400 ᠰᠢᠨ᠎ᠠ ᠤᠶᠤᠳᠠᠨ 200 ᠲᠦᠮᠡᠨ ᠲᠦᠭᠦᠷᠢᠭ ᠤᠨ ᠰᠤᠷᠤᠯᠭ᠎ᠠ ᠶᠢᠨ ᠲᠠᠳᠬᠦᠮᠵᠢ ᠶᠢᠨ ᠮᠦᠡᠭᠬᠦ ᠭᠠᠷᠳᠠᠪᠠ
ᠨᠡᠶᠢᠲᠡᠯᠡᠭᠰᠡᠨ ᠴᠠᠭ᠄
2017/9/12
      9 ᠳ᠋ᠦ᠋ᠭᠡᠷ ᠰᠠᠷ᠎ᠠ ᠶᠢᠨ 9᠎ ᠤ ᠡᠳᠦᠷ᠂ 2017 ᠣᠨ ᠤ ᠦᠪᠦᠷ ᠮᠤᠩᠭᠤᠯ ᠤᠨ ᠡᠪ ᠬᠠᠮᠳᠤ ᠵᠠᠯᠠᠭᠤᠴᠤᠳ ᠎ ᠤᠨ ᠡᠪᠯᠠᠯ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠤ ᠬᠦᠴᠦ ᠨᠡᠮᠡᠷᠢᠯᠡᠨ᠂ ᠬᠦᠰᠡᠯ ᠢᠨᠵᠧᠨᠧᠷᠢᠩ ᠤᠨ ᠶᠡᠭᠡ ᠰᠤᠷᠭᠠᠭᠤᠯᠢ ᠶᠢᠨ ᠤᠶᠤᠳᠠᠨ ᠪᠤᠯᠬᠤ ᠵᠡᠬᠦᠳᠦ ᠶᠢ ᠲᠡᠷᠭᠡᠯᠰᠢᠬᠦᠯᠬᠦ ᠠᠵᠢᠯᠯᠠᠭ᠎ᠠ ᠶᠢᠨ ᠰᠤᠷᠤᠯᠭ᠎ᠠ ᠶᠢᠨ ᠲᠠᠳᠬᠦᠮᠵᠢ ᠶᠢᠨ ᠮᠦᠡᠭᠭᠦ ᠲᠠᠷᠬᠠᠭᠠᠬᠤ ᠶᠤᠰᠤᠯᠠᠯ ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠳᠤ ᠶᠠᠪᠤᠬᠳᠠᠵᠠᠢ᠃      ᠶᠤᠰᠤᠯᠠᠯ ᠲᠡᠭᠡᠷ᠎ᠠ᠂ ᠮᠤᠤ ᠲᠠᠢ ᠪᠦᠯᠦᠭᠯᠡᠯ ᠠᠴᠠ ᠦᠪᠡᠷᠳᠡᠭᠡᠨ ᠵᠠᠰᠠᠬᠤ ᠤᠷᠤᠨ ᠤ ᠡᠪᠯᠠᠯ ᠤᠨ ᠬᠤᠷᠢᠶ᠎ᠠ ᠳᠤ 200 ᠲᠦᠮᠡᠨ ᠲᠦᠭᠦᠷᠢᠭ ᠬᠠᠨᠳᠢᠪᠯᠠᠵᠤ᠂ ᠮᠠᠨ ᠤ ᠤᠷᠤᠨ ᠤ ᠶᠠᠳᠠᠭᠤ ᠬᠦᠴᠢᠷᠳᠠᠯᠳᠠᠢ 400 ᠰᠢᠨ᠎ᠠ ᠤᠶᠤᠳᠠᠨ ᠢ ᠲᠠᠮᠵᠢᠨ ᠲᠤᠰᠠᠯᠠᠬᠤ ᠳᠤ ᠭᠡᠷᠡᠭᠯᠡᠬᠦ ᠪᠤᠯᠤᠨ᠎ᠠ᠃ 2005 ᠣᠨ ᠠᠴᠠ ᠡᠬᠢᠯᠡᠨ᠂ ᠮᠠᠨ ᠤ ᠤᠷᠤᠨ ︽ᠬᠦᠰᠡᠯ ᠢᠨᠵᠧᠨᠧᠷᠢᠩ ᠤᠨ ᠶᠡᠭᠡ ᠰᠤᠷᠭᠠᠭᠤᠯᠢ ᠶᠢᠨ ᠤᠶᠤᠳᠠᠨ ᠪᠤᠯᠬᠤ ᠵᠡᠬᠦᠳᠤ ᠶᠢ ᠲᠡᠷᠭᠡᠯᠰᠢᠬᠦᠯᠬᠦ ᠠᠵᠢᠯᠯᠠᠭ᠎ᠠ︾᠎ ᠶᠢ ᠬᠡᠷᠡᠭᠵᠢᠬᠦᠯᠵᠦ᠂ ᠤᠳᠤ ᠪᠤᠯᠳᠠᠯ᠎ᠠ᠂ ᠨᠡᠶᠢᠳᠡ 5722.5 ᠲᠦᠮᠡᠨ ᠲᠦᠭᠦᠷᠢᠭ ᠤᠨ ᠰᠤᠷᠤᠯᠭ᠎ᠠ ᠶᠢᠨ ᠲᠠᠳᠬᠦᠮᠵᠢ ᠎ ᠶᠢᠨ ᠮᠦᠡᠭᠭᠦ ᠴᠤᠬᠯᠠᠭᠤᠯᠵᠤ᠂ ᠶᠠᠳᠠᠭᠤ ᠬᠦᠴᠢᠷᠳᠠᠯᠳᠠᠢ 1.6 ᠲᠦᠮᠡᠨ ᠰᠢᠨ᠎ᠠ ᠤᠶᠤᠳᠠᠨ ᠢ ᠲᠤᠰᠠᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号