ᠥᠪᠥᠷ ᠮᠣᠩᠭᠤᠯ ᠤᠨ 4 ᠠᠵᠤ ᠠᠬᠤᠶᠢᠯᠠᠯ ᠳᠤᠮᠳᠠᠳᠤ ᠤᠯᠤᠰ ᠤᠨ ᠠᠵᠤ ᠠᠬᠤᠶᠢᠯᠠᠯ ᠤᠨ 500 ᠬᠦᠴᠦᠷᠬᠡᠭ ᠤᠨ ᠨᠡᠷᠡᠰ ᠲᠤ ᠲᠣᠳᠣᠷᠠᠪᠠ
ᠨᠡᠶᠢᠲᠡᠯᠡᠭᠰᠡᠨ ᠴᠠᠭ᠄
2017/9/13
      9 ᠳ᠋ᠦ᠋ᠭᠡᠷ ᠰᠠᠷ᠎ᠠ ᠶᠢᠨ 10᠎ ᠤ ᠡᠳᠦᠷ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠬᠤᠯᠪᠣᠭᠠᠲᠤ ᠬᠤᠷᠠᠯ᠂ ᠳᠤᠮᠳᠠᠳᠤ ᠤᠯᠤᠰ ᠤᠨ ᠠᠵᠤ ᠠᠬᠤᠶᠢᠯᠠᠯᠲᠠᠳ ᠤᠨ ᠨᠡᠶᠢᠭᠡᠮᠯᠢᠭ ᠬᠠᠮᠲᠤᠷᠠᠨ ︽ᠳᠤᠮᠳᠠᠳᠤ ᠤᠯᠤᠰ ᠤᠨ ᠠᠵᠤ ᠠᠬᠤᠶᠢᠯᠠᠯ ᠤᠨ 2017 ᠣᠨ ᠤ 500 ᠬᠦᠴᠦᠷᠬᠡᠭ︾ ᠨᠡᠷᠡᠰ ᠤᠨ ᠵᠢᠭᠰᠠᠭᠠᠯᠲᠠ ᠶᠢ ᠨᠡᠶᠢᠲᠡᠯᠡᠪᠡ᠃ ᠡᠭᠦᠨ ᠳᠤ᠄ ᠮᠠᠨ ᠤ ᠣᠷᠣᠨ ᠤ 4 ᠠᠵᠤ ᠠᠬᠤᠶᠢᠯᠠᠯ ᠨᠡᠷᠡᠰ ᠤᠨ ᠵᠢᠭᠰᠠᠭᠠᠯᠲᠠ ᠳᠤ ᠲᠣᠳᠣᠷᠠᠪᠠ᠃ ᠡᠨᠡᠬᠦ 4 ᠠᠵᠤ ᠠᠬᠤᠶᠢᠯᠠᠯ ᠤᠨ ᠳᠣᠲᠣᠷ᠎ᠠ᠂ ᠥᠪᠥᠷ ᠮᠣᠩᠭᠤᠯ ᠤᠨ ᠢᠯᠢ ᠪᠦᠯᠦᠭᠯᠡᠯ ᠤᠨ ᠬᠢᠵᠠᠭᠠᠷᠲᠤ ᠺᠣᠮᠫᠠᠨᠢ 246 ᠳ᠋ᠤᠭᠠᠷ ᠲᠤ ᠵᠢᠭᠰᠠᠭᠠᠭᠳᠠᠵᠤ᠂ ᠡᠵᠡᠩᠨᠡᠯᠲᠡ ᠶᠢᠨ ᠣᠷᠣᠯᠭ᠎ᠠ ᠨᠢ 606.09 ᠳ᠋ᠥᠩᠰᠢᠭᠤᠷ ᠲᠥᠭᠦᠷᠢᠭ ᠲᠤ ᠬᠦᠷᠪᠡ︔ ᠥᠪᠥᠷ ᠮᠣᠩᠭᠤᠯ ᠤᠨ ᠴᠠᠬᠢᠯᠭᠠᠨ ᠬᠦᠴᠦᠨ ᠤ ︵ᠪᠦᠯᠦᠭᠯᠡᠯ︶ ᠬᠢᠵᠠᠭᠠᠷᠲᠤ ᠬᠠᠷᠢᠭᠤᠴᠠᠯᠭᠠᠲᠤ ᠺᠣᠮᠫᠠᠨᠢ 252 ᠳ᠋ᠤᠭᠠᠷ ᠲᠤ ᠵᠢᠭᠰᠠᠭᠠᠭᠳᠠᠵᠤ᠂ ᠡᠵᠡᠩᠨᠡᠯᠲᠡ ᠶᠢᠨ ᠣᠷᠣᠯᠭ᠎ᠠ ᠨᠢ 598.44 ᠳ᠋ᠥᠩᠰᠢᠭᠤᠷ ᠲᠥᠭᠦᠷᠢᠭ ᠲᠤ ᠬᠦᠷᠪᠡ︔ ᠥᠪᠥᠷ ᠮᠣᠩᠭᠤᠯ ᠤᠨ ᠢ ᠲᠠᠢ ᠪᠦᠯᠦᠭᠯᠡᠯ ᠤᠨ ᠬᠢᠵᠠᠭᠠᠷᠲᠤ ᠺᠣᠮᠫᠠᠨᠢ 348 ᠳ᠋ᠤᠭᠠᠷ ᠲᠤ ᠵᠢᠭᠰᠠᠭᠠᠭᠳᠠᠵᠤ᠂ ᠡᠵᠡᠩᠨᠡᠯᠲᠡ ᠶᠢᠨ ᠣᠷᠣᠯᠭ᠎ᠠ ᠨᠢ 411.53 ᠳ᠋ᠥᠩᠰᠢᠭᠤᠷ ᠲᠥᠭᠦᠷᠢᠭ ᠲᠤ ᠬᠦᠷᠪᠡ︔ ᠪᠤᠭᠤᠲᠤ ᠶᠢᠨ ᠪᠣᠯᠣᠳ ᠲᠡᠮᠦᠷ ᠤᠨ ︵ᠪᠦᠯᠦᠭᠯᠡᠯ︶ ᠬᠢᠵᠠᠭᠠᠷᠲᠤ ᠬᠠᠷᠢᠭᠤᠴᠠᠯᠭᠠᠲᠤ ᠺᠣᠮᠫᠠᠨᠢ 371 ᠳ᠋ᠤᠭᠠᠷ ᠲᠤ ᠵᠢᠭᠰᠠᠭᠠᠭᠳᠠᠵᠤ᠂ ᠡᠵᠡᠩᠨᠡᠯᠲᠡ ᠶᠢᠨ ᠣᠷᠣᠯᠭ᠎ᠠ ᠨᠢ 381.07 ᠳ᠋ᠥᠩᠰᠢᠭᠤᠷ ᠲᠥᠭᠦᠷᠢᠭ ᠲᠤ ᠬᠦᠷᠪᠡ᠃      ᠣᠶᠢᠯᠠᠭᠠᠭᠰᠠᠨ ᠢᠶᠠᠷ᠂ ᠡᠨᠡ ᠵᠢᠯ ᠤᠨ ᠳᠤᠮᠳᠠᠳᠤ ᠤᠯᠤᠰ ᠤᠨ ᠠᠵᠤ ᠠᠬᠤᠶᠢᠯᠠᠯ ᠤᠨ 500 ᠬᠦᠴᠦᠷᠬᠡᠭ ᠎ ᠤᠨ ᠬᠠᠮᠤᠭ ᠳᠣᠣᠷ᠎ᠠ ᠪᠠᠷᠢᠮᠵᠢᠶ᠎ᠠ ᠨᠢ 283.11 ᠳ᠋ᠥᠩᠰᠢᠭᠤᠷ ᠲᠥᠭᠦᠷᠢᠭ ᠪᠣᠯᠣᠨ᠎ᠠ᠂ ᠪᠡᠭᠡᠵᠢᠩ ᠢ ᠭᠠᠷᠭᠠᠪᠠᠯ᠂ ᠭᠤᠸᠠᠩᠳᠦ᠋ᠩ᠂ ᠵᠢᠶᠠᠩᠰᠦ᠂ ᠱᠠᠨᠳᠦ᠋ᠩ ᠵᠡᠷᠭᠡ ᠭᠠᠵᠠᠷ ᠣᠷᠣᠨ ᠤ ᠠᠵᠤ ᠠᠬᠤᠶᠢᠯᠠᠯ ᠨᠢ ᠬᠠᠮᠤᠭ ᠣᠯᠠᠨ ᠪᠠᠶᠢᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号