9 ᠳ᠋ᠦ᠋ᠭᠡᠷ ᠰᠠᠷ᠎ᠠ ᠶᠢᠨ 11 ᠤ ᠡᠳᠦᠷ᠂ ᠵᠦᠩ ᠯᠢᠶᠠᠩ ᠤᠨ ᠹᠦ᠋ ᠯᠢᠨ ᠮᠧᠨ ᠴᠠᠭᠠᠨ ᠭᠤᠯᠢᠷ ᠤᠨ ᠰᠢᠨ᠎ᠡ | ᠪᠦᠲᠦᠭᠡᠭᠲᠡᠬᠦᠨ ᠤ ᠠᠩᠬ᠎ᠠ ᠲᠠᠷᠬᠠᠭᠠᠬᠤ ᠵᠢᠴᠢ ᠵᠦᠩ ᠯᠢᠶᠠᠩ ᠭᠤᠯᠢᠷ ᠤᠨ ᠦᠢᠯᠡᠰ ︵ᠪᠠᠶᠠᠨᠨᠠᠭᠤᠷ︶ ᠤᠨ | ᠬᠢᠵᠠᠭᠠᠷᠲᠤ ᠺᠤᠮᠫᠠᠨᠢ ᠶᠢᠨ 30 ᠲᠦᠮᠡᠨ ᠲᠦ᠋ᠨ ᠪᠤᠭᠤᠲᠠᠢ ᠪᠤᠯᠪᠠᠰᠤᠷᠠᠭᠤᠯᠬᠤ ᠲᠦᠷᠦᠯ ᠵᠦᠢᠯ ᠤᠨ ᠨᠢᠭᠡᠳᠦᠭᠡᠷ | ᠬᠤᠭᠤᠴᠠᠭ᠎ᠠ ᠶᠢᠨ ᠪᠠᠷᠢᠯᠭ᠎ᠠ ᠡᠬᠢᠯᠡᠵᠦ ᠰᠠᠭᠤᠷᠢ ᠲᠠᠯᠪᠢᠬᠤ ᠶᠤᠰᠤᠯᠠᠯ ᠪᠠᠶᠠᠨᠨᠠᠭᠤᠷ ᠬᠤᠲᠠ ᠶᠢᠨ ᠠᠵᠤ ᠠᠬᠤᠢ | ᠮᠡᠷᠭᠡᠵᠢᠯ ᠤᠨ ᠨᠡᠭᠡᠭᠡᠯᠲᠡ ᠶᠢᠨ ᠲᠤᠭᠤᠷᠢᠭ ᠲᠤ ᠶᠠᠪᠤᠭᠳᠠᠪᠠ᠃ | ᠵᠦᠩ ᠯᠢᠶᠠᠩ ᠪᠦᠯᠦᠭᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ ᠮᠡᠳᠡᠭᠴᠢᠳ ᠤᠨ | ᠲᠠᠷᠤᠭ᠎ᠠ ᠵᠤᠤ ᠱᠤᠸᠠᠩ ᠯᠢᠶᠠᠨ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ | ᠲᠡᠷᠢᠭᠦᠯᠡᠭᠴᠢ ᠯᠢᠶᠠᠩ ᠲᠢᠶᠧ ᠴᠧᠩ ᠶᠤᠰᠤᠯᠠᠯ ᠳᠤ ᠤᠷᠤᠯᠴᠠᠪᠠ᠃ | ᠵᠦᠩ ᠯᠢᠶᠠᠩ ᠭᠤᠯᠢᠷ ᠤᠨ ᠦᠢᠯᠡᠰ ︵ᠪᠠᠶᠠᠨᠨᠠᠭᠤᠷ︶ ᠤᠨ ᠬᠢᠵᠠᠭᠠᠷᠲᠤ ᠺᠤᠮᠫᠠᠨᠢ ᠶᠢᠨ 30 ᠲᠦᠮᠡᠨ ᠲᠦ᠋ᠨ | ᠪᠤᠭᠤᠳᠠᠢ ᠪᠤᠯᠪᠠᠰᠤᠷᠠᠭᠤᠯᠬᠤ ᠲᠦᠷᠦᠯ ᠵᠦᠢᠯ ᠪᠤᠯ ᠵᠦᠩ ᠯᠢᠶᠠᠩ ᠪᠦᠯᠦᠭᠯᠡᠯ ᠤᠨ ︽13·5︾ ᠶᠢᠨ | ᠲᠦᠯᠦᠪᠵᠢᠭᠦᠯᠭᠡ ᠶᠢᠨ ᠭᠤᠤᠯᠳᠠᠯᠭ᠎ᠠ ᠲᠠᠢ ᠪᠡᠯᠡ ᠤᠷᠤᠭᠤᠯᠬᠤ ᠲᠦᠷᠦᠯ ᠵᠦᠢᠯ ᠤᠨ ᠨᠢᠭᠡ ᠪᠠᠶᠢᠵᠤ᠂ ᠺᠤᠮᠫᠠᠨᠢ ᠶᠢᠨ | ᠡᠵᠡᠯᠡᠭᠰᠡᠨ ᠲᠠᠯᠠᠪᠠᠢ 13.5 ᠲᠦᠮᠡᠨ ᠲᠡᠭᠰᠢ ᠳᠦᠷᠪᠡᠯᠵᠡ ᠮᠧᠲᠷ᠂ ᠳᠠᠩᠰᠠᠯᠠᠭᠤᠯᠤᠭᠰᠠᠨ ᠪᠡᠯᠡ ᠮᠦᠩᠬᠦ ᠨᠢ 1. | 99 ᠳ᠋ᠦᠩᠰᠢᠭᠤᠷ ᠲᠦᠭᠦᠷᠢᠭ᠂ ᠲᠦᠰᠦᠪᠯᠡᠬᠦ ᠪᠠᠷ ᠵᠢᠯ ᠤᠨ ᠭᠠᠷᠤᠯᠲᠠ ᠶᠢᠨ ᠦᠷᠲᠡᠭ ᠨᠢ 10 ᠳ᠋ᠦᠩᠰᠢᠭᠤᠷ | ᠲᠦᠬᠦᠷᠢᠭ ᠲᠤ ᠬᠦᠷᠦᠨ᠎ᠡ᠃ ᠲᠦᠷᠦᠯ ᠵᠦᠢᠯ ᠤᠨ ᠨᠢᠭᠡᠳᠦᠭᠡᠷ ᠬᠤᠭᠤᠴᠠᠭ᠎ᠠ ᠳᠤ 3.7 ᠳ᠋ᠦᠩᠰᠢᠭᠤᠷ | ᠲᠦᠭᠦᠷᠢᠭ ᠤᠨ ᠪᠡᠯᠡ ᠤᠷᠤᠭᠤᠯᠬᠤ ᠪᠠᠷ ᠲᠦᠯᠦᠪᠯᠡᠵᠦ᠂ ᠭᠤᠤᠯᠳᠠᠭᠤ 4.4 ᠲᠦᠮᠡᠨ ᠲᠦ᠋ᠨ ᠤ ᠪᠤᠰᠤᠭ᠎ᠠ ᠴᠤᠭᠴᠠᠲᠤ | ᠬᠦᠮᠦᠷᠭᠡ᠂ ᠡᠳᠦᠷ ᠤᠨ 400 ᠲᠦ᠋ᠨ ᠪᠤᠭᠤᠲᠠᠢ ᠪᠤᠯᠪᠠᠰᠤᠷᠠᠭᠤᠯᠬᠤ ᠦᠢᠯᠡᠳᠪᠦᠷᠢᠯᠡᠯ ᠤᠨ ᠱᠤᠭᠤᠮ ᠵᠢᠴᠢ ᠬᠠᠮᠢᠶ᠎ᠠ | ᠪᠦᠬᠦᠢ ᠬᠠᠳᠠᠭᠠᠯᠠᠯᠲᠠ ᠶᠢᠨ ᠲᠦᠬᠦᠭᠡᠷᠦᠮᠵᠢ ᠶᠢ ᠪᠦᠲᠦᠭᠡᠨ ᠪᠠᠶᠢᠭᠤᠯᠤᠨ᠎ᠠ᠃ ᠵᠦᠩ ᠯᠢᠶᠠᠩ ᠭᠤᠯᠢᠷ ᠤᠨ ᠦᠢᠯᠡᠰ ︵ | ᠪᠠᠶᠠᠨᠨᠠᠭᠤᠷ︶ ᠤᠨ ᠬᠢᠵᠠᠭᠠᠷᠲᠤ ᠺᠤᠮᠫᠠᠨᠢ ᠪᠤᠷᠤᠲᠤᠬᠤᠢ ᠶᠢᠨ ᠤᠰᠤᠯᠠᠯᠲᠠ ᠶᠢᠨ ᠤᠷᠤᠨ ᠤ ᠰᠢᠯᠢᠳᠡᠭ ᠴᠢᠨᠠᠷ ᠤᠨ | ᠪᠤᠭᠤᠲᠠᠢ ᠶᠢᠨ ᠡᠬᠢ ᠰᠤᠷᠪᠤᠯᠵᠢ ᠳᠤ ᠲᠦᠰᠢᠭᠯᠡᠨ᠂ ︽ᠠᠵᠤ ᠠᠬᠤᠶᠢᠯᠠᠯ + ᠰᠠᠭᠤᠷᠢᠨ + ᠲᠠᠷᠢᠶᠠᠴᠢᠨ ᠡᠷᠦᠭᠡ︾ | ᠶᠢᠨ ᠡᠵᠡᠩᠨᠡᠯᠲᠡ ᠶᠢᠨ ᠬᠡᠯᠪᠡᠷᠢ ᠶᠢ ᠬᠡᠷᠡᠭᠯᠡᠵᠦ᠂ ᠵᠠᠬᠢᠶᠠᠯᠠᠭ᠎ᠠ ᠪᠠᠷ ᠪᠤᠭᠤᠲᠠᠢ ᠲᠠᠷᠢᠭᠤᠯᠵᠤ ᠪᠤᠴᠠᠭᠠᠨ ᠬᠤᠷᠢᠶᠠᠵᠤ᠂ | ᠲᠠᠷᠢᠶᠠᠴᠢᠨ ᠡᠷᠦᠭᠡ ᠲᠠᠢ ᠵᠠᠬᠢᠶᠠᠯᠠᠭ᠎ᠠ ᠶᠢᠨ ᠬᠠᠮᠲᠤᠷᠠᠯᠴᠠᠭ᠎ᠠ ᠬᠢᠬᠦ ᠪᠠᠷ ᠳᠠᠮᠵᠢᠨ᠂ ᠲᠠᠷᠢᠶᠠᠯᠠᠩ ᠤᠨ ᠦᠢᠯᠡᠳᠪᠦᠷᠢᠯᠡᠯ | ᠪᠠ ᠪᠤᠷᠤᠯᠠᠭᠤᠯᠭ᠎ᠠ ᠶᠢ ᠨᠢᠭᠲᠠ ᠬᠤᠯᠪᠤᠯᠳᠤᠭᠤᠯᠵᠤ᠂ ᠰᠢᠯᠢᠳᠡᠭ ᠴᠢᠨᠠᠷ ᠤᠨ ᠪᠤᠭᠤᠲᠠᠢ ᠶᠢᠨ ᠭᠠᠷᠭᠠᠯᠲᠠ ᠶᠢ | ᠪᠠᠲᠤᠯᠠᠬᠤ ᠶᠢᠨ ᠬᠠᠮᠲᠤ᠂ ᠲᠠᠷᠢᠶᠠᠴᠢᠨ ᠡᠷᠦᠬᠡ ᠳᠤ ᠪᠤᠯᠪᠠᠰᠤᠷᠠᠭᠤᠯᠤᠨ ᠪᠤᠷᠤᠯᠠᠭᠤᠯᠬᠤ ᠬᠡᠰᠡᠭ ᠤᠨ ᠠᠰᠢᠭ ᠢ | ᠬᠠᠮᠲᠤᠪᠡᠷ ᠡᠳ᠋ᠯᠡᠭᠦᠯᠵᠦ᠂ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠦᠭᠡᠷᠡᠴᠢᠯᠡᠯᠲᠡ ᠶᠢ ᠵᠢᠩᠬᠢᠨᠢ ᠪᠠᠷ | ᠭᠦᠨᠵᠡᠭᠡᠶᠢᠷᠡᠭᠦᠯᠬᠦ ᠪᠤᠯᠤᠨ᠎ᠠ᠃ |