ᠵᠠᠩ ᠵᠢᠶᠠᠨ ᠮᠢᠨ ᠵᠡᠬᠦᠨᠭᠠᠷ ᠬᠤᠰᠢᠭᠤ᠂ ᠯᠢᠶᠠᠩᠴᠧᠩ ᠰᠢᠶᠠᠨ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ  ᠰᠢᠨ᠎ᠡ ᠬᠦᠭᠵᠢᠯᠲᠡ ᠶᠢᠨ ᠤᠨᠤᠯᠵᠢᠬᠤᠨ ᠢ ᠰᠠᠨᠠᠭᠠᠴᠢᠯᠠᠭ᠎ᠠ ᠠᠴᠠ ᠪᠠᠨ ᠦᠢᠯᠡᠳᠦᠯᠭᠡᠵᠢᠭᠦᠯᠵᠦ ᠠᠵᠤ ᠦᠢᠯᠡᠰ ᠢ ᠳᠡᠰ ᠳᠡᠪᠰᠢᠭᠦᠯᠦᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠨ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2017/9/1
     8 ᠳ᠋ᠤᠭᠠᠷ ᠰᠠᠷ᠎ᠠ ᠶᠢᠨ 29᠎ ᠤ ᠡᠳᠤᠷ ᠠᠴᠠ 30᠎ ᠤ ᠡᠳᠤᠷ ᠪᠤᠯᠳᠠᠯ᠎ᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠦᠪᠡᠷᠳᠡᠬᠡᠨ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠬᠦᠯᠡᠭᠴᠢ ᠵᠠᠩ ᠵᠢᠶᠠᠨ ᠮᠢᠨ ᠤᠷᠳᠤᠰ ᠬᠤᠳᠠ ᠶᠢᠨ ᠵᠡᠬᠦᠨᠭᠠᠷ ᠬᠤᠰᠢᠭᠤ᠂ ᠤᠯᠠᠭᠠᠨᠴᠠᠪ ᠬᠤᠳᠠ ᠶᠢᠨ ᠯᠢᠶᠠᠩᠴᠧᠩ ᠰᠢᠶᠠᠨ ᠳᠤ ᠴᠢᠬᠤᠯᠠ ᠶᠡᠭᠡ ᠲᠦᠷᠤᠯ ᠵᠦᠢᠯ ᠤᠨ ᠪᠦᠳᠤᠬᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠳᠠ ᠬᠢᠬᠦ ᠳᠡᠭᠡᠨ᠂ ᠬᠦᠭᠵᠢᠯᠳᠠ ᠶᠢᠨ ᠰᠢᠨ᠎ᠠ ᠤᠨᠤᠯᠵᠢᠬᠤᠨ ᠢ ᠰᠠᠨᠠᠭᠠᠴᠢᠯᠠᠭ᠎ᠠ ᠠᠴᠠ ᠪᠠᠨ ᠦᠢᠯᠡᠳᠦᠯᠭᠡᠵᠢᠭᠦᠯᠵᠦ᠂ ᠠᠵᠤ ᠦᠢᠯᠡᠰ ᠢ ᠲᠡᠰ ᠲᠡᠪᠰᠢᠬᠦᠯᠵᠤ ᠬᠡᠯᠪᠡᠷᠢ ᠪᠠᠨ ᠬᠤᠪᠢᠷᠠᠭᠤᠯᠬᠤ ᠶᠢ ᠲᠦᠷᠬᠡᠨ ᠠᠬᠢᠭᠤᠯᠬᠤ ᠭᠡᠷᠡᠭᠳᠠᠢ ᠬᠡᠵᠤ ᠴᠢᠬᠤᠯᠠᠴᠢᠯᠠᠪᠠ᠃      ᠵᠠᠩ ᠵᠢᠶᠠᠨ ᠮᠢᠨ᠂ ᠤᠷᠢᠳ ᠬᠤᠵᠢᠳ ᠵᠢᠦ ᠲᠠᠢ ᠡᠨᠧᠷᠬᠢ ︵ᠵᠡᠬᠦᠨᠭᠠᠷ︶᠎ ᠶᠢᠨ ᠬᠢᠵᠠᠭᠠᠷᠳᠤ ᠺᠤᠮᠫᠠᠨᠢ ᠶᠢᠨ ᠮᠧᠲᠯ ᠠᠯᠺᠤᠯ ᠢ ᠨᠠᠷᠢᠯᠢᠬ ᠪᠤᠯᠪᠠᠰᠤᠷᠠᠭᠤᠯᠬᠤ᠂ ᠢ ᠭᠤᠤ ᠨᠡᠬᠦᠷᠡᠰᠤ ᠬᠢᠮᠢ ᠶᠢᠨ ᠰᠢᠨᠵᠢᠯᠡᠬᠦ ᠤᠬᠠᠭᠠᠨ ᠮᠡᠷᠬᠡᠵᠢᠯ ᠤᠨ ᠬᠢᠵᠠᠭᠠᠷᠳᠤ ᠺᠤᠮᠫᠠᠨᠢ ᠶᠢᠨ ᠵᠢᠯ ᠳᠤ 24 ᠲᠦᠮᠡᠨ ᠲᠤᠨ ᠨᠡᠶᠢᠯᠡᠩ ᠡᠲ᠋ᠠ ᠬᠤᠶᠠᠷᠴᠢ ᠠᠯᠺᠤᠯ ᠦᠢᠯᠡᠳᠪᠦᠷᠢᠯᠡᠬᠦ᠂ ᠲᠠᠭ᠎ᠠ ᠶᠢᠨ ᠨᠠᠭᠤᠷ ᠤᠨ ᠤᠯᠠᠨ ᠤᠯᠤᠰ ᠤᠨ ᠴᠠᠨ᠎ᠠ ᠶᠢᠨ ᠲᠠᠯᠠᠪᠠᠢ ᠵᠡᠷᠬᠡ ᠲᠦᠷᠤᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠵᠦ᠂ ᠲᠦᠷᠤᠯ ᠵᠦᠢᠯ ᠤᠨ ᠪᠦᠳᠤᠬᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠨᠠᠷᠢᠨ ᠤᠶᠢᠯᠠᠭᠠᠵᠤ᠂ ᠰᠠᠨᠠᠭᠠᠴᠢᠯᠠᠭ᠎ᠠ ᠠᠴᠠ ᠪᠠᠨ ᠰᠢᠨ᠎ᠠ ᠶᠢ ᠡᠬᠦᠳᠬᠦ ᠴᠢᠳᠠᠪᠤᠷᠢ ᠢᠶᠠᠨ ᠲᠡᠭᠡᠭᠰᠢᠯᠡᠬᠦᠯᠵᠤ᠂ ᠦᠨᠳᠤᠷ ᠨᠡᠮᠡᠭᠳᠡᠯ ᠦᠷᠲᠡᠭ ᠤᠨ ᠦᠢᠯᠡᠳᠬᠦᠨ ᠢ ᠨᠡᠬᠡᠬᠡᠨ ᠬᠦᠭᠵᠢᠬᠦᠯᠵᠤ᠂ ᠠᠵᠤ ᠠᠬᠤᠶᠢᠯᠠᠯ ᠤᠨ ᠭᠤᠤᠯ ᠪᠤᠯᠬᠤ ᠦᠷᠢᠰᠤᠯᠳᠤᠬᠡᠨ ᠤ ᠬᠦᠴᠤᠨ ᠪᠤᠯᠤᠨ ᠦᠷᠬᠦᠯᠵᠢᠯᠠᠨ ᠬᠦᠭᠵᠢᠬᠦ ᠴᠢᠳᠠᠪᠤᠷᠢ ᠶᠢ ᠲᠠᠰᠤᠷᠠᠯᠳᠠ ᠦᠬᠡᠢ ᠲᠡᠭᠡᠭᠰᠢᠯᠡᠬᠦᠯᠬᠦ ᠭᠡᠷᠡᠭᠳᠠᠢ ᠬᠡᠵᠤ ᠵᠤᠷᠢᠬᠵᠢᠭᠤᠯᠪᠠ᠃      ᠵᠠᠩ ᠵᠢᠶᠠᠨ ᠮᠢᠨ᠂ ᠡᠯ᠎ᠠ ᠱᠠᠳᠤᠨ ᠤ ᠵᠠᠰᠠᠬ ᠤᠨ ᠤᠷᠳᠤᠨ ᠤ ᠬᠢᠨ ᠰᠢᠨ᠎ᠠ ᠬᠦᠭᠵᠢᠯᠳᠠ ᠶᠢᠨ ᠤᠨᠤᠯᠵᠢᠬᠤᠨ ᠢ ᠪᠠᠳᠤ ᠪᠤᠢ ᠪᠤᠯᠭᠠᠬᠤ ᠪᠠ ᠰᠠᠨᠠᠭᠠᠴᠢᠯᠠᠭ᠎ᠠ ᠠᠴᠠ ᠪᠠᠨ ᠦᠢᠯᠡᠳᠦᠯᠭᠡᠵᠢᠭᠦᠯᠵᠦ᠂ ᠠᠵᠤ ᠠᠬᠤᠢ ᠶᠢᠨ ᠬᠦᠭᠵᠢᠯᠳᠠ ᠶᠢᠨ ᠰᠢᠨ᠎ᠠ ᠬᠡᠪ  ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠤᠬᠢᠴᠠᠵᠤ᠂ ᠰᠢᠨ᠎ᠠ ᠬᠠᠭᠤᠴᠢᠨ ᠬᠦᠳᠡᠯᠬᠡᠬᠦ ᠴᠢᠳᠠᠪᠤᠷᠢ ᠶᠢᠨ ᠬᠤᠪᠢᠷᠠᠯᠳᠠ ᠶᠢ ᠲᠦᠷᠬᠡᠳᠬᠡᠬᠦ ᠭᠡᠷᠡᠭᠳᠠᠢ᠃ ᠴᠢᠬᠤᠯᠠ ᠶᠡᠭᠡ ᠲᠦᠷᠤᠯ ᠵᠦᠢᠯ ᠤᠨ ᠬᠠᠮᠢᠶᠠᠷᠤᠯᠳᠠ ᠶᠢ ᠴᠢᠩᠭᠠᠳᠬᠠᠵᠤ᠂ ᠪᠦᠳᠤᠬᠡᠨ ᠪᠠᠶᠢᠭᠤᠯᠤᠯᠲᠠ ᠶᠢᠨ ᠲᠦᠷᠤᠯ ᠵᠦᠢᠯ ᠢ ᠰᠢᠰᠲ᠋ᠧᠮ ᠲᠠᠢ ᠰᠢᠯᠤᠭᠤᠳᠬᠠᠵᠤ᠂ ᠦᠨᠡᠯᠠᠯᠳᠠ ᠬᠢᠵᠤ ᠨᠤᠳᠠᠯᠠᠬᠤ ᠶᠢ ᠴᠢᠩᠭᠠᠳᠬᠠᠵᠤ᠂ ᠲᠦᠷᠤᠯ ᠵᠦᠢᠯ ᠤᠨ ᠪᠦᠳᠤᠬᠡᠨ ᠪᠠᠶᠢᠭᠤᠯᠤᠯᠲᠠ ᠶᠢᠨ ᠪᠤᠯᠤᠮᠵᠢ ᠶᠢ ᠲᠡᠭᠡᠭᠰᠢᠯᠡᠬᠦᠯᠵᠤ᠂ ᠠᠵᠤ ᠦᠢᠯᠡᠰ ᠢ ᠲᠡᠰ ᠲᠡᠪᠰᠢᠬᠦᠯᠤᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠭᠡᠷᠡᠭᠳᠠᠢ ᠬᠡᠵᠤ ᠴᠢᠬᠤᠯᠠᠴᠢᠯᠠᠪᠠ᠃      ᠵᠠᠩ ᠵᠢᠶᠠᠨ ᠮᠢᠨ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠪᠡᠯᠡ ᠤᠷᠤᠭᠤᠯᠤᠯᠳᠠ ᠶᠢ ᠠᠬᠢᠭᠤᠯᠬᠤ ᠡᠯ᠎ᠠ  ᠵᠦᠢᠯ ᠤᠨ ᠲᠡᠮᠵᠢᠬᠦ ᠲᠦᠷᠤ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠡᠶᠢᠭᠡᠮ ᠤᠨ ᠬᠦᠷᠤᠩᠬᠡ ᠶᠢᠨ ᠪᠡᠯᠡ ᠤᠷᠤᠭᠤᠯᠤᠯᠳᠠ ᠶᠢ ᠨᠡᠮᠡᠭᠳᠡᠬᠦᠯᠬᠦ ᠶᠢ ᠢᠳᠡᠪᠬᠢᠳᠠᠢ ᠬᠦᠳᠤᠯᠤᠨ ᠵᠢᠯᠤᠭᠤᠳᠬᠤ ᠪᠠ ᠳᠠᠶᠢᠴᠢᠯᠠᠵᠤ᠂ ᠬᠤᠳᠠᠯᠳᠤᠭᠠᠴᠢᠨ ᠤᠷᠢᠵᠤ ᠪᠡᠯᠡ ᠮᠦᠩᠬᠦ ᠲᠠᠳᠠᠬᠤ ᠡᠷᠴᠢᠮ ᠢ ᠴᠢᠩᠭᠠᠷᠠᠭᠤᠯᠵᠤ᠂ ᠠᠷᠠᠳ ᠤᠨ ᠪᠡᠯᠡ ᠤᠷᠤᠭᠤᠯᠤᠯᠳᠠ ᠶᠢᠨ ᠬᠠᠷᠢᠴᠠᠯ ᠢ ᠲᠡᠭᠡᠭᠰᠢᠯᠡᠬᠦᠯᠵᠤ᠂ ᠰᠠᠶᠢᠨ ᠰᠠᠶᠢᠬᠠᠨ ᠪᠡᠯᠡ ᠤᠷᠤᠭᠤᠯᠤᠯᠳᠠ ᠶᠢᠨ ᠤᠷᠴᠢᠨ ᠪᠠᠶᠢᠳᠠᠯ ᠢ ᠴᠢᠷᠮᠠᠶᠢᠨ ᠪᠤᠢ ᠪᠤᠯᠭᠠᠵᠤ᠂ ᠠᠵᠤ ᠠᠬᠤᠢ ᠶᠢᠨ ᠬᠦᠭᠵᠢᠯᠳᠠ ᠶᠢᠨ ᠶᠠᠰᠤ ᠴᠢᠨᠠᠷ ᠪᠤᠯᠤᠨ ᠦᠷ᠎ᠡ ᠠᠰᠢᠬ ᠢ ᠴᠢᠷᠮᠠᠶᠢᠨ ᠲᠡᠭᠡᠭᠰᠢᠯᠡᠬᠦᠯᠬᠦ ᠭᠡᠷᠡᠭᠳᠠᠢ ᠬᠡᠵᠤ ᠱᠠᠭᠠᠷᠳᠠᠪᠠ᠃      ᠤᠷᠳᠤᠰ ᠬᠤᠳᠠ᠂ ᠤᠯᠠᠭᠠᠨᠴᠠᠪ ᠬᠤᠳᠠ ᠪᠤᠯᠤᠨ ᠦᠪᠡᠷᠳᠡᠬᠡᠨ ᠵᠠᠰᠠᠬᠤ ᠤᠷᠤᠨ ᠤ ᠬᠤᠯᠪᠤᠬᠳᠠᠯ ᠪᠦᠬᠦᠢ ᠲᠢᠩᠬᠢᠮ ᠲᠤᠪᠴᠢᠶᠠᠨ ᠤ ᠬᠠᠷᠢᠭᠤᠴᠠᠯᠭᠠᠳᠠᠨ ᠨᠦᠬᠦᠳ ᠪᠠᠷ᠎ᠠ ᠪᠤᠯᠵᠤ ᠪᠠᠶᠢᠴᠠᠭᠠᠨ ᠰᠤᠳᠤᠯᠤᠯᠳᠠ ᠬᠢᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号