ᠮᠠᠨ ᠤ ᠣᠷᠣᠨ ᠨᠤᠭᠤ ᠭᠠᠵᠠᠷ ᠢ ᠬᠠᠮᠠᠭᠠᠯᠠᠨ ᠰᠡᠷᠭᠦᠭᠡᠬᠦ ᠳᠦᠷᠢᠮ ᠤᠨ ᠬᠡᠷᠡᠭᠵᠢᠭᠦᠯᠬᠦ ᠲᠥᠰᠦᠯ ᠨᠡᠶᠢᠲᠡᠯᠡᠪᠡ
ᠨᠡᠶᠢᠲᠡᠯᠡᠭᠰᠡᠨ ᠴᠠᠭ᠄
2017/9/15
      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠥᠷ ᠮᠣᠩᠭᠤᠯ ᠤᠨ ᠨᠤᠭᠤ ᠭᠠᠵᠠᠷ ᠢ ᠬᠠᠮᠠᠭᠠᠯᠠᠨ ᠰᠡᠷᠭᠦᠭᠡᠬᠦ ᠳᠦᠷᠢᠮ ᠤᠨ ᠬᠡᠷᠡᠭᠵᠢᠭᠦᠯᠬᠦ ᠲᠥᠰᠦᠯ︾᠎ ᠢ ᠳᠠᠷᠤᠮᠠᠯᠯᠠᠨ ᠲᠠᠷᠬᠠᠭᠠᠵᠤ᠂ ᠰᠢᠨ᠎ᠡ ᠪᠠᠶᠢᠳᠠᠯ ᠳᠣᠣᠷ᠎ᠠ ᠨᠤᠭᠤ ᠭᠠᠵᠠᠷ ᠢ ᠬᠠᠮᠠᠭᠠᠯᠠᠨ ᠰᠡᠷᠭᠦᠭᠡᠬᠦ ᠠᠵᠢᠯ ᠢ ᠪᠠᠶᠢᠷᠢᠯᠠᠭᠤᠯᠤᠨ ᠲᠣᠬᠢᠷᠠᠭᠤᠯᠪᠠ᠃      ︽ᠬᠡᠷᠡᠭᠵᠢᠭᠦᠯᠬᠦ ᠲᠥᠰᠦᠯ︾᠎ ᠳᠤ ᠳᠤᠷᠠᠳᠤᠭᠰᠠᠨ ᠨᠢ᠂ ᠪᠥᠬᠦ ᠣᠷᠣᠨ ᠤ ᠨᠤᠭᠤ ᠭᠠᠵᠠᠷ ᠤᠨ ᠡᠬᠢ ᠪᠠᠶᠠᠯᠢᠭ ᠎ ᠲᠤ ᠲᠠᠯᠠᠪᠠᠢ ᠪᠠ ᠶᠡᠷᠦᠩᠬᠡᠶ ᠬᠡᠮᠵᠢᠶᠡᠨ ᠤ ᠬᠠᠮᠢᠶᠠᠷᠤᠯᠲᠠ ᠡᠵᠡᠮᠳᠡᠯ ᠢ ᠬᠡᠷᠡᠭᠵᠢᠭᠦᠯᠦᠨ᠂ ᠱᠠᠲᠤ ᠳᠠᠷᠠᠭᠠᠯᠠᠨ ᠵᠠᠳᠠᠯᠤᠨ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠬᠠᠮᠠᠭᠠᠯᠠᠬᠤ ᠬᠡᠷᠡᠭᠲᠡᠶ᠃ 2020 ᠣᠨ ᠪᠣᠯᠬᠤ ᠳᠤ᠂ ᠪᠥᠬᠦ ᠣᠷᠣᠨ ᠤ ᠨᠤᠭᠤ ᠭᠠᠵᠠᠷ ᠤᠨ ᠲᠠᠯᠠᠪᠠᠢ ᠶᠢ 9000 ᠲᠦᠮᠡᠨ ᠮᠦ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠡᠭᠦᠨ ᠳᠤ ᠪᠠᠶᠢᠭᠠᠯᠢᠯᠢᠭ ᠨᠤᠭᠤ ᠭᠠᠵᠠᠷ ᠤᠨ ᠲᠠᠯᠠᠪᠠᠢ ᠶᠢ 8818 ᠲᠦᠮᠡᠨ ᠮᠦ ᠠᠴᠠ ᠳᠡᠭᠡᠭᠰᠢ ᠪᠠᠶᠢᠯᠭᠠᠵᠤ᠂ ᠨᠤᠭᠤ ᠭᠠᠵᠠᠷ ᠤᠨ ᠬᠠᠮᠠᠭᠠᠯᠠᠯᠲᠠ ᠶᠢᠨ ᠨᠤᠷᠮ᠎ᠠ ᠶᠢ 35%᠎ ᠠᠴᠠ ᠳᠡᠭᠡᠭᠰᠢ ᠪᠠᠶᠢᠯᠭᠠᠬᠤ ᠬᠡᠷᠡᠭᠲᠡᠶ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠲᠤᠰ ᠵᠠᠰᠠᠭ ᠵᠠᠬᠢᠷᠭᠠᠨ ᠤ ᠣᠷᠣᠨ ᠤ ᠪᠠᠨ ᠨᠤᠭᠤ ᠭᠠᠵᠠᠷ ᠤᠨ ᠬᠠᠮᠠᠭᠠᠯᠠᠯᠲᠠ ᠳᠤ ᠶᠡᠷᠦᠩᠬᠡᠢ ᠬᠠᠷᠢᠭᠤᠴᠠᠯᠭ᠎ᠠ ᠡᠭᠦᠷᠭᠡᠯᠡᠵᠦ᠂ ᠵᠠᠰᠠᠭ ᠤᠨ ᠣᠷᠳᠣᠨ ᠤ ᠭᠤᠣᠯ ᠤᠳᠤᠷᠢᠳᠬᠤ ᠪᠦᠷᠢᠯᠳᠦᠬᠦᠨ ᠨᠢ ᠭᠤᠣᠯ ᠬᠠᠷᠢᠭᠤᠴᠠᠯᠭ᠎ᠠ ᠶᠢ ᠡᠭᠦᠷᠭᠡᠯᠡᠨ᠂ ᠨᠤᠭᠤ ᠭᠠᠵᠠᠷ ᠤᠨ ᠲᠠᠯᠠᠪᠠᠢ ᠂ ᠬᠠᠮᠠᠭᠠᠯᠠᠯᠲᠠ ᠶᠢᠨ ᠨᠣᠷᠮ᠎ᠠ᠂ ᠠᠮᠢ ᠠᠬᠤᠶ ᠶᠢᠨ ᠪᠠᠶᠢᠳᠠᠯ ᠵᠡᠷᠭᠡ ᠬᠠᠮᠠᠭᠠᠯᠠᠯᠲᠠ ᠶᠢᠨ ᠦᠷ᠎ᠡ ᠪᠦᠲᠦᠮᠵᠢ ᠶᠢᠨ ᠭᠦᠢᠴᠡᠳᠬᠡᠯ ᠲᠤᠭ᠎ᠠ ᠶᠢ ᠠᠮᠢ ᠠᠬᠤᠶ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢᠨ ᠦᠨᠡᠯᠡᠨ ᠰᠢᠯᠭᠠᠬᠤ ᠰᠢᠰᠲ᠋ᠧᠮᠵᠢ ᠳᠤ ᠣᠷᠤᠭᠤᠯᠬᠤ ᠬᠡᠷᠡᠭᠲᠡᠢ    ᠭᠡᠵᠡᠢ᠃      ︽ᠬᠡᠷᠡᠭᠵᠢᠭᠦᠯᠬᠦ ᠲᠥᠰᠦᠯ︾᠎ ᠳᠤ ᠨᠤᠭᠤ ᠭᠠᠵᠠᠷ ᠢ ᠱᠠᠳᠤ ᠬᠤᠪᠢᠶᠠᠨ ᠬᠠᠮᠢᠶᠠᠷᠬᠤ ᠰᠢᠰᠲ᠋ᠧᠮᠵᠢ᠂ ᠨᠤᠭᠤ ᠭᠠᠵᠠᠷ ᠢ ᠬᠠᠮᠠᠭᠠᠯᠠᠬᠤ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠂ ᠨᠤᠭᠤ ᠭᠠᠵᠠᠷ ᠤᠨ ᠬᠡᠷᠡᠭᠯᠡᠯᠲᠡ ᠶᠢᠨ ᠬᠢᠨᠠᠠ ᠬᠠᠮᠢᠶᠠᠷᠬᠤ ᠲᠣᠭᠲᠠᠴᠠ ᠶᠢ ᠲᠡᠭᠦᠯᠳᠡᠷᠵᠢᠭᠦᠯᠬᠦ᠂ ᠮᠠᠭᠤᠳᠠᠭᠰᠠᠨ ᠨᠤᠭᠤ ᠭᠠᠵᠠᠷ ᠢ ᠰᠡᠷᠭᠦᠭᠡᠬᠦ ᠲᠦᠷᠢᠮ ᠢ ᠪᠠᠶᠢᠭᠤᠯᠬᠤ᠂ ᠨᠤᠭᠤ ᠭᠠᠵᠠᠷ ᠤᠨ ᠬᠢᠨᠠᠯᠲᠠ ᠬᠡᠮᠵᠢᠯᠲᠡ ᠶᠢᠨ ᠦᠨᠡᠯᠡᠬᠦ ᠰᠢᠰᠲ᠋ᠧᠮᠵᠢ ᠶᠢ ᠲᠡᠭᠦᠯᠳᠡᠷᠵᠢᠭᠦᠯᠬᠦ᠂ ᠨᠤᠭᠤ ᠭᠠᠵᠠᠷ ᠢ ᠬᠠᠮᠠᠭᠠᠯᠠᠨ ᠰᠡᠷᠭᠦᠭᠡᠬᠦ ᠪᠠᠲᠤᠯᠠᠭ᠎ᠠ ᠶᠢᠨ ᠲᠣᠭᠲᠠᠴᠠ ᠶᠢ ᠪᠥᠷᠢᠨᠰᠢᠭᠦᠯᠬᠦ  ᠵᠡᠷᠭᠡ ᠵᠢᠷᠭᠤᠭᠠᠨ ᠵᠦᠶᠯ ᠤᠨ ᠭᠤᠣᠯᠳᠠᠯᠭ᠎ᠠ ᠎ ᠲᠠᠢ ᠠᠵᠢᠯ ᠢ ᠲᠣᠳᠣᠷᠬᠠᠶᠢᠯᠠᠪᠠ᠃ ︽ᠬᠡᠷᠡᠭᠵᠢᠭᠦᠯᠬᠦ ᠲᠥᠰᠦᠯ︾᠎ ᠨᠢ ᠲᠤᠰ ᠲᠤᠰ ᠵᠣᠬᠢᠶᠠᠨ ᠪᠠᠶᠢᠭᠤᠯᠤᠨ ᠤᠳᠤᠷᠢᠳᠬᠤ᠂ ᠬᠠᠤᠯᠢ ᠴᠠᠭᠠᠵᠠ ᠬᠠᠤᠯᠢ ᠲᠣᠭᠲᠠᠭᠠᠯ᠂ ᠪᠠᠲᠤᠯᠠᠭ᠎ᠠ ᠶᠢᠨ ᠵᠠᠷᠤᠳᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ᠂ ᠤᠬᠠᠭᠤᠯᠭ᠎ᠠ ᠬᠥᠮᠦᠵᠢᠯ ᠵᠡᠷᠭᠡ ᠲᠠᠪᠤᠨ ᠲᠠᠯ᠎ᠠ ᠪᠠᠷ ᠮᠠᠨ ᠤ ᠣᠷᠣᠨ ᠤ ᠨᠤᠭᠤ ᠭᠠᠵᠠᠷ ᠢ ᠬᠠᠮᠠᠭᠠᠯᠠᠨ ᠰᠡᠷᠭᠦᠭᠡᠬᠦ ᠳᠦᠷᠢᠮ ᠤᠨ ᠬᠡᠷᠡᠭᠵᠢᠭᠦᠯᠦᠯᠲᠡ ᠳᠤ ᠬᠦᠴᠦᠲᠡᠶ ᠪᠠᠲᠤᠯᠠᠭ᠎ᠠ ᠬᠠᠩᠭᠠᠭᠰᠠᠨ    ᠪᠠᠶᠢᠨ᠎ᠠ᠃      ︽ᠬᠡᠷᠡᠭᠵᠢᠭᠦᠯᠬᠦ ᠲᠥᠰᠦᠯ︾᠎ ᠢ ᠨᠡᠶᠢᠲᠡᠯᠡᠭᠰᠡᠨ ᠶᠠᠪᠤᠳᠠᠯ ᠨᠢ᠂ ᠮᠠᠨ ᠤ ᠣᠷᠣᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠪᠦᠭᠡᠳ ᠬᠤᠶᠢᠰᠢᠳᠠ ᠶᠢᠨ ᠨᠢᠭᠡ ᠬᠤᠭᠤᠴᠠᠭᠠᠨ ᠤ ᠮᠠᠨ ᠤ ᠣᠷᠣᠨ ᠤ ᠨᠤᠭᠤ ᠭᠠᠵᠠᠷ ᠢ ᠬᠠᠮᠠᠭᠠᠯᠠᠬᠤ ᠦᠢᠯᠡᠰ ᠤᠨ ᠬᠥᠭᠵᠢᠯᠲᠡ ᠳᠤ ᠴᠢᠬᠤᠯᠠ ᠪᠠᠲᠤᠯᠠᠭ᠎ᠠ ᠣᠯᠣᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号