9 ᠳ᠋ᠤᠭᠡᠷ ᠰᠠᠷ᠎ᠠ ᠶᠢᠨ 8 ᠤ ᠡᠳᠦᠷ᠂ ︽ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ | ᠴᠦᠯᠯᠡᠷᠭᠡᠭᠵᠢᠯ ᠢ ᠰᠡᠷᠬᠡᠶᠢᠯᠨᠨ ᠵᠠᠰᠠᠬᠤ ᠨᠡᠶᠢᠳᠡ ᠶᠢᠨ ᠬᠡᠷ᠎ᠠ︾ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠬᠡᠷᠡᠳᠤ | ᠲᠠᠯ᠎ᠠ ᠶᠢᠨ ᠶᠡᠭᠡ ᠬᠤᠷᠠᠯ ᠤᠨ ︽ᠡᠯᠡᠰᠦᠷᠭᠡᠭᠵᠢᠯ ᠢ ᠰᠡᠷᠬᠡᠶᠢᠯᠨᠨ ᠡᠯᠡᠰᠦ ᠶᠢ ᠵᠠᠰᠠᠬᠤ ᠬᠢᠬᠡᠳ ᠲᠤᠶᠢᠯ ᠤᠨ | ᠣᠨᠣᠪᠴᠢᠲᠠᠢ ᠪᠠᠷ ᠶᠠᠳᠠᠭᠤ ᠶᠢ ᠲᠡᠳᠬᠦᠬᠦ︾ ᠤᠯᠠᠨ ᠲᠠᠯ᠎ᠠ ᠶᠢᠨ ᠬᠤᠷᠠᠯ ᠤᠷᠳᠤᠰ ᠬᠤᠳᠠ ᠶᠢᠨ ᠤᠯᠠᠨ ᠤᠯᠤᠰ ᠤᠨ | ᠬᠤᠷᠠᠯ ᠦᠵᠡᠰᠬᠦᠯᠡᠩ ᠤᠨ ᠲᠦᠪ ᠲᠤ ᠶᠠᠪᠤᠭᠳᠠᠪᠠ᠃ | ᠤᠶᠢᠯᠠᠭᠠᠬᠰᠠᠨ ᠢᠶᠠᠷ᠂ ᠭᠠᠵᠠᠷ ᠰᠢᠷᠤᠢ ᠶᠢᠨ ᠴᠦᠯᠯᠡᠷᠭᠡᠭᠵᠢᠯ ᠪᠤᠯ ᠴᠦᠯᠯᠡᠷᠭᠡᠭᠵᠢᠭᠰᠡᠨ ᠭᠠᠵᠠᠷ ᠤᠷᠤᠨ ᠤ | ᠠᠷᠠᠳ ᠲᠦᠮᠡᠨ ᠤ ᠶᠠᠳᠠᠭᠤ ᠬᠦᠴᠢᠷᠳᠡᠯ ᠤᠨ ᠤᠬ ᠦᠨᠳᠦᠰᠦ ᠪᠠᠶᠢᠵᠦ᠂ ᠶᠠᠳᠠᠭᠤ ᠬᠦᠴᠢᠷᠳᠡᠯ ᠨᠢ ᠲᠠᠬᠢᠭᠠᠳ | ᠬᠡᠲᠦᠷᠳᠡᠯᠠ ᠠᠰᠢᠬᠯᠠᠵᠦ᠂ ᠴᠦᠯᠯᠡᠷᠭᠡᠭᠵᠢᠯ ᠤᠨ ᠬᠡᠮᠵᠢᠶ᠎ᠠ ᠶᠢ ᠬᠦᠨᠵᠡᠬᠡᠶᠢᠷᠡᠬᠦᠯᠳᠡᠭ᠃ ᠤᠳᠤᠬᠠᠨ ᠳᠤ᠂ ᠲᠤᠮᠳᠠᠳᠤ | ᠤᠯᠤᠰ ᠤᠨ ᠴᠦᠯᠯᠡᠷᠭᠡᠭᠵᠢᠭᠰᠡᠨ ᠭᠠᠵᠠᠷ ᠰᠢᠷᠤᠢ ᠶᠢᠨ ᠲᠠᠯᠠᠪᠠᠢ 261.16 ᠲᠦᠮᠡᠨ ᠲᠡᠭᠰᠢ ᠲᠦᠷᠪᠡᠯᠵᠢᠨ | ᠺᠢᠯᠤᠮᠧᠲᠷ ᠲᠤ ᠬᠦᠷᠴᠦ᠂ ᠪᠦᠬᠦ ᠨᠤᠲᠤᠬ ᠲᠡᠪᠢᠰᠬᠡᠷ ᠤᠨ ᠲᠠᠯᠠᠪᠠᠢ ᠶᠢᠨ 27.2% ᠢ ᠡᠵᠡᠯᠡᠵᠦ᠂ ᠪᠦᠬᠦ ᠤᠯᠤᠰ | ᠤᠨ 35% ᠰᠢᠬᠠᠮ ᠤᠨ ᠶᠠᠳᠠᠭᠤ ᠬᠦᠴᠢᠷᠳᠡᠯᠳᠡᠢ ᠰᠢᠶᠠᠨ᠂ 30% ᠤᠨ ᠶᠠᠳᠠᠭᠤ ᠬᠦᠴᠢᠷᠳᠡᠯᠳᠡᠢ ᠬᠦᠮᠦᠨ ᠠᠮᠠ | ᠡᠯᠡᠰᠦᠷᠭᠡᠭ ᠤᠷᠤᠨ ᠳᠤ ᠲᠠᠷᠬᠠᠵᠦ᠂ ᠡᠯᠡᠰᠦᠷᠭᠡᠭ ᠤᠷᠤᠨ ᠨᠢ ᠮᠠᠨ ᠤ ᠤᠯᠤᠰ ᠤᠨ ᠠᠮᠢ ᠠᠬᠤᠢ ᠶᠢᠨ ᠵᠠᠰᠠᠯᠳᠠ ᠶᠢᠨ | ᠬᠦᠴᠢᠷᠳᠡᠯ᠂ ᠪᠠᠰᠠᠴᠤ ᠶᠠᠳᠠᠭᠤ ᠠᠴᠠ ᠠᠩᠬᠢᠵᠢᠷᠠᠭᠤᠯᠬᠤ ᠭᠤᠤᠯᠳᠠᠯᠭ᠎ᠠ ᠪᠤᠯᠤᠬᠰᠠᠨ ᠪᠠᠶᠢᠨ᠎ᠠ᠃ | ᠤᠯᠤᠰ ᠤᠨ ᠤᠢ ᠰᠢᠭᠤᠢ ᠶᠢᠨ ᠲᠤᠪᠴᠢᠶ᠎ᠠ ᠶᠢᠨ ᠲᠡᠳ᠋ ᠲᠠᠷᠤᠭ᠎ᠠ ᠯᠢᠦ ᠳ᠋ᠦᠩ ᠱᠧᠩ ᠪᠠᠶᠠᠷ ᠤᠨ | ᠦᠬᠡ ᠳᠡᠭᠡᠨ ᠵᠢᠭᠠᠵᠦ ᠭᠠᠷᠭᠠᠬᠤ ᠳᠠᠭᠠᠨ᠂ ᠤᠶᠢᠷ᠎ᠠ ᠶᠢᠨ ᠵᠢᠯ ᠳᠤ ᠲᠤᠮᠳᠠᠳᠤ ᠤᠯᠤᠰ ᠤᠨ ᠵᠠᠰᠠᠬ ᠤᠨ | ᠤᠷᠳᠤᠨ ᠠᠴᠠ ᠰᠢᠷᠢᠰ ᠴᠢᠬᠤᠯᠠ ᠶᠡᠭᠡ ᠠᠷᠭ᠎ᠠ ᠠᠪᠴᠠᠯ ᠠᠪᠴᠤ ᠡᠯᠡᠰᠦᠷᠭᠡᠭᠵᠢᠯ ᠢ ᠰᠡᠷᠬᠡᠶᠢᠯᠡᠨ ᠡᠯᠡᠰᠦ ᠶᠢ | ᠵᠠᠰᠠᠬᠤ ᠶᠢ ᠴᠢᠩᠭᠠᠳᠬᠠᠵᠦ᠂ ᠴᠦᠯᠯᠡᠷᠭᠡᠭᠵᠢᠯ ᠦᠷᠬᠦᠯᠵᠢᠯᠡᠨ ᠦᠷᠬᠡᠵᠢᠬᠦ ᠪᠠᠶᠢᠳᠠᠯ ᠢ ᠠᠩᠬ᠎ᠠ ᠠᠯᠬᠤᠮ ᠬᠤᠷᠢᠬᠯᠠᠨ | ᠵᠤᠬᠰᠤᠭᠠᠵᠦ᠂ ᠠᠮᠢ ᠠᠬᠤᠢ ᠶᠢᠨ ᠪᠦᠲᠦᠬᠡᠨ ᠪᠠᠶᠢᠭᠤᠯᠤᠯᠳᠠ ᠬᠢᠬᠡᠳ ᠠᠵᠦ ᠠᠬᠤᠢ ᠶᠢᠨ ᠪᠦᠲᠦᠬᠡᠨ | ᠪᠠᠶᠢᠭᠤᠯᠤᠯᠳᠠ ᠶᠢ ᠵᠡᠷᠬᠡᠪᠡᠷ ᠴᠢᠬᠤᠯᠠᠴᠢᠯᠠᠬᠰᠠᠨ᠂ ᠡᠯᠡᠰᠦ ᠶᠢ ᠵᠠᠰᠠᠬᠤ ᠬᠢᠬᠡᠳ ᠶᠠᠳᠠᠭᠤ ᠶᠢ ᠵᠠᠰᠠᠬᠤ ᠶᠢ ᠵᠡᠷᠭᠡᠪᠡᠷ | ᠪᠡᠶᠡᠯᠡᠬᠦᠯᠦᠭᠰᠡᠨ ᠲᠤᠮᠳᠠᠳᠤ ᠤᠯᠤᠰ ᠤᠨ ᠤᠨᠴᠠᠯᠢᠬ ᠲᠠᠢ ᠡᠯᠡᠰᠦᠷᠭᠡᠭᠵᠢᠯ ᠢ ᠰᠡᠷᠬᠡᠶᠢᠯᠡᠨ ᠡᠯᠡᠰᠦ ᠶᠢ ᠵᠠᠰᠠᠬᠤ ᠵᠠᠮ ᠢ | ᠬᠠᠶᠢᠨ ᠰᠦᠪᠡᠭᠴᠢᠯᠡᠭᠰᠡᠨ ᠪᠠᠶᠢᠨ᠎ᠠ᠃ ᠡᠯᠡᠰᠦᠷᠭᠡᠭᠵᠢᠯ ᠢ ᠰᠡᠷᠬᠡᠶᠢᠯᠡᠨ ᠡᠯᠡᠰᠦ ᠶᠢ ᠵᠠᠰᠠᠬᠤ ᠶᠠᠪᠤᠴᠠ ᠲᠤᠮᠳᠠ᠂ ᠡᠯ᠎ᠠ | ᠭᠠᠵᠠᠷ ᠤᠷᠤᠨ ᠠᠮᠢ ᠠᠬᠤᠢ ᠶᠢᠨ ᠵᠠᠰᠠᠯᠳᠠ ᠬᠢᠬᠡᠳ ᠠᠵᠦ ᠠᠬᠤᠢ ᠶᠢᠨ ᠬᠦᠭᠵᠢᠯᠳᠡ ᠶᠢ ᠨᠢᠬᠡᠳᠦᠯᠳᠡᠢ | ᠲᠦᠯᠦᠪᠵᠢᠬᠦᠯᠵᠦ᠂ ᠨᠢᠬᠡ ᠤᠯᠠᠨ ᠤᠨᠴᠠᠯᠢᠬ ᠲᠤᠳᠤ᠂ ᠲᠠᠯᠳᠠ ᠬᠦᠴᠦᠨ ᠮᠠᠰᠢ ᠶᠡᠭᠡ ᠡᠯᠡᠰᠦᠨ ᠤ ᠠᠵᠦ ᠦᠢᠯᠡᠰ | ᠢ ᠪᠤᠶᠢᠵᠢᠭᠤᠯᠤᠨ ᠪᠦᠷᠢᠯᠳᠦᠬᠦᠯᠵᠦ᠂ ᠡᠯᠡᠰᠦᠷᠭᠡᠭ ᠤᠷᠤᠨ ᠤ ᠠᠷᠠᠳ ᠲᠦᠮᠡᠨ ᠤ ᠶᠠᠳᠠᠭᠤ ᠠᠴᠠ ᠠᠩᠬᠢᠵᠢᠷᠠᠵᠦ | ᠴᠢᠨᠡᠬᠡᠯᠢᠭᠵᠢᠬᠦ ᠶᠢ ᠠᠭᠢᠭᠤᠯᠪᠠ᠃ | ᠯᠢᠦ ᠳ᠋ᠦᠩ ᠱᠧᠩ ᠶᠠᠷᠢᠬᠤ ᠳᠠᠭᠠᠨ᠂ ᠬᠤᠶᠢᠰᠢᠳᠠ ᠲᠤᠮᠳᠠᠳᠤ ᠤᠯᠤᠰ ᠡᠯᠡᠰᠦᠷᠭᠡᠭᠵᠢᠯ ᠢ ᠰᠡᠷᠬᠡᠶᠢᠯᠡᠨ | ᠡᠯᠡᠰᠦ ᠶᠢ ᠵᠠᠰᠠᠬᠤ ᠠᠵᠢᠯ ᠤᠨ ᠲᠠᠯ᠎ᠠ ᠪᠠᠷ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠶᠢᠨ | ᠲᠤᠭᠤᠷᠢᠨ ᠳᠤ᠂ ᠠᠭᠤᠯᠠ ᠶᠢ ᠵᠠᠰᠠᠬᠤ ᠤᠰᠤ ᠶᠢ ᠵᠠᠰᠠᠬᠤ ᠬᠢᠬᠡᠳ ᠶᠠᠳᠠᠭᠤ ᠶᠢ ᠵᠠᠰᠠᠬᠤ ᠬᠦᠴᠢᠷᠳᠡᠯ ᠢ ᠵᠠᠰᠠᠬᠤ ᠶᠢ | ᠨᠢᠬᠡᠳᠦᠯᠳᠡᠢ ᠲᠦᠯᠦᠪᠵᠢᠬᠦᠯᠵᠦ᠂ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ ᠶᠢ ᠪᠦᠬᠦ | ᠬᠦᠴᠦᠨ ᠢᠶᠠᠷ ᠢᠶᠠᠨ ᠠᠬᠢᠭᠤᠯᠵᠦ᠂ ᠨᠡᠩ ᠤᠯᠠᠨ ᠶᠠᠳᠠᠭᠤ ᠬᠦᠴᠢᠷᠳᠡᠯᠳᠡᠢ ᠬᠦᠮᠦᠨ ᠠᠮᠠ ᠶᠢ ᠶᠠᠳᠠᠭᠤ ᠠᠴᠠ ᠨᠢ | ᠲᠤᠭᠳᠠᠭᠤᠨ ᠢᠶᠠᠷ ᠠᠩᠬᠢᠵᠢᠷᠠᠭᠤᠯᠬᠤ ᠶᠢ ᠠᠬᠢᠭᠤᠯᠵᠦ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠳᠤ | ᠨᠡᠩ ᠶᠡᠭᠡ ᠬᠤᠪᠢ ᠨᠡᠮᠡᠷᠢ ᠦᠵᠡᠬᠦᠯᠦᠨ᠎ᠠ ᠬᠡᠪᠡ᠃ | ᠯᠢᠦ ᠳ᠋ᠦᠩ ᠱᠧᠩ ᠴᠢᠬᠤᠯᠠᠴᠢᠯᠠᠬᠤ ᠳᠠᠭᠠᠨ᠂ ᠡᠯᠡᠰᠦᠷᠭᠡᠭ ᠤᠷᠤᠨ ᠤ ᠠᠮᠢ ᠠᠬᠤᠢ ᠶᠢᠨ ᠪᠦᠲᠦᠬᠡᠨ | ᠪᠠᠶᠢᠭᠤᠯᠤᠯᠳᠠ ᠪᠠ ᠬᠠᠮᠠᠭᠠᠯᠠᠯᠳᠠ ᠶᠢ ᠴᠢᠩᠭᠠᠳᠬᠠᠨ᠂ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ᠂ | ᠤᠮᠠᠷᠠᠳᠤ ᠶᠢᠨ ᠭᠤᠷᠪᠠᠨ ᠤᠷᠤᠨ ᠤ ᠬᠠᠯᠬᠠᠪᠴᠢ ᠤᠢ᠂ ︵ᠲᠠᠷᠢᠶᠠᠯᠠᠬᠤ ᠶᠢ ᠵᠤᠬᠰᠤᠭᠠᠵᠦ ᠤᠢ ᠮᠤᠳᠤ ᠶᠢ ᠰᠡᠷᠬᠦᠬᠡᠬᠦ | ᠵᠡᠷᠬᠡ ᠤᠢ ᠰᠢᠭᠤᠢ ᠶᠢᠨ ᠭᠤᠤᠯᠳᠠᠯᠭ᠎ᠠ ᠲᠠᠢ ᠢᠨᠵᠧᠨᠧᠷᠢᠩ ᠢ ᠦᠷᠬᠦᠯᠵᠢᠯᠡᠨ ᠵᠤᠬᠢᠶᠠᠨ ᠪᠠᠶᠢᠭᠤᠯᠵᠦ ᠬᠡᠷᠡᠭᠵᠢᠬᠦᠯᠦᠨ᠂ | ᠡᠯᠡᠰᠦᠷᠭᠡᠭᠵᠢᠭᠰᠡᠨ ᠭᠠᠵᠠᠷ ᠰᠢᠷᠤᠢ ᠶᠢ ᠪᠢᠲᠡᠬᠦᠮᠵᠢᠯᠡᠨ ᠬᠠᠮᠠᠭᠠᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ | ᠤᠢ ᠰᠢᠭᠤᠢ ᠶᠢ ᠡᠪᠳᠡᠨ ᠠᠳᠠᠷ ᠬᠠᠭᠠᠯᠪᠤᠷᠢᠯᠠᠬᠤ᠂ ᠤᠢ ᠰᠢᠭᠤᠢ ᠶᠢ ᠡᠪᠳᠡᠨ ᠠᠭᠤᠷᠬᠠᠢ ᠨᠡᠬᠡᠬᠡᠬᠦ ᠵᠡᠷᠬᠡ ᠡᠯᠡᠰᠦᠷᠭᠡᠭ | ᠤᠷᠤᠨ ᠤ ᠤᠷᠭᠤᠮᠠᠯ ᠤᠨ ᠪᠦᠷᠬᠦᠴᠡ ᠶᠢ ᠡᠪᠳᠡᠭᠰᠡᠨ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠴᠢᠩᠭ᠎ᠠ | ᠴᠠᠭᠠᠵᠠᠯᠠᠵᠦ᠂ ᠡᠯᠡᠰᠦᠷᠭᠡᠭ ᠤᠷᠤᠨ ᠤ ᠠᠮᠢ ᠠᠬᠤᠢ ᠶᠢᠨ ᠪᠠᠶᠢᠳᠠᠯ ᠢ ᠦᠷᠬᠦᠯᠵᠢᠯᠡᠨ ᠰᠠᠶᠢᠵᠢᠷᠠᠭᠤᠯᠵᠦ᠂ ᠡᠯᠡᠰᠦᠷᠭᠡᠭ | ᠤᠷᠤᠨ ᠤ ᠤᠯᠠᠨ ᠲᠦᠮᠡᠨ ᠢ ᠶᠠᠳᠠᠭᠤ ᠠᠴᠠ ᠨᠢ ᠲᠤᠭᠳᠠᠭᠤᠨ ᠢᠶᠠᠷ ᠠᠩᠬᠢᠵᠢᠷᠠᠭᠤᠯᠬᠤ ᠳᠤ ᠠᠮᠢ ᠠᠬᠤᠢ ᠶᠢᠨ | ᠰᠠᠭᠤᠷᠢ ᠲᠠᠯᠪᠢᠨ ᠦᠭᠴᠡᠢ᠃ ᠠᠷᠠᠳ ᠢ ᠪᠠᠶᠠᠵᠢᠭᠤᠯᠬᠤ ᠠᠵᠦ ᠦᠢᠯᠡᠰ ᠢ ᠶᠡᠬᠡᠪᠡᠷ ᠬᠦᠭᠵᠢᠬᠦᠯᠦᠨ᠂ ᠴᠢᠩᠭ᠎ᠠ | ᠬᠠᠮᠠᠭᠠᠯᠠᠬᠰᠠᠨ ᠰᠠᠭᠤᠷᠢᠨ ᠲᠡᠭᠡᠷ᠎ᠠ᠂ ᠡᠯᠡᠰᠦᠷᠭᠡᠭ ᠤᠷᠤᠨ ᠤ ᠬᠡᠷᠡᠯ᠂ ᠢᠯᠴᠢ᠂ ᠭᠠᠵᠠᠷ ᠰᠢᠷᠤᠢ ᠵᠡᠷᠬᠡ ᠡᠬᠢ | ᠪᠠᠶᠠᠯᠢᠬ ᠤᠨ ᠲᠠᠪᠠᠭᠤᠯᠢᠬ ᠢ ᠢᠳᠡᠪᠬᠢᠳᠡᠢ ᠠᠰᠢᠬᠯᠠᠨ᠂ ᠤᠰᠤᠨ ᠤ ᠡᠬᠢ ᠪᠠᠶᠠᠯᠢᠬ ᠢ ᠠᠷᠪᠢᠯᠠᠵᠦ᠂ ᠡᠯᠡᠰᠦᠷᠭᠡᠭ | ᠤᠷᠤᠨ ᠤ ᠤᠨᠴᠠᠯᠢᠬᠳᠤ ᠲᠠᠷᠢᠮᠠᠯ ᠤᠨ ᠦᠢᠯᠡᠰ᠂ ᠠᠮᠢ ᠠᠬᠤᠢ ᠶᠢᠨ ᠵᠢᠭᠤᠯᠴᠢᠯᠠᠯ ᠤᠨ ᠦᠢᠯᠡᠰ᠂ ᠨᠠᠷᠢᠯᠢᠭ ᠬᠦᠨ | ᠡᠳ᠋ᠰᠢᠬᠦᠯᠦᠨ ᠪᠤᠯᠪᠠᠰᠤᠷᠠᠭᠤᠯᠬᠤ ᠦᠢᠯᠡᠰ ᠵᠡᠷᠬᠡ ᠠᠷᠠᠳ ᠢ ᠪᠠᠶᠠᠵᠢᠭᠤᠯᠬᠤ ᠪᠤᠬᠢᠷᠳᠤᠯ ᠦᠬᠡᠢ ᠠᠵᠦ ᠦᠢᠯᠡᠰ ᠢ | ᠰᠢᠨᠵᠢᠯᠡᠬᠦ ᠤᠬᠠᠭᠠᠨᠴᠢ ᠲᠤᠬᠢᠷᠠᠮᠵᠢᠳᠠᠢ ᠬᠦᠭᠵᠢᠬᠦᠯᠵᠦ᠂ ᠡᠯᠡᠰᠦᠷᠭᠡᠭ ᠤᠷᠤᠨ ᠤ ᠠᠮᠢ ᠠᠬᠤᠢ ᠰᠠᠶᠢᠵᠢᠷᠠᠬᠰᠠᠨ᠂ | ᠠᠵᠦ ᠠᠬᠤᠢ ᠬᠦᠭᠵᠢᠭᠰᠡᠨ᠂ ᠮᠠᠯᠴᠢᠨ ᠲᠠᠷᠢᠶᠠᠴᠢᠨ ᠤ ᠤᠷᠤᠯᠭ᠎ᠠ ᠨᠡᠮᠡᠭᠳᠡᠭᠰᠡᠨ ᠦᠷᠬᠦᠯᠵᠢᠯᠡᠨ ᠬᠦᠭᠵᠢᠭᠰᠡᠨ | ᠵᠠᠮ ᠢᠶᠠᠷ ᠵᠠᠮᠨᠠᠬᠤ ᠶᠢ ᠠᠬᠢᠭᠤᠯᠬᠤ ᠬᠡᠷᠡᠭᠳᠡᠢ᠃ ᠰᠢᠨᠵᠢᠯᠡᠬᠦ ᠤᠬᠠᠭᠠᠨ ᠮᠡᠷᠬᠡᠵᠢᠯ ᠤᠨ ᠲᠦᠪᠰᠢᠨ ᠢ ᠲᠡᠭᠡᠭᠰᠢᠯᠡᠬᠦᠯᠦᠨ | ᠂ ᠲᠡᠷᠢᠬᠦᠨ ᠤ ᠪᠤᠳᠠᠳᠤ ᠬᠡᠷᠡᠭᠯᠡᠬᠡᠨ ᠤ ᠮᠡᠷᠬᠡᠵᠢᠯ ᠢ ᠢᠳᠡᠪᠬᠢᠳᠡᠢ ᠲᠡᠯᠬᠡᠷᠡᠬᠦᠯᠵᠦ᠂ ᠰᠢᠨᠵᠢᠯᠡᠬᠦ ᠤᠬᠠᠭᠠᠨ ᠮᠡᠷᠬᠡᠵᠢᠯ | ᠤᠨ ᠲᠠᠪᠰᠢᠯᠳᠠ ᠶᠢᠨ ᠡᠯᠡᠰᠦᠷᠭᠡᠭᠵᠢᠯ ᠢ ᠰᠡᠷᠬᠡᠶᠢᠯᠡᠨ ᠡᠯᠡᠰᠦ ᠶᠢ ᠵᠠᠰᠠᠬᠤ ᠪᠠ ᠤᠨᠴᠠᠯᠢᠬᠳᠤ ᠠᠵᠦ ᠦᠢᠯᠡᠰ ᠤᠨ | ᠬᠦᠭᠵᠢᠯᠳᠡ ᠳᠠᠬᠢ ᠬᠤᠪᠢ ᠨᠡᠮᠡᠷᠢ ᠶᠢᠨ ᠨᠤᠷᠮ᠎ᠠ ᠶᠢ ᠴᠢᠷᠮᠠᠶᠢᠨ ᠲᠡᠭᠡᠭᠰᠢᠯᠡᠬᠦᠯᠬᠦ ᠬᠡᠷᠡᠭᠳᠡᠢ᠃ ᠠᠵᠢᠯ ᠤᠯᠭᠤᠯᠳᠠ ᠶᠢᠨ | ᠠᠵᠠ ᠲᠤᠬᠢᠶᠠᠯ ᠢ ᠢᠳᠡᠪᠬᠢᠳᠡᠢ ᠡᠬᠦᠳᠦᠨ᠂ ᠠᠮᠢ ᠠᠬᠤᠢ ᠤᠢ ᠰᠢᠭᠤᠢ ᠶᠢᠨ ᠬᠠᠮᠠᠭᠠᠯᠠᠭᠴᠢ ᠶᠢᠨ ᠬᠡᠪᠴᠢᠶᠡᠵᠢᠯ ᠢ | ᠴᠢᠷᠮᠠᠶᠢᠨ ᠦᠷᠬᠡᠳᠬᠡᠵᠦ᠂ ᠤᠶᠢᠵᠢᠭᠤᠯᠵᠦ ᠶᠠᠳᠠᠭᠤ ᠶᠢ ᠲᠡᠳᠬᠦᠬᠦ ᠲᠤᠰᠬᠠᠢ ᠬᠤᠷᠰᠢᠶ᠎ᠠ ᠪᠠᠶᠢᠭᠤᠯᠬᠤ ᠶᠢ ᠲᠡᠮᠵᠢᠵᠦ᠂ | ᠨᠡᠩ ᠤᠯᠠᠨ ᠶᠠᠳᠠᠭᠤ ᠬᠦᠴᠢᠷᠳᠡᠯᠳᠡᠢ ᠲᠠᠷᠢᠶᠠᠴᠢᠨ ᠡᠷᠦᠬᠡ ᠶᠢᠨ ᠤᠢ ᠰᠢᠭᠤᠢ ᠶᠢᠨ ᠠᠮᠢ ᠠᠬᠤᠢ ᠶᠢᠨ ᠪᠦᠲᠦᠬᠡᠨ | ᠪᠠᠶᠢᠭᠤᠯᠤᠯᠳᠠ ᠳᠤ ᠤᠷᠤᠯᠴᠠᠬᠤ ᠪᠠᠷ ᠲᠠᠮᠵᠢᠵᠦ ᠬᠦᠳᠡᠯᠮᠦᠷᠢ ᠶᠢᠨ ᠤᠷᠤᠯᠭ᠎ᠠ ᠤᠯᠬᠤ ᠶᠢ ᠬᠦᠲᠦᠯᠦᠨ ᠲᠠᠶᠢᠴᠢᠯᠠᠬᠤ | ᠬᠡᠷᠡᠭᠳᠡᠢ᠃ ᠤᠢ ᠰᠢᠭᠤᠢ ᠶᠢᠨ ᠦᠢᠯᠡᠰ ᠤᠨ ᠦᠬᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠦᠨ᠂ | ᠡᠯᠡᠰᠦᠷᠭᠡᠭᠵᠢᠯ ᠢ ᠰᠡᠷᠬᠡᠶᠢᠯᠡᠨ ᠡᠯᠡᠰᠦ ᠶᠢ ᠵᠠᠰᠠᠬᠤ ᠡᠳ᠋ ᠤᠨ ᠵᠠᠰᠠᠬ᠂ ᠭᠠᠶᠢᠯᠢ ᠶᠢᠨ ᠤᠷᠤᠯᠭ᠎ᠠ᠂ ᠮᠦᠩᠬᠦᠨ | ᠬᠦᠢᠯᠬᠡᠬᠡ ᠵᠡᠷᠬᠡ ᠲᠡᠮᠵᠢᠯᠬᠡ ᠶᠢᠨ ᠲᠦᠷᠦ ᠶᠢᠨ ᠪᠤᠳᠤᠯᠭ᠎ᠠ ᠶᠢ ᠲᠡᠬᠦᠯᠳᠡᠷᠵᠢᠬᠦᠯᠵᠦ᠂ ᠨᠡᠶᠢᠬᠡᠮ ᠤᠨ ᠡᠳ᠋ | ᠬᠦᠷᠦᠩᠬᠡ ᠶᠢᠨ ᠡᠯᠡᠰᠦᠷᠭᠡᠭᠵᠢᠯ ᠢ ᠰᠡᠷᠬᠡᠶᠢᠯᠡᠨ ᠡᠯᠡᠰᠦ ᠶᠢ ᠵᠠᠰᠠᠬᠤ ᠲᠦᠷᠦ ᠶᠢᠨ ᠪᠤᠳᠤᠯᠭ᠎ᠠ ᠶᠢᠨ ᠲᠤᠭᠳᠠᠴᠠ ᠶᠢ | ᠠᠮᠢᠳᠤᠯᠢᠬᠵᠢᠭᠤᠯᠤᠨ᠂ ᠡᠯᠡᠰᠦ ᠵᠠᠰᠠᠬᠴᠢᠳ ᠤᠨ ᠬᠠᠤᠯᠢ ᠶᠤᠰᠤᠨ ᠤ ᠡᠷᠬᠡ ᠠᠰᠢᠬ ᠢ ᠬᠠᠮᠠᠭᠠᠯᠠᠨ᠂ ᠪᠡᠯᠡ | ᠮᠦᠩᠬᠦ ᠶᠢᠨ ᠤᠷᠤᠭᠤᠯᠤᠯᠳᠠ ᠶᠢᠨ ᠠᠷᠭ᠎ᠠ ᠵᠠᠮ ᠢ ᠦᠷᠬᠡᠳᠬᠡᠨ᠂ ᠨᠡᠶᠢᠬᠡᠮ ᠤᠨ ᠡᠯ᠎ᠠ ᠲᠠᠯ᠎ᠠ ᠶᠢᠨ ᠡᠯᠡᠰᠦᠷᠭᠡᠭᠵᠢᠯ ᠢ | ᠰᠡᠷᠬᠡᠶᠢᠯᠡᠨ ᠡᠯᠡᠰᠦ ᠶᠢ ᠵᠠᠰᠠᠬᠤ ᠢᠳᠡᠪᠬᠢᠵᠢᠯ ᠢ ᠲᠡᠭᠡᠭᠰᠢᠯᠡᠬᠦᠯᠵᠦ᠂ ᠡᠯᠡᠰᠦᠷᠭᠡᠭ ᠤᠷᠤᠨ ᠤ ᠤᠯᠠᠨ ᠲᠦᠮᠡᠨ ᠤ | ᠡᠯᠡᠰᠦ ᠶᠢ ᠵᠠᠰᠠᠬᠤ ᠲᠤᠮᠳᠠᠬᠢ ᠤᠷᠤᠯᠭ᠎ᠠ ᠶᠢᠨ ᠨᠡᠮᠡᠭᠳᠡᠯ ᠢ ᠠᠬᠢᠭᠤᠯᠬᠤ ᠬᠡᠷᠡᠭᠳᠡᠢ ᠬᠡᠪᠡ᠃ | ᠲᠤᠰ ᠬᠤᠷᠠᠯ ᠢ ᠲᠤᠮᠳᠠᠳᠤ ᠤᠯᠤᠰ ᠤᠨ ᠡᠯᠡᠰᠦ ᠶᠢ ᠵᠠᠰᠠᠬᠤ ᠵᠢᠴᠢ ᠡᠯᠡᠰᠦᠨ ᠤ ᠠᠵᠦ ᠦᠢᠯᠡᠰ ᠤᠨ | ᠰᠤᠳᠤᠯᠭᠠᠨ ᠤ ᠨᠡᠶᠢᠬᠡᠮᠯᠢᠭ᠂ ᠲᠤᠮᠳᠠᠳᠤ ᠤᠯᠤᠰ ᠤᠨ ᠤᠢ ᠰᠢᠭᠤᠢ ᠶᠢᠨ ᠰᠤᠷᠭᠠᠨ ᠬᠦᠮᠦᠵᠢᠯ ᠤᠨ ᠨᠡᠶᠢᠬᠡᠮᠯᠢᠭ ᠠᠴᠠ | ᠭᠤᠤᠯᠯᠠᠨ ᠡᠷᠬᠢᠯᠡᠵᠦ᠂ ᠲᠤᠳᠤᠭᠠᠳᠤ ᠭᠠᠳᠠᠭᠠᠳᠤ ᠶᠢᠨ ᠲᠤᠰᠬᠠᠢ ᠮᠡᠷᠬᠡᠵᠢᠯᠳᠡᠨ ᠡᠷᠳᠡᠮᠳᠡᠨ ᠪᠠ ᠠᠵᠦ ᠠᠬᠤᠶᠢᠯᠠᠯ | ᠤᠨ ᠲᠦᠯᠦᠭᠡᠯᠡᠭᠴᠢ 300 ᠬᠦᠮᠦᠨ ᠬᠤᠷᠠᠯ ᠳᠤ ᠤᠷᠤᠯᠴᠠᠵᠠᠢ᠃ |