ᠪᠦᠬᠦ ᠤᠯᠤᠰ ᠤᠨ ᠨᠠᠢᠮᠠᠳᠤᠭᠠᠷ ᠤᠳᠠᠭᠠᠨ ᠤ ᠣᠢ ᠰᠢᠭᠤᠶ ᠶᠢᠨ ᠡᠬᠢ ᠪᠠᠶᠠᠯᠢᠭ ᠤᠨ ᠪᠠᠶᠢᠴᠠᠭᠠᠯᠲᠠ ᠶᠢᠨ | ᠳ᠋ᠦᠩ ᠠᠴᠠ ᠦᠵᠡᠪᠡᠯ᠂ ᠥᠪᠥᠷ ᠮᠣᠩᠭᠤᠯ ᠤᠨ ᠣᠶ ᠰᠢᠭᠤᠶ ᠶᠢᠨ ᠲᠠᠯᠠᠪᠠᠶ 1822 ᠲᠦᠮᠡᠨ ᠮᠦ ᠨᠡᠮᠡᠭᠳᠡᠵᠦ᠂ 3. | 73 ᠳ᠋ᠦᠩᠰᠢᠭᠤᠷ ᠮᠥ ᠲᠤ ᠬᠦᠷᠴᠦ᠂ ᠪᠦᠬᠦ ᠤᠯᠤᠰ ᠲᠤ ᠲᠦᠷᠦᠭᠦᠯᠡᠪᠡ︔ ᠤᠷᠭᠤᠭ᠎ᠠ ᠮᠣᠳᠣᠨ ᠤ | ᠬᠠᠳᠠᠭᠠᠯᠠᠭᠳᠠᠴᠠ 1.23 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠨᠡᠮᠡᠭᠳᠡᠵᠦ᠂ 14.84 ᠳ᠋ᠦᠩᠰᠢᠭᠤᠷ | ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠪᠦᠬᠦ ᠤᠯᠤᠰ ᠤᠨ ᠲᠠᠪᠤᠳᠤᠭᠠᠷ ᠲᠤ ᠣᠷᠣᠪᠠ︔ ᠤᠢ ᠰᠢᠭᠤᠶ ᠶᠢᠨ | ᠪᠦᠷᠬᠦᠴᠡ ᠶᠢᠨ ᠨᠤᠷᠮ᠎ᠠ 21.03% ᠳᠤ ᠬᠦᠷᠴᠦ᠂ 1.03 ᠵᠠᠭᠤᠨ ᠤ ᠴᠡᠭ ᠳᠡᠭᠡᠭᠰᠢᠯᠡᠪᠡ᠃ | ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠤᠢ ᠰᠢᠭᠤᠶ ᠶᠢᠨ ᠠᠮᠢ ᠠᠬᠤᠶ ᠶᠢᠨ ᠪᠦᠳᠦᠭᠡᠨ | ᠪᠠᠶᠢᠭᠤᠯᠤᠯᠲᠠ ᠶᠢᠨ ᠪᠠᠶᠢᠷᠢᠰᠢᠯ ᠢ ᠠᠯᠬᠤᠮ ᠠᠯᠬᠤᠮ ᠢᠶᠠᠷ ᠰᠢᠯᠢᠳᠡᠭᠵᠢᠭᠦᠯᠵᠦ᠂ ᠬᠥᠯᠥᠨ ᠪᠤᠶᠢᠷ᠂ ᠬᠤᠷᠴᠢᠨ᠂ | ᠮᠤᠤᠠᠤᠰᠤ ᠡᠯᠡᠰᠦᠷᠬᠡᠭ ᠣᠷᠣᠨ ᠪᠣᠯᠣᠨ ᠲᠣᠬᠢᠷᠠᠮᠵᠢᠲᠠᠶ ᠭᠠᠵᠠᠷ ᠣᠷᠣᠨ ᠳᠤ ᠬᠠᠶᠢᠯᠠᠷ ᠨᠠᠷᠠᠰᠤᠨ ᠤ ᠰᠠᠭᠤᠷᠢᠨ | ᠭᠠᠵᠠᠷ ᠢ ᠳᠣᠪᠣᠶᠢᠯᠭᠠᠨ ᠪᠠᠶᠢᠭᠤᠯᠵᠤ᠂ ᠡᠯᠡᠰᠦ ᠮᠠᠩᠬᠠᠨ ᠤ ᠡᠷᠬᠢᠨ ᠲᠣᠭᠤᠷᠢᠨ ᠳᠤ ᠵᠠᠬ᠎ᠠ ᠶᠢ ᠨᠢ ᠪᠣᠷᠣᠣᠯᠠᠬᠤ | ᠬᠠᠯᠬᠠᠪᠴᠢ ᠤᠢ ᠶᠢ ᠳᠣᠪᠣᠶᠢᠯᠭᠠᠨ ᠪᠠᠶᠢᠭᠤᠯᠵᠤ᠂ ᠪᠣᠷᠣᠲᠣᠬᠤᠶ ᠶᠢᠨ ᠲᠠᠯ᠎ᠠ ᠭᠠᠵᠠᠷ᠂ ᠲᠦᠮᠡᠳ ᠤᠨ ᠲᠠᠯ᠎ᠠ | ᠭᠠᠵᠠᠷ ᠲᠤ ᠲᠠᠷᠢᠶᠠᠨ ᠭᠠᠵᠠᠷ ᠤᠨ ᠤᠢ ᠶᠢᠨ ᠲᠣᠣᠷ ᠢ ᠳᠣᠪᠣᠶᠢᠯᠭᠠᠨ ᠪᠠᠶᠢᠭᠤᠯᠵᠤ᠂ ᠮᠤᠨᠢ ᠠᠭᠤᠯᠠ ᠶᠢᠨ ᠠᠷᠤ | ᠬᠤᠷᠮᠣᠶ ᠶᠢᠨ ᠬᠦᠨᠳᠦ ᠨᠣᠴᠢᠲᠠᠶ ᠲᠠᠴᠢᠷᠳᠠᠭᠰᠠᠨ ᠣᠷᠣᠨ ᠳᠤ ᠡᠯᠡᠰᠦᠵᠢᠭᠰᠡᠨ ᠭᠠᠵᠠᠷ ᠰᠢᠷᠣᠶ ᠶᠢ ᠪᠢᠲᠡᠭᠦᠮᠵᠢᠯᠡᠨ | ᠬᠠᠮᠠᠭᠠᠯᠠᠬᠤ ᠣᠷᠣᠨ ᠢ ᠳᠣᠪᠣᠶᠢᠯᠭᠠᠨ ᠪᠠᠶᠢᠭᠤᠯᠵᠤ᠂ ᠰᠢᠷ᠎ᠠ ᠬᠥᠷᠥᠰᠥᠲᠦ ᠳᠣᠪᠣᠷᠬᠠᠭ ᠣᠷᠣᠨ ᠳᠤ ᠤᠰᠤ ᠰᠢᠷᠣᠶ ᠶᠢ | ᠬᠠᠮᠠᠭᠠᠯᠠᠬᠤ ᠤᠢ ᠶᠢ ᠳᠣᠪᠣᠶᠢᠯᠭᠠᠨ ᠪᠠᠶᠢᠭᠤᠯᠵᠤ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ | ᠪᠦᠲᠦᠭᠡᠯ ᠢ ᠪᠦᠬᠦ ᠲᠠᠯ᠎ᠠ ᠪᠠᠷ ᠪᠠᠬᠢᠵᠢᠭᠦᠯᠪᠡ᠃ ᠡᠭᠦᠨ ᠤ ᠬᠠᠮᠲᠤ᠂ ᠮᠠᠨ ᠤ ᠣᠷᠣᠨ ᠤ ᠤᠢ ᠰᠢᠭᠤᠶ ᠶᠢᠨ | ᠳᠠᠭᠠᠳᠬᠠᠯ ᠲᠤ ᠣᠷᠣᠯᠴᠠᠭᠰᠠᠨ ᠲᠠᠯᠠᠪᠠᠶ 3.88 ᠳ᠋ᠦᠩᠰᠢᠭᠤᠷ ᠮᠥ ᠳᠤ ᠬᠦᠷᠴᠦ᠂ ᠪᠦᠬᠦ ᠤᠯᠤᠰ ᠲᠤ | ᠲᠦᠷᠦᠭᠦᠯᠡᠪᠡ᠃ 2020 ᠣᠨ ᠪᠣᠯᠬᠤ ᠳᠤ᠂ ᠥᠪᠥᠷ ᠮᠣᠩᠭᠤᠯ ᠤᠨ ᠪᠥᠬᠦ ᠣᠷᠣᠨ ᠤ ᠤᠢ ᠰᠢᠭᠤᠶ ᠶᠢᠨ | ᠪᠦᠷᠬᠦᠴᠡ ᠶᠢᠨ ᠨᠤᠷᠮ᠎ᠠ 23% ᠳᠤ ᠬᠦᠷᠴᠦ᠂ ᠤᠷᠭᠤᠭ᠎ᠠ ᠮᠣᠳᠣᠨ ᠤ ᠬᠠᠳᠠᠭᠠᠯᠠᠭᠳᠠᠴᠠ 16 ᠳ᠋ᠦᠩᠰᠢᠭᠤᠷ | ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ 40% ᠠᠴᠠ ᠳᠡᠭᠡᠭᠰᠢᠬᠢ ᠵᠠᠰᠠᠵᠤ ᠪᠣᠯᠬᠤ ᠡᠯᠡᠰᠦᠷᠬᠡᠭ ᠭᠠᠵᠠᠷ ᠢ | ᠠᠩᠬ᠎ᠠ ᠠᠯᠬᠤᠮ ᠵᠠᠰᠠᠵᠤ᠂ ᠨᠤᠭᠤ ᠭᠠᠵᠠᠷ ᠤᠨ ᠲᠠᠯᠠᠪᠠᠢ ᠶᠢ 9000 ᠲᠦᠮᠡᠨ ᠮᠦ ᠠᠴᠠ ᠳᠡᠭᠡᠭᠰᠢ ᠳᠤ ᠬᠦᠷᠦᠭᠦᠯᠬᠦ | ᠪᠣᠯᠣᠨ᠎ᠠ᠃ |