| 9 ᠳ᠋ᠦ᠋ᠭᠡᠷ ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ᠂ ᠦᠪᠡᠷᠲᠡᠭᠡᠨ ᠵᠠᠰᠠᠬᠤ ᠤᠷᠤᠨ ᠤ | ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠨᠠᠮ ᠤᠨ ᠤᠳᠤᠷᠢᠳᠬᠤ ᠳᠣᠭᠤᠶᠢᠯᠠᠩ ᠠᠴᠠ ᠭᠤᠣᠯᠯᠠᠨ ᠡᠷᠬᠢᠯᠡᠭᠰᠡᠨ | ᠪᠦᠬᠦ ᠣᠷᠣᠨ ᠤ ︽ᠶᠠᠳᠠᠭᠤ ᠠᠴᠠ ᠠᠩᠭᠢᠵᠢᠷᠠᠭᠤᠯᠬᠤ ᠲᠠᠯ᠎ᠠ ᠨᠤᠲᠤᠭ ᠤᠨ ᠪᠦᠰᠡᠭᠦᠶᠢᠴᠦᠳ ᠤᠨ ᠠᠵᠢᠯᠯᠠᠭ᠎ᠠ︾ ᠶᠢᠨ | ᠠᠬᠤᠢ ᠲᠠᠯᠠᠪᠠᠢ ᠶᠢᠨ ᠠᠬᠢᠭᠤᠯᠤᠯᠲᠠ ᠶᠢᠨ ᠬᠤᠷᠠᠯ ᠤᠯᠠᠭᠠᠨᠴᠠᠪ ᠬᠤᠲᠠ ᠳᠤ ᠬᠤᠷᠠᠯᠳᠤᠪᠠ᠂ ᠬᠤᠷᠠᠯ ᠨᠢ 2 ᠵᠢᠯ ᠤᠨ | ᠲᠤᠷᠰᠢᠬᠢ ᠪᠦᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠲᠠᠯ᠎ᠠ ᠨᠤᠲᠤᠭ ᠤᠨ ᠪᠦᠰᠡᠭᠦᠶᠢᠴᠦᠳ ᠤᠨ ᠠᠵᠢᠯᠯᠠᠭ᠎ᠠ | ᠶᠢᠨ ᠣᠯᠣᠭᠰᠠᠨ ᠠᠮᠵᠢᠯᠲᠠ ᠪᠠᠨ ᠡᠷᠭᠢᠴᠡᠭᠦᠯᠵᠦ᠂ ᠡᠯ᠎ᠡ ᠠᠶᠢᠮᠠᠭ ᠬᠤᠲᠠ ᠶᠠᠳᠠᠭᠤ ᠠᠴᠠ ᠠᠩᠭᠢᠵᠢᠷᠠᠭᠤᠯᠬᠤ | ᠪᠦᠰᠡᠭᠦᠶᠢᠴᠦᠳ ᠤᠨ ᠠᠵᠢᠯᠯᠠᠭ᠎ᠠ ᠶᠢᠨ ᠲᠤᠷᠰᠢᠯᠭ᠎ᠠ ᠪᠠᠨ ᠰᠣᠯᠢᠯᠴᠠᠪᠠ᠃ | ᠣᠶᠢᠯᠠᠭᠠᠭᠰᠠᠨ ᠢᠶᠠᠷ᠂ ᠣᠳᠣᠬᠠᠨ ᠳᠤ ᠥᠪᠡᠷᠲᠡᠭᠡᠨ ᠵᠠᠰᠠᠬᠤ ᠤᠷᠤᠨ ᠳᠤ ᠨᠡᠶᠢᠲᠡ 55.6 ᠲᠦᠮᠡᠨ | ᠶᠠᠳᠠᠭᠤ ᠬᠦᠴᠢᠷᠳᠡᠯᠲᠡᠢ ᠬᠥᠮᠦᠨ ᠠᠮᠠ ᠪᠠᠶᠢᠵᠤ᠂ ᠶᠠᠳᠠᠭᠤ ᠬᠦᠴᠢᠷᠳᠡᠯᠲᠡᠢ ᠪᠦᠰᠡᠭᠦᠶᠢᠴᠦᠳ 25.9 ᠲᠦᠮᠡ | ᠪᠠᠶᠢᠵᠤ᠂ ᠪᠦᠬᠦ ᠶᠠᠳᠠᠭᠤ ᠬᠦᠴᠢᠷᠳᠡᠯᠲᠡᠢ ᠬᠦᠮᠦᠨ ᠠᠮᠠ ᠶᠢᠨ 46.6% ᠶᠢ ᠡᠵᠡᠯᠡᠵᠦ ᠪᠠᠶᠢᠨ᠎ᠠ᠃ ᠪᠦᠰᠡᠭᠦᠶᠢᠴᠦᠳ | ᠪᠣᠯ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠭᠤᠣᠯ ᠴᠣᠭᠴᠠ ᠪᠣᠯᠬᠤ ᠮᠥᠷᠲᠡᠭᠡᠨ ᠪᠠᠰᠠ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠴᠢᠬᠤᠯᠠ ᠬᠦᠴᠦᠨ ᠪᠣᠯᠣᠨ᠎ᠠ᠂ ᠦᠪᠡᠷᠲᠡᠭᠡᠨ ᠵᠠᠰᠠᠬᠤ | ᠤᠷᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ 2016 ᠣᠨ ᠤ ᠡᠬᠢᠨ ᠳᠤ ︽ᠶᠠᠳᠠᠭᠤ ᠠᠴᠠ | ᠠᠩᠭᠢᠵᠢᠷᠠᠭᠤᠯᠬᠤ ᠲᠠᠯ᠎ᠠ ᠨᠤᠲᠤᠭ ᠤᠨ ᠪᠦᠰᠡᠭᠦᠶᠢᠴᠦᠳ ᠤᠨ ᠠᠵᠢᠯᠯᠠᠭ᠎ᠠ︾ ᠶᠢ ᠡᠬᠢᠯᠡᠭᠦᠯᠦᠨ ᠬᠡᠷᠡᠭᠵᠢᠭᠦᠯᠪᠡ᠂ | ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠪᠦᠬᠦ ᠣᠷᠣᠨ ᠤ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭᠠᠲᠤ | ᠬᠤᠷᠠᠯ ᠶᠠᠳᠠᠭᠤ ᠠᠴᠠ ᠠᠩᠭᠢᠵᠢᠷᠠᠭᠤᠯᠬᠤ ᠤᠬᠠᠭᠤᠯᠭ᠎ᠠ ᠶᠢᠨ ᠠᠵᠢᠯᠯᠠᠭ᠎ᠠ 1300 ᠢᠯᠡᠭᠦᠦ ᠤᠳᠠᠭ᠎ᠠ ᠲᠠᠯᠠᠪᠠᠢ | ᠥᠷᠨᠢᠭᠦᠯᠦᠨ᠂ ᠢᠳᠬᠠᠨ ᠵᠣᠷᠢᠭᠵᠢᠭᠤᠯᠬᠤ ᠬᠢᠴᠢᠶᠡᠯ ᠬᠦᠮᠦᠵᠢᠯ 2432 ᠤᠳᠠᠭ᠎ᠠ ᠲᠠᠯᠠᠪᠠᠢ ᠡᠷᠬᠢᠯᠡᠵᠦ᠂ 23 | ᠲᠦᠮᠡ ᠭᠠᠷᠤᠢ ᠪᠦᠰᠡᠭᠦᠶᠢᠴᠦᠳ ᠢ ᠣᠷᠤᠯᠴᠠᠭᠤᠯᠵᠠᠢ︔ ᠲᠠᠷᠢᠶᠠᠯᠠᠩ ᠮᠠᠯ ᠠᠵᠤ ᠠᠬᠤᠢ ᠶᠢᠨ ᠬᠡᠷᠡᠭᠯᠡᠭᠡᠨ ᠤ | ᠮᠡᠷᠭᠡᠵᠢᠯ᠂ ᠭᠡᠷ ᠠᠬᠤᠢ᠂ ᠡᠯᠧᠺᠲᠷᠣᠨ ᠬᠤᠳᠠᠯᠳᠤᠭ᠎ᠠ᠂ ᠭᠠᠷ ᠤᠷᠠᠯᠠᠯ ᠵᠡᠷᠭᠡ ᠡᠯ᠎ᠡ ᠲᠥᠷᠦᠯ ᠤᠨ ᠮᠡᠷᠭᠡᠵᠢᠯ | ᠪᠣᠯᠪᠠᠰᠤᠷᠠᠭᠤᠯᠤᠯ ᠤᠨ ᠠᠩᠭᠢ 1900 ᠭᠠᠷᠤᠢ ᠬᠤᠭᠤᠴᠠᠭ᠎ᠠ ᠡᠷᠬᠢᠯᠡᠵᠦ᠂ 11 ᠲᠦᠮᠡ ᠰᠢᠬᠠᠮ | ᠪᠦᠰᠡᠭᠦᠶᠢᠴᠦᠳ ᠲᠤ ᠪᠣᠯᠪᠠᠰᠤᠷᠠᠭᠤᠯᠤᠯ ᠬᠦᠷᠲᠡᠭᠡᠵᠡᠢ︔ ᠡᠯ᠎ᠡ ᠱᠠᠲᠤᠨ ᠤ ᠶᠠᠳᠠᠭᠤ ᠠᠴᠠ ᠠᠩᠭᠢᠵᠢᠷᠠᠭᠤᠯᠬᠤ | ᠪᠦᠰᠡᠭᠦᠶᠢᠴᠦᠳ ᠤᠨ ᠰᠠᠭᠤᠷᠢᠨ ᠭᠠᠵᠠᠷ 262 ᠡᠭᠦᠳᠦᠨ ᠪᠠᠶᠢᠭᠤᠯᠵᠤ᠂ ᠪᠦᠰᠡᠭᠦᠶᠢᠴᠦᠳ ᠤᠨ ᠭᠠᠷ ᠤᠷᠠᠯᠠᠯ ᠤᠨ | ᠨᠡᠶᠢᠭᠡᠮᠯᠢᠭ 63 ᠪᠠᠶᠢᠭᠤᠯᠵᠤ᠂ ᠪᠦᠰᠡᠭᠦᠶᠢᠴᠦᠳ ᠤᠨ ᠭᠠᠷ ᠤᠷᠠᠯᠠᠯ ᠢ ᠬᠥᠭᠵᠢᠭᠦᠯᠬᠦ ᠪᠠᠷ ᠳᠠᠮᠵᠢᠨ 2 ᠲᠦᠮᠡ | ᠭᠠᠷᠤᠢ ᠪᠦᠰᠡᠭᠦᠶᠢᠴᠦᠳ ᠲᠤ ᠠᠵᠢᠯ ᠣᠯᠭᠤᠨ ᠣᠷᠤᠯᠭ᠎ᠠ ᠶᠢ ᠨᠢ ᠨᠡᠮᠡᠭᠳᠡᠭᠦᠯᠪᠡ︔ ᠨᠡᠶᠢᠭᠡᠮ ᠤᠨ ᠬᠦᠴᠦᠨ ᠢ | ᠥᠷᠭᠡᠨ ᠢᠶᠠᠷ ᠳᠠᠶᠢᠴᠢᠯᠠᠨ ᠶᠠᠳᠠᠭᠤ ᠠᠴᠠ ᠠᠩᠭᠢᠵᠢᠷᠠᠭᠤᠯᠬᠤ ᠠᠵᠢᠯᠯᠠᠭ᠎ᠠ ᠳᠤ ᠣᠷᠤᠯᠴᠠᠭᠤᠯᠵᠤ᠂ ︽ᠡᠬᠡᠴᠦᠦᠯ︾ | ᠨᠡᠶᠢᠲᠡ ᠶᠢᠨ ᠠᠰᠠᠷᠠᠮᠵᠢ ᠶᠢᠨ ᠲᠥᠷᠦᠯ ᠵᠦᠢᠯ᠂ ᠨᠢᠯᠬ᠎ᠠ ᠬᠡᠤᠬᠡᠳ ᠤᠨ ᠴᠢᠰᠤᠨ ᠪᠠᠭᠠᠳᠣᠯ ᠢ ᠠᠷᠢᠯᠭᠠᠬᠤ | ᠠᠵᠢᠯᠯᠠᠭ᠎ᠠ ᠶᠢᠨ ᠲᠥᠷᠦᠯ ᠵᠦᠢᠯ᠂ ᠬᠠᠪᠤᠷ ᠤᠨ ᠴᠣᠮᠣᠷᠯᠢᠭ ᠲᠥᠯᠥᠪᠯᠡᠯᠭᠡ᠂ ᠭᠡᠷ ᠲᠡᠭᠡᠨ ᠦᠯᠡᠳᠡᠵᠦ | ᠬᠤᠴᠣᠷᠤᠭᠰᠠᠨ ᠪᠠ ᠲᠡᠨᠦᠭᠦᠯ ᠬᠡᠣᠬᠡᠳ ᠤᠨ ᠭᠡᠷ ᠪᠦᠯᠢ ᠶᠢᠨ ︽ᠬᠤᠶᠠᠷ ᠦᠮᠡᠨ︾ ᠤ ᠶᠠᠳᠠᠭᠤ ᠬᠦᠴᠢᠷᠳᠡᠯᠲᠡᠢ | ᠪᠦᠰᠡᠭᠦᠶᠢᠴᠦᠳ ᠢ ᠠᠪᠤᠷᠠᠨ ᠲᠤᠰᠠᠯᠠᠬᠤ ᠪᠡᠯᠡ ᠮᠦᠩᠭᠦ ᠵᠡᠷᠭᠡ ᠨᠡᠶᠢᠲᠡ ᠶᠢᠨ ᠠᠰᠠᠷᠠᠮᠵᠢ ᠶᠢᠨ ᠲᠥᠷᠦᠯ ᠵᠦᠢᠯ ᠵᠢᠴᠢ | ᠨᠡᠶᠢᠭᠡᠮ ᠤᠨ ᠬᠠᠪᠰᠤᠷᠤᠨ ᠲᠡᠳᠬᠦᠬᠦ ᠪᠡᠯᠡ ᠮᠦᠩᠭᠦ ᠶᠢ 1.3 ᠳ᠋ᠥᠩᠰᠢᠭᠤᠷ ᠲᠦᠭᠦᠷᠢᠭ ᠣᠯᠵᠠᠢ᠃ | ᠦᠪᠡᠷᠲᠡᠭᠡᠨ ᠵᠠᠰᠠᠬᠤ ᠤᠷᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠤᠳᠤᠷᠢᠳᠤᠯᠭ᠎ᠠ᠂ | ᠦᠪᠡᠷᠲᠡᠭᠡᠨ ᠵᠠᠰᠠᠬᠤ ᠤᠷᠤᠨ ᠤ ᠶᠠᠳᠠᠭᠤ ᠠᠴᠠ ᠠᠩᠭᠢᠵᠢᠷᠠᠭᠤᠯᠬᠤ ᠠᠯᠪᠡᠨ ᠭᠡᠷ ᠤᠨ ᠬᠠᠮᠢᠶ᠎ᠠ ᠪᠦᠬᠦᠢ | ᠤᠳᠤᠷᠢᠳᠤᠯᠭ᠎ᠠ ᠵᠢᠴᠢ ᠡᠯ᠎ᠡ ᠠᠶᠢᠮᠠᠭ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ | ᠬᠠᠷᠢᠭᠤᠴᠠᠯᠭᠠᠲᠠᠨ 100 ᠭᠠᠷᠤᠢ ᠬᠦᠮᠦᠨ ᠶᠡᠭᠡ ᠬᠤᠷᠠᠯ ᠳᠤ ᠣᠷᠤᠯᠴᠠᠭᠰᠠᠨ ᠪᠦᠭᠡᠳ ᠬᠤᠷᠠᠯ ᠳᠤ | ᠣᠷᠤᠯᠴᠠᠭᠰᠠᠳ ᠪᠠᠰᠠ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠪᠣᠯᠣᠨ ᠵᠦᠸᠧᠽᠢ ᠰᠢᠶᠠᠨ ᠤ ᠶᠠᠳᠠᠭᠤ ᠠᠴᠠ | ᠠᠩᠭᠢᠵᠢᠷᠠᠭᠤᠯᠬᠤ ᠲᠠᠯ᠎ᠠ ᠨᠤᠲᠤᠭ ᠤᠨ ᠪᠦᠰᠡᠭᠦᠶᠢᠴᠦᠳ ᠤᠨ ᠠᠵᠢᠯᠯᠠᠭ᠎ᠠ ᠶᠢᠨ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠢ ᠲᠣᠭᠤᠷᠢᠨ ᠦᠵᠡᠪᠡ᠃ | |