ᠮᠠᠨ ᠤ ᠤᠷᠤᠨ ᠤ 626 ︽ᠳᠤᠯᠤᠭᠠᠨ ᠳᠤᠤᠷ︾᠎ ᠤᠨ ᠳᠦᠷᠦᠯ ᠵᠦᠢᠯ ᠡᠳ᠋ ᠤᠨ ᠵᠠᠰᠠᠬ ᠤᠨ ᠶᠠᠮᠤᠨ ᠤ ᠶᠡᠷᠦᠩᠬᠡᠶᠢᠯᠡᠭᠰᠡᠨ ᠮᠡᠳᠡᠭᠡ ᠵᠠᠩᠬᠢ ᠶᠢᠨ ᠳᠠᠪᠴᠠᠩ ᠤᠨ ᠳᠦᠷᠦᠯ ᠵᠦᠢᠯ ᠤᠨ ᠬᠦᠮᠦᠷᠬᠡ ᠳᠤ ᠤᠷᠤᠪᠠ
ᠨᠡᠶᠢᠲᠡᠯᠡᠭᠰᠡᠨ ᠴᠠᠭ᠄
2017/9/13
      9 ᠳ᠋ᠦ᠋ᠭᠡᠷ ᠰᠠᠷ᠎ᠠ ᠶᠢᠨ 8᠎ ᠤ ᠡᠳᠦᠷ᠂ ᠰᠤᠷᠪᠤᠯᠵᠢᠯᠠᠬᠴᠢ ᠦᠪᠡᠷᠳᠡᠬᠡᠨ ᠵᠠᠰᠠᠬᠤ ᠤᠷᠤᠨ ᠤ ᠡᠳ᠋ ᠤᠨ ᠵᠠᠰᠠᠬ ᠤᠨ ᠳᠢᠩᠬᠢᠮ ᠠᠴᠠ ᠤᠶᠢᠯᠠᠭᠠᠬᠰᠠᠨ ᠢᠶᠠᠷ᠂ ᠤᠳᠤᠬᠠᠨ ᠪᠤᠯᠳᠠᠯ᠎ᠠ ᠮᠠᠨ ᠤ ᠤᠷᠤᠨ ᠤ 626 ︽ᠳᠤᠯᠤᠭᠠᠨ ᠳᠤᠤᠷ︾᠎ ᠤᠨ ᠳᠦᠷᠦᠯ ᠵᠦᠢᠯ ᠡᠳ᠋ ᠤᠨ ᠵᠠᠰᠠᠬ ᠤᠨ ᠶᠠᠮᠤᠨ ᠤ ᠶᠡᠷᠦᠩᠬᠡᠶᠢᠯᠡᠭᠰᠡᠨ ᠮᠡᠳᠡᠭᠡ ᠵᠠᠩᠬᠢ ᠶᠢᠨ ᠳᠠᠪᠴᠠᠩ ᠤᠨ ᠳᠦᠷᠦᠯ ᠵᠦᠢᠯ ᠤᠨ ᠬᠦᠮᠦᠷᠬᠡ ᠳᠤ ᠤᠷᠤᠵᠦ᠂ ᠶᠡᠷᠦᠩᠬᠡᠢ ᠪᠡᠯᠡ ᠤᠷᠤᠭᠤᠯᠤᠯᠳᠠ ᠨᠢ 6235.1 ᠳ᠋ᠦᠩᠰᠢᠭᠤᠷ ᠳᠦᠬᠦᠷᠢᠭ ᠲᠤ ᠬᠦᠷᠪᠡ᠃ ᠳᠡᠬᠦᠨ ᠤ ᠳᠤᠳᠤᠷ᠎ᠠ ᠨᠠᠶᠢᠳᠠᠪᠤᠷᠢᠵᠢᠭᠤᠯᠤᠬᠰᠠᠨ ᠳᠦᠷᠦᠯ ᠵᠦᠢᠯ ᠨᠢ 68 ᠪᠠᠶᠢᠵᠦ᠂ 947.7 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠤᠯᠳᠠ ᠶᠢ ᠳᠠᠶᠢᠴᠢᠯᠠᠵᠠᠢ᠃ ᠦᠪᠡᠷᠳᠡᠬᠡᠨ ᠵᠠᠰᠠᠬᠤ ᠤᠷᠤᠨ ᠤ ᠡᠳ᠋ ᠤᠨ ᠵᠠᠰᠠᠬ ᠤᠨ ᠳᠢᠩᠬᠢᠮ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ︽ᠳᠤᠯᠤᠭᠠᠨ ᠳᠤᠤᠷ︾᠎ ᠢ ᠬᠠᠮᠳᠤᠪᠠᠷ ᠪᠠᠶᠢᠭᠤᠯᠬᠤ ᠶᠢ ᠠᠬᠢᠭᠤᠯᠬᠤ ᠴᠢᠬᠤᠯᠠ ᠶᠡᠭᠡ ᠰᠢᠢᠳᠪᠤᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠳᠤᠤᠱᠯᠠᠭᠤᠯᠤᠨ ᠨᠡᠶᠢᠳᠡᠪᠤᠷᠢᠵᠢᠭᠤᠯᠵᠦ᠂ ᠡᠨᠡ ᠵᠢᠯ ᠳᠡᠮᠤᠷ ᠵᠠᠮ᠂ ᠵᠠᠰᠠᠮᠠᠯ ᠵᠠᠮ᠂ ᠠᠷᠠᠳ ᠤᠨ ᠠᠭᠠᠷ ᠤᠨ ᠠᠶᠠᠯᠠᠯ᠂ ᠤᠰᠤᠨ ᠠᠰᠢᠬᠯᠠᠯᠳᠠ᠂ ᠬᠤᠳᠠ ᠶᠢᠨ ᠶᠠᠪᠤᠳᠠᠯ᠂ ᠡᠨᠧᠷᠬᠢ᠂ ᠮᠡᠳᠡᠭᠡ ᠵᠠᠩᠬᠢ ᠴᠢᠮᠡᠭᠡ ᠬᠤᠯᠪᠤᠭᠠᠨ ᠤ ᠳᠡᠮᠵᠢᠭᠤᠯᠭ᠎ᠠ ᠵᠡᠷᠬᠡ ᠴᠢᠬᠤᠯᠠ ᠶᠡᠭᠡ ᠰᠠᠭᠤᠷᠢ ᠳᠦᠬᠦᠬᠡᠷᠦᠮᠵᠢ ᠶᠢᠨ ᠵᠤᠬᠢᠶᠠᠨ ᠪᠠᠶᠢᠭᠤᠯᠤᠯᠳᠠ ᠶᠢᠨ PPP᠎ ᠤᠨ ᠳᠦᠷᠦᠯ ᠵᠦᠢᠯ ᠤᠨ ᠳᠤᠭᠤᠷᠢᠨ ᠳᠤ᠂ ᠳᠦᠷᠦᠯ ᠵᠦᠢᠯ ᠤᠨ ᠨᠠᠶᠢᠳᠠᠪᠤᠷᠢᠵᠢᠭᠤᠯᠤᠯᠳᠠ ᠶᠢ ᠢᠳᠡᠪᠬᠢᠳᠡᠢ ᠠᠬᠢᠭᠤᠯᠵᠦ᠂ ︽ᠳᠤᠯᠤᠭᠠᠨ ᠳᠤᠤᠷ︾᠎ ᠤᠨ ᠨᠡᠮᠡᠭᠳᠡᠯ ᠢ ᠳᠤᠬᠳᠠᠪᠤᠷᠢᠵᠢᠭᠤᠯᠬᠤ᠂ ᠳᠤᠳᠠᠭᠤᠳᠠᠯ ᠢ ᠨᠦᠬᠦᠪᠦᠷᠢᠯᠡᠬᠦ᠂ ᠠᠷᠠᠳ ᠤᠨ ᠠᠮᠢᠳᠤᠷᠠᠯ ᠢ ᠬᠠᠷᠠᠭᠠᠯᠵᠠᠬᠤ ᠢᠳᠡᠪᠬᠢᠳᠡᠢ ᠦᠢᠯᠡᠳᠦᠯ ᠢ ᠨᠢ ᠦᠨᠡᠨᠬᠦ ᠪᠠᠳᠠᠷᠠᠭᠤᠯᠵᠦ᠂ ᠮᠠᠨ ᠤ ᠤᠷᠤᠨ ᠤ ︽ᠳᠤᠯᠤᠭᠠᠨ ᠳᠤᠤᠷ︾᠎ ᠤᠨ ᠳᠦᠷᠦᠯ ᠵᠦᠢᠯ ᠤᠨ ᠡᠳ᠋ ᠤᠨ ᠵᠠᠰᠠᠬ ᠤᠨ ᠶᠠᠮᠤᠨ ᠤ ᠶᠡᠷᠦᠩᠬᠡᠶᠢᠯᠡᠭᠰᠡᠨ ᠮᠡᠳᠡᠭᠡ ᠵᠠᠩᠬᠢ ᠶᠢᠨ ᠳᠠᠪᠴᠠᠩ ᠤᠨ ᠬᠦᠮᠦᠷᠬᠡ ᠳᠤ ᠤᠷᠤᠬᠤ ᠠᠬᠢᠴᠠ ᠶᠢ ᠳᠦᠷᠬᠡᠳᠬᠡᠵᠡᠢ᠃ ᠳᠡᠬᠦᠨ ᠤ ᠳᠤᠳᠤᠷ᠎ᠠ᠂ ᠵᠠᠰᠠᠮᠠᠯ ᠵᠡᠮ ᠤᠨ ᠳᠤᠤᠷ ᠤᠨ 99 ᠳᠦᠷᠦᠯ ᠵᠦᠢᠯ ᠬᠦᠮᠦᠷᠬᠡ ᠳᠤ ᠤᠷᠤᠵᠦ᠂ 1709.8 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠤᠯᠳᠠ ᠲᠠᠢ ᠬᠤᠯᠪᠤᠬᠳᠠᠵᠠᠢ︔ ᠳᠡᠮᠤᠷ ᠵᠠᠮ ᠤᠨ ᠳᠤᠤᠷ ᠤᠨ 9 ᠳᠦᠷᠦᠯ ᠵᠦᠢᠯ ᠬᠦᠮᠦᠷᠬᠡ ᠳᠤ ᠤᠷᠤᠵᠦ᠂ 226.1 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠤᠯᠳᠠ ᠲᠠᠢ ᠬᠤᠯᠪᠤᠬᠳᠠᠵᠠᠢ︔ ᠠᠷᠠᠳ ᠤᠨ ᠠᠭᠠᠷ ᠤᠨ ᠠᠶᠠᠯᠠᠯ ᠤᠨ ᠳᠤᠤᠷ ᠤᠨ 17 ᠳᠦᠷᠦᠯ ᠵᠦᠢᠯ ᠬᠦᠮᠦᠷᠬᠡ ᠳᠤ ᠤᠷᠤᠵᠦ᠂ 225.8 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠤᠯᠳᠠ ᠲᠠᠢ ᠬᠤᠯᠪᠤᠬᠳᠠᠵᠠᠢ︔ ᠤᠰᠤᠨ ᠠᠰᠢᠬᠯᠠᠯᠳᠠ ᠶᠢᠨ ᠳᠤᠤᠷ ᠤᠨ 30 ᠳᠦᠷᠦᠯ ᠵᠦᠢᠯ ᠬᠦᠮᠦᠷᠬᠡ ᠳᠤ ᠤᠷᠤᠵᠦ᠂210.8 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠤᠯᠳᠠ ᠲᠠᠢ ᠬᠤᠯᠪᠤᠬᠳᠠᠵᠠᠢ︔ ᠬᠤᠳᠠ ᠶᠢᠨ ᠶᠠᠪᠤᠳᠠᠯ ᠤᠨ ᠳᠤᠤᠷ ᠤᠨ 442 ᠳᠦᠷᠦᠯ ᠵᠦᠢᠯ ᠬᠦᠮᠦᠷᠬᠡ ᠳᠤ ᠤᠷᠤᠵᠦ᠂ 3672.4 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠤᠯᠳᠠ ᠲᠠᠢ ᠬᠤᠯᠪᠤᠬᠳᠠᠵᠠᠢ︔ ᠡᠨᠧᠷᠬᠢ ᠶᠢᠨ ᠳᠤᠤᠷ ᠤᠨ 12 ᠳᠦᠷᠦᠯ ᠵᠦᠢᠯ ᠬᠦᠮᠦᠷᠬᠡ ᠳᠤ ᠤᠷᠤᠵᠦ᠂ 83.2 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠤᠯᠳᠠ ᠲᠠᠢ ᠬᠤᠯᠪᠤᠬᠳᠠᠵᠠᠢ︔ ᠮᠡᠳᠡᠭᠡ ᠵᠠᠩᠬᠢ ᠴᠢᠮᠡᠭᠡ ᠬᠤᠯᠪᠤᠭᠠᠨ ᠤ ᠳᠤᠤᠷ ᠤᠨ 17 ᠳᠦᠷᠦᠯ ᠵᠦᠢᠯ ᠬᠦᠮᠦᠷᠬᠡ ᠳᠤ ᠤᠷᠤᠵᠦ᠂ 107 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠤᠯᠳᠠ ᠲᠠᠢ ᠬᠤᠯᠪᠤᠬᠳᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号