᠤᠷᠢᠶᠠᠨ ᠤ ᠲᠤᠭᠤᠷᠢᠨ ᠳᠤ | ᠨᠡᠩ ᠨᠢᠠᠨᠳᠠᠷᠠᠨ ᠪᠦᠯᠭᠦᠮᠳᠡᠵᠤ᠂ ᠲᠤᠮᠳᠡᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ | ᠢ ᠦᠨᠳᠤᠷ ᠮᠠᠨᠳᠤᠭᠤᠯᠤᠨ᠂ ᠳ᠋ᠸᠡᠭ ᠰᠢᠶᠤᠤ ᠫᠢᠡᠭ ᠤᠨ ᠤᠨᠤᠯ᠂ ︽ᠭᠤᠷᠪᠡ ᠶᠢ ᠲᠦᠯᠤᠭᠡᠯᠡᠭᠦ︾ ᠴᠢᠬᠤᠯᠨ ᠦᠵᠡᠯ | ᠰᠠᠨᠠᠭ᠎ᠠ᠂ ᠰᠢᠨᠵᠢᠯᠡᠭᠦ ᠤᠬᠠᠭᠠᠨᠴᠢ ᠭᠦᠭᠵᠢᠯᠳᠡ ᠶᠢᠨ ᠦᠵᠡᠯᠳᠡ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ | ᠶᠡᠷᠤᠩᠭᠡᠢ ᠱᠦᠵᠢ ᠰᠢ ᠶᠢᠨ ᠫᠢᠡᠭᠤᠨ ᠰᠢᠷᠢᠰ ᠴᠢᠬᠤᠯᠨ ᠶᠡᠷᠢᠶᠠᠨ ᠤ ᠵᠤᠷᠢᠭ ᠰᠠᠨᠠᠭ᠎ᠠ ᠪᠤᠯᠤᠨ ᠲᠦᠷᠤ ᠶᠢ ᠵᠠᠰᠠᠵᠤ | ᠵᠠᠰᠠᠭ ᠢ ᠡᠷᠬᠢᠯᠡᠬᠦ ᠰᠢᠨ᠎ᠡ ᠤᠨᠤᠯᠵᠢᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶᠢ ᠭᠦᠨᠵᠡᠭᠡᠢ | ᠲᠤᠤᠱᠯᠠᠭᠤᠯᠤᠨ᠂ ᠦᠪᠤᠷ ᠮᠤᠩᠭᠤᠯ ᠤᠨ ᠠᠵᠢᠯ ᠤᠨ ᠲᠤᠬᠠᠢ ᠨᠠᠮ ᠤᠨ ᠲᠦᠪ ᠬᠤᠷᠢᠶᠠᠨ ᠤ ᠶᠡᠭᠡ ᠪᠤᠳᠤᠯᠭ᠎ᠠ | ᠴᠢᠭᠯᠡᠯᠳᠡ ᠶᠢ ᠨᠠᠷᠢᠨ ᠭᠢᠨᠡᠮᠠᠭᠠᠢ ᠲᠤᠤᠱᠯᠠᠭᠤᠯᠵᠤ᠂ ᠵᠤᠷᠢᠭ ᠢᠶᠠᠨ ᠨᠢᠭᠡᠳᠭᠡᠨ ᠭᠦᠴᠤ ᠪᠠᠨ ᠬᠠᠮᠳᠤᠳᠬᠠᠵᠤ᠂ | ᠡᠷᠡᠯᠭᠡᠭᠯᠡᠨ ᠤᠷᠤᠠᠨᠰᠢᠯᠠᠵᠤ᠂ ᠦᠪᠤᠷ ᠮᠤᠩᠭᠤᠯ ᠤᠨ ᠡᠯ᠎ᠡ ᠵᠦᠢᠯ ᠤᠨ ᠤᠢᠢᠯᠡᠰ ᠤᠨ ᠭᠦᠭᠵᠢᠯᠳᠡ ᠶᠢᠨ ᠰᠢᠨ᠎ᠡ | ᠠᠮᠵᠢᠯᠳᠡ ᠪᠠᠷ ᠢᠶᠠᠨ ᠨᠠᠮ ᠤᠨ ᠠᠷᠪᠡ ᠶᠢᠰᠤᠳᠤᠭᠡᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠤᠠᠨᠳᠤᠵᠤ᠂ | ᠴᠢᠨᠠᠭᠡᠯᠢᠭ ᠨᠡᠶᠢᠭᠡᠮ ᠢ ᠪᠦᠭᠦ ᠲᠡᠯ᠎ᠡ ᠪᠠᠷ ᠪᠡᠶᠡᠯᠡᠭᠦᠯᠬᠦ ᠰᠢᠢᠳᠪᠤᠷᠢᠳᠤ ᠱᠠᠳᠤᠨ ᠤ ᠢᠯᠡᠯᠳᠡ ᠶᠢ ᠤᠯᠵᠤ᠂ | ᠲᠤᠮᠳᠠᠳᠤ ᠶᠢᠨ ᠦᠨᠳᠤᠰᠤᠳᠡᠨ ᠤ ᠠᠭᠤᠤ ᠶᠡᠭᠡ ᠰᠡᠷᠭᠦᠨ ᠮᠡᠨᠳᠤᠯᠳᠡ ᠶᠢᠨ ᠲᠤᠮᠳᠠᠳᠤ ᠶᠢᠨ ᠵᠡᠭᠦᠳᠤ ᠶᠢ | ᠲᠡᠷᠭᠡᠯᠰᠢᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ︕ | ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠨᠡᠩ ᠦᠵᠡᠰᠭᠦᠯᠡᠩᠳᠤ ᠰᠠᠶᠢᠬᠠᠨ ᠪᠣᠯᠬᠤ ᠶᠢ ᠬᠦᠰᠡᠨ | ᠵᠦᠩᠨᠡᠶ᠎ᠡ︕ | ᠦᠪᠤᠷ ᠮᠤᠩᠭᠤᠯ ᠤᠨ ᠦᠨᠳᠤᠰᠤᠳᠡᠨ ᠨᠦᠭᠦᠳ ᠤᠨ ᠠᠷᠠᠤᠨ ᠲᠦᠮᠡᠨ ᠤ ᠵᠤᠯ ᠵᠢᠷᠭᠠᠯ ᠲᠠᠢ ᠠᠮᠤᠷ | ᠠᠮᠤᠭᠤᠯᠠᠩ ᠪᠠᠶᠢᠬᠤ ᠶᠢ ᠬᠦᠰᠡᠨ ᠵᠦᠩᠨᠡᠶ᠎ᠡ︕ | ᠠᠭᠤᠤ ᠶᠡᠭᠡ ᠡᠭᠡ ᠤᠯᠤᠰ ᠤᠨ ᠢᠶᠠᠨ ᠴᠡᠴᠡᠭᠯᠡᠨ ᠮᠠᠨᠳᠤᠬᠤ ᠶᠢ ᠬᠦᠰᠡᠨ ᠵᠦᠡᠭᠨᠡᠶᠠ︕ |