ᠡᠨᠡ ᠵᠢᠯ ᠮᠠᠨ ᠤ ᠣᠷᠣᠨ ᠤ ᠠᠩᠬᠠᠳᠤᠭᠠᠷ ᠤᠳᠠᠭ᠎ᠠ ᠶᠢᠨ ᠰᠦᠢᠳᠬᠡᠯ ᠦᠯᠦ ᠬᠤᠷᠢᠶᠠᠬᠤ ᠲᠤᠭᠲᠠᠭᠰᠠᠨ | ᠬᠠᠨᠳᠤᠯᠭᠠᠲᠤ ᠪᠠᠭᠰᠢ ᠶᠢᠨ ᠮᠡᠷᠭᠡᠵᠢᠯ ᠤᠨ ᠰᠤᠷᠤᠭᠴᠢ ᠡᠯᠰᠡᠬᠦ ᠠᠵᠢᠯ ᠨᠢᠭᠡᠨᠲᠡ ᠳᠠᠭᠤᠰᠤᠭᠰᠠᠨ ᠪᠠᠶᠢᠨ᠎ᠠ᠂ | ᠡᠭᠦᠨ ᠳᠤ ᠡᠯᠰᠡᠭᠰᠡᠨ ᠪᠠᠶᠢᠳᠠᠯ ᠨᠢ ᠶᠠᠮᠠᠷ ᠵᠡᠷᠭᠡ ᠪᠤᠢ︖ ᠰᠤᠷᠤᠭᠴᠢᠳ ᠰᠤᠷᠭᠠᠭᠤᠯᠢ ᠳᠤ ᠤᠷᠤᠭᠰᠠᠨ ᠤ ᠳᠠᠷᠠᠭ᠎ᠠ | ᠰᠤᠷᠭᠠᠭᠤᠯᠢ ᠶᠢᠨ ᠲᠠᠯ᠎ᠠ ᠠᠴᠠ ᠬᠡᠷᠬᠢᠨ ᠬᠠᠮᠢᠶᠠᠷᠬᠤ ᠪᠤᠢ︖ ᠡᠬᠦᠨ ᠤ ᠲᠤᠬᠠᠢ ᠥᠪᠥᠷ ᠮᠣᠩᠭᠤᠯ ᠤᠨ ᠪᠠᠭᠰᠢ ᠶᠢᠨ | ᠶᠡᠭᠡ ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ ᠤᠨ ᠠᠯᠪᠠᠨ ᠬᠡᠷ ᠤᠨ ᠬᠠᠷᠢᠭᠤᠴᠠᠯᠭᠠᠲᠠᠨ ᠬᠠᠮᠢᠶ᠎ᠠ ᠪᠥᠬᠦᠢ | ᠲᠥᠷᠥ ᠶᠢᠨ ᠪᠣᠳᠣᠯᠭ᠎ᠠ ᠳᠤ ᠨᠠᠷᠢᠨ ᠲᠠᠶᠢᠯᠤᠮᠵᠢ ᠬᠢᠭᠰᠡᠨ ᠪᠠᠶᠢᠨ᠎ᠠ᠃ | ᠠᠰᠠᠭᠤᠯᠲᠠ᠄ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠪᠡᠯ᠂ ᠰᠦᠢᠳᠬᠡᠯ ᠦᠯᠦ ᠬᠤᠷᠢᠶᠠᠬᠤ | ᠲᠤᠭᠲᠠᠭᠰᠠᠨ ᠴᠢᠭᠯᠡᠯᠲᠦ ᠪᠠᠭᠰᠢ ᠶᠢᠨ ᠮᠡᠷᠭᠡᠵᠢᠯ ᠤᠨ ᠰᠤᠷᠤᠭᠴᠢ ᠡᠯᠰᠡᠬᠦ ᠲᠦᠯᠦᠪᠯᠡᠭᠡ ᠶᠢ ᠮᠠᠨ ᠤ ᠣᠷᠣᠨ ᠤ | ᠡᠩ ᠤᠨ ᠳᠡᠭᠡᠳᠦ ᠰᠤᠷᠭᠠᠭᠤᠯᠢ ᠶᠢᠨ ᠦᠨᠳᠦᠰᠦᠨ ᠠᠩᠭᠢ ᠶᠢᠨ ᠤᠷᠢᠳᠴᠢᠯᠠᠨ ᠰᠤᠷᠤᠭᠴᠢ ᠡᠯᠰᠡᠬᠦ ᠠᠵᠢᠯ ᠳᠤ | ᠤᠷᠤᠭᠤᠯᠪᠠ︔ ᠲᠤᠰ ᠪᠦᠯᠦᠭ ᠤᠳᠠᠭ᠎ᠠ ᠶᠢᠨ ᠡᠷᠡᠮᠡᠯᠵᠡᠯ ᠲᠠᠭᠯᠠᠭᠰᠠᠨ ᠪᠠᠶᠢᠳᠠᠯ ᠢ ᠲᠤᠬᠠᠢ ᠶᠢᠨ ᠡᠳᠦᠷ ᠤᠨ | ᠡᠵᠡᠮᠰᠢᠭᠰᠡᠨ ᠪᠠᠶᠢᠳᠠᠯ ᠠᠴᠠ ᠦᠵᠡᠪᠡᠯ᠂ ᠨᠡᠷ᠎ᠡ ᠮᠡᠳᠡᠭᠦᠯᠦᠭᠰᠡᠨ ᠪᠠᠶᠢᠳᠠᠯ ᠨᠢ ᠶᠠᠮᠠᠷ ᠵᠡᠷᠭᠡ ᠪᠤᠢ︖ ᠳᠠᠩᠰᠠ | ᠡᠪᠬᠡᠮᠡᠯ ᠢ ᠪᠤᠴᠠᠭᠠᠭᠰᠠᠨ ᠪᠠᠶᠢᠳᠠᠯ ᠭᠠᠷᠤᠭᠰᠠᠨ ᠤᠤ︖ ᠤᠷᠢᠳᠴᠢᠯᠠᠨ ᠡᠯᠰᠡᠬᠦ ᠤᠳᠠᠭ᠎ᠠ ᠳᠤ ᠳᠠᠷᠤᠶ ᠡᠯᠰᠡᠬᠦ | ᠲᠦᠯᠦᠪᠯᠡᠭᠡ ᠪᠠᠨ ᠪᠡᠶᠡᠯᠡᠬᠦᠯᠦᠭᠰᠡᠨ ᠤᠤ︖ | ᠬᠠᠷᠢᠭᠤᠯᠲᠠ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠢᠳᠬᠡᠯ ᠦᠯᠦ ᠬᠤᠷᠢᠶᠠᠬᠤ | ᠲᠤᠭᠲᠠᠭᠰᠠᠨ ᠬᠠᠨᠳᠤᠯᠭᠠᠲᠤ ᠪᠠᠭᠰᠢ ᠬᠥᠮᠦᠵᠢᠭᠦᠯᠬᠦ ᠲᠥᠯᠥᠪᠯᠡᠭᠡ ᠶᠢᠨ ᠲᠤᠷᠰᠢᠯᠲᠠ ᠶᠢᠨ ᠴᠢᠭ᠋ ᠤᠨ ᠠᠵᠢᠯ ᠢ | ᠬᠡᠷᠡᠭᠵᠢᠭᠦᠯᠬᠦ ᠲᠥᠰᠦᠯ︾ ᠤᠨ ᠲᠤᠭᠲᠠᠭᠠᠯ ᠢ ᠦᠨᠳᠦᠰᠦᠯᠡᠪᠡᠯ᠂ ᠡᠨᠡ ᠵᠢᠯ ᠤᠨ ᠰᠦᠢᠳᠬᠡᠯ ᠥᠯᠥ ᠬᠤᠷᠢᠶᠠᠬᠤ | ᠲᠤᠭᠲᠠᠭᠰᠠᠨ ᠬᠠᠨᠳᠤᠯᠭᠠᠲᠤ ᠪᠠᠭᠰᠢ ᠬᠥᠮᠦᠵᠢᠭᠦᠯᠬᠦ ᠲᠦᠯᠦᠪᠯᠡᠭᠡ ᠶᠢᠨ ᠰᠤᠷᠤᠭᠴᠢ ᠡᠯᠰᠡᠬᠦ ᠲᠦᠯᠢᠪᠯᠡᠭᠡ ᠶᠢ ᠮᠠᠨ ᠤ | ᠣᠷᠣᠨ ᠤ ᠡᠩ ᠤᠨ ᠳᠡᠭᠡᠳᠦ ᠰᠤᠷᠭᠠᠭᠤᠯᠢ ᠶᠢᠨ ᠦᠨᠳᠦᠰᠦᠨ ᠠᠩᠭᠢ ᠶᠢᠨ ᠤᠷᠢᠳᠴᠢᠯᠠᠨ ᠰᠤᠷᠤᠭᠴᠢ ᠡᠯᠰᠡᠬᠦ | ᠠᠵᠢᠯ ᠳᠤ ᠤᠷᠤᠭᠤᠯᠪᠠ᠃ ᠰᠢᠯᠭᠠᠭᠤᠯᠤᠭᠴᠢ ᠶᠢᠨ ᠨᠡᠷ᠎ᠡ ᠮᠡᠳᠡᠭᠦᠯᠦᠭᠰᠡᠨ ᠪᠠᠶᠢᠳᠠᠯ ᠨᠡᠯᠢᠶᠡᠳ ᠰᠠᠶᠢᠨ ᠪᠦᠭᠡᠳ | ᠰᠦᠢᠳᠬᠡᠯ ᠦᠯᠦ ᠬᠤᠷᠢᠶᠠᠬᠤ ᠲᠤᠭᠲᠠᠭᠰᠠᠨ ᠬᠠᠨᠳᠤᠯᠭᠠᠲᠤ ᠪᠠᠭᠰᠢ ᠶᠢᠨ ᠮᠡᠷᠭᠡᠵᠢᠯ ᠢ ᠨᠡᠯᠢᠶᠡᠳ ᠬᠦᠯᠢᠶᠡᠨ | ᠵᠦᠪᠰᠢᠶᠡᠷᠡᠵᠤ ᠪᠤᠢ᠃ ᠲᠡᠭᠦᠰᠬᠡᠭᠰᠡᠨ ᠤ ᠳᠠᠷᠠᠭ᠎ᠠ ᠣᠷᠣᠨ ᠲᠤᠭ᠎ᠠ ᠶᠢ ᠨᠢ ᠰᠢᠭᠤᠳ ᠰᠢᠢᠳᠪᠦᠷᠢᠯᠡᠬᠦ ᠪᠤᠯᠬᠤᠷ᠂ ᠡᠨᠡ | ᠲᠠᠯ᠎ᠠ ᠪᠠᠷ ᠰᠢᠯᠭᠠᠭᠤᠯᠤᠭᠴᠢ ᠢᠯᠠᠩᠭᠤᠶ᠎ᠠ ᠡᠩ ᠤᠨ ᠨᠡᠶᠢᠭᠡᠮ ᠤᠨ ᠰᠢᠨᠵᠢᠯᠡᠬᠦ ᠤᠬᠠᠭᠠᠨ᠂ ᠪᠠᠶᠢᠭᠠᠯᠢ ᠶᠢᠨ ᠰᠢᠨᠵᠢᠯᠡᠬᠦ | ᠤᠬᠠᠭᠠᠨ ᠤ ᠲᠥᠷᠥᠯ ᠤᠨ ᠰᠢᠯᠭᠠᠭᠤᠯᠤᠭᠴᠢ ᠳᠤ ᠮᠠᠰᠢ ᠶᠡᠭᠡ ᠲᠠᠲᠠᠬᠤ ᠬᠦᠴᠦᠨ ᠲᠠᠢ ᠪᠠᠶᠢᠭ᠎ᠠ ᠶᠤᠮ᠃ | 7 ᠳ᠋ᠤᠭᠠᠷ ᠰᠠᠷ᠎ᠠ ᠶᠢᠨ 2 ᠤᠨ ᠡᠳᠦᠷ ᠤᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠭᠰᠡᠨ ᠪᠠᠶᠢᠳᠠᠯ ᠳᠣᠣᠷᠠᠬᠢ | ᠮᠡᠲᠦ᠄ ᠬᠢᠲᠠᠳ ᠢᠶᠠᠷ ᠬᠢᠴᠢᠶᠡᠯᠯᠡᠬᠦ ᠤᠷᠠᠨ ᠵᠢᠷᠤᠭ ᠤᠨ ᠠᠩᠬᠢ 22 ᠬᠥᠮᠦᠨ ᠡᠯᠰᠡᠬᠦ ᠪᠠᠷ ᠲᠥᠯᠥᠪᠯᠡᠵᠦ᠂ 33 | ᠬᠥᠮᠦᠨ ᠨᠡᠷ᠎ᠡ ᠮᠡᠳᠡᠭᠦᠯᠪᠡ︔ ᠮᠣᠩᠭᠤᠯ ᠢᠶᠠᠷ ᠬᠢᠴᠢᠶᠡᠯᠯᠡᠬᠦ ᠤᠷᠠᠨ ᠵᠢᠷᠤᠭ ᠤᠨ ᠠᠩᠬᠢ 1 ᠬᠥᠮᠦᠨ ᠡᠯᠰᠡᠬᠦ ᠪᠠᠷ | ᠲᠥᠯᠥᠪᠯᠡᠵᠦ᠂ 1 ᠬᠦᠮᠦᠨ ᠨᠡᠷ᠎ᠡ ᠮᠡᠳᠡᠭᠦᠯᠪᠡ︔ ᠬᠢᠲᠠᠳ ᠢᠶᠠᠷ ᠬᠢᠴᠢᠶᠡᠯᠯᠡᠬᠦ ᠳᠠᠭᠤᠤ ᠬᠥᠭᠵᠢᠮ ᠤᠨ ᠠᠩᠬᠢ 17 | ᠬᠥᠮᠦᠨ ᠡᠯᠰᠡᠬᠦ ᠪᠠᠷ ᠲᠥᠯᠥᠪᠯᠡᠵᠦ᠂ 24 ᠬᠥᠮᠦᠨ ᠨᠡᠷ᠎ᠡ ᠮᠡᠳᠡᠭᠦᠯᠪᠡ︔ ᠮᠣᠩᠭᠤᠯ ᠢᠶᠠᠷ ᠬᠢᠴᠢᠶᠡᠯᠯᠡᠬᠦ ᠳᠠᠭᠤᠤ | ᠬᠥᠭᠵᠢᠮ ᠤᠨ ᠠᠩᠬᠢ 1 ᠬᠥᠮᠦᠨ ᠡᠯᠰᠡᠬᠦ ᠪᠠᠷ ᠲᠥᠯᠥᠪᠯᠡᠵᠦ᠂ 1 ᠬᠦᠮᠦᠨ ᠨᠡᠷ᠎ᠡ ᠮᠡᠳᠡᠭᠦᠯᠪᠡ︔ ᠬᠢᠲᠠᠳ ᠢᠶᠠᠷ | ᠬᠢᠴᠢᠶᠡᠯᠯᠡᠬᠦ ᠪᠤᠰᠤᠳ ᠤᠷᠠᠯᠢᠭ ᠤᠨ ᠲᠦᠷᠦᠯ ᠤᠨ ᠠᠩᠬᠢ 6 ᠬᠥᠮᠦᠨ ᠡᠯᠰᠡᠬᠦ ᠪᠠᠷ ᠲᠥᠯᠥᠪᠯᠡᠵᠦ᠂ 6 ᠬᠦᠮᠦᠨ | ᠨᠡᠷ᠎ᠡ ᠮᠡᠳᠡᠭᠦᠯᠪᠡ︔ ᠬᠢᠲᠠᠳ ᠢᠶᠠᠷ ᠬᠢᠴᠢᠶᠡᠯᠯᠡᠬᠦ ᠪᠡᠶ᠎ᠡ ᠶᠢᠨ ᠲᠠᠮᠢᠷ ᠤᠨ ᠠᠩᠬᠢ 26 ᠬᠥᠮᠦᠨ ᠡᠯᠰᠡᠬᠦ ᠪᠠᠷ | ᠲᠥᠯᠥᠪᠯᠡᠵᠦ᠂ 32 ᠬᠥᠮᠦᠨ ᠨᠡᠷ᠎ᠡ ᠮᠡᠳᠡᠭᠦᠯᠪᠡ ︵ᠬᠠᠷᠢᠴᠠᠯ ᠢᠶᠠᠷ ᠳᠠᠩᠰᠠᠯᠠᠵᠤ᠂ ᠪᠦᠬᠦ ᠰᠢᠯᠭᠠᠭᠤᠯᠤᠭᠴᠢ ᠶᠢᠨ | ᠲᠤᠭ᠎ᠠ ᠶᠢ ᠪᠠᠭᠲᠠᠭᠠᠭᠰᠠᠨ ᠦᠭᠡᠢ︶︔ ᠮᠣᠩᠭᠤᠯ ᠢᠶᠠᠷ ᠬᠢᠴᠢᠶᠡᠯᠯᠡᠬᠦ ᠪᠡᠶ᠎ᠡ ᠶᠢᠨ ᠲᠠᠮᠢᠷ ᠤᠨ ᠠᠩᠬᠢ 1 ᠬᠥᠮᠦᠨ | ᠡᠯᠰᠡᠬᠦ ᠪᠠᠷ ᠲᠥᠯᠥᠪᠯᠡᠵᠦ᠂ 2 ᠬᠥᠮᠦᠨ ᠨᠡᠷ᠎ᠡ ᠮᠡᠳᠡᠭᠦᠯᠪᠡ ︵ᠬᠠᠷᠢᠴᠠᠯ ᠢᠶᠠᠷ ᠳᠠᠩᠰᠠᠯᠠᠵᠤ᠂ ᠪᠦᠬᠦ | ᠰᠢᠯᠭᠠᠭᠤᠯᠤᠭᠴᠢ ᠶᠢᠨ ᠲᠤᠭ᠎ᠠ ᠶᠢ ᠪᠠᠭᠲᠠᠭᠠᠭᠰᠠᠨ ᠦᠭᠡᠢ︶᠃ | 7 ᠳ᠋ᠤᠭᠠᠷ ᠰᠠᠷ᠎ᠠ ᠶᠢᠨ 6 ᠤ ᠡᠳᠦᠷ ᠤᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠭᠰᠡᠨ ᠪᠠᠶᠢᠳᠠᠯ ᠳᠣᠣᠷᠠᠬᠢ | ᠮᠡᠲᠦ᠄ ᠡᠩ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠠᠩᠬᠢ 135 ᠬᠥᠮᠦᠨ ᠡᠯᠰᠡᠬᠦ ᠪᠠᠷ ᠲᠦᠯᠦᠪᠯᠡᠵᠤ᠂ | 1032 ᠬᠦᠮᠦᠨ ᠨᠡᠷ᠎ᠡ ᠮᠡᠳᠡᠭᠦᠯᠪᠡ᠃ ᠡᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠠᠩᠬᠢ 165 ᠬᠥᠮᠦᠨ | ᠡᠯᠰᠡᠬᠦ ᠪᠠᠷ ᠲᠥᠯᠥᠪᠯᠡᠵᠦ᠂ 1301 ᠬᠥᠮᠦᠨ ᠨᠡᠷ᠎ᠡ ᠮᠡᠳᠡᠭᠦᠯᠪᠡ︔ ᠮᠣᠩᠭᠤᠯ ᠢᠶᠠᠷ ᠬᠢᠴᠢᠶᠡᠯᠯᠡᠬᠦ ᠨᠡᠶᠢᠭᠡᠮ ᠤᠨ | ᠰᠢᠨᠵᠢᠯᠡᠬᠦ ᠤᠬᠠᠭᠠᠨ ᠤ ᠠᠩᠬᠢ 2 ᠬᠥᠮᠦᠨ ᠡᠯᠰᠡᠬᠦ ᠪᠠᠷ ᠲᠥᠯᠥᠪᠯᠡᠵᠦ᠂ 212 ᠬᠥᠮᠦᠨ ᠨᠡᠷ᠎ᠡ ᠮᠡᠳᠡᠭᠦᠯᠪᠡ︔ | ᠮᠣᠩᠭᠤᠯ ᠢᠶᠠᠷ ᠬᠢᠴᠢᠶᠡᠯᠯᠡᠬᠦ ᠪᠠᠶᠢᠭᠠᠯᠢ ᠶᠢᠨ ᠰᠢᠨᠵᠢᠯᠡᠬᠦ ᠤᠬᠠᠭᠠᠨ ᠤ ᠠᠩᠬᠢ 6 ᠬᠥᠮᠦᠨ ᠡᠯᠰᠡᠬᠦ ᠪᠠᠷ ᠲᠥᠯᠥᠪᠯᠡᠵᠦ᠂ | 114 ᠬᠦᠮᠦᠨ ᠨᠡᠷ᠎ᠡ ᠮᠡᠳᠡᠭᠦᠯᠪᠡ᠃ | ᠤᠷᠢᠳᠴᠢᠯᠠᠨ ᠡᠯᠰᠡᠬᠦ ᠤᠳᠠᠭ᠎ᠠ ᠳᠤ ᠰᠣᠷᠣᠭᠴᠢ ᠡᠯᠰᠡᠬᠦ ᠪᠦᠬᠦ ᠲᠥᠯᠥᠪᠯᠡᠭᠡ ᠪᠠᠨ ᠪᠡᠶᠡᠯᠡᠭᠦᠯᠦᠭᠰᠡᠨ | ᠪᠠᠶᠢᠨ᠎ᠠ᠃ ᠳᠠᠩᠰᠠ ᠡᠪᠬᠡᠮᠡᠯ ᠢ ᠨᠢ ᠪᠤᠴᠠᠭᠠᠭᠰᠠᠨ ᠰᠢᠯᠭᠠᠭᠤᠯᠤᠭᠴᠢ ᠪᠤᠢ᠂ ᠰᠢᠯᠲᠠᠭᠠᠨ ᠨᠢ ᠰᠢᠯᠭᠠᠭᠤᠯᠤᠭᠴᠢ ᠶᠢᠨ | ᠨᠡᠷ᠎ᠡ ᠮᠡᠳᠡᠭᠦᠯᠦᠭᠰᠡᠨ ᠲᠤᠰᠬᠠᠶ ᠮᠡᠷᠭᠡᠵᠢᠯ ᠨᠢ ᠨᠢᠭᠡᠨᠲᠡ ᠡᠯᠰᠡᠭᠰᠡᠨ ᠬᠦᠮᠦᠨ ᠤ ᠲᠤᠭ᠎ᠠ ᠪᠠᠷ ᠳᠦᠬᠦᠷᠦᠭᠰᠡᠨ | ᠮᠥᠷᠲᠡᠭᠡᠨ ᠲᠤᠬᠢᠷᠠᠭᠤᠯᠤᠯᠲᠠ ᠶᠢ ᠲᠡᠭᠠᠬᠤ ᠦᠭᠡᠢ ᠠᠴᠠ ᠪᠤᠯᠵᠠᠢ᠃ | ᠠᠰᠠᠭᠤᠯᠲᠠ᠄ ᠡᠯᠰᠡᠭᠰᠡᠨ ᠬᠠᠮᠤᠭ ᠤᠨ ᠥᠨᠳᠥᠷ ᠬᠤᠪᠢ ᠨᠢ ᠬᠡᠳᠦᠶ ᠪᠤᠢ︖ ᠠᠯᠢ ᠲᠤᠰᠬᠠᠶ ᠮᠡᠷᠭᠡᠵᠢᠯ ᠤᠨ | ᠬᠢ ᠪᠤᠢ︖ ᠬᠠᠮᠤᠭ ᠤᠨ ᠳᠣᠣᠷ᠎ᠠ ᠬᠤᠪᠢ ᠨᠢ ᠬᠡᠳᠦᠢ ᠪᠤᠢ︖ | ᠬᠠᠷᠢᠭᠤᠯᠲᠠ᠄ ᠰᠦᠢᠳᠬᠡᠯ ᠦᠯᠦ ᠬᠤᠷᠢᠶᠠᠬᠤ ᠲᠤᠭᠲᠠᠭᠰᠠᠨ ᠬᠠᠨᠳᠤᠯᠭᠠᠲᠤ ᠪᠠᠭᠰᠢ ᠶᠢᠨ ᠮᠡᠷᠭᠡᠵᠢᠯ ᠤᠨ | ᠰᠤᠷᠤᠭᠴᠢ ᠡᠯᠰᠡᠬᠦ ᠲᠥᠯᠥᠪᠯᠡᠭᠡ ᠳᠤ ᠲᠤᠰᠬᠠᠶ ᠮᠡᠷᠭᠡᠵᠢᠯ ᠢ ᠨᠢ ᠬᠤᠪᠢᠶᠠᠬᠤ ᠮᠦᠷᠲᠡᠭᠡᠨ ᠪᠠᠰᠠ ᠬᠤᠰᠢᠭᠤ ᠰᠢᠶᠠᠨ | ᠬᠤᠪᠢᠶᠠᠵᠤ᠂ ᠠᠳᠠᠯᠢ ᠲᠤᠰᠬᠠᠶ ᠮᠡᠷᠭᠡᠵᠢᠯ ᠤᠨ ᠠᠳᠠᠯᠢ ᠪᠤᠰᠤ ᠬᠤᠰᠢᠭᠤ ᠰᠢᠶᠠᠨ ᠠᠴᠠ ᠡᠯᠰᠡᠬᠦ ᠬᠤᠪᠢ ᠨᠢ ᠴᠤ | ᠪᠦᠷ ᠠᠳᠠᠯᠢ ᠪᠤᠰᠤ ᠪᠠᠶᠢᠳᠠᠭ᠃ ᠤᠷᠠᠯᠢᠭ ᠪᠡᠶ᠎ᠡ ᠶᠢᠨ ᠲᠠᠮᠢᠷ ᠤᠨ ᠲᠥᠷᠥᠯ ᠤᠨ ᠰᠣᠷᠣᠭᠴᠢ ᠡᠯᠰᠡᠬᠦ ᠵᠠᠷᠴᠢᠮ ᠳᠤ | ᠰᠣᠯᠢᠵᠤ ᠪᠤᠳᠤᠬᠤ ᠬᠡᠷᠡᠭᠴᠡᠭᠡᠲᠠᠢ ᠤᠴᠢᠷ ᠠᠴᠠ ᠠᠳᠠᠯᠢᠳᠬᠠᠪᠠᠯ ᠰᠢᠭᠤᠳ ᠦᠵᠡᠬᠦᠯᠵᠤ ᠴᠢᠳᠠᠬᠤ ᠦᠭᠡᠢ ᠪᠠᠶᠢᠵᠤ᠂ | ᠨᠡᠶᠢᠭᠡᠮ ᠤᠨ ᠰᠢᠨᠵᠢᠯᠡᠬᠦ ᠤᠬᠠᠭᠠᠨ ᠪᠠᠶᠢᠭᠠᠯᠢ ᠶᠢᠨ ᠰᠢᠨᠵᠢᠯᠡᠬᠦ ᠤᠬᠠᠭᠠᠨ ᠢᠶᠠᠷ ᠨᠢ ᠪᠦᠷᠢᠳᠭᠡᠪᠡᠯ ᠰᠠᠶ᠋ᠢ ᠬᠠᠷᠢᠴᠠᠩᠭᠤᠢ | ᠪᠠᠷ ᠰᠢᠭᠤᠳ ᠦᠵᠡᠬᠦᠯᠵᠤ ᠴᠢᠳᠠᠳᠠᠭ᠃ | ᠡᠯᠰᠡᠭᠰᠡᠨ ᠰᠢᠯᠭᠠᠭᠤᠯᠤᠭᠴᠢ ᠶᠢᠨ ᠬᠠᠮᠤᠭ ᠤᠨ ᠥᠨᠳᠥᠷ ᠬᠤᠪᠢ ᠪᠣᠯᠤᠨ ᠬᠠᠮᠤᠭ ᠤᠨ ᠳᠣᠣᠷ᠎ᠠ ᠬᠤᠪᠢ ᠨᠢ | ᠳᠤᠤᠷᠠᠬᠢ ᠮᠡᠲᠦ᠄ ᠡᠩ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠨᠢᠭᠡᠳᠦᠭᠡᠷ ᠡᠭᠡᠯᠵᠢ ᠶᠢᠨ ᠦᠨᠳᠦᠰᠦᠨ | ᠠᠩᠭᠢ ᠶᠢᠨ ᠬᠤᠪᠢ ᠶᠢᠨ ᠱᠤᠭᠤᠮ ᠨᠢ 472᠂ ᠬᠠᠮᠤᠭ ᠤᠨ ᠥᠨᠳᠥᠷ ᠬᠤᠪᠢ ᠨᠢ 554᠂ ᠬᠠᠮᠤᠭ ᠤᠨ ᠳᠣᠣᠷ᠎ᠠ | ᠬᠤᠪᠢ ᠨᠢ 494 ᠪᠤᠯᠤᠨ᠎ᠠ︔ ᠡᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠨᠢᠭᠡᠳᠦᠭᠡᠷ ᠡᠭᠡᠯᠵᠢ ᠶᠢᠨ | ᠦᠨᠳᠦᠰᠦᠨ ᠠᠩᠭᠢ ᠶᠢᠨ ᠬᠤᠪᠢ ᠶᠢᠨ ᠱᠤᠭᠤᠮ ᠨᠢ 466᠂ ᠬᠠᠮᠤᠭ ᠤᠨ ᠥᠨᠳᠥᠷ ᠬᠤᠪᠢ ᠨᠢ 594᠂ | ᠬᠠᠮᠤᠭ ᠤᠨ ᠳᠣᠣᠷ᠎ᠠ ᠬᠤᠪᠢ ᠨᠢ 509 ᠪᠤᠯᠤᠨ᠎ᠠ︔ ᠮᠣᠩᠭᠤᠯ ᠢᠶᠠᠷ ᠬᠢᠴᠢᠶᠡᠯᠯᠡᠬᠦ ᠨᠡᠶᠢᠭᠡᠮ ᠤᠨ ᠰᠢᠨᠵᠢᠯᠡᠬᠦ | ᠤᠬᠠᠭᠠᠨ ᠤ ᠨᠢᠭᠡᠳᠦᠭᠡᠷ ᠡᠭᠡᠯᠵᠢ ᠶᠢᠨ ᠦᠨᠳᠦᠰᠦᠨ ᠠᠩᠬᠢ ᠶᠢᠨ ᠬᠤᠪᠢ ᠶᠢᠨ ᠱᠤᠭᠤᠮ ᠨᠢ 380᠂ ᠬᠠᠮᠤᠭ ᠤᠨ | ᠥᠨᠳᠥᠷ ᠬᠤᠪᠢ ᠨᠢ 494᠂ ᠬᠠᠮᠤᠭ ᠤᠨ ᠳᠣᠣᠷ᠎ᠠ ᠬᠤᠪᠢ ᠨᠢ 468 ᠪᠤᠯᠤᠨ᠎ᠠ︔ ᠮᠣᠩᠭᠤᠯ ᠢᠶᠠᠷ ᠬᠢᠴᠢᠶᠡᠯᠯᠡᠬᠦ | ᠪᠠᠶᠢᠭᠠᠯᠢ ᠶᠢᠨ ᠰᠢᠨᠵᠢᠯᠡᠬᠦ ᠤᠬᠠᠭᠠᠨ ᠤ ᠨᠢᠭᠡᠳᠦᠭᠡᠷ ᠡᠭᠡᠯᠵᠢ ᠶᠢᠨ ᠦᠨᠳᠦᠰᠦᠨ ᠠᠩᠭᠢ ᠶᠢᠨ ᠬᠤᠪᠢ ᠶᠢᠨ ᠱᠤᠭᠤᠮ | ᠨᠢ 345᠂ ᠬᠠᠮᠤᠭ ᠤᠨ ᠥᠨᠳᠥᠷ ᠬᠤᠪᠢ ᠨᠢ 489᠂ ᠬᠠᠮᠤᠭ ᠤᠨ ᠳᠣᠣᠷ᠎ᠠ ᠬᠤᠪᠢ ᠨᠢ 455 ᠪᠤᠯᠤᠨ᠎ᠠ᠃ | ᠬᠤᠪᠢ ᠶᠢᠨ ᠱᠤᠭᠤᠮ ᠢᠶᠠᠷ ᠬᠠᠮᠤᠭ ᠤᠨ ᠥᠨᠳᠥᠷ ᠪᠤᠯᠬᠤ ᠲᠤᠰᠬᠠᠶ ᠮᠡᠷᠭᠡᠵᠢᠯ ᠨᠢ ᠲᠤᠰ ᠲᠤᠰ᠄ ᠡᠩ ᠤᠨ | ᠨᠡᠶᠢᠭᠡᠮ ᠤᠨ ᠰᠢᠨᠵᠢᠯᠡᠬᠦ ᠤᠬᠠᠭᠠᠨ ᠤ ᠬᠢᠲᠠᠳ ᠬᠡᠯᠡ ᠤᠳᠬ᠎ᠠ ᠵᠣᠬᠢᠶᠠᠯ ︵ᠲᠤᠭᠲᠠᠭᠰᠠᠨ ᠴᠢᠭᠯᠡᠯ ᠨᠢ ᠳᠠᠯᠠᠳ | ᠬᠤᠰᠢᠭᠤ︶ ᠤᠨ ᠡᠯᠰᠡᠬᠦ ᠬᠠᠮᠤᠭ ᠤᠨ ᠳᠤᠤᠷ᠎ᠠ ᠬᠤᠪᠢ ᠨᠢ 529︔ ᠡᠩ ᠤᠨ ᠪᠠᠶᠢᠭᠠᠯᠢ ᠶᠢᠨ ᠰᠢᠨᠵᠢᠯᠡᠬᠦ | ᠤᠬᠠᠭᠠᠨ ᠤ ᠲᠣᠭᠠᠨ ᠤ ᠤᠬᠠᠭᠠᠨ ᠪᠠ ᠬᠡᠷᠡᠭᠯᠡᠭᠡᠨ ᠤ ᠲᠣᠭᠠᠨ ᠤ ᠤᠬᠠᠭᠠᠨ ︵ᠲᠤᠭᠲᠠᠭᠰᠠᠨ ᠴᠢᠭᠯᠡᠯ ᠨᠢ ᠳᠠᠯᠠᠳ | ᠬᠤᠰᠢᠭᠤ︶ ᠤ ᠡᠯᠰᠡᠬᠦ ᠬᠠᠮᠤᠭ ᠤᠨ ᠳᠤᠤᠷ᠎ᠠ ᠬᠤᠪᠢ ᠨᠢ 563︔ ᠮᠣᠩᠭᠤᠯ ᠢᠶᠠᠷ ᠬᠢᠴᠢᠶᠡᠯᠯᠡᠬᠦ ᠨᠡᠶᠢᠭᠡᠮ ᠤᠨ | ᠰᠢᠨᠵᠢᠯᠡᠬᠦ ᠤᠬᠠᠭᠠᠨ ᠤ ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠬᠡᠯᠡ ᠤᠳᠬ᠎ᠠ ᠵᠣᠬᠢᠶᠠᠯ ︵ | ᠲᠤᠭᠲᠠᠭᠰᠠᠨ ᠴᠢᠭᠯᠡᠯ ᠨᠢ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ︶ ᠤᠨ ᠡᠯᠰᠡᠬᠦ ᠬᠠᠮᠤᠭ ᠤᠨ | ᠳᠤᠤᠷ᠎ᠠ ᠬᠤᠪᠢ ᠨᠢ 491︔ ᠮᠣᠩᠭᠤᠯ ᠢᠶᠠᠷ ᠬᠢᠴᠢᠶᠡᠯᠯᠡᠬᠦ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠣᠭᠠᠨ ᠤ | ᠤᠬᠠᠭᠠᠨ ᠪᠠ ᠬᠡᠷᠡᠭᠯᠡᠭᠡᠨ ᠤ ᠲᠣᠭᠠᠨ ᠤ ᠤᠬᠠᠭᠠᠨ ︵ᠲᠤᠭᠲᠠᠭᠰᠠᠨ ᠴᠢᠭᠯᠡᠯ ᠨᠢ ᠡᠸᠡᠩᠬᠢ ᠦᠨᠳᠦᠰᠦᠲᠡᠨ ᠤ | ᠥᠪᠡᠷᠲᠡᠭᠡᠨ ᠵᠠᠰᠠᠬᠤ ᠬᠤᠰᠢᠭᠤ︶ ᠤ ᠡᠯᠰᠡᠬᠦ ᠬᠠᠮᠤᠭ ᠤᠨ ᠳᠤᠤᠷ᠎ᠠ ᠬᠤᠪᠢ ᠨᠢ 485 ᠪᠤᠯᠤᠨ᠎ᠠ᠃ | ᠠᠰᠠᠭᠤᠯᠲᠠ᠄ ᠡᠷᠡᠮᠡᠯᠵᠡᠯᠡᠯ ᠲᠠᠭᠯᠠᠭᠰᠠᠨ ᠪᠠᠶᠢᠳᠠᠯ ᠠᠴᠠ ᠦᠵᠡᠪᠡᠯ᠂ ᠠᠯᠢ ᠲᠤᠰᠬᠠᠶ ᠮᠡᠷᠭᠡᠵᠢᠯ ᠢ ᠬᠥᠮᠦᠰ | ᠬᠠᠮᠤᠭ ᠲᠠᠭᠠᠰᠢᠶᠠᠳᠠᠭ ᠪᠤᠢ︖ ᠡᠷᠡᠭᠲᠡᠶ ᠡᠮᠡᠭᠲᠡᠶ ᠶᠢᠨ ᠬᠠᠷᠢᠴᠠᠯ ᠨᠢ ᠶᠠᠮᠠᠷ ᠪᠠᠶᠢᠳᠠᠭ ᠪᠤᠢ︖ | ᠬᠠᠷᠢᠭᠤᠯᠲᠠ᠄ ᠬᠤᠪᠢ ᠨᠢ ᠥᠨᠳᠥᠷ ᠲᠤᠰᠬᠠᠶ ᠮᠡᠷᠭᠡᠵᠢᠯ ᠪᠣᠯ ᠨᠡᠯᠢᠶᠡᠳ ᠶᠡᠭᠡ ᠪᠠᠷ ᠲᠠᠭᠠᠰᠢᠶᠠᠭᠳᠠᠭᠰᠠᠨ | ᠲᠤᠰᠬᠠᠶ ᠮᠡᠷᠭᠡᠵᠢᠯ ᠪᠣᠯᠣᠨ᠎ᠠ᠃ | ᠡᠯᠰᠡᠭᠳᠡᠭᠰᠡᠨ 386 ᠰᠢᠯᠭᠠᠭᠤᠯᠤᠭᠴᠢ ᠶᠢᠨ ᠳᠣᠲᠣᠷ᠎ᠠ ᠂ ᠡᠷᠡᠭᠲᠡᠶ ᠰᠤᠷᠤᠭᠴᠢ 103 ᠬᠥᠮᠦᠨ᠂ ᠡᠮᠡᠭᠲᠡᠶ | ᠰᠤᠷᠤᠭᠴᠢ 283 ᠬᠥᠮᠦᠨ ᠪᠤᠶ᠃ ᠪᠠᠭᠰᠢ ᠶᠢᠨ ᠮᠡᠷᠭᠡᠵᠢᠯ ᠰᠤᠷᠬᠤ ᠰᠤᠷᠤᠭᠴᠢᠳ ᠲᠤ ᠡᠮᠡᠭᠲᠡᠶ ᠰᠤᠷᠤᠭᠴᠢ ᠣᠯᠠᠨ | ᠪᠠᠶᠢᠬᠤ ᠵᠤᠷᠰᠢᠯ ᠮᠥᠨ ᠯᠡ ᠦᠷᠭᠦᠯᠵᠢᠯᠡᠪᠡ᠃ | ᠠᠰᠠᠭᠤᠯᠲᠠ᠄ ᠮᠠᠯᠵᠢᠬᠤ ᠲᠠᠷᠢᠶᠠᠯᠠᠬᠤ ᠣᠷᠣᠨ ᠤ ᠰᠢᠯᠭᠠᠭᠤᠯᠤᠭᠴᠢ ᠶᠢᠨ ᠨᠡᠷ᠎ᠡ ᠮᠡᠳᠡᠭᠦᠯᠦᠭᠰᠡᠨ ᠬᠥᠮᠦᠨ ᠤ | ᠲᠤᠭ᠎ᠠ ᠤᠯᠠᠨ ᠲᠤᠭ᠎ᠠ ᠶᠢ ᠡᠵᠡᠯᠡᠵᠦ ᠪᠠᠶᠢᠨ᠎ᠠ ᠦᠦ︖ ᠡᠯᠰᠡᠩᠰᠡᠨ ᠰᠢᠯᠭᠠᠭᠤᠯᠤᠭᠴᠢ ᠳᠤ᠂ ᠬᠤᠳᠠ ᠪᠠ ᠮᠠᠯᠵᠢᠬᠤ | ᠲᠠᠷᠢᠶᠠᠯᠠᠬᠤ ᠣᠷᠣᠨ ᠤ ᠰᠢᠯᠭᠠᠭᠤᠯᠤᠭᠴᠢ ᠲᠣᠰ ᠲᠤᠰ ᠬᠡᠳᠦᠶ ᠪᠠᠶᠢᠬᠤ ᠪᠤᠢ︖ | ᠬᠠᠷᠢᠭᠤᠯᠲᠠ᠄ ᠪᠣᠳᠠᠲᠠᠢ ᠡᠯᠰᠡᠭᠰᠡᠨ ᠦᠷ᠎ᠡ ᠳ᠋ᠦᠩ ᠣᠯᠠᠩᠬᠢ ᠬᠥᠮᠥᠰ ᠤᠨ ᠪᠣᠳᠣᠭᠰᠠᠨ ᠰᠢᠭ ᠪᠢᠰᠢ ᠶᠤᠮ᠃ | ᠡᠯᠰᠡᠭᠳᠡᠭᠰᠡᠨ 386 ᠰᠢᠯᠭᠠᠭᠤᠯᠤᠭᠴᠢ ᠶᠢᠨ ᠳᠣᠲᠣᠷ᠎ᠠ᠂ ᠬᠤᠳᠠ ᠶᠢᠨ ᠰᠢᠯᠭᠠᠭᠤᠯᠤᠭᠴᠢ 205 ᠬᠥᠮᠦᠨ᠂ | ᠮᠠᠯᠵᠢᠬᠤ ᠲᠠᠷᠢᠶᠠᠯᠠᠬᠤ ᠣᠷᠣᠨ ᠤ ᠰᠢᠯᠭᠠᠭᠤᠯᠤᠭᠴᠢ 181 ᠬᠥᠮᠦᠨ᠂ ᠬᠤᠳᠠ ᠶᠢᠨ ᠰᠢᠯᠭᠠᠭᠤᠯᠤᠭᠰᠠᠳ ᠬᠠᠷᠢᠨ | ᠮᠠᠯᠵᠢᠬᠤ ᠲᠠᠷᠢᠶᠠᠯᠠᠬᠤ ᠣᠷᠣᠨ ᠤ ᠰᠢᠯᠭᠠᠭᠤᠯᠤᠭᠰᠠᠳ ᠠᠴᠠ ᠢᠯᠡᠭᠦᠦ ᠪᠣᠯᠵᠠᠢ ᠃ | ᠠᠰᠠᠭᠤᠯᠲᠠ᠄ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠰᠦᠢᠳᠬᠡᠯ ᠣᠢᠯᠤ ᠬᠤᠷᠢᠶᠠᠬᠤ ᠬᠠᠨᠳᠤᠯᠭ᠎ᠠ ᠲᠠᠢ | ᠪᠠᠭᠰᠢ ᠬᠥᠮᠦᠵᠢᠭᠦᠯᠬᠦ ᠲᠥᠯᠥᠪᠯᠡᠭᠡ ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ ᠬᠥᠮᠦᠵᠢᠭᠦᠯᠬᠦ ᠰᠤᠷᠭᠠᠭᠤᠯᠢ ᠳᠤ | ᠡᠯᠰᠡᠭᠳᠡᠭᠰᠡᠨ ᠤ ᠳᠠᠷᠠᠭ᠎ᠠ᠂ ᠡᠷᠬᠡᠪᠰᠢ ᠭᠤᠷᠪᠠᠨ ᠲᠠᠯ᠎ᠠ ᠶᠢᠨ ᠬᠡᠯᠡᠯᠴᠡᠭᠡᠷ ᠤᠨ ᠪᠢᠴᠢᠭ ᠲᠣᠭᠲᠠᠪᠠᠯ ᠰᠠᠶ᠋ᠢ ᠡᠯᠰᠡᠬᠦ | ᠮᠡᠳᠡᠭᠳᠡᠯ ᠤᠨ ᠪᠢᠴᠢᠭ ᠬᠦᠴᠦᠨ ᠲᠠᠢ ᠪᠣᠯᠤᠨ᠎ᠠ᠃ ᠡᠳᠦᠭᠡ᠂ ᠭᠤᠷᠪᠠᠨ ᠲᠠᠯ᠎ᠠ ᠶᠢᠨ ᠬᠡᠯᠡᠯᠴᠡᠭᠡᠷ ᠤᠨ ᠪᠢᠴᠢᠭ ᠤᠨ | ᠲᠣᠭᠲᠠᠭᠰᠠᠨ ᠪᠠᠶᠢᠳᠠᠯ ᠶᠠᠮᠠᠷ ᠪᠤᠢ︖ ᠰᠦᠢᠳᠬᠡᠯ ᠣᠢᠯᠤ ᠬᠤᠷᠢᠶᠠᠬᠤ ᠪᠠᠭᠰᠢ ᠶᠢᠨ ᠬᠢᠷᠢ ᠬᠡᠮ ᠢᠶᠠᠨ ᠬᠠᠶᠠᠭᠰᠠᠨ | ᠰᠢᠯᠭᠠᠭᠤᠯᠤᠭᠴᠢ ᠪᠠᠶᠢᠨ᠎ᠠ ᠦᠦ︖ | ᠬᠠᠷᠢᠭᠤᠯᠲᠠ᠄ ᠭᠤᠷᠪᠠᠨ ᠲᠠᠯ᠎ᠠ ᠶᠢᠨ ᠬᠡᠯᠡᠯᠴᠡᠭᠡᠷ ᠤᠨ ᠦᠯᠢᠭᠡᠷ ᠳᠡᠪᠲᠡᠷ ᠢ ᠥᠪᠡᠷᠲᠡᠭᠡᠨ ᠵᠠᠰᠠᠬᠤ ᠣᠷᠣᠨ ᠤ | ᠰᠤᠷᠭᠠᠨ ᠬᠥᠮᠦᠵᠢᠯ ᠤᠨ ᠲᠢᠩᠬᠢᠮ ᠠᠴᠠ ᠬᠠᠩᠭᠠᠵᠤ᠂ ᠰᠤᠷᠭᠠᠭᠤᠯᠢ ᠳᠠᠷᠤᠮᠠᠯᠯᠠᠨ᠂ ᠬᠡᠯᠡᠯᠴᠡᠭᠡᠷ ᠢ ᠠᠳᠠᠯᠢᠬᠠᠨ | ᠲᠦᠷᠪᠡᠨ ᠬᠤᠪᠢ ᠦᠢᠯᠡᠳᠴᠦ᠂ ᠰᠢᠯᠭᠠᠭᠤᠯᠤᠭᠴᠢ᠂ ᠬᠤᠰᠢᠭᠤ ᠰᠢᠶᠠᠨ ︵ᠬᠤᠳᠠ᠂ ᠲᠣᠭᠤᠷᠢᠭ︶ ᠪᠠ | ᠰᠤᠷᠭᠠᠭᠤᠯᠢ ᠲᠤᠰ ᠪᠦᠷᠢ ᠨᠢᠭᠡ ᠬᠤᠪᠢ ᠶᠢ ᠠᠪᠴᠤ᠂ ᠡᠴᠦᠰ ᠤᠨ ᠨᠢᠭᠡ ᠬᠤᠪᠢ ᠶᠢ ᠰᠤᠷᠤᠭᠴᠢ ᠶᠢᠨ ᠳᠠᠩᠰᠠ | ᠡᠪᠬᠡᠮᠡᠯ ᠳᠤ ᠣᠷᠣᠭᠤᠯᠤᠨ᠎ᠠ᠃ ᠰᠤᠷᠭᠠᠭᠤᠯᠢ ᠶᠢᠨ ᠠᠯᠪᠠᠨ ᠲᠠᠮᠠᠭ᠎ᠠ ᠪᠠ ᠰᠤᠷᠭᠠᠭᠤᠯᠢ ᠶᠢᠨ ᠵᠠᠬᠢᠷᠤᠯ ᠤᠨ ᠭᠠᠷ ᠤᠨ | ᠤᠢᠰᠦᠭ ᠲᠠᠮᠠᠭ᠎ᠠ ᠶᠢ ᠳᠠᠷᠤᠵᠤ ᠪᠡᠯᠡᠳᠬᠡᠭᠰᠡᠨ ᠤ ᠳᠠᠷᠠᠭ᠎ᠠ᠂ EMS ᠤᠨ ᠲᠦᠷᠭᠡᠨ ᠳᠠᠮᠵᠢᠭᠤᠯᠭ᠎ᠠ ᠶᠢᠨ | ᠰᠢᠦᠳᠠᠨ ᠢᠶᠠᠷ ᠡᠯ᠎ᠡ ᠬᠤᠰᠢᠭᠤ ᠰᠢᠶᠠᠨ ︵ᠬᠤᠳᠠ᠂ ᠲᠣᠭᠤᠷᠢᠭ︶ ᠤ ᠰᠤᠷᠭᠠᠨ ᠬᠥᠮᠦᠵᠢᠯ ᠤᠨ ᠲᠣᠪᠴᠢᠶ᠎ᠠ ᠳᠤ | ᠭᠤᠪᠢᠭᠤᠯᠤᠨ᠂ ᠣᠢᠢᠷ᠎ᠠ ᠬᠤᠰᠢᠭᠤ ᠰᠢᠶᠠᠨ ︵ᠬᠤᠳᠠ᠂ ᠲᠣᠭᠤᠷᠢᠭ︶ ᠨᠢᠭᠡᠨᠲᠡ ᠬᠤᠷᠢᠶᠠᠨ ᠠᠪᠤᠭᠰᠠᠨ ᠪᠠᠶᠢᠨ᠎ᠠ᠃ | ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠰᠢᠭᠤ ᠰᠢᠶᠠᠨ ︵ᠬᠤᠳᠠ᠂ ᠲᠣᠭᠤᠷᠢᠭ︶ ᠤ | ᠰᠤᠷᠭᠠᠨ ᠬᠥᠮᠦᠵᠢᠯ ᠤᠨ ᠲᠣᠪᠴᠢᠶ᠎ᠠ ᠰᠤᠷᠤᠭᠴᠢᠳ ᠢ ᠵᠣᠬᠢᠶᠠᠨ ᠪᠠᠶᠢᠭᠤᠯᠵᠤ ᠭᠤᠷᠪᠠᠨ ᠲᠠᠯ᠎ᠠ ᠶᠢᠨ ᠬᠡᠯᠡᠯᠴᠡᠭᠡᠷ | ᠲᠣᠭᠲᠠᠨ᠂ ᠭᠠᠷ ᠤᠨ ᠦᠰᠦᠭ ᠵᠢᠷᠤᠵᠤ᠂ ᠲᠤᠭᠲᠠᠭᠰᠠᠨ ᠬᠡᠯᠡᠯᠴᠡᠭᠡᠷ ᠤᠨ ᠲᠦᠷᠪᠡᠨ ᠬᠤᠪᠢ ᠶᠢᠨ 2 ᠬᠤᠪᠢ ᠶᠢ | ᠨᠢ ᠰᠢᠦᠳᠠᠨ ᠢᠶᠠᠷ ᠰᠤᠷᠭᠠᠭᠤᠯᠢ ᠳᠤ ᠭᠤᠪᠢᠭᠤᠯᠤᠨ᠎ᠠ᠃ | ᠬᠠᠮᠢᠶ᠎ᠠ ᠪᠦᠬᠦᠢ ᠠᠵᠢᠯ ᠤᠳᠤ ᠶᠠᠭ ᠡᠮᠬᠢ ᠳᠠᠷᠠᠭ᠎ᠠ ᠲᠠᠢ ᠶᠠᠪᠤᠭᠳᠠᠵᠤ ᠪᠠᠶᠢᠨ᠎ᠠ᠂ ᠰᠦᠢᠳᠬᠡᠯ ᠣᠢᠯᠤ | ᠬᠤᠷᠢᠶᠠᠬᠤ ᠪᠠᠭᠰᠢ ᠶᠢᠨ ᠬᠢᠷᠢ ᠬᠡᠮ ᠢᠶᠠᠨ ᠬᠠᠶᠠᠭᠰᠠᠨ ᠰᠢᠯᠭᠠᠭᠤᠯᠤᠭᠴᠢ ᠪᠠᠶᠢᠬᠤ ᠡᠰᠡᠬᠦ ᠶᠢ ᠣᠳᠣᠬᠠᠨ ᠳᠤ ᠪᠠᠰᠠ | ᠬᠠᠷᠢᠭᠤ ᠲᠤᠰᠬᠠᠯ ᠣᠯᠤᠭᠠᠳᠤᠶ ᠪᠠᠢᠭᠰᠠᠭᠠᠷ ᠪᠠᠶᠢᠨ᠎ᠠ᠃ | ᠠᠰᠠᠭᠤᠯᠲᠠ᠄ ᠡᠷᠬᠢᠮ ᠰᠤᠷᠭᠠᠭᠤᠯᠢ ᠶᠢᠨ ᠠᠩᠬ᠎ᠠ ᠰᠣᠷᠣᠭᠴᠢ ᠡᠯᠰᠡᠬᠦ ᠲᠥᠯᠥᠪᠯᠡᠭᠡ ᠶᠢᠨ ᠬᠦᠰᠦᠨᠦᠭᠲᠦ | ᠠᠴᠠ ᠠᠪᠴᠤ ᠦᠵᠡᠪᠡᠯ᠂ 386 ᠨᠡᠷ᠎ᠡ ᠡᠯᠰᠡᠬᠦ ᠰᠤᠷᠤᠭᠴᠢ ᠶᠢᠨ ᠳᠣᠲᠣᠷ᠎ᠠ᠂ 180 ᠶᠢᠨ ᠬᠠᠨᠳᠤᠯᠭ᠎ᠠ ᠲᠠᠢ | ᠦᠢᠯᠡᠴᠢᠯᠡᠭᠡᠨ ᠤ ᠲᠣᠭᠤᠷᠢᠭ ᠨᠢ ᠳᠠᠯᠠᠳ ᠬᠤᠰᠢᠭᠤ ᠪᠠᠶᠢᠵᠤ᠂ ᠬᠠᠮᠤᠭ ᠤᠯᠠᠨ ᠪᠠᠶᠢᠨ᠎ᠠ᠂ ᠶᠠᠭᠤᠨ ᠤ ᠤᠴᠢᠷ ᠠᠴᠠ | ᠪᠣᠢ︖ ᠡᠭᠦᠨ ᠠᠴᠠ ᠭᠠᠳᠠᠨ᠎ᠠ᠂ ᠰᠣᠷᠣᠭᠴᠢ ᠡᠯᠰᠡᠬᠦ ᠲᠥᠯᠥᠪᠯᠡᠭᠡ ᠶᠢᠨ ᠬᠦᠰᠦᠨᠦᠭ ᠲᠤ ᠢᠯᠡᠷᠡᠭᠰᠡᠨ ᠢᠶᠠᠷ᠂ | ᠮᠣᠩᠭᠤᠯ ᠢᠶᠠᠷ ᠬᠢᠴᠢᠶᠡᠯᠯᠡᠬᠦ ᠰᠢᠯᠭᠠᠭᠤᠯᠤᠭᠴᠢ ᠠᠴᠠ ᠵᠥᠪᠬᠡᠨ 10 ᠬᠥᠮᠦᠨ ᠡᠯᠰᠡᠬᠦ ᠨᠢ᠂ ᠰᠤᠷᠭᠠᠭᠤᠯᠢ ᠳᠤ | ᠤᠷᠤᠭᠰᠠᠨ ᠤ ᠳᠠᠷᠠᠭ᠎ᠠ ᠪᠡᠶ᠎ᠡ ᠪᠠᠨ ᠳᠠᠭᠠᠭᠠᠭᠰᠠᠨ ᠠᠩᠭᠢ ᠪᠣᠯᠬᠤ ᠶᠤᠮ ᠦᠦ ᠡᠰᠡᠪᠡᠯ ᠪᠣᠰᠣᠳ ᠠᠩᠭᠢ ᠲᠠᠢ | ᠨᠡᠶᠢᠯᠡᠵᠦ ᠬᠢᠴᠢᠶᠡᠯᠯᠡᠨ᠎ᠡ ᠦᠦ︖ | ᠬᠠᠷᠢᠭᠤᠯᠲᠠ᠄ ᠰᠣᠷᠣᠭᠴᠢ ᠡᠯᠰᠡᠬᠦ ᠲᠥᠯᠥᠪᠯᠡᠭᠡ ᠪᠣᠯ ᠡᠯ᠎ᠡ ᠬᠤᠰᠢᠭᠤ ᠰᠢᠶᠠᠨ ᠬᠥᠮᠦᠨ ᠬᠡᠷᠡᠭᠯᠡᠬᠦ | ᠬᠡᠷᠡᠭᠴᠡᠭᠡ ᠱᠠᠭᠠᠷᠳᠠᠯᠭ᠎ᠠ ᠶᠢ ᠳᠤᠷᠠᠳᠴᠤ᠂ ᠠᠶᠢᠮᠠᠭ ᠬᠤᠳᠠ ᠬᠢᠨᠠᠨ ᠬᠠᠷᠭᠤᠭᠤᠯᠵᠤ᠂ ᠥᠪᠡᠷᠲᠡᠭᠡᠨ ᠵᠠᠰᠠᠬᠤ ᠣᠷᠣᠨ | ᠤ ᠰᠤᠷᠭᠠᠨ ᠬᠥᠮᠦᠵᠢᠯ ᠤᠨ ᠲᠢᠩᠬᠢᠮ ᠬᠤᠷᠢᠶᠠᠩᠭᠤᠶᠢᠯᠠᠨ ᠪᠤᠢ ᠪᠣᠯᠳᠠᠭ᠃ | ᠮᠣᠩᠭᠤᠯ ᠢᠶᠠᠷ ᠬᠢᠴᠢᠶᠡᠯᠯᠡᠬᠦ ᠶᠤᠮ ᠦᠦ ᠡᠰᠡᠬᠦᠯ᠎ᠡ ᠬᠢᠲᠠᠳ ᠢᠶᠠᠷ ᠬᠢᠴᠢᠶᠡᠯᠯᠡᠬᠦ ᠴᠤ ᠭᠡᠰᠡᠨ᠂ ᠰᠤᠷᠤᠭᠴᠢ | ᠡᠯᠰᠡᠬᠦ ᠲᠥᠯᠥᠪᠯᠡᠭᠡ ᠶᠢᠨ ᠨᠡᠯᠢᠶᠡᠳ ᠠᠷᠪᠢᠨ ᠲᠤᠰᠬᠠᠶ ᠮᠡᠷᠭᠡᠵᠢᠯ ᠨᠢ ᠪᠡᠶ᠎ᠡ ᠪᠠᠨ ᠳᠠᠭᠠᠭᠠᠭᠰᠠᠨ ᠠᠩᠭᠢ | ᠪᠠᠶᠢᠭᠤᠯᠤᠨ᠎ᠠ᠂ ᠲᠤᠬᠠᠶᠢᠯᠠᠪᠠᠯ ᠬᠢᠲᠠᠳ ᠬᠡᠯᠡ ᠤᠳᠬ᠎ᠠ ᠵᠣᠬᠢᠶᠠᠯ᠂ ᠲᠣᠭᠠᠨ ᠤ ᠤᠬᠠᠭᠠᠨ ᠪᠠ ᠬᠡᠷᠡᠭᠯᠡᠭᠡᠨ ᠤ | ᠲᠣᠭᠠᠨ ᠤ ᠤᠬᠠᠭᠠᠨ ᠵᠡᠷᠭᠡ᠃ ᠲᠥᠯᠥᠪᠯᠡᠭᠡ ᠪᠠᠷ ᠴᠥᠭᠡᠨ ᠲᠤᠰᠬᠠᠶ ᠮᠡᠷᠭᠡᠵᠢᠯ ᠨᠢ ᠰᠦᠢᠳᠬᠡᠯ ᠬᠤᠷᠢᠶᠠᠬᠤ | ᠪᠠᠭᠰᠢ ᠶᠢᠨ ᠲᠤᠰᠬᠠᠶ ᠮᠡᠷᠭᠡᠵᠢᠯ ᠤᠨ ᠠᠩᠬᠢ ᠲᠠᠢ ᠬᠠᠮᠲᠤ ᠬᠢᠴᠢᠶᠡᠯᠯᠡᠬᠦ ᠪᠠᠷ ᠱᠠᠭᠠᠷᠳᠠᠭᠳᠠᠨ᠎ᠠ᠃ | ᠠᠰᠠᠭᠤᠯᠲᠠ᠄ ᠡᠨᠡ ᠵᠢᠯ ᠪᠣᠯ ᠮᠠᠨ ᠤ ᠣᠷᠣᠨ ᠤ ᠰᠦᠢᠳᠬᠡᠯ ᠥᠯᠥ ᠬᠤᠷᠢᠶᠠᠬᠤ ᠬᠠᠨᠳᠤᠯᠭᠠᠲᠤ ᠪᠠᠭᠰᠢ ᠶᠢᠨ | ᠮᠡᠷᠭᠡᠵᠢᠯ ᠰᠤᠷᠬᠤ ᠰᠤᠷᠤᠭᠴᠢᠳ ᠢ ᠠᠩᠬ᠎ᠠ ᠤᠳᠠᠭ᠎ᠠ ᠡᠯᠰᠡᠵᠦ ᠪᠠᠶᠢᠨ᠎ᠠ᠃ ᠰᠣᠷᠣᠭᠴᠢ ᠡᠯᠰᠡᠬᠦ ᠶᠠᠪᠤᠴᠠ ᠳᠤ ᠡᠳᠦᠶ | ᠲᠡᠳᠦᠶ ᠲᠤᠷᠰᠢᠯᠭ᠎ᠠ ᠶᠢ ᠳ᠋ᠦᠩᠨᠡᠵᠦ ᠭᠠᠷᠭᠠᠭᠰᠠᠨ ᠦᠦ︖ ᠳᠠᠷᠠᠭ᠎ᠠ ᠵᠢᠯ ᠤᠨ ᠬᠠᠮᠢᠶ᠎ᠠ ᠪᠥᠬᠦᠶ ᠰᠣᠷᠣᠭᠴᠢ ᠡᠯᠰᠡᠬᠦ | ᠠᠵᠢᠯ ᠳᠤ ᠶᠠᠮᠠᠷ ᠶᠠᠮᠠᠷ ᠰᠡᠩᠬᠡᠷᠡᠭᠦᠯᠦᠯ ᠪᠠᠶᠢᠬᠤ ᠪᠣᠢ︖ | ᠬᠠᠷᠢᠭᠤᠯᠲᠠ᠄ ᠡᠨᠡ ᠵᠢᠯ ᠤᠨ ᠰᠤᠷᠤᠭᠴᠢ ᠡᠯᠰᠡᠬᠦ ᠲᠥᠯᠥᠪᠯᠡᠭᠡ ᠶᠢ ᠲᠣᠭᠲᠠᠭᠠᠬᠤ ᠳᠤ ︽ᠨᠠᠢᠮᠠᠯᠵᠢ ᠶᠢ | ᠠᠩᠬ᠎ᠠ ᠢᠳᠡᠬᠦ︾ ᠪᠥᠭᠡᠳ ︽ᠨᠢᠭᠡ ᠡᠮᠬᠦ ᠳᠤ ᠳᠠᠷᠤᠶ ᠴᠠᠳᠬᠤ︾ ᠪᠠᠶᠢᠳᠠᠯ ᠲᠠᠢ ᠪᠠᠶᠢᠨ᠎ᠠ᠃ ᠳᠠᠷᠠᠭᠠᠴᠢ ᠶᠢᠨ | ᠠᠯᠬᠤᠮ ᠳᠤ ᠰᠦᠢᠳᠬᠡᠯ ᠣᠢᠯᠤ ᠬᠤᠷᠢᠶᠠᠬᠤ ᠪᠠᠭᠰᠢ ᠶᠢᠨ ᠮᠡᠷᠭᠡᠵᠢᠯ ᠰᠤᠷᠬᠤ ᠰᠤᠷᠤᠭᠴᠢ ᠶᠢᠨ ᠤᠷᠲᠤᠪᠲᠤᠷ ᠪᠠ | ᠤᠷᠲᠤ ᠬᠤᠭᠤᠴᠠᠭᠠᠨ ᠤ ᠲᠥᠯᠥᠪᠵᠢᠭᠦᠯᠭᠡ ᠲᠣᠭᠲᠠᠭᠠᠬᠤ ᠶᠢ ᠪᠣᠳᠣᠯᠬᠢᠯᠠᠵᠤ᠂ ᠲᠤᠬᠠᠶ ᠶᠢᠨ ᠭᠠᠵᠠᠷ ᠣᠷᠣᠨ ᠤ | ᠰᠤᠷᠭᠠᠨ ᠬᠥᠮᠦᠵᠢᠯ ᠤᠨ ᠪᠣᠳᠠᠲᠠᠶ ᠪᠠᠶᠢᠳᠠᠯ ᠪᠣᠯᠤᠨ ᠬᠥᠭᠵᠢᠯᠲᠡ ᠶᠢᠨ ᠲᠥᠯᠥᠪᠵᠢᠭᠦᠯᠭᠡ ᠯᠦᠭᠡ ᠤᠶᠠᠯᠳᠤᠭᠤᠯᠤᠨ᠂ | ᠰᠤᠷᠤᠭᠴᠢ ᠡᠯᠰᠡᠬᠦ ᠲᠥᠯᠥᠪᠯᠡᠭᠡ ᠶᠢ ᠰᠣᠬᠤᠷ ᠪᠠᠯᠠᠶ ᠪᠠᠷ ᠲᠣᠭᠲᠠᠭᠠᠬᠤ ᠠᠴᠠ ᠵᠠᠶᠢᠯᠠᠰᠬᠢᠨ᠎ᠠ᠃ | ᠡᠭᠦᠨ ᠠᠴᠠ ᠭᠠᠳᠠᠨ᠎ᠠ᠂ ᠰᠤᠷᠤᠭᠴᠢ ᠶᠢᠨ ᠢᠷᠡᠯᠲᠡ ᠳᠤ ᠤᠯᠠᠮ ᠨᠢᠭᠡ ᠠᠯᠬᠤᠮ ᠨᠤᠲᠠᠯᠠᠯᠲᠠ ᠬᠢᠵᠦ᠂ | ᠠᠨᠠᠭᠠᠬᠤ ᠤᠬᠠᠭᠠᠨ ᠤ ᠰᠦᠢᠳᠬᠡᠯ ᠥᠯᠥ ᠬᠤᠷᠢᠶᠠᠬᠤ ᠬᠠᠨᠳᠤᠯᠭᠠᠲᠤ ᠲᠥᠯᠥᠪᠯᠡᠭᠡ ᠶᠢ ᠳᠠᠭᠤᠷᠢᠶᠠᠨ᠎ᠠ᠃ | ᠡᠳᠦᠭᠡ᠂ ᠭᠤᠷᠪᠠᠨ ᠲᠠᠯ᠎ᠠ ᠶᠢᠨ ᠬᠡᠯᠡᠯᠴᠡᠭᠡᠷ ᠲᠤ ᠭᠠᠷ ᠤᠨ ᠥᠰᠥᠭ ᠵᠢᠷᠤᠬᠤ ᠠᠵᠢᠯ ᠶᠠᠭ ᠶᠠᠪᠤᠭᠳᠠᠵᠤ᠂ | ᠰᠤᠷᠤᠭᠴᠢ ᠰᠤᠷᠭᠠᠭᠤᠯᠢ ᠳᠤ ᠤᠷᠤᠭᠰᠠᠨ ᠤ ᠳᠠᠷᠠᠭ᠎ᠠ᠂ ᠮᠠᠰᠢ ᠤᠯᠠᠨ ᠠᠵᠢᠯ ᠤᠨ ᠲᠤᠷᠰᠢᠯᠭ᠎ᠠ ᠶᠢ | ᠰᠢᠰᠲ᠋ᠧᠮ ᠲᠠᠢ ᠪᠠᠷ ᠳ᠋ᠦᠩᠨᠡᠬᠦ ᠪᠣᠯᠣᠨ᠎ᠠ᠃ | ᠠᠰᠠᠭᠤᠯᠲᠠ᠄ ᠰᠦᠢᠳᠬᠡᠯ ᠥᠯᠥ ᠬᠤᠷᠢᠶᠠᠬᠤ ᠬᠠᠨᠳᠤᠯᠭᠠᠲᠤ ᠪᠠᠭᠰᠢ ᠶᠢᠨ ᠮᠡᠷᠭᠡᠵᠢᠯ ᠰᠤᠷᠬᠤ | ᠰᠤᠷᠤᠭᠴᠢᠳ ᠤᠨ ᠰᠤᠷᠭᠠᠭᠤᠯᠢ ᠳᠤ ᠤᠷᠤᠭᠰᠠᠨ ᠤ ᠳᠠᠷᠠᠭᠠᠬᠢ ᠬᠠᠮᠢᠶᠠᠷᠤᠯᠲᠠ ᠳᠤ᠂ ᠡᠷᠬᠢᠮ ᠰᠤᠷᠭᠠᠭᠤᠯᠢ ᠬᠠᠮᠢᠶ᠎ᠠ | ᠪᠦᠬᠦᠢ ᠳᠦᠷᠢᠮ ᠲᠣᠭᠲᠠᠭᠠᠯ ᠂ ᠪᠢᠴᠢᠭ ᠮᠠᠲ᠋ᠧᠷᠢᠶᠠᠯ ᠵᠡᠷᠭᠡ ᠶᠢ ᠪᠦᠷᠢᠯᠳᠦᠭᠦᠯᠦᠭᠰᠡᠨ ᠦᠦ︖ | ᠬᠠᠷᠢᠭᠤᠯᠲᠠ᠄ ᠰᠤᠷᠭᠠᠭᠤᠯᠢ ᠠᠴᠠ ᠰᠦᠢᠳᠬᠡᠯ ᠥᠯᠥ ᠬᠤᠷᠢᠶᠠᠬᠤ ᠬᠠᠨᠳᠤᠯᠭ᠎ᠠ ᠲᠠᠢ ᠪᠠᠭᠰᠢ ᠶᠢᠨ ᠮᠡᠷᠭᠡᠵᠢᠯ | ᠰᠤᠷᠬᠤ ᠰᠤᠷᠤᠭᠴᠢᠳ ᠢ ᠬᠥᠮᠦᠵᠢᠭᠦᠯᠬᠦ ᠡᠭᠦᠷᠭᠡ ᠶᠢ ᠬᠦᠯᠢᠶᠡᠭᠰᠡᠨ ᠤ ᠲᠠᠷᠠᠭ᠎ᠠ᠂ ᠬᠠᠮᠢᠶ᠎ᠠ ᠪᠦᠭᠦᠢ ᠢᠵᠢ ᠲᠥᠬᠦᠷ | ᠲᠦᠷᠦ ᠶᠢᠨ ᠪᠤᠳᠤᠯᠭ᠎ᠠ ᠶᠢ ᠢᠳᠡᠪᠬᠢᠲᠡᠶ ᠰᠤᠳᠤᠯᠵᠤ᠂ ᠪᠣᠳᠠᠲᠠᠶ ᠪᠢᠴᠢᠭ ᠮᠠᠲ᠋ᠧᠷᠢᠶᠠᠯ ᠢ ᠠᠯᠪᠠᠨ ᠶᠣᠰᠣᠭᠠᠷ | ᠨᠡᠶᠢᠲᠡᠯᠡᠭᠰᠡᠨ ᠤ ᠳᠠᠷᠠᠭ᠎ᠠ ᠰᠠᠶ᠋ᠢ ᠨᠡᠶᠢᠲᠡᠯᠡᠬᠦ ᠪᠣᠯᠤᠨ᠎ᠠ᠃ |