ᠥᠪᠥᠷ ᠮᠣᠩᠭᠤᠯ ᠬᠦᠨᠳᠦ ᠣᠨᠴᠠ ᠶᠡᠭᠡ ᠡᠪᠡᠳᠴᠢᠨ ᠡᠮᠭᠡᠭ ᠢ ᠨᠢᠭᠦᠯᠡᠰᠦᠩᠭᠦᠶ ᠡᠮᠴᠢᠯᠡᠭᠡ ᠪᠠᠷ ᠠᠪᠤᠷᠠᠨ ᠲᠤᠰᠠᠯᠠᠬᠤ ᠲᠤᠰᠬᠠᠶ ᠰᠠᠭᠤᠷᠢ ᠮᠥᠩᠭᠦ ᠶᠢ ᠤᠳᠠᠯ ᠦᠭᠡᠢ ᠪᠤᠳᠠᠲᠠᠶᠢᠵᠢᠭᠤᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2017/9/13
     ᠥᠪᠡᠷᠲᠡᠭᠡᠨ ᠵᠠᠰᠠᠬᠤ ᠣᠷᠣᠨ ᠤ ᠨᠢᠭᠦᠯᠡᠰᠦᠩᠭᠦᠶ ᠶᠢᠨ ᠶᠡᠷᠦᠩᠬᠡᠶ ᠡᠪᠯᠡᠯ ᠤᠨ ᠬᠢᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠯᠦᠭᠡ ᠬᠠᠮᠲᠤᠷᠠᠨ ᠥᠷᠨᠢᠭᠦᠯᠦᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠨᠳᠦ ᠣᠨᠴᠠ ᠶᠡᠭᠡ ᠡᠪᠡᠳᠴᠢᠨ ᠡᠮᠭᠡᠭ ᠢ ᠨᠢᠭᠦᠯᠡᠰᠦᠩᠭᠦᠶ ᠡᠮᠴᠢᠯᠡᠭᠡ ᠪᠠᠷ ᠠᠪᠤᠷᠠᠨ ᠲᠤᠰᠠᠯᠠᠬᠤ ᠰᠠᠭᠤᠷᠢ ᠮᠥᠩᠭᠦ︾᠎ ᠶᠢᠨ 2017 ᠣᠨ ᠤ ᠲᠡᠩᠬᠡᠷᠡᠭᠦᠯᠦᠨ ᠲᠤᠰᠠᠯᠠᠬᠤ ᠪᠡᠯᠡ ᠮᠥᠩᠭᠦ 2000 ᠲᠦᠮᠡᠨ ᠲᠥᠭᠦᠷᠢᠭ ᠢ ᠣᠶᠢᠷ᠎ᠠ ᠶᠢᠨ ᠡᠳᠦᠷ ᠲᠤ ᠪᠣᠳᠠᠲᠠᠶᠢᠵᠢᠭᠤᠯᠬᠤ ᠪᠠᠷ ᠪᠠᠶᠢᠨ᠎ᠠ᠃  ᠣᠶᠢᠯᠠᠭᠠᠭᠰᠠᠨ ᠢᠶᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠨᠳᠦ ᠣᠨᠴᠠ ᠶᠡᠭᠡ ᠡᠪᠡᠳᠴᠢᠨ ᠡᠮᠭᠡᠭ ᠢ ᠨᠢᠭᠦᠯᠡᠰᠦᠩᠭᠦᠶ ᠡᠮᠴᠢᠯᠡᠭᠡ ᠪᠠᠷ ᠠᠪᠤᠷᠠᠨ ᠲᠤᠰᠠᠯᠠᠬᠤ ᠲᠤᠰᠬᠠᠶ ᠰᠠᠭᠤᠷᠢ ᠮᠥᠩᠭᠦ︾᠎ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠦᠬᠡ ᠠᠮᠠ ᠶᠢᠨ ᠳᠠᠩᠰᠠ ᠲᠠᠢ ᠬᠤᠳᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠳ᠂ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠢ ᠡᠷᠦᠬᠡ ᠵᠡᠷᠭᠡ ᠣᠷᠣᠯᠭ᠎ᠠ ᠪᠠᠭᠠᠲᠠᠢ ᠶᠠᠳᠠᠭᠤ ᠬᠦᠴᠢᠷᠳᠡᠯᠲᠡᠢ ᠭᠡᠷ ᠪᠦᠯᠢ ᠶᠢᠨ ᠬᠦᠨᠳᠦ ᠣᠨᠴᠠ ᠶᠡᠭᠡ ᠡᠪᠡᠳᠴᠢᠨ ᠲᠠᠢ ᠬᠥᠮᠦᠰ ᠵᠢᠴᠢ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ᠂ ᠠᠷᠠᠳ ᠤᠨ ᠶᠠᠪᠤᠳᠠᠯ᠂ ᠨᠢᠭᠦᠯᠡᠰᠦᠩᠭᠦᠶ ᠶᠢᠨ ᠰᠠᠯᠠᠭ᠎ᠠ ᠮᠥᠴᠢᠷ ᠠᠴᠠ ᠬᠢᠨᠠᠨ ᠲᠣᠭᠲᠠᠭᠠᠭᠰᠠᠨ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠭᠰᠡᠨ ᠪᠤᠰᠤᠳ ᠬᠦᠨᠳᠦ ᠣᠨᠴᠠ ᠶᠡᠭᠡ ᠡᠪᠡᠳᠴᠢᠲᠡᠳ ᠢ ᠠᠪᠤᠷᠠᠨ ᠲᠤᠰᠠᠯᠠᠬᠤ ᠳᠤ ᠬᠡᠷᠡᠭᠯᠡᠨ᠎ᠡ᠃ ᠲᠤᠰ ᠲᠤᠰᠬᠠᠶ ᠰᠠᠭᠤᠷᠢ ᠮᠥᠩᠭᠦ ᠶᠢᠨ ᠠᠪᠤᠷᠠᠨ ᠲᠤᠰᠠᠯᠠᠬᠤ ᠡᠪᠡᠳᠴᠢᠨ ᠳᠤ ᠬᠡᠦᠬᠡᠳ ᠤᠨ ᠴᠢᠰᠤ ᠴᠠᠶᠢᠬᠤ ᠡᠪᠡᠳᠴᠢᠨ᠂ ᠬᠡᠦᠬᠡᠳ ᠤᠨ ᠲᠥᠷᠥᠯᠬᠢ ᠵᠢᠷᠦᠬᠡᠨ ᠤ ᠡᠪᠡᠳᠴᠢᠨ᠂ ᠰᠡᠭᠦᠯᠴᠢ ᠶᠢᠨ ᠬᠤᠭᠤᠴᠠᠭᠠᠨ ᠤ ᠪᠥᠭᠡᠷᠡᠨ ᠡᠪᠡᠳᠴᠢᠨ ︵ᠰᠢᠭᠡᠰᠦᠨ ᠬᠤᠣᠷᠳᠠᠯ︶᠂ ᠬᠦᠬᠦᠨ ᠪᠤᠯᠴᠢᠷᠬᠠᠶ ᠶᠢᠨ ᠥᠮᠡᠨ᠂ ᠰᠠᠪᠠᠨ ᠤ ᠬᠦᠵᠦᠭᠦᠨ ᠤ ᠥᠮᠡᠨ᠂ ᠬᠦᠨᠳᠦ ᠴᠢᠨᠠᠷᠲᠠᠶ ᠮᠡᠳᠡᠷᠡᠯ ᠤᠨ ᠡᠪᠡᠳᠴᠢᠨ᠂ ᠤᠯᠠᠨ ᠵᠦᠢᠯ ᠤᠨ ᠡᠮ ᠳᠤ ᠳᠠᠭᠠᠭᠠᠮᠠᠭᠠᠶ  ᠠᠭᠤᠰᠬᠢᠨ ᠤ ᠰᠦᠷᠢᠶ᠎ᠡ᠂ ᠠᠶᠢᠽ ᠡᠪᠡᠳᠴᠢᠨ ᠤ ᠲᠣᠬᠢᠶᠠᠯᠳᠤᠯ ᠤᠨ ᠴᠢᠨᠠᠷᠲᠠᠶ ᠬᠠᠯᠳᠠᠪᠤᠷᠢᠯᠠᠯ᠂ ᠴᠢᠰᠤ ᠭᠤᠭᠤᠵᠢᠮᠠᠳᠠᠭᠠᠢ ᠡᠪᠡᠳᠴᠢᠨ᠂ ᠠᠷᠬᠠᠭ ᠴᠢᠨᠠᠷᠲᠤ ᠮᠥᠬᠦᠯᠢᠭ ᠡᠰᠲᠦ ᠴᠢᠰᠤ ᠴᠠᠶᠢᠬᠤ ᠡᠪᠡᠳᠴᠢᠨ᠂ ᠤᠷᠤᠭᠤᠯ ᠰᠡᠲᠡᠷᠬᠡᠶ ᠲᠠᠩᠨᠠᠶ ᠬᠠᠭᠠᠷᠬᠠᠶ ᠡᠪᠡᠳᠴᠢᠨ᠂ ᠠᠭᠤᠰᠬᠢᠨ ᠤ ᠥᠮᠡᠨ᠂ ᠬᠤᠲᠣᠷᠢᠩᠬᠠᠶ ᠭᠡᠳᠡᠰᠦᠨ ᠤ ᠥᠮᠡᠨ᠂ ᠬᠤᠰᠬᠢᠨᠠᠭ ᠤᠨ ᠥᠮᠡᠨ᠂ ᠪᠷᠦ᠋ᠼᠧᠯ ᠡᠪᠡᠳᠴᠢᠨ᠂ ᠬᠤᠳᠣᠭᠤᠳᠣ ᠭᠡᠳᠡᠰᠦᠨ ᠤ ᠵᠠᠪᠰᠠᠷ ᠤᠨ ᠡᠳ᠋ ᠤᠨ ᠬᠠᠪᠤᠳᠠᠷ᠂ ᠪᠥᠭᠡᠷᠡᠨ ᠥᠮᠡᠨ᠂ ᠡᠯᠢᠭᠡᠨ ᠤ ᠥᠮᠡᠨ᠂ ᠤᠯᠠᠨ ᠡᠬᠦᠰᠦᠯᠳᠡᠳᠦ ᠬᠠᠳᠠᠭᠤᠷᠠᠬᠤ ᠬᠡᠮ ︵ᠲᠥᠪ ᠮᠡᠳᠡᠷᠡᠯ ᠤᠨ ᠰᠢᠰᠲ᠋ᠧᠮ ᠤᠨ ᠴᠢᠮᠦᠭᠡᠨ ᠤ ᠲᠤᠭᠳᠤᠢ ᠠᠴᠠ ᠮᠤᠯᠲᠤᠷᠠᠬᠤ ᠡᠪᠡᠳᠴᠢᠨ︶᠂ ᠠᠭᠤᠰᠬᠢᠨ ᠤ ᠯᠤᠭᠰᠢᠭᠤᠨ ᠰᠤᠳᠠᠯ ᠤᠨ ᠥᠨᠳᠥᠷ ᠳᠠᠷᠤᠯᠲᠠ ︵ᠠᠭᠤᠰᠬᠢᠨ ᠤ ᠴᠢᠰᠤᠨ ᠰᠤᠳᠠᠯ ᠤᠨ ᠡᠪᠡᠳᠴᠢᠨ︶ ᠵᠢᠴᠢ ᠪᠤᠰᠤᠳ ᠭᠡᠨᠡᠳᠲᠡ ᠶᠢᠨ ᠴᠢᠨᠠᠷᠲᠠᠢ᠂ ᠬᠤᠪᠣᠷ ᠴᠢᠨᠠᠷᠲᠠᠶ ᠬᠦᠨᠳᠦ ᠣᠨᠴᠠ ᠶᠡᠭᠡ ᠡᠪᠡᠳᠴᠢᠨ ᠡᠮᠭᠡᠭ ᠪᠠᠭᠲᠠᠨ᠎ᠠ᠃  ᠲᠠᠨᠢᠯᠴᠠᠭᠤᠯᠤᠭᠰᠠᠨ ᠢᠶᠠᠷ᠂ ᠬᠦᠨᠳᠦ ᠣᠨᠴᠠ ᠶᠡᠭᠡ ᠡᠪᠡᠳᠴᠢᠨ ᠡᠮᠭᠡᠭ ᠢ ᠨᠢᠭᠦᠯᠡᠰᠦᠩᠭᠦᠶ ᠡᠮᠴᠢᠯᠡᠭᠡ ᠪᠠᠷ ᠠᠪᠤᠷᠠᠨ ᠲᠤᠰᠠᠯᠠᠭᠤᠯᠬᠤ ᠪᠠᠷ ᠭᠤᠶᠤᠴᠢᠯᠠᠬᠤ ᠡᠪᠡᠳᠴᠢᠲᠡᠳ ᠡᠮ ᠡᠮᠨᠡᠯᠭᠡ ᠶᠢᠨ ᠪᠠᠶᠢᠭᠤᠯᠤᠮᠵᠢ ᠳᠤ ᠣᠴᠢᠵᠤ ᠡᠮᠨᠡᠭᠦᠯᠦᠭᠰᠡᠨ ᠤ ᠳᠠᠷᠠᠭ᠎ᠠ᠂ ᠬᠤᠰᠢᠭᠤ ᠰᠢᠶᠠᠨ ︵ᠬᠤᠳᠠ᠂ ᠲᠣᠭᠤᠷᠢᠭ︶᠎ ᠤ ᠱᠠᠲᠤᠨ ᠠᠴᠠ ᠳᠡᠭᠡᠭᠰᠢᠬᠢ ᠡᠮ ᠡᠮᠨᠡᠯᠭᠡ ᠶᠢᠨ ᠪᠠᠶᠢᠭᠤᠯᠤᠮᠵᠢ ᠠᠴᠠ ᠬᠢᠵᠦ ᠥᠭᠭᠦᠭᠰᠡᠨ ᠡᠪᠡᠳᠴᠢᠨ ᠣᠨᠣᠰᠢᠯᠠᠭᠰᠠᠨ ᠭᠡᠷᠡᠴᠢ ᠪᠢᠴᠢᠭ᠂ ᠬᠠᠮᠢᠶ᠎ᠠ ᠪᠦᠬᠦᠢ ᠬᠡᠷᠡᠴᠢ ᠲᠠᠮᠳᠡᠭ ︵ᠪᠡᠶ᠎ᠡ ᠶᠢᠨ ᠦᠨᠡᠮᠯᠡᠯ᠂ ᠬᠤᠳᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠬᠦ ᠭᠡᠷᠡᠴᠢ᠂ ᠶᠠᠳᠠᠭᠤ ᠬᠦᠴᠢᠷᠳᠡᠯ ᠲᠠᠢ ᠪᠠᠶᠢᠳᠠᠯ ᠤᠨ ᠭᠡᠷᠡᠴᠢ ᠵᠡᠷᠭᠡ︶᠂ ᠡᠯ᠎ᠡ ᠲᠥᠷᠥᠯ ᠤᠨ ᠡᠮ ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠤᠭᠰᠠᠨ ᠪᠤᠶᠤ ᠡᠮᠴᠢᠯᠡᠭᠡ ᠪᠠᠷ ᠠᠪᠤᠷᠠᠨ ᠲᠤᠰᠠᠯᠠᠬᠤ ᠶᠢ ᠬᠦᠯᠢᠶᠡᠨ ᠠᠪᠤᠭᠰᠠᠨ ᠬᠠᠮᠢᠶ᠎ᠠ ᠪᠦᠬᠦᠢ ᠮᠠᠲ᠋ᠧᠷᠢᠶᠠᠯ ᠢ ᠠᠪᠴᠤ ᠬᠤᠰᠢᠭᠤ ᠰᠢᠶᠠᠨ ︵ᠬᠤᠳᠠ᠂ ᠲᠣᠭᠤᠷᠢᠭ︶᠎ ᠤ ᠠᠷᠠᠳ ᠤᠨ ᠶᠠᠪᠤᠳᠠᠯ ᠤᠨ ᠲᠣᠪᠴᠢᠶ᠎ᠠ ᠪᠤᠶᠤ ᠨᠢᠭᠦᠯᠡᠰᠦᠩᠭᠦᠶ ᠶᠢᠨ ᠦᠢᠯᠡᠰ ᠤᠨ ᠶᠡᠷᠦᠩᠬᠡᠶ ᠡᠪᠯᠡᠯ ᠲᠤ ᠬᠦᠷᠴᠦ ᠭᠤᠶᠤᠴᠢᠯᠠᠵᠤ᠂ ᠲᠤᠬᠠᠶ ᠶᠢᠨ ᠭᠠᠵᠠᠷ ᠤᠨ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠠᠷᠠᠳ ᠤᠨ ᠶᠠᠪᠤᠳᠠᠯ ᠤᠨ ᠲᠣᠪᠴᠢᠶ᠎ᠠ ᠪᠤᠶᠤ ᠨᠢᠭᠦᠯᠡᠰᠦᠩᠭᠦᠶ ᠶᠢᠨ ᠦᠢᠯᠡᠰ ᠤᠨ ᠶᠡᠷᠦᠩᠬᠡᠶ ᠡᠪᠯᠡᠯ ᠠᠴᠠ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠭᠰᠡᠨ ᠡᠪᠡᠳᠴᠢᠲᠡᠨ ᠢ ᠠᠪᠤᠷᠠᠨ ᠲᠤᠰᠠᠯᠠᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号