ᠦᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ 87 ᠰᠠᠯᠠᠭ᠎ᠠ ᠮᠦᠴᠢᠷ 2016 | ᠣᠨ ᠤ ᠰᠠᠯᠠᠭ᠎ᠠ ᠮᠥᠴᠢᠷ ᠤᠨ ᠲᠥᠰᠦᠪ ᠤᠨ ᠭᠦᠢᠴᠡᠳᠬᠡᠯ ᠵᠢᠴᠢ ︽ᠭᠤᠷᠪᠠᠨ ᠵᠦᠢᠯ ᠤᠨ ᠠᠯᠪᠠᠨ ᠵᠠᠷᠤᠳᠠᠯ︾ ᠤᠨ | ᠲᠥᠰᠦᠪ ᠤᠨ ᠭᠦᠶᠴᠡᠳᠬᠡᠯ ᠤᠨ ᠮᠡᠳᠡᠭᠡ ᠵᠠᠩᠭᠢ ᠪᠠᠨ ᠨᠡᠶᠢᠭᠡᠮ ᠨᠡᠶᠢᠲᠡ ᠳᠤ ᠲᠥᠪᠯᠡᠷᠡᠭᠦᠯᠳ ᠢᠯᠡ ᠨᠡᠶᠢᠲᠡᠯᠡᠪᠡ᠃ | ᠣᠶᠢᠯᠠᠭᠠᠭᠰᠠᠨ ᠢᠶᠠᠷ᠂ ᠡᠨᠡ ᠨᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠠᠯᠠᠭ᠎ᠠ ᠮᠥᠴᠢᠷ ᠤᠳ | ᠣᠷᠣᠯᠭ᠎ᠠ ᠵᠠᠷᠤᠯᠭ᠎ᠠ ᠶᠢᠨ ᠳᠠᠩᠰᠠ ᠪᠠᠨ ᠵᠠᠯᠭᠠᠭ᠎ᠠ ᠪᠠᠷ ᠲᠠᠪᠤᠨ ᠵᠢᠯ ᠢᠯᠡ ᠨᠡᠶᠢᠲᠡᠯᠡᠵᠦ ᠪᠠᠶᠢᠭ᠎ᠠ ᠶᠠᠪᠤᠳᠠᠯ ᠪᠣᠯᠬᠤ | ᠪᠦᠭᠡᠳ ᠲᠡᠭᠦᠨ ᠤ ᠲᠥᠰᠦᠪ ᠤᠨ ᠭᠦᠶᠴᠡᠳᠬᠡᠯ ᠤᠨ ᠮᠡᠳᠡᠭᠡ ᠵᠠᠩᠭᠢ ᠶᠢᠨ ᠤᠩᠰᠢᠭᠤᠷᠢᠳᠤ ᠴᠢᠨᠠᠷ ᠪᠣᠯᠣᠨ ᠯᠠᠪᠯᠠᠨ | ᠪᠠᠶᠢᠴᠠᠭᠠᠬᠤ ᠶᠢᠨ ᠳᠥᠬᠦᠮ ᠤᠨ ᠬᠡᠮᠵᠢᠶ᠎ᠡ ᠨᠢ ᠢᠯᠡᠳᠲᠡ ᠳᠡᠭᠡᠭᠰᠢᠯᠡᠭᠰᠡᠨ ᠪᠠᠶᠢᠨ᠎ᠠ᠃ | ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠰᠠᠯᠠᠭ᠎ᠠ ᠮᠥᠴᠢᠷ ᠤᠳ ᠤᠨ | ᠲᠥᠰᠦᠪ ᠤᠨ ᠭᠦᠢᠴᠡᠳᠬᠡᠯ ᠢᠶᠠᠨ ᠢᠯᠡ ᠨᠡᠶᠢᠲᠡᠯᠡᠬᠦ ᠠᠵᠢᠯ ᠤᠨ ᠭᠤᠣᠯᠳᠠᠯᠭ᠎ᠠ ᠪᠣᠯ ᠲᠥᠰᠦᠪ ᠤᠨ ᠭᠦᠢᠴᠡᠳᠬᠡᠯ ᠢ | ᠢᠯᠡ ᠨᠡᠶᠢᠲᠡᠯᠡᠬᠦ ᠬᠦᠷᠢᠶ᠎ᠡ ᠬᠡᠪᠴᠢᠶ᠎ᠡ ᠪᠣᠯᠣᠨ ᠠᠭᠤᠯᠭ᠎ᠠ ᠪᠦᠷᠢᠨ ᠲᠡᠭᠦᠯᠳᠡᠷ ᠪᠠᠶᠢᠬᠤ ᠶᠢ ᠦᠷᠭᠦᠯᠵᠢᠯᠡᠨ | ᠪᠠᠲᠤᠯᠠᠭᠰᠠᠨ ᠪᠠ ᠴᠠᠭ ᠲᠤᠬᠠᠢ ᠳᠤᠨᠢ᠂ ᠨᠢᠭᠡᠳᠦᠯᠲᠡᠢ ᠢᠯᠡ ᠨᠡᠶᠢᠲᠡᠯᠡᠬᠦ ᠶᠢ ᠪᠠᠲᠤᠯᠠᠭᠰᠠᠨ ᠤᠷᠢᠲᠠᠯ ᠳᠣᠣᠷ᠎ᠠ᠂ | ᠢᠯᠡ ᠨᠡᠶᠢᠲᠡᠯᠡᠬᠦ ᠵᠢᠷᠤᠮᠵᠢᠭᠤᠯᠤᠯ ᠤᠨ ᠴᠢᠨᠠᠷ ᠢ ᠬᠦᠴᠦᠯᠡᠨ ᠴᠢᠩᠭᠠᠳᠬᠠᠵᠠᠢ᠃ ᠶᠠᠭᠤᠨ ᠤ ᠡᠮᠦᠨ᠎ᠡ᠂ ᠢᠯᠡ | ᠨᠡᠶᠢᠲᠡᠯᠡᠬᠦ ᠮᠡᠳᠡᠭᠡ ᠵᠠᠩᠭᠢ ᠶᠢᠨ ᠠᠭᠤᠯᠭ᠎ᠠ ᠪᠣᠯᠣᠨ ᠪᠦᠲᠦᠴᠡ ᠶᠢ ᠤᠯᠠᠮ ᠵᠢᠷᠤᠮᠵᠢᠭᠤᠯᠵᠠᠢ᠃ ᠡᠨᠡ ᠵᠢᠯ ᠠᠴᠠ | ᠡᠬᠢᠯᠡᠨ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠪᠤᠢ ᠪᠦᠬᠦᠢ ᠰᠠᠯᠠᠭ᠎ᠠ ᠮᠥᠴᠢᠷ ᠤᠳ ᠪᠠᠷᠢᠮᠵᠢᠶᠠᠲᠤ | ᠬᠡᠪ ᠮᠠᠶ᠋ᠢᠭ ᠢᠶᠠᠷ ᠲᠥᠰᠦᠪ ᠤᠨ ᠭᠦᠢᠴᠡᠳᠬᠡᠯ ᠤᠨ ᠮᠡᠳᠡᠭᠡ ᠵᠠᠩᠭᠢ ᠪᠠᠨ ᠢᠯᠡ ᠨᠡᠶᠢᠲᠡᠯᠡᠵᠡᠢ᠂ ᠲᠤᠬᠠᠶᠢᠯᠠᠪᠠᠯ᠄ | ᠰᠠᠯᠠᠭ᠎ᠠ ᠮᠥᠴᠢᠷ ᠤᠨ ᠦᠨᠳᠦᠰᠦᠨ ᠪᠠᠶᠢᠳᠠᠯ᠂ ᠰᠠᠯᠠᠭ᠎ᠠ ᠮᠥᠴᠢᠷ ᠤᠨ ᠲᠥᠰᠦᠪ ᠤᠨ ᠭᠦᠢᠴᠡᠳᠬᠡᠯ ᠤᠨ ᠪᠠᠶᠢᠳᠠᠯ ᠤᠨ | ᠲᠣᠳᠣᠷᠬᠠᠶᠢᠯᠠᠯ᠂ ᠨᠡᠷᠡᠰ ᠤᠨ ᠲᠠᠶᠢᠯᠪᠤᠷᠢ᠂ ᠲᠥᠰᠦᠪ ᠤᠨ ᠭᠦᠢᠴᠡᠳᠬᠡᠯ ᠤᠨ ᠢᠯᠡ ᠨᠡᠶᠢᠲᠡᠯᠡᠯ ᠤᠨ ᠬᠠᠷᠢᠯᠴᠠᠬᠤ | ᠠᠷᠭ᠎ᠠ ᠮᠠᠶ᠋ᠢᠭ ᠵᠢᠴᠢ ᠮᠡᠳᠡᠭᠡ ᠵᠠᠩᠭᠢ ᠶᠢ ᠬᠠᠷᠢᠭᠤ ᠲᠤᠰᠬᠠᠬᠤ ᠠᠷᠭ᠎ᠠ ᠵᠠᠮ ᠪᠣᠯᠣᠨ ᠲᠥᠰᠦᠪ ᠤᠨ ᠭᠦᠢᠴᠡᠳᠬᠡᠯ ᠤᠨ | ᠬᠦᠰᠦᠨᠦᠭᠲᠦ ᠵᠡᠷᠭᠡ ᠠᠭᠤᠯᠭ᠎ᠠ ᠶᠢ ᠪᠠᠭᠲᠠᠭᠠᠵᠤ᠂ ᠠᠭᠤᠯᠭ᠎ᠠ ᠵᠣᠷᠪᠣᠰ ᠬᠡᠰᠡᠭ ᠪᠦᠷᠢ ᠳᠤ ᠵᠠᠳᠠᠯᠤᠨ | ᠲᠣᠳᠣᠷᠬᠠᠶᠢᠯᠠᠭᠰᠠᠨ ᠵᠦᠢᠯᠡᠰ ᠤᠳ ᠢ ᠬᠠᠳᠠᠵᠤ᠂ ᠵᠠᠳᠠᠯᠤᠨ ᠲᠣᠳᠣᠷᠬᠠᠶᠢᠯᠠᠭᠰᠠᠨ ᠵᠦᠢᠯᠡᠰ ᠲᠡᠭᠡᠨ ᠴᠥᠮ | ᠨᠢᠭᠡᠳᠦᠯᠲᠡᠶ ᠪᠠᠷᠢᠮᠵᠢᠶᠠᠲᠤ ᠠᠭᠤᠯᠭ᠎ᠠ ᠪᠣᠯᠣᠨ ᠳᠡᠰ ᠳᠠᠷᠠᠭᠠᠯᠠᠯ ᠢ ᠠᠪᠤᠭᠰᠠᠨ ᠢᠶᠠᠷ ᠤᠯᠠᠨ ᠨᠡᠶᠢᠲᠡ ᠪᠠᠷ ᠢᠶᠠᠨ | ᠦᠪᠡᠷ ᠤᠨ ᠠᠩᠬᠠᠷᠴᠤ ᠪᠠᠶᠢᠭ᠎ᠠ ᠮᠡᠳᠡᠭᠡ ᠵᠠᠩᠭᠢ ᠪᠠᠨ ᠦᠳᠲᠡᠷ ᠲᠦᠷᠭᠡᠨ ᠡᠷᠢᠨ ᠣᠯᠵᠣ ᠴᠢᠳᠠᠬᠤ ᠪᠣᠯᠣᠭᠰᠠᠨ | ᠪᠦᠭᠡᠳ ᠰᠠᠯᠠᠭ᠎ᠠ ᠮᠥᠴᠢᠷ ᠤᠳ ᠬᠤᠭᠤᠷᠤᠨᠳᠤ ᠪᠠᠨ ᠬᠤᠯᠪᠣᠭᠳᠠᠯ ᠪᠦᠬᠦᠢ ᠲᠤᠭ᠎ᠠ ᠪᠠᠷᠢᠮᠲᠠ ᠶᠢ ᠬᠦᠨᠳᠡᠯᠡᠨ | ᠠᠳᠠᠯᠢᠳᠬᠠᠬᠤ ᠳᠤ ᠳᠥᠭᠦᠮ ᠦᠵᠡᠭᠦᠯᠵᠡᠢ᠃ ᠳᠠᠷᠠᠭ᠎ᠠ ᠳᠤᠨᠢ᠂ ᠢᠯᠡ ᠨᠡᠶᠢᠲᠡᠯᠡᠬᠦ ᠠᠷᠭ᠎ᠠ ᠵᠠᠮ ᠢ ᠨᠡᠩ | ᠥᠷᠭᠡᠵᠢᠭᠦᠯᠦᠨ ᠵᠢᠷᠤᠮᠵᠢᠭᠤᠯᠵᠠᠢ᠃ ᠡᠨᠡ ᠵᠢᠯ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ | ᠤᠨ ᠲᠢᠩᠬᠢᠮ ᠫᠣᠷᠲ᠋ᠧᠯ ᠰᠦᠯᠵᠢᠶ᠎ᠡ ᠳᠡᠭᠡᠨ ᠲᠤᠰᠬᠠᠶᠢᠯᠠᠨ ᠲᠥᠰᠦᠪ ᠪᠣᠯᠤᠨ ᠲᠥᠰᠦᠪ ᠤᠨ ᠭᠦᠢᠴᠡᠳᠬᠡᠯ ᠢ ᠢᠯᠡ | ᠨᠡᠶᠢᠲᠡᠯᠡᠬᠦ ᠲᠠᠪᠴᠠᠩ ᠪᠠᠶᠢᠭᠤᠯᠵᠤ᠂ ᠪᠦᠬᠦ ᠣᠷᠣᠨ ᠤ ᠡᠯ᠎ᠡ ᠱᠠᠲᠤᠨ ᠤ ᠵᠠᠰᠠᠭ ᠤᠨ ᠣᠷᠳᠣᠨ ᠪᠣᠯᠤᠨ ᠰᠠᠯᠠᠭ᠎ᠠ | ᠮᠥᠴᠢᠷ ᠤᠨ ᠲᠥᠰᠦᠪ᠂ ᠲᠥᠰᠦᠪ ᠤᠨ ᠭᠦᠶᠴᠡᠳᠬᠡᠯ ᠤᠨ ᠮᠡᠳᠡᠭᠡ ᠵᠠᠩᠭᠢ ᠶᠢ ᠲᠥᠪᠯᠡᠷᠡᠩᠭᠦᠢ ᠪᠦᠭᠡᠳ ᠣᠷᠳᠣ | ᠬᠤᠭᠤᠴᠠᠭ᠎ᠠ ᠪᠠᠷ ᠢᠯᠡ ᠨᠡᠶᠢᠲᠡᠯᠡᠵᠡᠢ᠃ ᠲᠤᠰ ᠤᠳᠠᠭᠠᠨ ᠤ ᠢᠯᠡ ᠨᠡᠶᠢᠲᠡᠯᠡᠭᠰᠡᠨ 87 ᠰᠠᠯᠠᠭ᠎ᠠ ᠮᠥᠴᠢᠷ ᠤᠨ | 2016 ᠣᠨ ᠤ ᠲᠥᠰᠦᠪ ᠤᠨ ᠭᠦᠢᠴᠡᠳᠬᠡᠯ ᠵᠢᠴᠢ ︽ᠭᠤᠷᠪᠠᠨ ᠵᠦᠢᠯ ᠤᠨ ᠠᠯᠪᠠᠨ ᠵᠠᠷᠤᠳᠠᠯ︾ ᠤᠨ | ᠲᠥᠰᠦᠪ ᠤᠨ ᠭᠦᠶᠴᠡᠳᠬᠡᠯ ᠤᠨ ᠮᠡᠳᠡᠭᠡ ᠵᠠᠩᠭᠢ ᠶᠢ ᠲᠥᠰᠦᠪ ᠪᠣᠯᠣᠨ ᠲᠥᠰᠦᠪ ᠤᠨ ᠭᠦᠢᠴᠡᠳᠬᠡᠯ ᠢ ᠴᠥᠮ ᠢᠯᠡ | ᠨᠡᠶᠢᠲᠡᠯᠡᠬᠦ ᠲᠠᠪᠴᠠᠩ ︵http://www.nmgcz.gov.cn︶ ᠳᠤ ᠭᠠᠷᠴᠤ ᠪᠠᠶᠢᠴᠠᠭᠠᠨ ᠯᠠᠪᠯᠠᠵᠤ ᠪᠣᠯᠤᠨ᠎ᠠ᠃ | ᠡᠭᠦᠨ ᠠᠴᠠ ᠭᠠᠳᠠᠨ᠎ᠠ᠂ ᠣᠯᠠᠨ ᠨᠡᠶᠢᠲᠡ ᠪᠠᠷ ᠢᠶᠠᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠯ᠎ᠡ | ᠰᠠᠯᠠᠭ᠎ᠠ ᠮᠥᠴᠢᠷ ᠤᠨ ᠫᠣᠷᠲ᠋ᠧᠯ ᠰᠦᠯᠵᠢᠶ᠎ᠡ ᠠᠴᠠ ᠲᠤᠰ ᠰᠠᠯᠠᠭ᠎ᠠ ᠮᠥᠴᠢᠷ ᠤᠨ ᠲᠥᠰᠦᠪ ᠤᠨ ᠭᠦᠢᠴᠡᠳᠬᠡᠯ ᠢ ᠢᠯᠡ | ᠨᠡᠶᠢᠲᠡᠯᠡᠭᠰᠡᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ ᠪᠣᠯᠤᠨ᠎ᠠ᠃ ᠪᠦᠬᠦ ᠣᠷᠣᠨ ᠤ ᠠᠶᠢᠮᠠᠭ ᠬᠤᠳᠠ᠂ ᠬᠤᠰᠢᠭᠤ | ᠰᠢᠶᠠᠨ ᠤ ᠱᠠᠲᠤᠨ ᠤ ᠰᠠᠯᠠᠭ᠎ᠠ ᠮᠥᠴᠢᠷ ᠤᠨ ᠲᠥᠰᠦᠪ ᠤᠨ ᠭᠦᠢᠴᠡᠳᠬᠡᠯ ᠢ ᠢᠯᠡ ᠨᠡᠶᠢᠲᠡᠯᠡᠬᠦ ᠠᠵᠢᠯ ᠴᠦ | ᠨᠢᠭᠡᠳᠦᠯᠲᠡᠶ ᠪᠠᠶᠢᠷᠢᠯᠠᠭᠤᠯᠤᠯᠲᠠ ᠶᠢᠨ ᠠᠵᠢᠯ ᠢᠶᠠᠨ ᠳᠠᠭᠤᠰᠬᠠᠭᠠᠳ᠂ ᠡᠯ᠎ᠡ ᠭᠠᠵᠠᠷ ᠣᠷᠣᠨ ᠲᠤᠬᠠᠢ ᠶᠢᠨ ᠭᠠᠵᠠᠷ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠭᠰᠠᠨ ᠪᠠᠶᠢᠳᠠᠯ ᠢᠶᠠᠨ ᠦᠨᠳᠦᠰᠦᠯᠡᠨ ᠬᠠᠮᠢᠶ᠎ᠠ ᠪᠦᠬᠦᠢ | ᠠᠵᠢᠯ ᠢ ᠵᠠᠯᠭ᠎ᠠ ᠪᠠᠷ ᠨᠠᠶᠢᠳᠠᠪᠤᠷᠢᠵᠢᠭᠤᠯᠬᠤ ᠪᠣᠯᠣᠨ᠎ᠠ᠃ 11 ᠳ᠋ᠦ᠋ᠭᠡᠷ ᠰᠠᠷ᠎ᠠ ᠠᠴᠠ ᠡᠮᠦᠨ᠎ᠡ᠂ ᠣᠯᠠᠨ ᠨᠡᠶᠢᠲᠡ | ᠪᠠᠷ ᠢᠶᠠᠨ ᠡᠯ᠎ᠡ ᠠᠶᠢᠮᠠᠭ ᠬᠤᠳᠠ᠂ ᠬᠤᠰᠢᠭᠤ ᠰᠢᠶᠠᠨ ᠤ ᠵᠠᠰᠠᠭ ᠤᠨ ᠣᠷᠳᠣᠨ᠂ ᠡᠳ᠋ ᠤᠨ ᠵᠠᠰᠠᠭ ᠤᠨ ᠰᠠᠯᠠᠭ᠎ᠠ | ᠮᠥᠴᠢᠷ ᠪᠣᠯᠤᠨ ᠲᠤᠰ ᠰᠠᠯᠠᠭ᠎ᠠ ᠮᠥᠴᠢᠷ ᠤᠨ ᠢᠶᠠᠨ ᠫᠣᠷᠲ᠋ᠧᠯ ᠰᠦᠯᠵᠢᠶ᠎ᠡ ᠪᠠᠷ ᠳᠠᠮᠵᠢᠨ ᠲᠤᠰ ᠭᠠᠵᠠᠷ | ᠣᠷᠣᠨ ᠤ ᠪᠠᠨ ᠡᠯ᠎ᠡ ᠰᠠᠯᠠᠭ᠎ᠠ ᠮᠥᠴᠢᠷ ᠤᠨ ᠲᠥᠰᠦᠪ ᠤᠨ ᠭᠦᠢᠴᠡᠳᠬᠡᠯ ᠤᠨ ᠪᠠᠶᠢᠳᠠᠯ ᠢ ᠪᠠᠶᠢᠴᠠᠭᠠᠨ ᠯᠠᠪᠯᠠᠵᠤ | ᠪᠣᠯᠤᠨ᠎ᠠ᠃ |